| ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯᠡᠰ ᠤᠨ ᠬᠢᠨᠠᠠ ᠬᠠᠮᠢᠶᠠᠷᠤᠯᠲᠠ ᠶᠢᠨ ᠲᠣᠪᠴᠢᠶ᠎ᠠ ︽ ᠣᠨᠴᠠᠭᠠᠶ ᠶᠠᠪᠤᠳᠠᠯ ᠢ ᠣᠨᠴᠠᠭᠠᠶ | ᠰᠢᠢᠳᠪᠦᠷᠢᠯᠡᠬᠦ ᠂ ᠪᠠᠴᠢᠮ ᠶᠠᠪᠤᠳᠠᠯ ᠢ ᠪᠠᠴᠢᠮ ᠰᠢᠢᠳᠪᠦᠷᠢᠯᠡᠬᠦ ᠂ ᠤᠴᠢᠷ ᠶᠠᠪᠤᠳᠠᠯ ᠲᠣᠬᠢᠶᠠᠯᠳᠤᠪᠠᠯ ᠲᠦᠷᠭᠡᠨ ᠰᠢᠢᠳᠪᠦᠷᠢᠯᠡᠬᠦ ︾ ᠵᠠᠷᠴᠢᠮ ᠶᠣᠰᠣᠭᠠᠷ ᠂ ᠵᠡᠭᠦᠨᠭᠠᠷ | ᠬᠤᠰᠢᠭᠤᠨ ᠤ ᠵᠡᠭᠦᠨᠭᠠᠷ ᠠᠵᠤ ᠠᠬᠤᠶ ᠶᠢᠨ ᠨᠡᠭᠡᠭᠡᠯᠲᠡ ᠶᠢᠨ ᠤᠷᠤᠨ ᠤ ᠳ᠋ᠠ ᠯᠦ ᠠᠵᠤ ᠦᠢᠯᠡᠰ ᠤᠨ ᠬᠦᠷᠢᠶᠡᠯᠡᠩ ᠳᠤ ᠪᠠᠶᠢᠷᠢᠰᠢᠭ᠎ᠠ ᠥᠪᠥᠷ ᠮᠣᠩᠭᠤᠯ ᠤᠨ | ᠮᠠᠶᠢᠳᠢᠺ ᠡᠮᠴᠢᠯᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠡᠨᠡ ᠬᠦ ᠰᠠᠭᠤᠷᠢ ᠪᠠᠷ ᠨᠡᠯᠢᠶᠡᠳ ᠰᠠᠶᠢᠨ ᠂ | ᠡᠮᠴᠢᠯᠡᠭᠡᠨ ᠳᠤ ᠨᠢᠬᠡᠯᠡ ᠤᠳᠠᠭ᠎ᠠ ᠬᠡᠷᠡᠭᠰᠡᠬᠦ ᠠᠮᠠᠪᠴᠢ ᠪᠠ ᠥᠪᠡᠷᠲᠡᠭᠡᠨ ᠰᠣᠷᠣᠵᠤ ᠱᠦᠭᠦᠬᠦ ᠬᠡᠯᠪᠡᠷᠢ ᠶᠢᠨ ᠮᠥᠬᠦᠯᠢᠭᠲᠦ ᠪᠣᠳᠠᠰ ᠢ ᠰᠡᠷᠭᠡᠶᠢᠯᠡᠬᠦ ᠠᠮᠢᠰᠬᠤᠯ ᠤᠨ | ᠮᠠᠰᠢᠨ ︵ ᠲᠤᠬᠠᠶᠢᠯᠠᠪᠠᠯ ᠠᠷᠠᠳ ᠤᠨ ᠬᠡᠷᠡᠭᠯᠡᠭᠡᠨ ᠤ N95 ᠠᠮᠠᠪᠴᠢ ︶ ᠢ ᠦᠢᠯᠡᠳᠪᠦᠷᠢᠯᠡᠬᠦ ᠴᠢᠳᠠᠪᠤᠷᠢ ᠲᠠᠢ ᠠᠵᠤ ᠠᠬᠤᠶᠢᠯᠠᠯ ᠢ ᠰᠤᠩᠭᠤᠨ ᠂ ᠲᠤᠰ ᠠᠵᠤ | ᠠᠬᠤᠶᠢᠯᠠᠯ ᠢ ᠵᠢᠭᠠᠨ ᠵᠢᠯᠤᠭᠤᠳᠴᠤ ᠪᠠᠶᠢᠭᠠᠳ ᠦᠢᠯᠡᠳᠪᠦᠷᠢᠯᠡᠯ ᠢᠶᠠᠨ ᠬᠤᠪᠢᠷᠠᠭᠤᠯᠤᠨ ᠡᠮᠴᠢᠯᠡᠭᠡᠨ ᠳᠤ ᠬᠡᠷᠡᠭᠰᠡᠬᠦ ᠰᠡᠷᠬᠡᠶᠢᠯᠡᠨ ᠬᠠᠮᠠᠭᠠᠯᠠᠬᠤ ᠠᠮᠠᠪᠴᠢ ᠶᠢ | ᠦᠢᠯᠡᠳᠪᠤᠷᠢᠯᠡᠬᠦᠯᠪᠡ ᠃ ᠡᠨᠡ ᠨᠢ ᠮᠠᠨ ᠤ ᠣᠷᠣᠨ ᠤ ᠡᠮᠴᠢᠯᠡᠬᠡᠨ ᠳᠤ ᠬᠡᠷᠡᠭᠰᠡᠬᠦ ᠰᠡᠷᠬᠡᠶᠢᠯᠡᠨ ᠬᠠᠮᠠᠭᠠᠯᠠᠬᠤ ᠠᠮᠠᠪᠴᠢ ᠶᠢ ᠦᠢᠯᠡᠳᠪᠦᠷᠢᠯᠡᠬᠦ ᠲᠠᠯ᠎ᠠ ᠪᠠᠷ ᠤᠯᠠᠮ ᠨᠢᠭᠡ | ᠠᠯᠬᠤᠮ ᠤᠷᠤᠬᠰᠢ ᠠᠬᠢᠵᠦ ᠂ ᠠᠷᠠᠳ ᠣᠯᠠᠨ ᠤ ᠡᠷᠡᠭᠦᠯ ᠮᠡᠨᠳᠦ ᠶᠢ ᠦᠨᠡᠨᠬᠦ ᠪᠠᠲᠤᠯᠠᠬᠤ ᠳᠤ ᠵᠣᠬᠢᠬᠤ ᠦᠢᠯᠡᠳᠦᠯ ᠦᠵᠡᠭᠦᠯᠵᠦ ᠴᠢᠳᠠᠬᠤ ᠶᠢ ᠬᠠᠷᠠᠭᠤᠯᠤᠬᠰᠠᠨ | ᠪᠠᠶᠢᠨ᠎ᠠ ᠃ | | | | | ᠮᠠᠶᠢᠲᠢᠺ ᠺᠣᠮᠫᠠᠨᠢ ᠲᠡᠷᠡ ᠳᠠᠷᠦ᠋ᠢᠬᠠᠨ ᠬᠠᠮᠵᠢᠯᠴᠠᠵᠦ ᠰᠢᠯᠭᠠᠨ ᠪᠠᠶᠢᠴᠠᠭᠠᠬᠤ ᠠᠵᠢᠯ ᠢ ᠥᠷᠨᠢᠭᠦᠯᠦᠨ ᠂ ᠠᠵᠤ ᠠᠬᠤᠶᠢᠯᠠᠯ ᠤᠨ ᠲᠤᠷᠰᠢᠨ ᠦᠢᠯᠡᠳᠪᠦᠷᠢᠯᠡᠭᠰᠡᠨ | ᠦᠯᠢᠭᠡᠷ ᠡᠳ᠋ ᠢᠶᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠭᠠᠵᠢ ᠬᠡᠷᠡᠭᠰᠡᠯ ᠢ ᠰᠢᠯᠭᠠᠨ ᠪᠠᠶᠢᠴᠠᠭᠠᠬᠤ ᠰᠤᠳᠤᠯᠭᠠᠨ ᠤ | ᠬᠦᠷᠢᠶᠡᠯᠡᠩ ᠳᠤ ᠬᠦᠷᠭᠡᠨ ᠰᠢᠯᠭᠠᠨ ᠪᠠᠶᠢᠴᠠᠭᠠᠯᠲᠠ ᠬᠢᠯᠭᠡᠵᠦ ᠂ ᠢᠳᠡᠪᠬᠢᠲᠡᠢ ᠪᠠᠷ ᠴᠡᠭᠴᠡᠯᠡᠨ ᠦᠬᠡᠷᠡᠴᠢᠯᠡᠵᠦ ᠪᠠᠷᠢᠮᠵᠢᠶ᠎ᠠ ᠳᠤ ᠬᠦᠷᠭᠡᠭᠰᠡᠨ ᠪᠥᠭᠡᠳ ᠡᠮᠴᠢᠯᠡᠭᠡᠨ ᠤ | ᠪᠠᠭᠠᠵᠢ ᠬᠡᠷᠡᠭᠰᠡᠯ ᠢ ᠦᠢᠯᠡᠳᠪᠦᠷᠢᠯᠡᠬᠦ ᠵᠥᠪᠰᠢᠶᠡᠷᠡᠯ ᠤᠨ ᠦᠨᠡᠮᠯᠡᠯ ᠢ ᠣᠯᠤᠬᠰᠠᠨ ᠪᠠᠶᠢᠨ᠎ᠠ ᠃ ᠡᠨᠡ ᠨᠢ ᠲᠤᠰ ᠺᠣᠮᠫᠠᠨᠢ ᠶᠢᠨ ᠡᠮᠴᠢᠯᠡᠭᠡᠨ ᠤ ᠪᠠᠭᠠᠵᠢ ᠬᠡᠷᠡᠭᠰᠡᠯ ᠤᠨ | ᠬᠦᠷᠢᠶᠡᠨ ᠳᠠᠬᠢ ᠴᠢᠬᠤᠯᠠ ᠨᠢᠭᠡᠨ ᠲᠠᠪᠰᠢᠯᠳᠠ ᠪᠤᠯᠤᠬᠰᠠᠨ ᠢ ᠬᠠᠷᠠᠭᠤᠯᠵᠤ ᠪᠠᠶᠢᠨ᠎ᠠ ᠃ | | | | | ᠣᠶᠢᠯᠠᠭᠠᠭᠰᠠᠨ ᠢᠶᠠᠷ ᠂ ᠣᠲᠣᠬᠠᠨ ᠪᠣᠯᠲᠠᠯ᠎ᠠ ᠲᠣᠰ ᠺᠣᠮᠫᠠᠨᠢ ᠪᠣᠯ ᠣᠷᠳᠣᠰ ᠬᠤᠲᠠ ᠶᠢᠨ ᠴᠣᠷᠢ ᠶᠢᠨ ᠭᠠᠭᠴᠠ ᠬᠦᠬᠡᠭᠴᠢᠨ ᠲᠥᠷᠥᠯ ᠤᠨ ᠡᠮᠴᠢᠯᠡᠭᠡᠨ ᠤ | ᠪᠠᠭᠠᠵᠢ ᠬᠡᠷᠡᠭᠰᠡᠯ ᠤᠨ ᠬᠢᠷᠢ ᠬᠡᠮ ᠪᠦᠬᠦᠢ ᠡᠮᠴᠢᠯᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠦᠢᠯᠡᠳᠪᠦᠷᠢᠯᠡᠯ ᠤᠨ ᠠᠵᠤ ᠠᠬᠤᠶᠢᠯᠠᠯ ᠪᠤᠯᠬᠤ ᠶᠤᠮ ᠂ | ᠮᠥᠨ ᠴᠦ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠳᠤ ᠬᠡᠷᠡᠭᠰᠡᠬᠦ ᠠᠩᠬᠠᠠ ᠤ ᠰᠡᠷᠬᠡᠶᠢᠯᠡᠨ ᠬᠠᠮᠠᠭᠠᠯᠠᠬᠤ ᠠᠮᠠᠪᠴᠢ ᠶᠢ ᠵᠠᠬ᠎ᠠ ᠳᠡᠯᠭᠡᠭᠦᠷ ᠲᠤ ᠭᠠᠷᠭᠠᠬᠤ | ᠵᠥᠪᠰᠢᠶᠡᠷᠡᠯ ᠣᠯᠤᠭᠰᠠᠨ ᠦᠢᠯᠡᠳᠪᠦᠷᠢᠯᠡᠯ ᠤᠨ ᠠᠵᠤ ᠠᠬᠤᠶᠢᠯᠠᠯ ᠮᠥᠨ ᠪᠦᠬᠡᠳ ᠶᠠᠭ ᠰᠠᠶᠢᠬᠠᠨ ᠡᠮᠴᠢᠯᠡᠭᠡᠨ ᠳᠤ ᠬᠡᠷᠡᠭᠰᠡᠬᠦ ᠭᠠᠳᠠᠷ ᠰᠠᠯᠠᠭᠠᠨ ᠤ ᠠᠮᠠᠪᠴᠢ | ᠵᠡᠷᠭᠡ ᠶᠢᠨ ᠪᠤᠰᠤᠳ ᠬᠦᠬᠡᠭᠴᠢᠨ ᠲᠥᠷᠥᠯ ᠤᠨ ᠡᠮᠴᠢᠯᠡᠭᠡᠨ ᠤ ᠪᠠᠭᠠᠵᠢ ᠬᠡᠷᠡᠭᠰᠡᠯ ᠢ ᠳᠠᠩᠰᠠᠯᠠᠭᠤᠯᠬᠤ ᠠᠵᠢᠯ ᠢ ᠶᠠᠭᠠᠷᠠᠯᠲᠠᠶ ᠪᠡᠯᠡᠳᠭᠡᠵᠦ ᠪᠠᠶᠢᠨ᠎ᠠ ᠃ | | | | | ᠺᠣᠮᠫᠠᠨᠢ ᠨᠢ ᠶᠠᠰᠤ ᠴᠢᠨᠠᠷ ᠮᠡᠷᠭᠡᠵᠢᠯ ᠤᠨ ᠬᠡᠯᠲᠡᠰ ᠂ ᠦᠢᠯᠡᠳᠪᠦᠷᠢᠯᠡᠯ ᠤᠨ ᠬᠡᠯᠲᠡᠰ ᠂ ᠵᠠᠬ᠎ᠠ ᠳᠡᠯᠭᠡᠭᠦᠷ ᠤᠨ ᠬᠡᠯᠲᠡᠰ ᠂ ᠶᠡᠷᠦᠩᠬᠡᠶᠢᠯᠡᠭᠰᠡᠨ ᠬᠡᠯᠲᠡᠰ ᠵᠡᠷᠭᠡ | ᠳᠥᠷᠪᠡᠨ ᠶᠡᠭᠡ ᠰᠠᠯᠠᠭ᠎ᠠ ᠮᠥᠴᠢᠷ ᠲᠠᠢ ᠪᠦᠬᠡᠳ 20 ᠭᠠᠷᠤᠶ ᠠᠵᠢᠯᠲᠠᠨ ᠲᠠᠢ ᠃ ᠲᠥᠷᠥᠯ ᠵᠦᠢᠯ ᠳᠤ ᠬᠡᠷᠡᠭᠰᠡᠭᠰᠡᠨ ᠭᠠᠵᠠᠷ ᠤᠨ ᠲᠠᠯᠠᠪᠠᠶ ᠨᠢ 40.7 ᠮᠥ ᠳᠤ | ᠬᠦᠷᠴᠤ ᠂ ᠪᠦᠬᠦ ᠪᠠᠷᠢᠯᠭ᠎ᠠ ᠶᠢᠨ ᠲᠠᠯᠠᠪᠠᠶ ᠨᠢ 11000 ᠲᠡᠭᠰᠢ ᠳᠥᠷᠪᠡᠯᠵᠢᠨ ᠮᠧᠲᠷ ᠪᠤᠢ ᠃ ᠭᠤᠣᠯᠳᠠᠭᠤ ᠰᠢᠨᠵᠢᠯᠡᠨ ᠰᠢᠯᠭᠠᠬᠤ ᠲᠠᠰᠤᠭ ᠂ ᠴᠡᠪᠡᠷᠰᠢᠭᠦᠯᠬᠦ | ᠲᠠᠰᠤᠭ ᠂ ᠠᠷᠢᠭᠤᠳᠬᠠᠬᠤ ᠲᠣᠭᠤᠷᠢᠭ ᠂ ᠲᠦᠭᠦᠬᠡᠶ ᠮᠠᠲ᠋ᠧᠷᠢᠶᠠᠯ ᠤᠨ ᠲᠣᠭᠤᠷᠢᠭ ᠂ ᠦᠢᠯᠡᠳᠬᠦᠨ ᠤ ᠲᠣᠭᠤᠷᠢᠭ ᠂ ᠠᠵᠢᠯᠯᠠᠵᠦ ᠠᠮᠢᠳᠤᠷᠠᠬᠤ ᠲᠣᠭᠤᠷᠢᠭ ᠵᠡᠷᠭᠡ | ᠴᠢᠳᠠᠮᠵᠢᠳᠤ ᠣᠷᠣᠨ ᠢ ᠪᠠᠶᠢᠭᠤᠯᠬᠤ ᠳᠤ ᠠᠰᠢᠬᠯᠠᠨ᠎ᠠ ᠃ ᠰᠢᠨᠵᠢᠯᠡᠨ ᠰᠢᠯᠭᠠᠬᠤ ᠲᠠᠰᠤᠭ ᠲᠤ ᠪᠤᠶᠢᠵᠢᠭᠤᠯᠬᠤ ᠬᠠᠶᠢᠷᠴᠠᠭ ᠂ ᠬᠡᠳᠦ ᠴᠡᠪᠡᠷᠰᠢᠭᠦᠯᠬᠦ ᠠᠵᠢᠯ ᠤᠨ | ᠲᠠᠪᠴᠠᠩ ᠂ ᠠᠮᠢᠳᠤ ᠪᠣᠳᠠᠰ ᠤᠨ ᠠᠮᠤᠷ ᠲᠦᠪᠰᠢᠨ ᠤ ᠬᠤᠷᠭᠤ ᠂ ᠦᠵᠢᠷᠡᠯᠳᠡ ᠶᠢ ᠬᠤᠷᠳᠤᠳᠬᠠᠬᠤ ᠲᠤᠷᠰᠢᠯᠲᠠ ᠶᠢᠨ ᠮᠠᠰᠢᠨ ᠂ ᠴᠠᠭ ᠠᠭᠤᠷ ᠤᠨ ᠦᠩᠭᠡ | ᠵᠢᠭᠰᠠᠯ ᠤᠨ ᠬᠡᠮᠵᠢᠭᠦᠷᠯᠢᠭ ᠂ ᠬᠡᠢ ᠰᠤᠯᠢᠯᠴᠠᠯ ᠤᠨ ᠰᠠᠭᠠᠲᠠᠭᠤᠯᠬᠤ ᠬᠦᠴᠦᠨ ᠤ ᠬᠡᠮᠵᠢᠭᠦᠷᠯᠢᠭ ᠂ ᠨᠡᠶᠢᠯᠡᠯᠬᠡ ᠴᠢᠰᠦᠨ ᠤ ᠨᠡᠪᠴᠢᠯᠳᠠ ᠶᠢᠨ ᠬᠡᠮᠵᠢᠭᠦᠷᠯᠢᠭ ᠂ | ᠰᠢᠲᠠᠯᠲᠠ ᠶᠢ ᠬᠤᠷᠢᠭᠯᠠᠬᠤ ᠰᠢᠯᠭᠠᠭᠤᠷ ᠵᠡᠷᠭᠡ ᠲᠡᠷᠢᠭᠦᠨ ᠤ ᠬᠡᠮᠵᠢᠭᠦᠷᠯᠢᠭ ᠢ ᠲᠤᠬᠢᠷᠠᠭᠤᠯᠵᠦ ᠂ ᠮᠢᠺᠷᠣᠪ ᠤᠨ ᠰᠢᠯᠭᠠᠨ ᠪᠠᠶᠢᠴᠠᠭᠠᠯᠳᠠ ᠂ ᠴᠠᠭᠠᠷᠢᠭ | ᠬᠦᠴᠢᠯᠲᠥ᠋ᠷᠥᠭᠴᠢᠲᠦ ᠡᠲ᠋ᠡᠨ ᠦᠯᠡᠳᠡᠭᠳᠡᠯ ᠤᠨ ᠰᠢᠯᠭᠠᠨ ᠪᠠᠶᠢᠴᠠᠭᠠᠯᠳᠠ ᠂ ᠪᠠᠺᠲ᠋ᠧᠷᠢ ᠶᠢᠨ ᠦᠷ᠎ᠠ ᠶᠢᠨ ᠦᠶ᠎ᠡ ᠤᠯᠠᠮᠵᠢᠯᠠᠬᠤ ᠂ ᠠᠮᠠᠪᠴᠢ ᠶᠢᠨ ᠬᠡᠢ ᠰᠣᠷᠣᠬᠤ ᠶᠢ | ᠰᠠᠭᠠᠲᠠᠭᠤᠯᠬᠤ ᠬᠦᠴᠦ ᠬᠡᠢ ᠰᠤᠯᠢᠯᠴᠠᠯ ᠢ ᠰᠠᠭᠠᠲᠠᠭᠤᠯᠬᠤ ᠬᠦᠴᠦ ᠂ ᠠᠮᠠᠪᠴᠢ ᠶᠢᠨ ᠳᠠᠷᠤᠯᠲᠠ ᠶᠢᠨ ᠵᠥᠷᠢᠶ᠎ᠡ ᠶᠢ ᠰᠢᠯᠭᠠᠨ ᠪᠠᠶᠢᠴᠠᠭᠠᠬᠤ ᠵᠡᠷᠭᠡ ᠴᠢᠳᠠᠪᠤᠷᠢ ᠶᠢ | ᠪᠦᠷᠢᠨ ᠪᠦᠷᠢᠯᠳᠦᠭᠦᠯᠵᠡᠢ ᠃ | | | | | ᠺᠣᠮᠫᠠᠨᠢ ᠶᠢᠨ ᠣᠳᠣᠬᠠᠨ ᠳᠤ ᠨᠢᠭᠡᠨᠲᠡ ᠳᠠᠩᠰᠠᠯᠠᠭᠤᠯᠤᠨ ᠪᠦᠷᠢᠳᠭᠡᠭᠦᠯᠦᠭᠰᠡᠨ ᠦᠢᠯᠡᠳᠬᠦᠨ ᠨᠢ ︽ ᠨᠢᠭᠡᠯᠡ ᠤᠳᠠᠭ᠎ᠠ ᠡᠮᠴᠢᠯᠡᠭᠡᠨ ᠳᠤ ᠬᠡᠷᠡᠭᠰᠡᠬᠦ ᠠᠮᠠᠪᠴᠢ ︾ ︽ | ᠡᠮᠴᠢᠯᠡᠭᠡᠨ ᠳᠤ ᠬᠡᠷᠡᠭᠰᠡᠬᠦ ᠰᠡᠷᠬᠡᠶᠢᠯᠡᠨ ᠬᠠᠮᠠᠭᠠᠯᠠᠬᠤ ᠠᠮᠠᠪᠴᠢ ︾ ᠭᠡᠬᠦ ᠬᠤᠶᠠᠷ ᠵᠦᠢᠯ ᠪᠣᠶ ᠃ ᠨᠢᠭᠡ ᠵᠤᠷᠪᠤᠰ ︽ ᠨᠢᠭᠡᠯᠡ ᠤᠳᠠᠭ᠎ᠠ ᠡᠮᠴᠢᠯᠡᠭᠡᠨ ᠳᠤ ᠬᠡᠷᠡᠭᠰᠡᠬᠦ | ᠠᠮᠠᠪᠴᠢ ︾ ᠶᠢᠨ ᠦᠢᠯᠡᠳᠪᠦᠷᠢᠯᠡᠯ ᠤᠨ ᠱᠤᠭᠤᠮ ᠂ ᠬᠤᠶᠠᠷ ᠵᠤᠷᠪᠤᠰ ︽ ᠡᠮᠴᠢᠯᠡᠭᠡᠨ ᠳᠤ ᠬᠡᠷᠡᠭᠰᠡᠬᠦ ᠰᠡᠷᠬᠡᠶᠢᠯᠡᠨ ᠬᠠᠮᠠᠭᠠᠯᠠᠬᠤ ᠠᠮᠠᠪᠴᠢ ︾ ᠶᠢᠨ | ᠦᠢᠯᠡᠳᠪᠦᠷᠢᠯᠡᠯ ᠤᠨ ᠱᠤᠭᠤᠮ ᠲᠠᠢ ᠪᠠᠶᠢᠵᠤ ᠂ ᠡᠳᠦᠷ ᠤᠨ ᠦᠢᠯᠡᠳᠪᠦᠷᠢᠯᠡᠬᠦ ᠴᠢᠳᠠᠪᠤᠷᠢ ᠨᠢ ᠲᠣᠰ ᠪᠦᠷᠢ 15000 ᠢᠵᠢ ᠂ 50000 ᠢᠵᠢ ᠪᠤᠢ ᠃ | ᠺᠣᠮᠫᠠᠨᠢ ᠨᠢ ᠪᠠᠰᠠ ︽ ᠳᠤᠮᠳᠠᠳᠤ ᠤᠯᠤᠰ ᠤᠨ ᠵᠠᠭᠤᠨ ᠰᠢᠯᠢᠳᠡᠭ ᠥᠭᠡᠷᠡᠴᠢᠯᠡᠯᠲᠡ ᠬᠢᠵᠦ ᠰᠢᠨ᠎ᠡ ᠶᠢ ᠡᠭᠦᠳᠦᠭᠰᠡᠨ ᠲᠠᠭᠤᠷᠢᠶᠠᠯ ᠦᠵᠡᠭᠦᠯᠬᠦ ᠠᠵᠤ ᠠᠬᠤᠶᠢᠯᠠᠯ ︾ | ︽ ᠳᠤᠮᠳᠠᠳᠤ ᠤᠯᠤᠰ ᠤᠨ ᠠᠵᠢᠯ ᠲᠥᠷᠥᠯ ᠤᠨ ᠦᠨᠡᠨᠴᠢ ᠢᠲᠡᠭᠡᠮᠵᠢᠳᠤ 3A ᠲᠠᠰ ᠤᠨ ᠪᠠᠶᠢᠭᠤᠯᠭ᠎ᠠ ᠨᠢᠬᠡᠴᠢ ︾ ︽ ᠠᠵᠤ ᠠᠬᠤᠶᠢᠯᠠᠯ ᠤᠨ ᠦᠨᠡᠨᠴᠢ ᠢᠲᠡᠭᠡᠮᠵᠢ | ᠶᠢᠨ ᠦᠨᠡᠯᠡᠯᠳᠡ ᠶᠢᠨ 3A ᠲᠠᠰ ᠤᠨ ᠦᠨᠡᠨᠴᠢ ᠢᠲᠡᠭᠡᠮᠵᠢᠳᠤ ᠠᠵᠤ ᠠᠬᠤᠶᠢᠯᠠᠯ ︾ ︽ ᠶᠠᠰᠤ ᠴᠢᠨᠠᠷ ᠤᠨ ᠰᠢᠯᠭᠠᠨ ᠪᠠᠶᠢᠴᠠᠭᠠᠯᠲᠠ ᠂ ᠤᠯᠤᠰ ᠤᠨ ᠪᠠᠷᠢᠮᠵᠢᠶ᠎ᠠ ᠳᠤ | ᠬᠢᠷᠢ ᠲᠡᠩᠴᠡᠭᠰᠡᠨ ᠦᠢᠯᠡᠳᠬᠦᠨ ︾ ᠢᠶᠠᠷ ᠦᠨᠡᠯᠡᠭᠳᠡᠪᠡ ᠃ | |