| | 3 ᠰᠠᠷ᠎ᠠ ᠶᠢᠨ 16 ᠤ ᠡᠳᠦᠷ ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ ᠂ ᠬᠤᠰᠢᠭᠤᠨ ᠤ ᠳᠠᠷᠤᠭ᠎ᠠ ᠰᠤᠷᠭᠠᠯᠳᠤ ᠵᠡᠭᠦᠨᠭᠠᠷ ᠬᠤᠰᠢᠭᠤᠨ ᠤ | ᠦᠨᠳᠦᠰᠦᠲᠡᠨ ᠤ ᠳᠤᠮᠳᠠᠳᠤ ᠰᠤᠷᠭᠠᠭᠤᠯᠢ ᠪᠠᠷ ᠭᠦᠨᠵᠡᠭᠡᠶᠢᠷᠡᠨ ᠢᠳᠡᠭᠡᠨ ᠤ ᠠᠮᠤᠷ ᠲᠦᠪᠰᠢᠨ ᠤ ᠠᠵᠢᠯ ᠳᠤ ᠪᠠᠶᠢᠴᠠᠭᠠᠨ ᠰᠤᠳᠤᠯᠤᠯᠳᠠ ᠬᠢᠵᠦ ᠪᠠᠶᠢᠴᠠᠭᠠᠨ ᠂ | ᠢᠳᠡᠭᠡᠨ ᠤ ᠠᠮᠤᠷ ᠲᠦᠪᠰᠢᠨ ᠤ ︽ ᠬᠤᠶᠠᠷ ᠬᠠᠷᠢᠭᠤᠴᠠᠯᠭ᠎ᠠ ︾ ᠶᠢᠨ ᠲᠣᠭᠲᠠᠴᠠ ᠶᠢ ᠨᠠᠷᠢᠰᠬᠠᠵᠦ ᠨᠠᠶᠢᠳᠠᠪᠤᠷᠢᠵᠢᠭᠤᠯᠬᠤ ᠶᠢ ᠠᠬᠢᠭᠤᠯᠪᠠ ᠃ ᠬᠤᠰᠢᠭᠤᠨ ᠤ ᠳᠡᠳ᠋ | ᠳᠠᠷᠤᠭ᠎ᠠ ᠵᠠᠩ ᠶᠠ ᠨᠠᠨ ᠂ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠶᠢᠨ ᠬᠤᠯᠪᠤᠬᠳᠠᠯ ᠪᠥᠬᠦᠶ ᠬᠠᠷᠢᠭᠤᠴᠠᠯᠭᠠᠳᠠᠳ ᠪᠠᠶᠢᠴᠠᠭᠠᠨ ᠰᠤᠳᠤᠯᠤᠯᠲᠠ ᠳᠤ ᠣᠷᠣᠯᠴᠠᠵᠠᠶ ᠃ | | | | | ᠵᠢᠷᠤᠭ ᠤᠨ ᠲᠠᠶᠢᠯᠪᠤᠷᠢ ᠄ 3 ᠰᠠᠷ᠎ᠠ ᠶᠢᠨ 16 ᠤ ᠡᠳᠦᠷ ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ ᠂ ᠬᠤᠰᠢᠭᠤᠨ ᠤ ᠳᠠᠷᠤᠭ᠎ᠠ ᠰᠤᠷᠭᠠᠯᠳᠤ | ᠵᠡᠭᠦᠨᠭᠠᠷ ᠬᠤᠰᠢᠭᠤᠨ ᠤ ᠦᠨᠳᠦᠰᠦᠲᠡᠨ ᠤ ᠳᠤᠮᠳᠠᠳᠤ ᠰᠤᠷᠭᠠᠭᠤᠯᠢ ᠪᠠᠷ ᠭᠦᠨᠵᠡᠭᠡᠶᠢᠷᠡᠨ ᠢᠳᠡᠭᠡᠨ ᠤ ᠠᠮᠤᠷ ᠲᠦᠪᠰᠢᠨ ᠤ ᠠᠵᠢᠯ ᠢ ᠬᠢᠨᠠᠨ ᠵᠢᠯᠤᠭᠤᠳᠴᠤ | ᠪᠠᠶᠢᠴᠠᠭᠠᠪᠠ ᠃ ᠯᠢᠶᠠᠩ ᠰᠢᠶᠤᠤ ᠰᠢᠤᠢ ᠰᠡᠭᠦᠳᠡᠷᠯᠡᠪᠡ | ᠰᠤᠷᠭᠠᠯᠳᠤ ᠨᠠᠷ ᠰᠤᠷᠭᠠᠭᠤᠯᠢ ᠶᠢᠨ ᠬᠤᠭᠤᠯᠠᠨ ᠲᠢᠩᠬᠢᠮ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠂ ᠲᠤᠨᠤᠭ ᠲᠥᠬᠦᠭᠡᠷᠦᠮᠵᠢ ᠶᠢᠨ ᠠᠮᠤᠷ ᠲᠦᠪᠰᠢᠨ ᠂ | ᠲᠦᠭᠦᠬᠡᠢ ᠮᠠᠲ᠋ᠧᠷᠢᠶᠠᠯ ᠲᠤᠰᠠᠯᠠᠬᠤ ᠮᠠᠲ᠋ᠧᠷᠢᠶᠠᠯ ᠢ ᠬᠤᠳᠠᠯᠳᠤᠨ ᠠᠪᠴᠤ ᠬᠠᠳᠠᠭᠠᠯᠠᠬᠤ ᠂ ᠢᠳᠡᠭᠡᠨ ᠤ ᠦᠯᠢᠬᠡᠷ ᠡᠳ᠋ ᠢ ᠦᠯᠡᠳᠡᠭᠡᠬᠦ ᠂ ᠭᠡᠷᠡᠴᠢ ᠪᠠᠷᠢᠮᠳᠠ ᠠᠪᠬᠤ ᠂ | ᠢᠳᠡᠬᠡᠨ ᠤ ᠰᠠᠪᠠ ᠬᠡᠷᠡᠭᠰᠡᠯ ᠢ ᠤᠬᠢᠶᠠᠵᠤ ᠠᠷᠢᠭᠤᠳᠬᠠᠬᠤ ᠵᠡᠷᠭᠡ ᠪᠠᠶᠢᠳᠠᠯ ᠳᠤ ᠭᠦᠨᠵᠡᠭᠡᠢ ᠪᠠᠶᠢᠴᠠᠭᠠᠯᠲᠠ ᠬᠢᠵᠦ ᠂ ᠰᠤᠷᠭᠠᠭᠤᠯᠢ ᠶᠢᠨ ᠢᠳᠡᠭᠡᠨ ᠤ ᠠᠮᠤᠷ | ᠲᠦᠪᠰᠢᠨ ᠤ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠪᠠ ᠃ ᠰᠤᠷᠭᠠᠭᠤᠯᠢ ᠶᠢᠨ ᠬᠢᠨ ᠢ ︽ ᠠᠮᠤᠷ ᠲᠦᠪᠰᠢᠨ ᠤ ᠬᠥᠪᠴᠢ ︾ ᠶᠢ | ᠴᠢᠩᠭᠠᠯᠠᠵᠦ ᠂ ︽ ᠠᠮᠤᠷ ᠲᠦᠪᠰᠢᠨ ᠤ ᠪᠣᠭᠤᠮᠲᠠ ︾ ᠶᠢ ᠴᠢᠩᠭ᠎ᠠ ᠰᠠᠬᠢᠨ ᠂ ᠪᠠᠭᠰᠢ ᠰᠤᠷᠤᠭᠴᠢᠳ ᠤᠨ ᠡᠷᠡᠭᠦᠯ ᠮᠡᠨᠳᠤ ᠶᠢ ᠴᠠᠭ ᠢᠮᠠᠭᠲᠠ ᠲᠡᠷᠢᠭᠦᠨ ᠪᠠᠶᠢᠷᠢᠨ ᠳᠤ | ᠲᠠᠯᠪᠢᠵᠤ ᠂ ᠢᠳᠡᠭᠡᠨ ᠤ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠷᠡᠰ ᠨᠠᠶᠢᠳᠠᠪᠤᠷᠢᠵᠢᠭᠤᠯᠵᠤ ᠂ ᠢᠳᠡᠭᠡᠨ ᠤ ᠠᠮᠤᠷ ᠲᠦᠪᠰᠢᠨ ᠤ | ᠲᠦᠭᠰᠢᠬᠦᠷᠢ ᠶᠢ ᠭᠦᠨᠵᠡᠭᠡᠢ ᠪᠠᠶᠢᠴᠠᠭᠠᠨ ᠴᠡᠭᠴᠡᠯᠡᠵᠦ ᠂ ᠠᠵᠢᠯ ᠡᠷᠬᠢᠯᠡᠭᠰᠡᠳ ᠤᠨ ᠪᠣᠯᠪᠠᠰᠤᠷᠠᠯ ᠂ ᠢᠳᠡᠭᠡᠨ ᠤ ᠠᠮᠤᠷ ᠲᠦᠪᠰᠢᠨ ᠤ ᠪᠠᠶᠢᠴᠠᠭᠠᠨ ᠬᠡᠮᠵᠢᠯᠲᠡ ᠵᠡᠷᠭᠡ | ᠵᠠᠩᠭᠢᠯᠠᠭ᠎ᠠ ᠶᠢᠨ ᠭᠤᠭᠴᠤᠭ᠎ᠠ ᠶᠢ ᠪᠣᠳᠠᠲᠠᠢ ᠠᠳᠬᠤᠵᠤ ᠂ ᠪᠠᠭᠰᠢ ᠰᠤᠷᠤᠭᠴᠢᠳ ᠤᠨ ᠬᠤᠭᠤᠯᠠᠯᠠᠬᠤ ᠠᠮᠤᠷ ᠲᠦᠪᠰᠢᠨ ᠪᠠ ᠰᠢᠮ᠎ᠡ ᠲᠡᠵᠢᠭᠡᠯ ᠡᠷᠡᠭᠦᠯ ᠮᠡᠨᠳᠤ ᠶᠢ | ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠂ ᠰᠤᠷᠭᠠᠨ ᠬᠥᠮᠦᠵᠢᠯ ᠂ ᠬᠠᠷᠢᠶ᠎ᠠ ᠭᠠᠵᠠᠷ ᠤᠨ ᠬᠢᠨ | ᠰᠤᠷᠭᠠᠭᠤᠯᠢ ᠶᠢᠨ ᠢᠳᠡᠭᠡᠨ ᠤ ᠠᠮᠤᠷ ᠲᠦᠪᠰᠢᠨ ᠳᠤ ᠬᠢᠨᠠᠯᠲᠠ ᠲᠠᠯᠪᠢᠵᠤ ᠪᠠᠶᠢᠴᠠᠭᠠᠨ ᠵᠢᠯᠣᠭᠤᠳᠬᠤ ᠡᠷᠴᠢᠮ ᠢᠶᠠᠨ ᠴᠢᠩᠭᠠᠷᠠᠭᠤᠯᠵᠦ ᠂ ᠢᠳᠡᠭᠡᠨ ᠤ ᠠᠮᠤᠷ | ᠲᠦᠪᠰᠢᠨ ᠤ ᠲᠦᠭᠰᠢᠬᠦᠷᠢ ᠶᠢ ᠴᠢᠩᠭ᠎ᠠ ᠰᠡᠷᠭᠡᠶᠢᠯᠡᠨ ᠴᠢᠩᠭ᠎ᠠ ᠬᠠᠮᠢᠶᠠᠷᠴᠤ ᠴᠢᠩᠭ᠎ᠠ ᠡᠵᠡᠮᠳᠡᠨ ᠂ ᠪᠠᠭᠰᠢ ᠰᠤᠷᠤᠭᠴᠢᠳ ᠤᠨ ︽ ᠢᠳᠡᠭᠡᠨ ᠤᠮᠳᠠᠭᠠᠨ ᠤ ᠠᠮᠤᠷ | ᠲᠦᠪᠰᠢᠨ ︾ ᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ ᠬᠡᠵᠦ ᠱᠠᠭᠠᠷᠳᠠᠪᠠ ᠃ | |