ᠦᠪᠤᠷ ᠮᠤᠩᠭᠤᠯ ᠤᠨ ᠢ ᠭᠤᠤ ᠨᠡᠬᠦᠷᠡᠰᠤ ᠬᠢᠮᠢ ᠶᠢᠨ ᠠᠵᠤ ᠤᠶᠢᠯᠡᠳᠪᠤᠷᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠳᠤ ᠺᠤᠮᠫᠠᠨᠢ ᠶᠢᠨ ᠳᠦᠬᠦᠮ ᠳᠠᠨᠢᠯᠴᠠᠭᠤᠯᠭ᠎ᠠ
ᠨᠡᠶᠢᠲᠡᠯᠡᠭᠰᠡᠨ ᠴᠠᠭ᠄
2023/3/13
   ᠦᠪᠤᠷ ᠮᠤᠩᠭᠤᠯ  ᠤᠨ ᠢ ᠭᠤᠤ ᠨᠡᠬᠦᠷᠡᠰᠤ ᠬᠢᠮᠢ  ᠶᠢᠨ ᠠᠵᠤ ᠤᠶᠢᠯᠡᠳᠪᠤᠷᠢ  ᠶᠢᠨ ᠰᠢᠨᠵᠢᠯᠡᠬᠦ ᠤᠬᠠᠭᠠᠨ ᠮᠡᠷᠭᠡᠵᠢᠯ  ᠤᠨ ᠬᠢᠵᠠᠭᠠᠷᠳᠤ ᠺᠤᠮᠫᠠᠨᠢ  ᠶᠢᠨ ᠵᠢᠯ  ᠳᠤ 20 ᠳᠦᠮᠡᠨ ᠳᠤᠨ ᠮᠧᠲ᠋ᠢᠯ ᠠᠯᠺᠤᠤᠯ ᠤᠶᠢᠯᠡᠳᠪᠤᠷᠢᠯᠡᠬᠦ ᠳᠦᠷᠤᠯ ᠵᠤᠶᠢᠯ ᠃ ᠢ ᠭᠤᠤ  ᠶᠢᠨ ᠨᠡᠬᠦᠷᠡᠰᠤ ᠬᠢᠮᠢ  ᠶᠢᠨ ᠠᠵᠤ  ᠤᠶᠢᠯᠡᠳᠪᠤᠷᠢ  ᠶᠢᠨ ᠰᠢᠨᠵᠢᠯᠡᠬᠦ ᠤᠬᠠᠭᠠᠨ ᠮᠡᠷᠭᠡᠵᠢᠯ  ᠤᠨ ᠬᠢᠵᠠᠭᠠᠷᠳᠤ ᠺᠤᠮᠫᠠᠨᠢ ᠪᠤᠯ ᠰᠢᠶᠠᠩᠭᠠᠩ  ᠤᠨ ᠵᠦᠩ ᠬᠤᠸᠠ ᠨᠡᠬᠦᠷᠡᠰᠤᠨ ᠭᠡᠢ  ᠶᠢᠨ ᠪᠦᠷᠢᠨ ᠪᠡᠯᠡ ᠤᠷᠤᠭᠤᠯᠤᠬᠰᠠᠨ ᠬᠤᠪᠢᠶᠠᠷᠢ ᠺᠤᠮᠫᠠᠨᠢ ᠪᠠᠶᠢᠵᠤ ᠂  ᠤᠤᠯ  ᠳᠠᠭᠠᠨ ᠦᠪᠤᠷ ᠮᠤᠩᠭᠤᠯ  ᠤᠨ ᠰᠠᠨ ᠸᠧᠢ ᠨᠡᠬᠦᠷᠡᠰᠤ ᠬᠢᠮᠢ  ᠶᠢᠨ ᠠᠵᠤ ᠤᠶᠢᠯᠡᠳᠪᠤᠷᠢ  ᠶᠢᠨ ᠰᠢᠨᠵᠢᠯᠡᠬᠦ ᠤᠬᠠᠭᠠᠨ ᠮᠡᠷᠭᠡᠵᠢᠯ  ᠤᠨ ᠬᠢᠵᠠᠭᠠᠷᠳᠤ ᠺᠤᠮᠫᠠᠨᠢ ᠭᠡᠵᠤ ᠪᠠᠶᠢᠪᠠ ᠃ 2005 ᠤᠨ  ᠤ 6 ᠰᠠᠷ᠎ᠠ  ᠳᠤ ᠪᠠᠶᠢᠭᠤᠯᠤᠬᠳᠠᠨ ᠂  ᠵᠡᠬᠦᠠᠭᠠᠷ ᠬᠤᠰᠢᠭᠤᠨ  ᠤ ᠴᠤᠷ  ᠤᠨ ᠭᠠᠭᠴᠠ ᠰᠢᠶᠠᠩᠭᠠᠩ  ᠤᠨ ᠪᠡᠯᠡ ᠤᠷᠤᠭᠤᠯᠤᠬᠰᠠᠨ ᠠᠵᠤ ᠠᠬᠤᠶᠢᠯᠠᠯ ᠪᠤᠯᠤᠨ᠎ᠠ ᠂  ᠤᠶᠢᠯᠡᠳᠪᠤᠷᠢ  ᠶᠢᠨ ᠳᠤᠭᠤᠷᠢᠭ  ᠤᠨ ᠡᠵᠡᠯᠡᠬᠦ ᠳᠠᠯᠠᠪᠠᠢ  ᠨᠢ 750 ᠮᠤ᠋ ᠪᠠᠶᠢᠵᠤ ᠂  ᠳᠠᠩᠰᠠᠯᠠᠭᠤᠯᠤᠬᠰᠠᠨ ᠪᠡᠯᠡ ᠮᠦᠩᠬᠦ  ᠨᠢ 10.17 ᠳ᠋ᠦᠩᠰᠢᠭᠤᠷ ᠳᠦᠬᠦᠷᠢᠭ ᠠᠷᠠᠳ  ᠤᠨ ᠵᠤᠭᠤᠰ ᠪᠤᠢ ᠃  ᠨᠢᠭᠡᠳᠤᠭᠡᠷ ᠬᠤᠭᠤᠴᠠᠭᠠᠨ  ᠤ ᠵᠢᠯ  ᠳᠤ 20 ᠳᠦᠮᠡᠨ ᠳᠤᠨ ᠮᠧᠲ᠋ᠢᠯ ᠠᠯᠺᠤᠤᠯ ᠤᠶᠢᠯᠡᠳᠪᠤᠷᠢᠯᠡᠬᠦ ᠳᠦᠷᠤᠯ ᠵᠤᠶᠢᠯ  ᠤᠨ ᠶᠡᠷᠦᠩᠭᠡᠢ ᠪᠡᠯᠡ ᠤᠷᠤᠭᠤᠯᠤᠯᠳᠠ  ᠨᠢ 17.7  ᠳ᠋ᠦᠩᠰᠢᠭᠤᠷ ᠳᠦᠬᠦᠷᠢᠭ ᠪᠠᠶᠢᠵᠤ ᠂ 2006 ᠤᠨ  ᠤ 4 ᠰᠠᠷ᠎ᠠ  ᠳᠤ ᠦᠪᠤᠷ ᠮᠤᠩᠭᠤᠯ  ᠤᠨ ᠦᠪᠡᠷᠳᠡᠭᠡᠨ ᠵᠠᠰᠠᠬᠤ ᠤᠷᠤᠨ  ᠤ ᠬᠦᠭᠵᠢᠬᠦᠯᠤᠯᠳᠡ ᠦᠭᠡᠷᠡᠴᠢᠯᠡᠯᠳᠡ  ᠶᠢᠨ ᠵᠦᠪᠯᠡᠯ  ᠠᠴᠠ ᠵᠦᠪᠰᠢᠶᠡᠷᠡᠵᠤ ᠂ ᠳᠤᠰ ᠵᠢᠯ  ᠤᠨ 9 ᠰᠠᠷ᠎ᠠ  ᠳᠤ  ᠪᠠᠷᠢᠯᠭ᠎ᠠ ᠡᠬᠢᠯᠡᠬᠦᠯᠤᠨ ᠪᠦᠳᠤᠭᠡᠨ ᠪᠠᠶᠢᠭᠤᠯᠵᠤ ᠂ 2011 ᠤᠨ  ᠤ 4 ᠰᠠᠷ᠎ᠠ  ᠶᠢᠨ 28  ᠤ ᠡᠳᠤᠷ ᠬᠢᠷᠢ ᠳᠡᠩᠴᠡᠭᠰᠡᠨ ᠮᠧᠲ᠋ᠢᠯ ᠠᠯᠺᠤᠤᠯ ᠤᠶᠢᠯᠡᠳᠪᠤᠷᠢᠯᠡᠵᠤ ᠭᠠᠷᠭᠠᠪᠠ ᠃ 
ᠢᠷᠡᠯᠲᠡ᠄ ᠲᠤᠰ ᠰᠦᠯᠵᠢᠶ᠎ᠡ