ᠵᠠᠰᠠᠭ ᠤᠨ ᠣᠷᠳᠣᠨ ᠤ ᠠᠵᠢᠯ ᠤᠨ ᠢᠯᠡᠳᠬᠡᠯ | — 2023 ᠣᠨ ᠤ 2 ᠰᠠᠷ᠎ᠠ ᠶᠢᠨ 15 ᠤ ᠡᠳᠦᠷ ᠵᠡᠭᠦᠨᠭᠠᠷ ᠬᠤᠰᠢᠭᠤᠨ ᠤ | ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠬᠤᠶᠠᠳᠤᠭᠠᠷ ᠤᠳᠠᠭᠠᠨ ᠤ ᠬᠤᠷᠠᠯᠳᠤᠭᠠᠨ ᠳᠡᠭᠡᠷ᠎ᠠ | ᠵᠡᠭᠦᠨᠭᠠᠷ ᠬᠤᠰᠢᠭᠤᠨ ᠤ ᠠᠷᠠᠳ ᠤᠨ ᠵᠠᠰᠠᠭ ᠤᠨ | ᠣᠷᠳᠣᠨ ᠤ ᠬᠤᠰᠢᠭᠤᠨ ᠤ ᠳᠠᠷᠤᠭ᠎ᠠ ᠰᠤᠷᠭᠠᠯᠳᠤ | | | ᠲᠥᠯᠥᠭᠡᠯᠡᠭᠴᠢᠳ ᠠ᠋᠄ | ᠤᠲᠤ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠳᠦᠯᠦᠭᠡᠯᠡᠨ ᠶᠡᠭᠡ ᠬᠤᠷᠠᠯ ᠳᠤ ᠠᠵᠢᠯ ᠤᠨ ᠢᠯᠡᠳᠭᠡᠯ ᠬᠢᠶ᠎ᠠ ᠂ ᠬᠢᠨᠠᠨ ᠵᠥᠪᠯᠡᠬᠦ ᠪᠣᠯᠪᠠᠤ ᠂ | ᠳᠡᠷᠡᠴᠢᠯᠡᠨ ᠤᠯᠤᠰ ᠳᠣᠶᠢᠷᠤ ᠶᠢᠨ ᠵᠦᠪᠯᠡᠯᠭᠡᠨ ᠤ ᠭᠡᠰᠢᠭᠦᠳ ᠪᠠ ᠬᠤᠷᠠᠯ ᠳᠤ ᠰᠤᠯᠠ ᠣᠷᠣᠯᠴᠠᠭᠰᠠᠨ ᠨᠥᠬᠦᠳ ᠰᠠᠨᠠᠯ ᠢᠶᠠᠨ ᠳᠤᠷᠠᠳᠬᠤ ᠪᠣᠯᠪᠠᠤ ᠃ | ᠨᠢᠭᠡ ᠂ 2022 ᠣᠨ ᠤ ᠠᠵᠢᠯ ᠤᠨ ᠡᠷᠭᠢᠴᠡᠭᠦᠯᠦᠯ | ᠥᠩᠭᠡᠷᠡᠭᠰᠡᠨ ᠨᠢᠭᠡ ᠵᠢᠯ ᠳᠤ ᠂ ᠪᠢᠳᠡ ᠨᠠᠷᠢᠨ ᠪᠤᠳᠤᠯᠢᠶᠠᠨᠲᠠᠢ ᠬᠥᠭᠵᠢᠯᠲᠡ ᠶᠢᠨ ᠣᠷᠴᠢᠨ ᠠᠬᠤᠢ ᠪᠣᠯᠣᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠪᠠᠶᠢᠳᠠᠯ ᠳᠤ ᠬᠠᠨᠳᠤᠵᠤ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠣᠯᠭᠠᠬᠤ ᠶᠢ ᠢᠮᠠᠭᠲᠠ ᠪᠠᠷᠢᠮᠲᠠᠯᠠᠨ ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠶᠡᠷᠦᠩᠬᠡᠢ ᠱᠦᠵᠢ ᠰᠢ ᠶᠢᠨ ᠫᠢᠩ ᠤᠨ | ᠥᠪᠥᠷ ᠮᠣᠩᠭᠤᠯ ᠤᠨ ᠠᠵᠢᠯ ᠳᠤ ᠳᠠᠯᠪᠢᠬᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠳᠤᠭᠤᠰᠢᠯᠠᠭᠤᠯᠵᠤ ᠂ ᠳᠡᠭᠡᠳᠦ ᠱᠠᠲᠤᠨ ᠤ ᠨᠠᠮ ᠤᠨ | ᠬᠤᠷᠢᠶ᠎ᠠ ᠵᠠᠰᠠᠭ ᠤᠨ ᠣᠷᠳᠣᠨ ᠪᠠ ᠬᠤᠰᠢᠭᠤᠨ ᠤ ᠨᠠᠮ ᠤᠨ ᠬᠤᠷᠢᠶ᠎ᠠ ᠶᠢᠨ ᠡᠯᠡᠲ᠋ᠦ᠋ᠷᠤᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ | ᠲᠠᠯ᠎ᠠ ᠪᠠᠷ ᠨᠠᠶᠢᠳᠠᠪᠤᠷᠢᠵᠢᠭᠤᠯᠤᠨ ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠡᠯᠡᠲ᠋ᠦ᠋ᠷᠤᠯ ᠤᠨ ᠠᠵᠢᠯ ᠦᠢᠯᠡᠰ ᠰᠢᠨ᠎ᠡ ᠦᠷ᠎ᠡ ᠪᠦᠲᠦᠮᠵᠢ ᠣᠯᠵᠤ ᠂ | ᠰᠢᠨ᠎ᠡ ᠳᠡᠭᠲᠡᠷ ᠲᠤ ᠭᠠᠷᠬᠤ ᠶᠢ ᠬᠦᠴᠦᠯᠡᠨ ᠠᠬᠢᠭᠤᠯᠵᠤ ᠂ ᠲᠣᠰ ᠬᠤᠭᠤᠴᠠᠭᠠᠨ ᠤ ᠵᠠᠰᠠᠭ ᠤᠨ ᠣᠷᠳᠣᠨ ᠤ ᠰᠠᠶᠢᠨ ᠰᠠᠶᠢᠬᠠᠨ ᠡᠬᠢᠯᠡᠯᠲᠡ ᠶᠢ ᠪᠡᠶᠡᠯᠡᠭᠦᠯᠪᠡ ᠃ ᠪᠥᠬᠦ | ᠵᠢᠯ ᠳᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠭᠡᠢ ᠥᠷᠲᠡᠭ 1300 ᠳ᠋ᠦᠩᠰᠢᠭᠤᠷ ᠲᠥᠭᠦᠷᠢᠭ ᠢ ᠳᠠᠪᠠᠵᠤ ᠂ 5.3% ᠪᠠᠷ ᠨᠡᠮᠡᠭᠳᠡᠨ ᠂ ᠶᠡᠷᠦᠩᠬᠡᠢ | ᠬᠡᠮᠵᠢᠶ᠎ᠡ ᠨᠢ ᠪᠥᠬᠦ ᠣᠷᠣᠨ ᠳᠤ ᠳᠡᠷᠢᠬᠦᠯᠡᠪᠡ︔ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ 159.3 ᠳ᠋ᠦᠩᠰᠢᠭᠤᠷ ᠲᠥᠭᠦᠷᠢᠭ ᠪᠡᠶᠡᠯᠡᠬᠦᠯᠵᠤ ᠂ | 81% ᠪᠠᠷ ᠨᠡᠮᠡᠭᠳᠡᠨ ᠂ ᠶᠡᠷᠦᠩᠬᠡᠢ ᠬᠡᠮᠵᠢᠶ᠎ᠡ ᠨᠢ ᠪᠥᠬᠦ ᠣᠷᠣᠨ ᠳᠤ ᠳᠡᠷᠢᠬᠦᠯᠡᠪᠡ ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠨᠢ 28.8% ᠪᠠᠷ | ᠨᠡᠮᠡᠭᠳᠡᠵᠦ ᠂ ᠶᠡᠷᠦᠩᠬᠡᠢ ᠬᠡᠮᠵᠢᠶ᠎ᠡ ᠨᠢ ᠪᠦᠬᠦ ᠬᠤᠳᠠ ᠳᠤ ᠳᠡᠷᠢᠬᠦᠯᠡᠪᠡ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠡᠵᠡᠮᠳᠡᠵᠦ ᠪᠣᠯᠬᠤ | ᠣᠷᠣᠯᠭ᠎ᠠ ᠲᠣᠰ ᠲᠣᠰ 4.9% ᠂ 7.6% ᠪᠠᠷ ᠨᠡᠮᠡᠭᠳᠡᠵᠦ ᠂ ᠨᠡᠮᠡᠭᠳᠡᠯ ᠤᠨ ᠬᠤᠷᠳᠤᠴᠠ ᠨᠢ ᠴᠥᠮ ᠪᠥᠬᠦ ᠬᠤᠲᠠ ᠳᠤ ᠳᠡᠷᠢᠬᠦᠯᠡᠪᠡ ᠃ ᠰᠢᠶᠠᠨ ᠤ ᠬᠡᠪᠴᠢᠶᠡᠨ ᠤ | ᠠᠵᠤ ᠠᠬᠤᠢ ᠶᠢᠨ ᠶᠡᠷᠦᠩᠬᠡᠶᠢᠯᠡᠭᠰᠡᠨ ᠥᠷᠢᠰᠦᠯᠳᠦᠬᠦ ᠬᠦᠴᠦᠨ ᠨᠢ ᠪᠥᠬᠦ ᠤᠯᠤᠰ ᠤᠨ ᠵᠠᠭᠤᠨ ᠬᠦᠴᠦᠷᠬᠡᠭ ᠰᠢᠶᠠᠨ ᠤ ᠬᠤᠲᠠ ᠶᠢᠨ 23 ᠳ᠋ᠤᠭᠠᠷ ᠲᠤ | ᠵᠢᠭᠰᠠᠭᠠᠭᠳᠠᠵᠤ ᠂ ᠪᠠᠷᠠᠭᠤᠨ ᠤᠷᠤᠨ ᠤ ᠵᠠᠭᠤᠨ ᠬᠦᠴᠦᠷᠬᠡᠭ ᠰᠢᠶᠠᠨ ᠤ ᠬᠤᠲᠠ ᠶᠢᠨ 2 ᠳ᠋ᠤᠭᠠᠷ ᠲᠤ ᠵᠢᠭᠰᠠᠭᠠᠭᠳᠠᠵᠠᠢ ᠃ | ᠨᠢᠭᠡ ᠳᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠠᠪᠰᠢᠬᠦ ᠨᠢ ᠳᠦᠷᠭᠡᠳᠴᠤ ᠦᠷ᠎ᠠ ᠠᠰᠢᠭ ᠲᠠᠢ ᠪᠤᠯᠪᠠ᠃ ᠴᠢᠬᠤᠯᠠ ᠶᠡᠭᠡ ᠳᠦᠷᠤᠯ | ᠵᠤᠶᠢᠯ ᠤᠨ ᠪᠦᠲᠦᠭᠡᠨ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠣᠯᠵᠤ ᠂ 193 ᠭᠤᠣᠯᠳᠠᠯᠭ᠎ᠠ ᠲᠠᠢ ᠳᠦᠷᠤᠯ ᠵᠤᠶᠢᠯ ᠤᠨ 123 ᠶᠢ ᠨᠢ ᠤᠷᠤᠭᠰᠢᠲᠠᠢ ᠪᠠᠷ | ᠪᠡᠶᠡᠯᠡᠬᠦᠯᠤᠨ ᠂ ᠠᠷᠠᠳ ᠤᠨ ᠳᠤᠮᠳᠠᠬᠢ ᠪᠡᠯᠡ ᠣᠷᠣᠭᠤᠯᠤᠯᠲᠠ 28.9% ᠪᠠᠷ ᠨᠡᠮᠡᠭᠳᠡᠵᠦ ᠂ ᠦᠢᠯᠡᠳᠬᠦ ᠦᠢᠯᠡᠰ ᠤᠨ ᠪᠡᠯᠡ ᠣᠷᠣᠭᠤᠯᠤᠯᠲᠠ 2.5 ᠲᠠᠬᠢᠨ ᠢᠶᠠᠷ | ᠨᠡᠮᠡᠭᠳᠡᠵᠦ ᠂ ᠰᠠᠭᠤᠷᠢ ᠲᠠᠯᠪᠢᠭᠰᠠᠨ᠂ ᠠᠯᠤᠰ ᠭᠡᠳᠤ ᠳᠤ ᠠᠰᠢᠭᠲᠠᠢ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠦᠯᠡᠮᠵᠢ ᠤᠯᠠᠨ ᠰᠠᠶᠢᠨ ᠳᠦᠷᠤᠯ ᠵᠤᠶᠢᠯ ᠢ | ᠠᠰᠢᠭᠯᠠᠯᠲᠠ ᠳᠤ ᠣᠷᠣᠭᠤᠯᠤᠨ ᠦᠷ᠎ᠡ ᠪᠦᠲᠦᠮᠵᠢ ᠣᠯᠪᠠ᠃ ᠳᠠᠪᠠᠭᠤᠯᠢᠭ ᠭᠤᠣᠯᠯᠠᠬᠤ ᠠᠵᠤ ᠦᠢᠯᠡᠰ ᠲᠣᠭᠲᠠᠭᠤᠨ ᠢᠶᠠᠷ ᠰᠠᠶᠢᠵᠢᠷᠠᠵᠤ ᠂ ᠡᠨᠧᠷᠭᠢ ᠶᠢᠨ ᠠᠮᠤᠷ | ᠲᠦᠪᠰᠢᠨ ᠢ ᠪᠠᠲᠤᠯᠠᠬᠤ ᠬᠦᠨᠳᠦ ᠡᠭᠦᠷᠭᠡ ᠶᠢ ᠡᠷᠡᠰ ᠡᠭᠦᠷᠭᠡᠯᠡᠨ ᠂ ᠪᠦᠬᠦ ᠵᠢᠯ ᠳᠤ 3.2 ᠳ᠋ᠦᠩᠰᠢᠭᠤᠷ ᠲᠣᠨ ᠨᠡᠭᠦᠷᠡᠰᠦ ᠶᠢ ᠦᠢᠯᠡᠳᠪᠦᠷᠢᠯᠡᠨ ᠪᠣᠷᠣᠯᠠᠭᠤᠯᠵᠤ ᠂ | ᠪᠦᠬᠦ ᠤᠯᠤᠰ ᠤᠨ 25 ᠮᠤᠵᠢ ᠣᠷᠣᠨ ᠬᠤᠳᠠ ᠶᠢᠨ ᠨᠡᠭᠦᠷᠡᠰᠦᠨ ᠤ ᠬᠠᠩᠭᠠᠯᠭ᠎ᠠ ᠶᠢ ᠪᠠᠲᠤᠯᠠᠪᠠ᠃ ᠬᠤᠢ ᠨᠧᠩ ᠴᠠᠩ ᠲᠠᠨ ᠴᠠᠬᠢᠯᠭᠠᠨ ᠤ ᠦᠢᠯᠡᠳᠪᠦᠷᠢ ᠶᠢ | ᠪᠠᠶᠢᠭᠤᠯᠤᠨ ᠠᠰᠢᠭᠯᠠᠯᠲᠠ ᠳᠤ ᠣᠷᠣᠭᠤᠯᠵᠤ ᠂ ᠴᠠᠬᠢᠯᠭᠠᠨ ᠬᠦᠴᠦᠨ ᠤ ᠮᠠᠰᠢᠨ ᠴᠣᠭᠴᠠᠯᠠᠪᠤᠷᠢ ᠶᠢ 132 ᠲᠦᠮᠡᠨ ᠺᠢᠯᠣᠸᠠᠲ ᠰᠢᠨ᠎ᠡ ᠪᠠᠷ ᠨᠡᠮᠡᠭᠳᠡᠭᠦᠯᠦᠨ᠂ | ᠴᠠᠬᠢᠯᠭᠠᠨ ᠭᠠᠷᠭᠠᠬᠤ ᠬᠡᠮᠵᠢᠶ᠎ᠡ ᠶᠢ 14.1% ᠪᠠᠷ ᠨᠡᠮᠡᠭᠳᠡᠭᠦᠯᠪᠡ᠃ ᠵᠢᠤ ᠲᠠᠢ ᠶᠢᠨ ᠳᠡᠯᠡᠬᠡᠢ ᠶᠢᠨ ᠠᠩᠬᠠᠳᠠᠭᠴᠢ ᠲᠦᠮᠡᠨ ᠲᠣᠨ ᠤ ᠲᠡᠰ ᠤᠨ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢᠶᠠᠷ ᠦᠨᠦᠷᠲᠦ ᠨᠡᠭᠦᠷᠦᠭᠴᠢ ᠤᠶᠢᠯᠡᠳᠪᠤᠷᠢᠯᠡᠬᠦ ᠳᠦᠷᠤᠯ ᠵᠤᠶᠢᠯ ᠢ ᠡᠬᠢᠯᠡᠨ ᠪᠦᠲᠦᠭᠡᠨ ᠪᠠᠶᠢᠭᠤᠯᠵᠤ ᠂ ᠳᠤᠮᠳᠠᠳᠤ | ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ 1 ᠲᠦᠮᠡᠨ ᠲᠣᠨ ᠤ ᠪᠦᠲ᠋ᠢᠯ ᠳᠣᠲᠣᠭᠠᠳᠤ ᠡᠰᠲ᠋ᠧᠷ ᠤᠨ ᠳᠦᠷᠤᠯ ᠵᠤᠶᠢᠯ ᠢ ᠪᠠᠶᠢᠭᠤᠯᠵᠤ ᠳᠠᠭᠤᠰᠬᠠᠪᠠ᠃ ᠰᠢᠨ᠎ᠡ | ᠡᠨᠧᠷᠭᠢ ᠶᠢᠨ ᠠᠵᠤ ᠦᠢᠯᠡᠰ ᠰᠠᠶᠢᠨ ᠡᠬᠢᠯᠡᠯᠳᠡ ᠲᠠᠢ ᠪᠤᠯᠵᠤ ᠂ 470.5 ᠲᠦᠮᠡᠨ ᠺᠢᠯᠣᠸᠠᠲ ᠤᠨ ᠰᠠᠯᠬᠢ ᠭᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠳᠦᠷᠤᠯ | ᠵᠤᠶᠢᠯ ᠢ ᠲᠣᠭᠲᠠᠭᠤᠨ ᠢᠶᠠᠷ ᠠᠬᠢᠭᠤᠯᠵᠤ ᠂ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠰᠠᠭᠤᠷᠢᠨ ᠭᠠᠵᠠᠷ ᠠᠩᠬ᠎ᠠ ᠠᠯᠬᠤᠮ | ᠬᠡᠪᠴᠢᠶᠡᠵᠢᠨ ᠂ ᠶᠤᠸᠠᠨ ᠵᠢᠩ ᠰᠠᠯᠬᠢᠨ ᠬᠦᠴᠦᠨ ᠤ ᠮᠠᠰᠢᠨ ᠦᠢᠯᠡᠳᠬᠦ ᠂ ᠬᠠᠨ ᠰᠢᠶᠠ ᠭᠡᠷᠡᠯ ᠴᠡᠨᠡᠭ ᠢᠶᠠᠷ ᠤᠰᠤᠲᠥ᠋ᠷᠥᠭᠴᠢ ᠦᠢᠯᠡᠳᠪᠤᠷᠢᠯᠡᠬᠦ ᠵᠡᠷᠭᠡ 19 ᠰᠢᠨ᠎ᠡ | ᠡᠨᠧᠷᠭᠢ ᠂ ᠰᠢᠨ᠎ᠡ ᠮᠠᠲ᠋ᠧᠷᠢᠶᠠᠯ ᠤᠨ ᠳᠦᠷᠤᠯ ᠵᠤᠶᠢᠯ ᠢ ᠨᠤᠳᠤᠬᠰᠢᠭᠤᠯᠤᠨ ᠡᠬᠢᠯᠡᠭᠦᠯᠵᠦ ᠂ ᠢᠦᠢ ᠵᠢᠩ ᠣᠨᠴᠠ ᠲᠦᠷᠦᠯ ᠤᠨ ᠰᠢᠯ ᠂ ᠲᠢᠶᠠᠨ ᠱᠧᠩ ᠭᠡᠷᠡᠯ ᠴᠡᠨᠡᠭ | ᠵᠡᠷᠭᠡ 7 ᠳᠦᠷᠤᠯ ᠵᠤᠶᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠵᠤ ᠂ ᠰᠢᠨ᠎ᠡ ᠡᠨᠧᠷᠭᠢ ᠶᠢᠨ ᠠᠵᠤ ᠦᠢᠯᠡᠰ ᠵᠢᠯ ᠤᠨ ᠳᠣᠲᠣᠷ᠎ᠠ ᠠᠵᠢᠯ | ᠲᠦᠷᠦᠯ ᠤᠨ ᠨᠠᠢᠮᠠᠨ ᠳᠡᠷᠢᠬᠦᠨ ᠢ ᠡᠭᠦᠳᠪᠡ᠃ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠳᠠᠬᠢᠨ ᠲᠣᠭᠲᠠᠪᠤᠷᠢᠵᠢᠵᠤ ᠴᠢᠨᠠᠷᠵᠢᠯ ᠢ ᠳᠡᠭᠡᠭᠰᠢᠯᠡᠭᠦᠯᠦᠨ ᠂ ᠪᠥᠬᠦ | ᠣᠷᠣᠨ ᠤ ᠠᠩᠬᠠᠳᠠᠭᠴᠢ ᠵᠠᠰᠠᠮᠠᠯ ᠵᠠᠮ ᠲᠡᠮᠦᠷ ᠵᠠᠮ ᠤᠨ ᠬᠤᠤᠰ ᠬᠡᠷᠡᠭᠴᠡᠭᠡᠲᠦ ᠣᠶᠤᠨᠴᠢ ᠡᠬᠡ ᠬᠠᠭᠤᠷᠠᠢ ᠶᠢᠨ ᠭᠠᠷᠠᠮ ᠤᠨ ᠪᠦᠲᠦᠭᠡᠨ ᠪᠠᠶᠢᠭᠤᠯᠤᠯᠲᠠ ᠶᠢ | ᠡᠬᠢᠯᠡᠭᠦᠯᠵᠦ ᠂ ᠬᠤᠸᠠ ᠳᠡᠮᠡᠭᠡᠳᠤ ᠶᠢᠨ ᠶᠡᠷᠦᠩᠬᠡᠶᠢᠯᠡᠭᠰᠡᠨ ᠪᠠᠷᠠᠭᠠᠨ ᠤ ᠭᠦᠢᠯᠭᠡᠭᠡᠨ ᠤ ᠦᠢᠯᠡᠴᠢᠯᠡᠭᠡᠨ ᠤ ᠲᠣᠭᠤᠷᠢᠭ ᠢ ᠪᠠᠶᠢᠭᠤᠯᠵᠤ ᠠᠰᠢᠭᠯᠠᠯᠲᠠ ᠳᠤ ᠣᠷᠣᠭᠤᠯᠪᠠ ᠃ | ᠬᠠᠲᠤᠨ ᠭᠤᠣᠯ ᠤᠨ ᠳᠤᠮᠤ ᠬᠠᠪᠴᠢᠯ ᠤᠨ ᠰᠣᠶᠣᠯ ᠵᠤᠭᠠᠴᠠᠯ ᠤᠨ ᠣᠷᠣᠨ ᠨᠢ ᠪᠥᠬᠦ ᠣᠷᠣᠨ ᠤ ᠲᠦᠷᠦᠭᠦᠸ ᠪᠦᠯᠦᠭ ᠮᠤᠵᠢ ᠶᠢᠨ ᠱᠠᠲᠤᠨ ᠤ ᠪᠣᠯᠪᠠᠰᠤᠨ | ᠵᠤᠭᠠᠴᠠᠯ ᠤᠨ ᠵᠢᠱᠢᠶ᠎ᠡ ᠦᠵᠡᠭᠦᠯᠬᠦ ᠨᠢᠭᠡᠴᠢ ᠪᠠᠷ ᠵᠥᠪᠰᠢᠶᠡᠷᠡᠭᠳᠡᠪᠡ ᠃ ᠬᠠᠲᠤᠨ ᠭᠤᠣᠯ ᠤᠨ ᠳᠤᠬᠤᠢ ᠶᠢᠨ ᠠᠮᠢ ᠠᠬᠤᠢ ᠶᠢᠨ ᠰᠣᠶᠣᠯ ᠵᠤᠭᠠᠴᠠᠯ ᠤᠨ ᠨᠠᠶᠢᠷ ᠂ | ᠮᠠᠩᠬᠠᠨ ᠠᠶᠠᠯᠭᠤ ᠶᠢᠨ ᠤᠷᠠᠯᠢᠭ ᠤᠨ ᠨᠠᠶᠢᠷ ᠵᠡᠷᠭᠡᠰᠢᠷᠢᠰ ᠠᠵᠢᠯᠯᠠᠭ᠎ᠠ ᠶᠢ ᠠᠮᠵᠢᠯᠲᠠ ᠲᠠᠢ ᠡᠷᠭᠢᠯᠡᠪᠡ ᠃ ᠪᠥᠬᠦ ᠵᠢᠯ ᠳᠤ ᠬᠡᠪᠴᠢᠶᠡᠵᠢᠯ ᠠᠴᠠ ᠳᠡᠭᠡᠭᠰᠢᠬᠢ | ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠶᠢ 146.5 ᠳ᠋ᠦᠩᠰᠢᠭᠤᠷ ᠲᠥᠭᠦᠷᠢᠭ ᠪᠡᠶᠡᠯᠡᠭᠦᠯᠵᠦ ᠂ 22.9% ᠪᠠᠷ ᠨᠡᠮᠡᠭᠳᠡᠪᠡ ᠃ | ᠬᠤᠶᠠᠷ ᠲᠤ ᠬᠥᠭᠵᠢᠯᠲᠡ ᠶᠢᠨ ᠬᠥᠳᠡᠯᠭᠡᠭᠴᠢ ᠬᠦᠴᠦᠨ ᠠᠮᠢᠳᠤᠯᠢᠭ ᠬᠦᠴᠦᠨ ᠢᠯᠡᠳᠲᠡ ᠴᠢᠩᠭᠠᠷᠠᠪᠠ᠃ ᠴᠢᠳᠠᠪᠤᠷᠢᠲᠠᠨ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠠᠵᠢᠯ ᠰᠢᠨ᠎ᠡ ᠦᠷ᠎ᠡ ᠪᠦᠲᠦᠮᠵᠢ ᠣᠯᠵᠤ ᠂ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠷᠬᠡᠭ ᠰᠢᠶᠠᠨ ᠤ | ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠤᠨ ᠰᠢᠶᠠᠨ ᠢᠶᠠᠷ ᠠᠮᠵᠢᠯᠲᠠ ᠲᠠᠢ ᠪᠠᠷ ᠭᠤᠶᠤᠴᠢᠯᠠᠨ ᠮᠡᠳᠡᠭᠦᠯᠵᠦ ᠂ ᠤᠯᠤᠰ ᠤᠨ ᠲᠠᠰ ᠤᠨ ᠠᠬᠠᠯᠠᠬᠴᠢ | ᠳ᠋ᠣᠺᠲ᠋ᠣᠷ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯ ᠤᠨ ᠥᠷᠲᠡᠭᠡ ᠶᠢ 2 ᠪᠠᠶᠢᠭᠤᠯᠵᠤ ᠂ ᠥᠪᠡᠷᠲᠡᠭᠡᠨ ᠵᠠᠰᠠᠬᠤ ᠣᠷᠣᠨ ᠤ ᠲᠠᠰ ᠤᠨ ᠠᠵᠤ | ᠠᠬᠤᠶᠢᠯᠠᠯ ᠤᠨ ᠰᠤᠳᠤᠯᠤᠨ ᠨᠡᠭᠡᠭᠡᠬᠦ ᠲᠥᠪ ᠢ 10 ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ 7 ᠰᠢᠨ᠎ᠡ ᠪᠠᠷ ᠨᠡᠮᠡᠭᠳᠡᠭᠦᠯᠵᠦ ᠂ ᠰᠢᠨᠵᠢᠯᠡᠬᠦ ᠤᠬᠠᠭᠠᠨ | ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠤᠨ ᠲᠤᠭ᠎ᠠ ᠬᠡᠮᠵᠢᠶ᠎ᠡ ᠳᠡᠭᠡᠷ᠎ᠡ ᠵᠢᠯ ᠤᠨ ᠬᠢ ᠠᠴᠠ ᠬᠤᠶᠠᠷ ᠳᠠᠬᠢᠨ ᠢᠶᠠᠷ ᠨᠡᠮᠡᠭᠳᠡᠵᠡᠢ ᠃ ᠵᠡᠭᠦᠨᠭᠠᠷ | ᠡᠨᠧᠷᠭᠢ ᠶᠢᠨ ᠪᠦᠯᠦᠭᠯᠡᠯ ᠤᠨ ᠨᠡᠭᠦᠷᠡᠰᠦ ᠪᠠᠷ ᠰᠠᠭᠤᠷᠢ ᠪᠣᠯᠭᠠᠭᠰᠠᠨ ᠨᠠᠨᠦᠮᠧᠲᠷ ᠨᠡᠭᠦᠷᠡᠰᠦ ᠤᠰᠤᠲᠥ᠋ᠷᠥᠭᠴᠢ ᠶᠢᠨ ᠲᠦᠯᠡᠰᠢ ᠶᠢ ᠠᠵᠤ ᠦᠢᠯᠡᠳᠪᠦᠷᠢᠵᠢᠭᠦᠯᠦᠨ | ᠦᠢᠯᠡᠳᠪᠤᠷᠢᠯᠡᠬᠦ ᠪᠠ ᠢᠯᠴᠢ ᠶᠢᠨ ᠬᠦᠴᠦᠨ ᠢᠶᠠᠷ ᠴᠠᠬᠢᠯᠭᠠᠨ ᠭᠠᠷᠭᠠᠬᠤ ᠬᠤᠶᠠᠷ ᠶᠡᠭᠡ ᠮᠡᠷᠭᠡᠵᠢᠯ ᠤᠨ ᠰᠢᠰᠲ᠋ᠧᠮ ᠨᠢ ᠤᠯᠤᠰ ᠤᠨ ᠳᠣᠲᠣᠭᠠᠳᠤ ᠭᠠᠳᠠᠭᠠᠳᠤ ᠶᠢᠨ | ᠠᠩᠬᠠᠨ ᠤ ᠡᠭᠦᠳᠦᠯᠲᠡ ᠪᠠᠷ ᠬᠢᠨᠠᠨ ᠲᠣᠭᠲᠠᠭᠠᠬᠳᠠᠵᠠᠢ ᠃ ᠬᠤᠳᠠᠯᠳᠤᠭ᠎ᠠ ᠡᠷᠬᠢᠯᠡᠬᠦ ᠣᠷᠴᠢᠨ ᠠᠬᠤᠢ ᠶᠢ ᠰᠢᠯᠢᠳᠡᠭᠵᠢᠭᠦᠯᠦᠨ ᠰᠢᠨ᠎ᠡ ᠳᠦᠷᠢ ᠲᠥᠷᠬᠦ ᠶᠢ | ᠢᠯᠡᠷᠡᠭᠦᠯᠵᠦ ᠂ ᠤᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ ᠂ ᠨᠡᠶᠢᠳᠡ 20.4 | ᠳ᠋ᠦᠩᠰᠢᠭᠤᠷ ᠲᠥᠭᠦᠷᠢᠭ ᠤᠨ ᠭᠠᠶᠢᠯᠢ ᠶᠢ ᠪᠤᠴᠠᠭᠠᠨ ᠂ ᠭᠠᠶᠢᠯᠢ ᠶᠢ ᠬᠥᠩᠭᠡᠷᠡᠬᠦᠯᠵᠤ ᠂ ᠠᠵᠤ ᠠᠬᠤᠶᠢᠯᠠᠯ ᠢ ᠬᠠᠪᠰᠤᠷᠤᠨ 174.1 ᠳ᠋ᠦᠩᠰᠢᠭᠤᠷ ᠲᠥᠭᠦᠷᠢᠭ ᠤᠨ | ᠪᠡᠯᠡ ᠮᠥᠩᠭᠦ ᠶᠢ ᠪᠦᠲᠦᠮᠵᠢᠲᠡᠶ ᠪᠠᠷ ᠬᠤᠷᠠᠮᠳᠤᠭᠤᠯᠤᠨ ᠂ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢ 4917 ᠂ ᠳᠠᠩᠰᠠᠯᠠᠭᠤᠯᠤᠭᠰᠠᠨ | ᠲᠠᠸᠠᠷ ᠤᠨ ᠲᠡᠮᠳᠡᠭᠲᠦ ᠶᠢ 340 ᠰᠢᠨ᠎ᠡ ᠪᠠᠷ ᠨᠡᠮᠡᠭᠳᠡᠭᠦᠯᠪᠡ᠃ ︽ ᠨᠢᠭᠡ ᠤᠴᠢᠷ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ ︾ ᠭᠤᠣᠯ ᠰᠡᠳᠦᠪᠲᠦ ᠰᠢᠷᠢᠰ | ᠦᠢᠯᠡᠴᠢᠯᠡᠭᠡᠨ ᠤ 150 ᠤᠴᠢᠷ ᠶᠠᠪᠤᠳᠠᠯ ᠢ ᠳᠡᠯᠭᠡᠷᠡᠬᠦᠯᠤᠨ ᠂ ︽ ᠶᠡᠷᠦᠩᠬᠡᠶᠢᠯᠡᠭᠰᠡᠨ ᠨᠢᠭᠡ ᠴᠤᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ ︾ ᠬᠢᠨᠠᠨ | ᠵᠥᠪᠰᠢᠶᠡᠷᠡᠬᠦ ᠦᠢᠯᠡᠴᠢᠯᠡᠭᠡᠨ ᠤ ᠤᠴᠢᠷ ᠶᠠᠪᠤᠳᠠᠯ ᠳᠤ 798 ᠵᠤᠶᠢᠯ ᠢ ᠣᠷᠣᠭᠤᠯᠵᠤ ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠤᠴᠢᠷ ᠶᠠᠪᠤᠳᠠᠯ ᠢ | ᠰᠦᠯᠵᠢᠶᠡᠨ ᠳᠡᠭᠡᠷ᠎ᠡ ᠭᠦᠢᠴᠡᠳᠬᠡᠵᠦ ᠪᠣᠯᠬᠤ ᠨᠣᠷᠮ᠎ᠠ 97.7% ᠂ ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠭᠦᠢᠴᠡᠳᠬᠡᠭᠰᠡᠨ ᠨᠣᠷᠮ᠎ᠠ 84.7% ᠪᠣᠯᠪᠠ ᠃ | ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠷᠬᠢᠯᠡᠬᠦ ᠣᠷᠴᠢᠨ ᠠᠬᠤᠢ ᠶᠢ ᠰᠢᠯᠭᠠᠨ ᠬᠤᠷᠢᠶᠠᠵᠤ ᠦᠨᠡᠯᠡᠨ ᠵᠢᠱᠢᠬᠦ ᠶᠢ ᠳᠠᠭᠠᠭᠠᠨ ᠠᠪᠬᠤ ᠡᠭᠦᠷᠭᠡ ᠶᠢ ᠲᠡᠭᠦᠰ | ᠠᠮᠵᠢᠯᠲᠠ ᠲᠠᠢ ᠪᠡᠶᠡᠯᠡᠭᠦᠯᠪᠡ ᠃ ᠠᠷᠠᠯᠵᠢᠶᠠᠴᠢᠨ ᠤᠷᠢᠵᠤ ᠪᠡᠯᠡ ᠤᠷᠤᠭᠤᠯᠬᠤ ᠴᠢᠨᠠᠷᠵᠢᠯ ᠦᠷ᠎ᠠ ᠠᠰᠢᠭ ᠰᠢᠨ᠎ᠡ ᠰᠢᠪᠲᠤᠯᠤᠯᠲᠠ ᠶᠢ ᠪᠡᠶᠡᠯᠡᠭᠦᠯᠵᠦ ᠂ ᠲᠡᠷᠢᠭᠦᠨ ᠤ | ᠬᠢ ᠪᠠᠷ ᠪᠠᠷᠢᠮᠵᠢᠶᠠᠯᠠᠨ ᠳᠡᠭᠡᠭᠰᠢᠯᠡᠭᠦᠯᠤᠨ ᠡᠬᠦᠳᠬᠦ ᠶᠢ ᠯᠠᠪᠳᠠᠭᠤᠨ ᠪᠠᠲᠤᠲᠠᠢ ᠠᠬᠢᠭᠤᠯᠵᠤ ᠂ 14 ᠠᠵᠤ ᠦᠢᠯᠡᠰ ᠤᠨ ᠬᠡᠯᠬᠢᠶ᠎ᠡ ᠶᠢ ᠴᠢᠩᠭ᠎ᠠ ᠠᠳᠬᠤᠨ ᠂ ︽ | ᠬᠡᠯᠬᠢᠶᠡᠨ ᠤ ᠳᠠᠷᠤᠭ᠎ᠠ ᠶᠢᠨ ᠳᠦᠷᠢᠮ ︾ ᠢᠶᠠᠷ ᠨᠠᠷᠢᠯᠢᠭ ᠣᠨᠣᠴᠠᠲᠠᠢ ᠠᠷᠠᠯᠵᠢᠶᠠᠴᠢᠨ ᠤᠷᠢᠬᠤ ᠂ ᠪᠥᠬᠦ ᠬᠦᠮᠤᠰ ᠠᠷᠠᠯᠵᠢᠶᠠᠴᠢᠨ ᠤᠷᠢᠬᠤ ᠂ ᠪᠥᠬᠦ ᠠᠵᠤ | ᠦᠢᠯᠡᠰ ᠤᠨ ᠬᠡᠯᠬᠢᠶ᠎ᠡ ᠪᠠᠷ ᠠᠷᠠᠯᠵᠢᠶᠠᠴᠢᠨ ᠤᠷᠢᠬᠤ ᠶᠢ ᠬᠡᠷᠡᠭᠵᠢᠭᠦᠯᠵᠦ ᠂ ᠨᠡᠶᠢᠲᠡ 66 ᠲᠥᠷᠥᠯ ᠵᠦᠢᠯ ᠤᠨ ᠭᠡᠷ᠎ᠡ ᠲᠣᠭᠲᠠᠵᠤ ᠂ ᠬᠡᠯᠡᠯᠴᠡᠭᠡᠷ ᠳᠤᠬᠳᠠᠬᠰᠠᠨ | ᠶᠡᠷᠦᠩᠬᠡᠢ ᠲᠤᠭ᠎ᠠ 3689 ᠳ᠋ᠦᠩᠰᠢᠭᠤᠷ ᠲᠥᠭᠦᠷᠢᠭ ᠲᠤ ᠬᠥᠷᠪᠡ ᠃ ᠭᠤᠣᠯᠳᠠᠯᠭ᠎ᠠ ᠲᠠᠢ ᠠᠵᠤ ᠠᠬᠤᠶᠢᠯᠠᠯ ᠲᠠᠢ ᠵᠤᠯᠭᠠᠭᠤᠯᠬᠤ ᠡᠬᠢ ᠪᠠᠶᠠᠯᠢᠭ ᠤᠨ ᠬᠥᠮᠥᠷᠭᠡ ᠶᠢ | ᠪᠠᠶᠢᠭᠤᠯᠵᠤ ᠂ 433 ᠠᠵᠢᠯ ᠲᠥᠷᠥᠯ ᠤᠨ ᠲᠡᠷᠢᠭᠦᠨ ᠤ ᠠᠵᠤ ᠠᠬᠤᠶᠢᠯᠠᠯ ᠢ ᠰᠢᠩᠭᠡᠭᠡᠨ ᠠᠪᠴᠤ ᠂ 153 ᠭᠤᠣᠯᠳᠠᠯᠭ᠎ᠠ ᠲᠠᠢ ᠲᠥᠷᠥᠯ ᠵᠦᠢᠯ ᠢ ᠰᠣᠩᠭᠤᠨ | ᠨᠥᠭᠡᠴᠡᠯᠡᠪᠡ ᠃ | ᠭᠤᠷᠪᠠ ᠳᠤ ᠂ ᠪᠣᠬᠢᠷᠳᠤᠯ ᠦᠭᠡᠢ ᠬᠥᠭᠵᠢᠯᠲᠡ ᠶᠢᠨ ᠲᠦᠪᠰᠢᠨ ᠲᠣᠭᠲᠠᠭᠤᠨ ᠢᠶᠠᠷ ᠳᠡᠭᠡᠭᠰᠢᠯᠡᠪᠡ᠃ ᠠᠮᠢ ᠠᠬᠤᠢ ᠶᠢᠨ ᠬᠠᠮᠠᠭᠠᠯᠠᠯᠲᠠ ᠵᠠᠰᠠᠯᠲᠠ ᠶᠢ ᠦᠨᠡᠨᠬᠦ | ᠰᠠᠶᠢᠲᠤᠷ ᠠᠳᠬᠤᠵᠤ ᠂ ᠣᠶ ᠰᠢᠭᠤᠢ ᠨᠤᠳᠤᠭ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ 22 ᠲᠦᠮᠡᠨ ᠮᠦ ᠪᠡᠶᠡᠯᠡᠭᠦᠯᠵᠦ ᠂ ᠠᠭᠤᠷᠬᠠᠢ ᠶᠢᠨ | ᠣᠷᠣᠨ ᠢ 2 ᠲᠦᠮᠡᠨ ᠮᠦ ᠳᠠᠬᠢᠨ ᠬᠠᠭᠠᠯᠪᠤᠷᠢᠯᠠᠨ ᠨᠣᠭᠤᠭᠠᠷᠠᠭᠤᠯᠵᠤ ᠂ ᠲᠥᠪᠯᠡᠷᠡᠬᠦᠯᠥᠨ ᠵᠠᠯᠭᠠᠯᠳᠤᠭᠰᠠᠨ ᠵᠢᠱᠢᠶ᠎ᠡ ᠦᠵᠡᠭᠦᠯᠬᠦ ᠲᠥᠷᠥᠯ ᠵᠦᠢᠯ ᠢ 3 ᠭᠠᠵᠠᠷ | 5000 ᠮᠦ ᠬᠡᠷᠡᠭᠵᠢᠭᠦᠯᠵᠦ ᠂ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠨᠣᠷᠮ᠎ᠠ ᠶᠢ 70% ᠳᠤ ᠬᠦᠷᠭᠡᠪᠡ ᠃ ᠵᠡᠬᠦᠠᠭᠠᠷ ᠡᠨᠧᠷᠬᠢ ᠶᠢᠨ | ᠪᠦᠯᠦᠭᠯᠡᠯ ᠤᠨ ᠠᠭᠤᠷᠬᠠᠢ ᠶᠢᠨ ᠣᠷᠣᠨ ᠤ ᠠᠮᠢ ᠠᠬᠤᠢ ᠶᠢ ᠵᠠᠰᠠᠨ ᠰᠡᠷᠭᠦᠭᠡᠭᠰᠡᠨ ᠬᠡᠷᠡᠭ ᠤᠨ ᠵᠢᠱᠢᠶ᠎ᠡ ᠨᠢ ᠳᠡᠯᠡᠬᠡᠢ ᠶᠢᠨ ᠠᠵᠤ ᠠᠬᠤᠢ ᠶᠢᠨ ᠶᠠᠷᠢᠶᠠᠨ ᠤ | ᠳᠠᠪᠴᠠᠩ ᠶᠢᠨ ᠮᠡᠳᠡᠬᠦᠯᠦᠯᠳᠡ ᠳᠤ ᠰᠤᠩᠭᠤᠬᠳᠠᠨ ᠤᠷᠤᠬᠰᠠᠨ ᠪᠠᠶᠢᠨ᠎ᠠ᠃ ᠪᠣᠬᠢᠷᠳᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ | ᠰᠠᠶᠢᠲᠤᠷ ᠬᠢᠵᠦ ᠂ 11 ᠠᠵᠤ ᠠᠬᠤᠶᠢᠯᠠᠯ ᠤᠨ ︽ ᠲᠠᠷᠠᠬᠠᠢ ᠪᠤᠲᠠᠷᠬᠠᠢ ᠡᠮᠬᠢ ᠵᠠᠮᠪᠠᠷᠠᠭ᠎ᠠ ᠦᠭᠡᠢ ᠪᠣᠬᠢᠷᠳᠤᠯ ︾ ᠢ ᠴᠡᠭᠴᠡᠯᠡᠨ ᠵᠠᠰᠠᠬᠤ ᠂ 7 ᠠᠵᠤ ᠠᠬᠤᠶᠢᠯᠠᠯ ᠤᠨ | ᠳᠡᠭᠳᠡᠮᠡᠬᠡᠢ ᠴᠢᠨᠠᠷᠲᠠᠢ ᠣᠷᠭᠠᠨᠢᠭ ᠪᠣᠳᠠᠰ ᠢ ᠵᠠᠰᠠᠬᠤ ᠂ 7 ᠭᠤᠣᠯᠳᠠᠯᠭ᠎ᠠ ᠲᠠᠢ ᠠᠵᠤ ᠠᠬᠤᠶᠢᠯᠠᠯ ᠤᠨ ᠭᠤᠣᠯ ᠤᠷᠤᠭᠤ ᠪᠣᠬᠢᠷᠳᠤᠯ ᠢ ᠭᠠᠳᠠᠭᠰᠢᠯᠠᠭᠤᠯᠬᠤ ᠠᠮᠠ ᠶᠢ | ᠳᠦᠷᠢᠮᠵᠢᠬᠦᠯᠤᠨ ᠪᠦᠲᠦᠭᠡᠨ ᠪᠠᠶᠢᠭᠤᠯᠬᠤ ᠶᠢ ᠪᠡᠶᠡᠯᠡᠭᠦᠯᠵᠦ ᠂ ᠪᠥᠬᠦ ᠵᠢᠯ ᠤᠨ ᠠᠭᠠᠷ ᠰᠢᠯᠢᠳᠡᠭ ᠰᠠᠶᠢᠨ ᠨᠣᠷᠮ᠎ᠠ ᠶᠢ 90% ᠳᠤ ᠬᠦᠷᠭᠡᠵᠦ ᠂ ᠪᠣᠶ ᠪᠦᠬᠦᠢ ᠬᠢᠨᠠᠨ | ᠰᠢᠯᠭᠠᠬᠤ ᠣᠭᠲᠣᠯᠣᠭᠠᠰᠤ ᠂ ᠤᠰᠤᠨ ᠤ ᠡᠬᠢ ᠰᠤᠷᠪᠤᠯᠵᠢ ᠶᠢᠨ ᠤᠰᠤᠨ ᠤ ᠴᠢᠨᠠᠷ ᠨᠢ ᠴᠥᠮ ᠪᠠᠷᠢᠮᠵᠢᠶ᠎ᠠ ᠳᠤ ᠬᠦᠷᠴᠡᠢ ᠃ ᠬᠥᠳᠡᠭᠡ ᠲᠣᠰᠬᠤᠨ ᠤ ᠠᠮᠢᠳᠤᠷᠠᠯ ᠤᠨ | ᠬᠤᠭ ᠨᠣᠪᠰᠢ ᠶᠢ ᠳᠠᠷᠤᠰᠢᠭᠤᠯᠤᠨ ᠳᠠᠮᠵᠢᠭᠤᠯᠬᠤ ᠦᠷᠳᠡᠭᠡ᠂ ᠵᠠᠳᠠᠯᠤᠨ ᠰᠢᠨᠵᠢᠯᠡᠬᠦ ᠦᠷᠳᠡᠭᠡ ᠪᠠ ᠪᠣᠬᠢᠷ ᠤᠰᠤ ᠶᠢ ᠰᠢᠢᠳᠪᠦᠷᠢᠯᠡᠬᠦ ᠲᠥᠬᠦᠭᠡᠷᠦᠮᠵᠢ ᠶᠢ 52 | ᠪᠠᠶᠢᠭᠤᠯᠵᠤ ᠂ ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠵᠦᠭᠡᠭᠡᠪᠤᠷᠢᠯᠡᠵᠤ ᠰᠢᠢᠳᠪᠦᠷᠢᠯᠡᠬᠦ ᠪᠠ ᠪᠣᠬᠢᠷ ᠤᠰᠤ ᠶᠢ ᠠᠷᠢᠭᠤᠳᠬᠠᠨ | ᠰᠢᠢᠳᠪᠦᠷᠢᠯᠡᠬᠦ ᠵᠢᠨᠡᠶᠢᠳᠡᠮ ᠬᠠᠮᠤᠷᠬᠤ ᠶᠢ ᠦᠨᠳᠦᠰᠦᠨ ᠳᠡᠭᠡᠨ ᠪᠡᠶᠡᠯᠡᠭᠦᠯᠪᠡ᠃ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ | ᠯᠠᠪᠳᠠᠭᠤᠨ ᠪᠠᠲᠤᠲᠠᠢ ᠠᠬᠢᠭᠤᠯᠵᠤ ᠂ ᠠᠵᠤ ᠦᠢᠯᠡᠳᠪᠦᠷᠢ ᠶᠢᠨ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢᠨ 11 ᠲᠥᠷᠥᠯ ᠵᠦᠢᠯ ᠢ ᠬᠡᠷᠡᠭᠵᠢᠭᠦᠯᠦᠨ ᠂ | ᠡᠨᠧᠷᠭᠢ ᠶᠢᠨ ᠬᠤᠷᠣᠭᠳᠠᠯ ᠤᠨ ᠬᠦᠴᠦᠯᠡᠴᠡ ᠶᠢ ᠬᠢᠵᠠᠭᠠᠷᠯᠠᠬᠤ ᠬᠠᠷᠠᠯᠳᠠ ᠡᠭᠦᠷᠭᠡ ᠶᠢ ᠪᠡᠶᠡᠯᠡᠭᠦᠯᠵᠦ ᠂ ᠨᠢᠭᠡᠴᠢ GDP ᠶᠢᠨ ᠡᠨᠧᠷᠭᠢ ᠶᠢᠨ ᠬᠤᠷᠣᠭᠳᠠᠯ ᠢ | ᠲᠣᠭᠲᠠᠭᠤᠨ ᠢᠶᠠᠷ ᠪᠠᠭᠤᠷᠠᠭᠤᠯᠪᠠ ᠃ ᠡᠬᠢ ᠪᠠᠶᠠᠯᠢᠭ ᠢ ᠡᠷᠬᠢᠯᠳᠦᠬᠦᠯᠤᠨ ᠠᠰᠢᠭᠯᠠᠬᠤ ᠂ ᠴᠧᠩ ᠲᠢᠶᠠᠨ ᠨᠡᠭᠦᠷᠡᠰᠦᠨ ᠴᠢᠯᠠᠭᠤ ᠶᠢ ᠶᠡᠷᠦᠩᠬᠡᠶᠢᠯᠡᠨ ᠠᠰᠢᠭᠯᠠᠬᠤ ᠂ ᠢᠦᠢ | ᠰᠧᠨ ᠨᠡᠭᠦᠷᠡᠰᠦᠨ ᠰᠢᠪᠠᠷ ᠢ ᠳᠠᠬᠢᠨ ᠠᠰᠢᠭᠯᠠᠬᠤ ᠵᠡᠷᠭᠡ ᠠᠵᠤ ᠦᠢᠯᠡᠳᠪᠦᠷᠢ ᠶᠢᠨ ᠬᠠᠲᠠᠭᠤ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ᠢ | ᠲᠤᠷᠰᠢᠨ ᠦᠢᠯᠡᠳᠪᠦᠷᠢᠯᠡᠬᠦ ᠶᠢ ᠴᠢᠩᠭᠠᠳᠬᠠᠪᠠ ᠃ ︽ 2022 ᠣᠨ ᠤ ᠰᠢᠶᠠᠨ ᠤ ᠬᠤᠲᠠ ᠶᠢᠨ ᠪᠣᠬᠢᠷᠳᠤᠯ ᠦᠭᠡᠢ ᠴᠢᠨᠠᠷ ᠰᠠᠶᠢᠲᠠᠢ ᠬᠥᠭᠵᠢᠯᠲᠡ ᠶᠢᠨ ᠵᠠᠭᠤᠨ | ᠰᠢᠯᠢᠳᠡᠭ ᠭᠡᠪ ᠳᠠᠭᠤᠷᠢᠶᠠᠯ ︾ ᠤᠨ ᠰᠢᠯᠭᠠᠷᠠᠭᠤᠯᠤᠯᠲᠠ ᠳᠤ 24 ᠳ᠋ᠤᠭᠡᠷ ᠪᠠᠶᠢᠷᠢᠨ ᠳᠤ ᠵᠢᠭᠰᠠᠭᠠᠭᠳᠠᠵᠠᠢ ᠃ | ᠳᠥᠷᠪᠡ ᠳᠤ ᠬᠤᠳᠠ ᠬᠥᠳᠡᠭᠡ ᠶᠢᠨ ᠬᠥᠭᠵᠢᠯᠲᠡ ᠶᠢᠨ ᠪᠠᠶᠢᠳᠠᠯ ᠲᠠᠰᠤᠷᠠᠯᠳᠠ ᠦᠭᠡᠢ ᠰᠠᠶᠢᠵᠢᠷᠠᠪᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠪᠦᠬᠦ ᠲᠠᠯ᠎ᠠ ᠪᠠᠷ ᠠᠬᠢᠭᠤᠯᠵᠤ ᠂ ᠭᠤᠣᠯᠳᠠᠯᠭ᠎ᠠ ᠲᠠᠢ ᠠᠵᠤ ᠦᠢᠯᠡᠰ ᠤᠨ ᠬᠥᠭᠵᠢᠯᠲᠡ ᠶᠢᠨ ᠢᠵᠢ ᠪᠦᠷᠢᠳᠦᠭᠰᠡᠨ ᠳᠡᠮᠵᠢᠬᠦ ᠲᠦᠷᠦ ᠶᠢᠨ ᠪᠣᠳᠣᠯᠭ᠎ᠠ ᠶᠢ ᠲᠣᠭᠲᠠᠭᠠᠨ | ᠨᠡᠶᠢᠲᠡᠯᠡᠵᠦ ᠂ ᠮᠠᠨ ᠱᠢ ᠠᠮᠢ ᠠᠬᠤᠢ ᠶᠢᠨ ᠬᠦᠷᠢᠶᠡᠯᠡᠩ ᠤᠨ ᠨᠢᠭᠡᠳᠦᠭᠡᠷ ᠬᠤᠭᠤᠴᠠᠭ᠎ᠠ᠂ ᠯᠢᠶᠠᠩ ᠶᠦᠨᠵᠠᠭᠤᠨ ᠲᠦᠮᠡᠨ ᠭᠠᠭ᠋ᠠᠢ ᠳᠡᠵᠢᠭᠡᠬᠦ ᠳᠦᠷᠤᠯ ᠵᠤᠶᠢᠯ ᠤᠨ | ᠡᠭᠦᠯᠳᠡᠷ ᠤᠨ ᠭᠠᠭ᠋ᠠᠢ ᠶᠢᠨ ᠲᠠᠯᠠᠪᠠᠢ ᠵᠡᠷᠭᠡ ᠲᠦᠷᠦᠯ ᠵᠦᠢᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ ᠂ ᠵᠡᠭᠦᠨᠭᠠᠷ ᠵᠤᠤ ᠂ ᠪᠤᠷᠤᠳᠤᠬᠤᠢ ᠶᠢᠨ ᠲᠦᠮᠡᠨ ᠦᠬᠡᠷ | ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠠᠩᠬ᠎ᠠ ᠠᠯᠬᠤᠮ ᠦᠷ᠎ᠡ ᠪᠦᠲᠦᠮᠵᠢ ᠣᠯᠪᠠ᠃ ᠠᠵᠤ ᠠᠬᠤᠶᠢᠯᠠᠯ ᠪᠠ ᠣᠷᠣᠨ ᠨᠤᠲᠤᠭ ᠬᠠᠮᠲᠤ ᠪᠠᠷ ᠪᠠᠶᠢᠭᠤᠯᠬᠤ | 228 ᠳᠦᠷᠤᠯ ᠵᠤᠶᠢᠯ ᠢ ᠲᠣᠭᠲᠠᠭᠠᠵᠤ ᠂ 1.8 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠪᠣᠳᠠᠲᠠᠶᠢᠵᠢᠭᠤᠯᠵᠤ ᠂ ᠳᠤᠰᠬᠤᠨ ᠤ ᠬᠠᠮᠲᠤ ᠶᠢᠨ ᠠᠵᠤ | ᠠᠬᠤᠢ ᠶᠢᠨ ᠡᠵᠡᠩᠨᠡᠯᠲᠡ ᠶᠢᠨ ᠴᠢᠨᠠᠷᠲᠠᠢ ᠪᠦᠬᠦ ᠣᠷᠣᠯᠭ᠎ᠠ ᠨᠢ 20 ᠲᠦᠮᠡᠨ ᠲᠥᠭᠦᠷᠢᠭ ᠢ ᠳᠠᠪᠠᠵᠤ ᠂ ᠲᠠᠷᠢᠶᠠᠴᠢᠳ ᠤᠨ ᠬᠥᠮᠥᠨ ᠳᠤᠮᠳᠠᠴᠢ ᠣᠷᠣᠯᠭ᠎ᠠ ᠶᠢ | 2000 ᠲᠥᠭᠦᠷᠢᠭ ᠨᠡᠮᠡᠭᠳᠡᠬᠦᠯᠬᠦ ᠬᠠᠷᠠᠯᠲᠠ ᠶᠢ ᠪᠡᠶᠡᠯᠡᠭᠦᠯᠪᠡ᠃ ᠪᠦᠬᠦ ᠤᠯᠤᠰ ᠤᠨ ᠳᠣᠯᠣᠳᠤᠭᠠᠷ ᠪᠦᠯᠦᠭ ᠭᠤᠣᠯ ᠪᠣᠯᠬᠤ ᠲᠠᠷᠢᠮᠠᠯ ᠤᠨ ᠦᠢᠯᠡᠳᠪᠦᠷᠢᠯᠡᠯ ᠤᠨ ᠪᠦᠬᠦ | ᠶᠠᠪᠤᠴᠠ ᠶᠢᠨ ᠮᠠᠰᠢᠨᠴᠢᠯᠠᠯᠲᠠ ᠶᠢᠨ ᠵᠢᠱᠢᠶ᠎ᠡ ᠦᠵᠡᠭᠦᠯᠬᠦ ᠰᠢᠶᠠᠨ᠂ ᠪᠦᠬᠦ ᠤᠯᠤᠰ ᠤᠨ ᠭᠤᠷᠪᠠᠳᠤᠭᠠᠷ ᠪᠦᠯᠦᠭ ᠬᠥᠳᠡᠭᠡ ᠲᠣᠰᠬᠤᠨ ᠤ ᠠᠵᠤ ᠦᠢᠯᠡᠰ ᠢ | ᠠᠭᠤᠰᠤᠯᠴᠠᠭᠤᠯᠤᠨ ᠬᠥᠭᠵᠢᠭᠦᠯᠬᠦ ᠵᠢᠱᠢᠶ᠎ᠡ ᠦᠵᠡᠭᠦᠯᠬᠦ ᠬᠦᠷᠢᠶᠡᠯᠡᠩ᠂ ᠪᠦᠬᠦ ᠤᠯᠤᠰ ᠤᠨ ᠲᠦᠷᠦᠭᠦᠦ ᠪᠦᠯᠦᠭ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠳᠠᠮᠵᠢᠭᠤᠯᠭ᠎ᠠ ᠶᠢᠨ ᠰᠠᠭᠤᠷᠢᠨ ᠢᠶᠠᠷ ᠦᠨᠡᠯᠡᠭᠳᠡᠪᠡ᠃ ᠬᠤᠲᠠ ᠶᠢᠨ ᠴᠢᠳᠠᠮᠵᠢ ᠲᠠᠰ ᠢ ᠦᠷᠭᠦᠯᠵᠢᠯᠡᠨ ᠳᠡᠭᠡᠭᠰᠢᠯᠡᠭᠦᠯᠵᠦ ᠂ ᠵᠡᠭᠦᠨᠭᠠᠷ ᠤᠨ ᠰᠢᠨ᠎ᠡ ᠬᠤᠲᠠ ᠶᠢ ᠨᠡᠭᠡᠭᠡᠨ | ᠬᠥᠭᠵᠢᠭᠦᠯᠵᠦ ᠪᠦᠲᠦᠭᠡᠨ ᠪᠠᠶᠢᠭᠤᠯᠬᠤ ᠶᠢ ᠲᠦᠷᠭᠡᠳᠬᠡᠨ ᠂ ᠵᠡᠭᠦᠨᠭᠠᠷ ᠳᠤᠮᠳᠠᠳᠤ ᠰᠤᠷᠭᠠᠭᠤᠯᠢ ᠪᠠ 4 ᠭᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠢᠯ ᠂ | 12 ᠵᠤᠷᠪᠤᠰ ᠬᠤᠲᠠ ᠶᠢᠨ ᠶᠠᠪᠤᠳᠠᠯ ᠤᠨ ᠵᠠᠮ ᠢ ᠪᠠᠷᠢᠯᠭ᠎ᠠ ᠡᠬᠢᠯᠡᠭᠦᠯᠦᠨ ᠪᠦᠲᠦᠭᠡᠨ ᠪᠠᠶᠢᠭᠤᠯᠪᠠ ᠃ ᠬᠠᠭᠤᠴᠢᠨ ᠬᠤᠲᠠ ᠶᠢ ᠦᠭᠡᠷᠡᠴᠢᠯᠡᠨ ᠵᠠᠰᠠᠬᠤ ᠶᠢ | ᠨᠢᠭᠡᠳᠦᠯᠲᠡᠢ ᠲᠥᠯᠥᠪᠯᠡᠨ ᠠᠬᠢᠭᠤᠯᠵᠤ ᠂ 32 ᠲᠦᠮᠡᠨ ᠲᠡᠭᠰᠢ ᠳᠥᠷᠪᠡᠯᠵᠢᠨ ᠮᠧᠲᠷ ᠤᠨ ᠬᠠᠭᠤᠴᠢᠨ ᠰᠠᠭᠤᠭᠠᠯᠢ ᠲᠣᠭᠤᠷᠢᠭ ᠢ ᠦᠭᠡᠷᠡᠴᠢᠯᠡᠨ ᠵᠠᠰᠠᠬᠤ ᠶᠢ | ᠪᠡᠶᠡᠯᠡᠭᠦᠯᠵᠦ ᠂ ᠲᠥᠪᠯᠡᠷᠡᠭᠦᠯᠦᠨ ᠳᠤᠯᠠᠭᠠᠯᠠᠭ᠎ᠠ ᠬᠠᠩᠭᠠᠬᠤ ᠡᠷᠦᠬᠡ ᠶᠢ ᠰᠢᠨ᠎ᠡ ᠪᠠᠷ 3100 ᠨᠡᠮᠡᠭᠳᠡᠭᠦᠯᠦᠨ ᠂ ᠪᠠᠶᠢᠭᠠᠯᠢ ᠶᠢᠨ ᠰᠢᠲᠠᠮᠠᠬᠠᠢ ᠬᠡᠢ ᠶᠢ 2 ᠲᠦᠮᠡᠨ | ᠡᠷᠦᠬᠡ ᠳᠤ ᠣᠷᠣᠭᠤᠯᠵᠤ ᠂ ᠰᠢᠨᠡᠳᠬᠡᠨ ᠵᠠᠰᠠᠭᠰᠠᠨ ᠨᠣᠭᠤᠭᠠᠷᠠᠭᠤᠯᠤᠭᠰᠠᠨ ᠭᠠᠵᠠᠷ ᠤᠨ ᠲᠠᠯᠠᠪᠠᠶ ᠶᠢ 56 ᠲᠦᠮᠡᠨ ᠲᠡᠭᠰᠢ ᠳᠥᠷᠪᠡᠯᠵᠢᠨ ᠮᠧᠲᠷ ᠰᠢᠨ᠎ᠡ ᠪᠠᠷ | ᠨᠡᠮᠡᠭᠳᠡᠭᠦᠯᠪᠡ ᠃ ᠤᠯᠠᠨ ᠨᠡᠶᠢᠲᠡ ᠶᠢᠨ ᠦᠢᠯᠡᠴᠢᠯᠡᠭᠡ ᠶᠢ ᠢᠵᠢ ᠪᠦᠷᠢᠳᠦᠭᠦᠯᠬᠦ ᠶᠢ ᠨᠡᠩ ᠲᠡᠭᠦᠯᠳᠡᠷᠵᠢᠭᠦᠯᠤᠨ ᠂ ᠬᠤ᠋ ᠳ᠋ᠦᠩ ᠣᠶᠤᠨᠴᠢ ᠴᠡᠴᠡᠷᠯᠢᠭ ᠨᠢ ᠠᠷᠪᠠᠨ | ᠭᠤᠷᠪᠠᠳᠤᠭᠠᠷ ᠬᠤᠭᠤᠴᠠᠭᠠᠨ ᠤ ᠶᠤᠸᠠᠨ ᠶᠧ ᠬᠤᠨᠳᠠᠭᠠᠲᠤ ᠤᠯᠠᠨ ᠤᠯᠤᠰ ᠤᠨ ᠤᠷᠤᠯᠳᠤᠭᠠᠨ ᠤ ᠬᠤᠳᠠ ᠶᠢᠨ ᠶᠠᠪᠤᠳᠠᠯ ᠤᠨ ᠴᠡᠴᠡᠷᠯᠢᠭ ᠤᠨ ᠲᠦᠷᠦᠯ ᠤᠨ ᠠᠯᠳᠠᠨ | ᠱᠠᠩᠨᠠᠯ ᠢ ᠬᠦᠷᠲᠡᠵᠦ ᠂ ᠪᠦᠬᠦ ᠤᠯᠤᠰ ᠤᠨ ᠪᠣᠯᠪᠠᠰᠤᠨ ᠬᠤᠳᠠ ᠶᠢᠨ ᠢᠷᠠᠭᠤ ᠠᠯᠳᠠᠷ ᠤᠨ ᠴᠣᠯᠠ ᠶᠢ ᠠᠮᠵᠢᠯᠲᠠ ᠲᠠᠢ ᠵᠠᠯᠭᠠᠪᠠᠷ ᠬᠦᠷᠲᠡᠪᠡ᠃ ᠰᠠᠭᠤᠷᠢ | ᠳᠦᠬᠦᠭᠡᠷᠤᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ ᠂ ᠨᠠᠷᠠᠰᠤᠨ ᠠᠴᠠ ᠯᠦᠩ ᠺᠸᠤ ᠬᠦᠷᠬᠦ ᠦᠨᠳᠤᠷ ᠬᠤᠷᠳᠤᠴᠠᠳᠤ ᠵᠠᠰᠠᠮᠠᠯ ᠵᠠᠮ ᠂ ᠴᠢᠩ ᠳ᠋ᠠ ᠵᠥᠷᠢᠯᠢᠭ | ᠵᠠᠮ ᠬᠠᠷᠢᠯᠴᠠᠭ᠎ᠠ ᠵᠡᠷᠭᠡ ᠲᠥᠷᠥᠯ ᠵᠦᠢᠯ ᠢ ᠲᠣᠭᠲᠠᠭᠤᠨ ᠢᠶᠠᠷ ᠠᠬᠢᠭᠤᠯᠤᠨ ᠂ ᠬᠤᠲᠠ ᠬᠥᠳᠡᠭᠡ ᠶᠢᠨ 64 ᠺᠢᠯᠣᠮᠧᠲᠷ ᠵᠠᠮ ᠢ ᠰᠢᠨ᠎ᠡ ᠪᠠᠷ ᠪᠠᠶᠢᠭᠤᠯᠵᠤ | ᠥᠭᠡᠷᠡᠴᠢᠯᠡᠨ ᠵᠠᠰᠠᠵᠤ ᠂ ᠤᠯᠠᠭᠠᠨ ᠬᠥᠭᠦᠷᠭᠡ ᠶᠢ ᠪᠠᠶᠢᠭᠤᠯᠤᠨ ᠳᠠᠭᠤᠰᠬᠠᠵᠤ ᠲᠡᠷᠭᠡ ᠨᠡᠪᠲᠡᠷᠡᠭᠦᠯᠪᠡ᠃ 215.6 ᠺᠢᠯᠣᠮᠧᠲᠷ ᠤᠨ ᠴᠠᠬᠢᠯᠭᠠᠨ ᠬᠠᠩᠭᠠᠬᠤ ᠱᠤᠭᠤᠮ ᠢ | ᠰᠢᠨ᠎ᠡ ᠪᠠᠷ ᠪᠠᠶᠢᠭᠤᠯᠤᠨ ᠥᠭᠡᠷᠡᠴᠢᠯᠡᠵᠦ ᠂ 5G ᠶᠢᠨ ᠰᠠᠭᠤᠷᠢ ᠦᠷᠳᠡᠭᠡ ᠶᠢ ᠰᠢᠨ᠎ᠡ ᠪᠠᠷ 310 ᠨᠡᠮᠡᠭᠳᠡᠭᠦᠯᠪᠡ᠃ ᠬᠤᠳᠠ ᠬᠥᠳᠡᠭᠡ ᠶᠢᠨ ᠡᠯ᠎ᠡ ᠲᠦᠷᠦᠯ ᠤᠨ | ᠬᠤᠳᠠ ᠶᠢᠨ ᠶᠠᠪᠤᠳᠠᠯ ᠤᠨ ᠬᠤᠭᠤᠯᠠᠢ ᠲᠣᠣᠷ ᠢ 134 ᠺᠢᠯᠣᠮᠧᠲᠷ ᠰᠢᠨ᠎ᠡ ᠪᠠᠷ ᠪᠠᠶᠢᠭᠤᠯᠵᠤ ᠥᠭᠡᠷᠡᠴᠢᠯᠡᠨ ᠵᠠᠰᠠᠵᠤ ᠂ ᠱᠠᠬᠳᠠᠷ ᠤᠨ ᠤᠰᠤ ᠬᠠᠩᠭᠠᠬᠤ ᠪᠠ ᠤᠰᠤ | ᠲᠣᠬᠢᠷᠠᠭᠤᠯᠬᠤ ᠶᠢ ᠰᠢᠯᠢᠳᠡᠭᠵᠢᠭᠦᠯᠬᠦ ᠪᠠᠷᠢᠯᠭ᠎ᠠ ᠶᠢ ᠦᠨᠳᠦᠰᠦᠨ ᠳᠡᠭᠡᠨ ᠪᠠᠶᠢᠭᠤᠯᠵᠤ ᠳᠠᠭᠤᠰᠬᠠᠪᠠ᠃ ᠤᠯᠤᠰ ᠤᠨ ᠤᠰᠤᠨ ᠠᠰᠢᠭᠯᠠᠯᠲᠠ ᠶᠢᠨ ᠲᠣᠣᠷ ᠤᠨ | ᠭᠤᠣᠯᠯᠠᠬᠤ ᠪᠠᠷᠢᠯᠭ᠎ᠠ ᠶᠢ ᠪᠦᠬᠦ ᠲᠠᠯ᠎ᠠ ᠪᠠᠷ ᠡᠬᠢᠯᠡᠭᠦᠯᠵᠦ ᠂ ᠪᠤᠷᠤᠳᠤᠬᠤᠢ ᠶᠢᠨ ᠠᠮᠢ ᠠᠬᠤᠢ ᠶᠢᠨ ᠤᠰᠤᠨ ᠰᠤᠷᠪᠤᠯᠵᠢ ᠶᠢᠨ ᠬᠤᠶᠠᠳᠤᠭᠠᠷ ᠬᠤᠭᠤᠴᠠᠭᠠᠨ ᠤ | ᠪᠠᠷᠢᠯᠭ᠎ᠠ ᠶᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠪᠠ᠃ | ᠲᠠᠪᠤ ᠳᠤ ᠠᠷᠠᠳ ᠤᠨ ᠠᠮᠢᠳᠤᠷᠠᠯ ᠢ ᠪᠠᠲᠤᠯᠠᠵᠤ ᠪᠤᠶᠠᠨ ᠭᠡᠰᠢᠭ ᠢ ᠨᠡᠮᠡᠭᠳᠡᠭᠦᠯᠬᠦ ᠦᠷ᠎ᠡ ᠪᠦᠲᠦᠮᠵᠢ ᠢᠯᠡᠳᠲᠡ ᠪᠣᠯᠪᠠ᠃ ᠠᠷᠠᠳ ᠤᠨ ᠠᠮᠢᠳᠤᠷᠠᠯ ᠤᠨ ᠪᠣᠳᠠᠲᠤ | ᠶᠠᠪᠤᠳᠠᠯ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ ᠂ ᠬᠡᠦᠬᠡᠳ ᠰᠠᠭᠠᠲᠠᠭᠤᠯᠬᠤ ᠰᠤᠷᠭᠠᠨ ᠬᠥᠮᠦᠵᠢᠯ ᠂ ᠬᠥᠳᠡᠭᠡ | ᠲᠣᠰᠬᠤᠨ ᠤ 4G ᠰᠠᠭᠤᠷᠢ ᠥᠷᠲᠡᠭᠡ ᠂ ᠠᠷᠠᠳ ᠲᠤ ᠲᠥᠬᠦᠮ ᠦᠵᠡᠭᠦᠯᠬᠦ ᠠᠵᠢᠯᠯᠠᠭᠠᠨ ᠤ ᠲᠠᠯᠠᠪᠤᠷ ᠭᠠᠵᠠᠷ ᠂ ᠬᠤᠲᠣᠷᠢᠩᠬᠠᠢ ᠭᠡᠳᠡᠰᠦ ᠰᠢᠯᠤᠭᠤᠨ ᠭᠡᠳᠡᠰᠦᠨ ᠤ | ᠥᠮᠡᠨ ᠢ ᠰᠢᠭᠰᠢᠨ ᠪᠠᠶᠢᠴᠠᠭᠠᠬᠤ ᠵᠡᠷᠭᠡ ᠬᠤᠰᠢᠭᠤ ᠰᠢᠶᠠᠩ ᠪᠠᠯᠭᠠᠰᠤ ᠬᠤᠶᠠᠷ ᠱᠠᠲᠤᠨ ᠤ ᠪᠢᠯᠧᠲ ᠦᠭᠴᠤ ᠪᠠᠳᠤᠯᠠᠬᠰᠠᠨ ᠂ ᠠᠷᠠᠳ ᠤᠨ ᠠᠮᠢᠳᠤᠷᠠᠯ ᠢᠶᠠᠷ | ᠵᠦᠪᠳᠡᠯᠴᠡᠭᠰᠡᠨ ᠪᠣᠳᠠᠲᠤ ᠶᠠᠪᠤᠳᠠᠯ ᠢ 78 ᠬᠡᠷᠡᠭᠵᠢᠭᠦᠯᠵᠦ ᠂ ᠠᠯᠤᠰ ᠬᠡᠲᠦ ᠶᠢᠨ ᠬᠥᠭᠵᠢᠯᠲᠡ ᠳᠤ ᠬᠤᠯᠪᠣᠭᠳᠠᠬᠤ ᠂ ᠠᠷᠠᠳ ᠤᠨ ᠠᠮᠢᠳᠤᠷᠠᠯ ᠤᠨ ᠪᠤᠶᠠᠨ ᠭᠡᠰᠢᠭ | ᠲᠠᠢ ᠬᠤᠯᠪᠣᠭᠳᠠᠬᠤ ᠨᠢᠭᠡ ᠪᠦᠯᠦᠭ ᠪᠣᠳᠠᠲᠤ ᠶᠠᠪᠤᠳᠠᠯ ᠢ ᠪᠦᠲᠦᠭᠡᠵᠦ ᠂ ᠣᠯᠠᠨ ᠲᠦᠮᠡᠨ ᠤ ᠵᠣᠯ ᠵᠢᠷᠭᠠᠯᠳᠤ ᠲᠥᠷᠥᠭᠳᠡᠯ ᠂ ᠬᠠᠨᠤᠮᠵᠢ ᠶᠢᠨ ᠬᠡᠮᠵᠢᠶ᠎ᠡ ᠤᠯᠠᠮ | ᠴᠢᠨᠠᠬᠰᠢᠳᠠ ᠳᠡᠭᠡᠭᠰᠢᠯᠡᠪᠡ ᠃ ᠤᠯᠠᠨ ᠲᠦᠮᠡᠨ ᠤ ᠠᠵᠢᠯ ᠣᠯᠭᠤᠯᠲᠠ ᠶᠢᠨ ᠪᠠᠲᠤᠯᠠᠭ᠎ᠠ ᠶᠢᠨ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠵᠦ ᠂ ᠬᠤᠳᠠ ᠪᠠᠯᠭᠠᠰᠤᠨ ᠤ | 3310 ᠬᠥᠮᠥᠨ ᠳᠤ ᠰᠢᠨ᠎ᠡ ᠪᠠᠷ ᠠᠵᠢᠯ ᠣᠯᠭᠤᠵᠤ ᠂ ᠬᠥᠳᠡᠭᠡ ᠲᠣᠰᠬᠤᠨ ᠤ 2.3 ᠲᠦᠮᠡᠨ ᠬᠥᠳᠡᠯᠮᠦᠷᠢ ᠬᠦᠴᠦᠨ ᠢ ᠰᠢᠯᠵᠢᠭᠦᠯᠦᠨ ᠠᠵᠢᠯ ᠣᠯᠭᠤᠪᠠ᠃ ᠬᠤᠳᠠ | ᠬᠥᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠲᠤᠰ ᠲᠤᠰ 7%᠂ 8% ᠪᠠᠷ ᠳᠡᠭᠡᠭᠰᠢᠯᠡᠭᠦᠯᠤᠨ ᠂ ᠣᠨᠴᠠ ᠬᠦᠴᠢᠷᠳᠡᠯ ᠲᠠᠢ | ᠬᠥᠮᠥᠰ ᠢ ᠠᠰᠠᠷᠠᠨ ᠲᠡᠵᠢᠭᠡᠬᠦ ᠪᠠᠷᠢᠮᠵᠢᠶ᠎ᠠ ᠶᠢ 9.4% ᠪᠠᠷ ᠳᠡᠭᠡᠭᠰᠢᠯᠡᠭᠦᠯᠵᠦ ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠨᠤᠷᠮ᠎ᠠ ᠶᠢ | 95% ᠳᠤ ᠬᠦᠷᠭᠡᠪᠡ᠃ ᠪᠥᠬᠦ ᠬᠤᠰᠢᠭᠤᠨ ᠤ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠨᠡᠶᠢᠳᠡᠮ ᠪᠦᠷᠬᠦᠭᠦᠯᠵᠦ ᠂ ᠨᠢᠭᠡ | ᠮᠥᠴᠡ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠴᠠᠭᠠᠷᠢᠭ ᠦᠨᠳᠦᠰᠦᠨ ᠳᠡᠭᠡᠨ ᠪᠦᠷᠢᠯᠳᠦᠵᠡᠢ ᠃ 9 ᠲᠦᠮᠡᠨ ᠲᠣᠨ ︽ ᠰᠡᠳᠬᠢᠯ ᠢ | ᠳᠤᠯᠠᠭᠠᠴᠠᠭᠤᠯᠬᠤ ᠨᠡᠭᠦᠷᠡᠰᠦ ᠂ ᠡᠩ ᠤᠨ ᠦᠨ᠎ᠡ ᠶᠢᠨ ᠨᠡᠭᠦᠷᠡᠰᠦ ︾ ᠶᠢ ᠲᠠᠷᠬᠠᠭᠠᠵᠤ ᠂ 4.5 ᠲᠦᠮᠡᠨ ᠡᠷᠦᠬᠡ ᠲᠠᠷᠢᠶᠠᠴᠢᠳ ᠤᠨ ᠳᠤᠯᠠᠭᠠᠨ ᠡᠪᠦᠯᠵᠢᠬᠦ ᠶᠢ | ᠪᠦᠲᠦᠮᠵᠢᠲᠡᠶ ᠪᠠᠲᠤᠯᠠᠪᠠ ᠃ ᠴᠢᠨᠠᠷ ᠰᠠᠶᠢᠲᠠᠢ ᠣᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢ ᠲᠠᠰᠤᠷᠠᠯᠲᠠ ᠦᠭᠡᠢ ᠥᠷᠭᠡᠳᠬᠡᠵᠦ ᠂ ᠳᠤᠮᠳᠠᠳᠤ ᠪᠠᠭ᠎ᠠ | ᠰᠤᠷᠭᠠᠭᠤᠯᠢ ᠪᠠ ᠬᠡᠦᠬᠡᠳ ᠤᠨ ᠴᠡᠴᠡᠷᠯᠢᠭ ᠢ 11 ᠰᠢᠨ᠎ᠡ ᠪᠠᠷ ᠪᠠᠶᠢᠭᠤᠯᠤᠭᠰᠠᠨ ᠪᠠᠦᠷᠭᠦᠯᠵᠢᠯᠡᠨ ᠪᠠᠶᠢᠭᠤᠯᠵᠤ ᠂ ᠴᠢᠨᠠᠷ ᠰᠠᠶᠢᠲᠠᠢ ᠰᠤᠷᠭᠠᠨ ᠬᠥᠮᠦᠵᠢᠯ ᠤᠨ | ᠴᠢᠳᠠᠪᠤᠷᠢᠲᠠᠨ ᠢ 266 ᠤᠷᠢᠵᠤ ᠠᠪᠴᠢᠷᠠᠨ ᠂ ᠱᠢ ᠵᠢᠢ ᠳᠤᠮᠳᠠᠳᠤ ᠰᠤᠷᠭᠠᠭᠤᠯᠢ ᠶᠢᠨ ᠵᠢᠩᠬᠢᠨᠢ ᠠᠩᠭᠢ ᠳᠤ ᠡᠯᠰᠡᠭᠳᠡᠨ ᠣᠷᠣᠭᠰᠠᠨ ᠨᠣᠷᠮ᠎ᠠ 99.5% ᠳᠤ | ᠬᠦᠷᠴᠦ ᠂ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠪᠡ ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠢᠨᠵᠢᠯᠡᠬᠦ ᠤᠬᠠᠭᠠᠨᠴᠢ ᠨᠠᠷᠢᠯᠢᠭ | ᠣᠨᠣᠴᠠᠲᠠᠢ ᠪᠠᠷ ᠰᠢᠯᠢᠳᠡᠭᠵᠢᠭᠦᠯᠵᠦ ᠂ ᠤᠯᠠᠨ ᠡᠭᠡᠯᠵᠢ ᠶᠢᠨ ᠬᠢᠵᠢᠭ ᠤᠨ ᠪᠠᠶᠢᠳᠠᠯ ᠢ ᠲᠦᠷᠭᠡᠨ ᠰᠢᠢᠳᠪᠦᠷᠢᠯᠡᠨ᠂ ᠠᠷᠠᠳ ᠤᠯᠠᠨ ᠤ ᠠᠮᠤᠷ ᠠᠮᠤᠭᠤᠯᠠᠩ ᠪᠠ | ᠨᠡᠶᠢᠭᠡᠮ ᠤᠨ ᠡᠮᠬᠢ ᠳᠢᠭᠯᠢᠮ ᠤᠨ ᠠᠮᠤᠷ ᠲᠣᠭᠲᠠᠭᠤᠨ ᠢ ᠬᠦᠴᠦᠲᠡᠢ ᠬᠠᠮᠠᠭᠠᠯᠠᠪᠠ ᠃ ᠬᠢᠳᠠᠳ ᠮᠣᠩᠭᠤᠯ ᠡᠮᠨᠡᠯᠭᠡ ᠶᠢᠨ ᠬᠤᠷᠢᠶ᠎ᠠ ᠂ ᠳ᠋ᠠ ᠯᠦ ᠡᠮᠨᠡᠯᠭᠡ ᠶᠢᠨ | ᠬᠤᠷᠢᠶ᠎ᠠ ᠶᠢᠨ 3 ᠲᠤᠰᠬᠠᠢ ᠰᠠᠯᠠᠭ᠎ᠠ ᠨᠢ ᠥᠪᠡᠷᠲᠡᠭᠡᠨ ᠵᠠᠰᠠᠬᠤ ᠣᠷᠣᠨ ᠤ ᠣᠨᠴᠠᠯᠢᠭ ᠲᠠᠢ ᠳᠠᠪᠠᠭᠤᠯᠢᠭ ᠲᠠᠢ ᠭᠤᠣᠯᠳᠠᠯᠭ᠎ᠠ ᠲᠠᠢ ᠲᠤᠰᠬᠠᠢ ᠰᠠᠯᠠᠭ᠎ᠠ ᠪᠠᠷ | ᠲᠣᠭᠲᠠᠭᠠᠬᠳᠠᠵᠤ ᠂ ᠭᠤᠤᠯᠳᠠᠯᠭᠠᠳᠤ ᠡᠮᠨᠡᠯᠭᠡ ᠶᠢᠨ ᠬᠤᠷᠢᠶ᠎ᠠ ᠨᠢ ᠪᠥᠬᠦ ᠤᠯᠤᠰ ᠤᠨ ᠳᠦᠷᠦᠬᠦᠦ ᠪᠦᠯᠦᠭ ︽ ᠮᠢᠩᠭᠠᠨ ᠰᠢᠶᠠᠨ ᠤ ᠢᠨᠵᠧᠨᠧᠷᠢᠩ ︾ ᠤᠨ ᠨᠡᠷᠡᠰ ᠲᠤ | ᠠᠮᠵᠢᠯᠲᠠ ᠲᠠᠢ ᠪᠠᠷ ᠰᠤᠩᠭᠤᠬᠳᠠᠬᠰᠠᠨ ᠪᠠᠶᠢᠨ᠎ᠠ ᠃ ᠤᠯᠤᠰ ᠤᠨ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠤᠨ ᠵᠢᠱᠢᠶ᠎ᠡ ᠦᠵᠡᠭᠦᠯᠬᠦ | ᠲᠣᠭᠤᠷᠢᠭ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠲᠠᠬᠢᠨ ᠬᠢᠨᠠᠯᠲᠠ ᠶᠢ ᠥᠨᠳᠥᠷ ᠪᠠᠷᠢᠮᠵᠢᠶ᠎ᠠ ᠪᠠᠷ ᠦᠩᠭᠡᠷᠡᠭᠡᠵᠤ ᠂ ︽ ᠠᠭᠤᠯᠠ ᠶᠢᠨ ᠴᠠᠭᠠᠨ᠎ᠠ︾ ᠭᠡᠬᠦ | ᠲᠠᠶᠢᠰᠠᠨ ᠤ ᠵᠦᠴᠦᠭᠡ ᠂ ︽ ᠬᠠᠳᠤᠨ ᠭᠤᠣᠯ ᠤᠨ ᠮᠠᠬᠳᠠᠭᠤ ︾ ᠭᠡᠬᠦ ᠷᠠᠳᠢᠣ᠋ ᠵᠦᠴᠦᠭᠡᠨᠢ ᠥᠪᠡᠷᠲᠡᠭᠡᠨ ᠵᠠᠰᠠᠬᠤ ᠣᠷᠣᠨ ᠤ ᠤᠶᠤᠨ ᠰᠠᠨᠠᠭᠠᠨ ᠤ ᠪᠣᠯᠪᠠᠰᠤᠨ ᠤ | ᠪᠠᠶᠢᠭᠤᠯᠤᠯᠲᠠ ᠶᠢᠨ︽ ᠲᠠᠪᠤᠨ ᠨᠢᠭᠡ ᠶᠢᠨ ᠢᠨᠵᠧᠨᠧᠷᠢᠩ︾ ᠤᠨ ᠱᠠᠩᠨᠠᠯ ᠢ ᠬᠦᠷᠲᠡᠵᠡᠢ ᠃ | ᠵᠢᠷᠭᠤᠭ᠎ᠠ ᠳᠤ ᠵᠠᠰᠠᠭ ᠤᠨ ᠣᠷᠳᠣᠨ ᠤ ᠵᠠᠰᠠᠯᠲᠠ ᠶᠢᠨ ᠦᠷ᠎ᠡ ᠪᠦᠲᠦᠮᠵᠢ ᠪᠦᠲᠦᠮᠵᠢᠲᠡᠶ ᠪᠠᠷ ᠳᠡᠭᠡᠭᠰᠢᠯᠡᠪᠡ᠃ ᠨᠡᠶᠢᠭᠡᠮ ᠤᠨ ᠵᠠᠰᠠᠯᠲᠠ ᠶᠢᠨ ᠦᠷ᠎ᠡ ᠪᠦᠲᠦᠮᠵᠢ ᠶᠢ | ᠲᠠᠰᠤᠷᠠᠯᠲᠠ ᠦᠭᠡᠢ ᠳᠡᠭᠡᠭᠰᠢᠯᠡᠭᠦᠯᠵᠦ ᠂ ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭᠤᠨ ᠠᠵᠢᠯ ᠢ | ᠪᠥᠬᠦ ᠲᠠᠯ᠎ᠠ ᠪᠠᠷ ᠠᠬᠢᠭᠤᠯᠤᠨ ᠂ ᠨᠡᠶᠢᠭᠡᠮ ᠤᠨ ᠵᠠᠰᠠᠯᠲᠠ ᠶᠢᠨ ᠣᠶᠤᠨᠴᠢ ᠲᠠᠪᠴᠠᠩ ᠤᠨ ᠲᠥᠷᠥᠯ ᠵᠦᠢᠯ ᠢ ᠬᠡᠷᠡᠭᠵᠢᠭᠦᠯᠵᠦ ᠂ ᠪᠥᠬᠦ ᠣᠷᠣᠨ ᠤ ᠠᠩᠬᠠᠳᠠᠭᠴᠢ | ᠬᠤᠰᠢᠭᠤ ᠳᠤᠭᠤᠷᠢᠭ ᠤᠨ ᠲᠠᠰ ᠤᠨ ᠣᠯᠠᠨ ᠬᠡᠮᠵᠢᠯᠲᠦ ᠣᠶᠤᠨᠴᠢ ᠴᠠᠭᠳᠠᠭᠠᠨ ᠤ ᠶᠠᠪᠤᠳᠠᠯ ᠤᠨ ᠰᠢᠰᠲ᠋ᠧᠮ ᠢ ᠪᠣᠶ ᠪᠣᠯᠭᠠᠵᠤ ᠂ ᠡᠷᠡᠭᠦᠦ ᠶᠢᠨ ᠬᠡᠷᠡᠭ ᠤᠨ ᠬᠡᠷᠡᠭ | ᠡᠭᠦᠰᠬᠦ ᠨᠣᠷᠮ᠎ᠠ ᠶᠢ 50% ᠪᠠᠷ ᠪᠠᠭᠤᠷᠠᠭᠤᠯᠬᠤ ᠬᠠᠷᠠᠯᠲᠠ ᠶᠢ ᠤᠷᠢᠳᠴᠢᠯᠠᠨ ᠪᠡᠶᠡᠯᠡᠭᠦᠯᠪᠡ᠃ ᠵᠠᠬᠢᠳᠠᠯ ᠰᠣᠷᠪᠤᠯᠵᠢᠯᠠᠯ ᠤᠨ ᠵᠥᠷᠢᠴᠡᠯ ᠢ ᠲᠥᠪᠯᠡᠷᠡᠭᠦᠯᠦᠨ | ᠰᠢᠢᠳᠪᠦᠷᠢᠯᠡᠬᠦ ᠪᠤᠭᠤᠮᠳᠠ ᠰᠢᠪᠳᠤᠯᠬᠤ ᠠᠵᠢᠯᠯᠠᠭ᠎ᠠ ᠶᠢ ᠥᠷᠨᠢᠭᠦᠯᠵᠦ ᠂ ᠡᠯ᠎ᠡ ᠱᠠᠲᠤᠨ ᠤ ᠲᠤᠰᠢᠶᠠᠨ ᠰᠢᠢᠳᠪᠦᠷᠢᠯᠡᠭᠦᠯᠦᠭᠰᠡᠨ ᠳᠠᠪᠬᠤᠷᠳᠠᠭᠰᠠᠨ ᠵᠠᠬᠢᠳᠠᠯ | ᠰᠣᠷᠪᠤᠯᠵᠢᠯᠠᠯ ᠤᠨ ᠤᠴᠢᠷ ᠶᠠᠪᠤᠳᠠᠯ ᠢ ᠪᠦᠬᠦᠨ ᠢ ᠡᠶᠡᠳᠡᠬᠦᠯᠤᠨ ᠰᠢᠢᠳᠪᠤᠷᠢᠯᠡᠵᠤ ᠂ ᠵᠠᠭᠠᠯᠳᠤᠯᠭ᠎ᠠ ᠶᠢ ᠭᠥᠯᠢᠶᠡᠨ ᠠᠪᠤᠮᠠᠭᠴᠠ ᠰᠢᠢᠳᠪᠦᠷᠢᠯᠡᠬᠦ ︽ᠭᠤᠷᠪᠠᠨ ᠨᠤᠷᠮ᠎ᠠ︾ | ᠶᠢᠨ ᠬᠢᠷᠢ ᠲᠦᠪᠰᠢᠨ ᠪᠦᠬᠦ ᠬᠤᠳᠠ ᠶᠢᠨ ᠡᠮᠦᠨ᠎ᠡ ᠡᠩᠨᠡᠭᠡᠨ ᠳᠤ ᠣᠷᠣᠪᠠ᠃ ᠠᠶᠤᠯᠭᠦᠢ ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠬᠤ ᠭᠤᠷᠪᠠᠨ ᠵᠢᠯ ᠤᠨ | ᠠᠵᠢᠯᠯᠠᠭ᠎ᠠ ᠶᠢᠨ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠤᠨ ᠂ ᠭᠤᠣᠯᠳᠠᠯᠭ᠎ᠠ ᠲᠠᠢ ᠠᠵᠢᠯ ᠲᠦᠷᠦᠯ ᠬᠦᠷᠢᠶ᠎ᠠ ᠴᠠᠷᠠᠭᠠᠨ ᠤ ᠬᠡᠮ ᠰᠣᠭᠤᠭ ᠢ | ᠪᠠᠶᠢᠴᠠᠭᠠᠨ ᠵᠠᠰᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ ᠂ ᠬᠥᠭᠵᠢᠯᠲᠡ ᠶᠢᠨ ᠣᠷᠴᠢᠨ ᠠᠬᠤᠢ ᠲᠣᠭᠲᠠᠭᠤᠨ ᠢᠶᠠᠷ ᠰᠠᠶᠢᠵᠢᠷᠠᠪᠠ᠃ ᠵᠠᠰᠠᠭ ᠤᠨ ᠣᠷᠳᠣᠨ ᠤ | ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠪᠣᠯᠭᠢᠴᠢᠯᠠᠨ | ᠠᠷᠠᠯᠵᠢᠶᠠᠯᠠᠵᠤ ᠪᠠᠶᠢᠭ᠎ᠠ ᠠᠰᠠᠭᠤᠳᠠᠯ ᠢ ᠲᠥᠪᠯᠡᠷᠡᠭᠦᠯᠦᠨ ᠵᠠᠰᠠᠵᠤ ᠂ ᠲᠥᠪ ᠤᠨ ᠲᠣᠭᠤᠷᠢᠨ ᠪᠠᠶᠢᠴᠠᠭᠠᠬᠤ ᠂ ᠬᠢᠨᠠᠨ ᠪᠤᠳᠤᠬᠤ ᠪᠠ ᠲᠦᠷᠦ ᠶᠢᠨ ᠶᠠᠪᠤᠳᠠᠯ ᠤᠨ | ᠬᠤᠷᠢᠶᠠᠨ ᠤ ᠶᠡᠭᠡ ᠱᠠᠯᠠᠪᠳᠠᠭᠤᠯᠤᠬᠠᠰᠠᠨ ᠪᠠᠶᠢᠴᠠᠭᠠᠯᠲᠠ᠂ ᠲᠥᠪ ᠤᠨ ᠣᠷᠴᠢᠨ ᠳᠤᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠬᠰᠠᠨ ᠪᠠᠶᠢᠴᠠᠭᠠᠯᠲᠠ ᠵᠡᠷᠭᠡ | ᠬᠠᠷᠢᠭᠤ ᠲᠤᠰᠬᠠᠭᠰᠠᠨ ᠠᠰᠠᠭᠤᠳᠠᠯ ᠢ ᠬᠠᠯᠠᠨ ᠰᠠᠶᠢᠵᠢᠷᠠᠭᠤᠯᠬᠤ ᠶᠢ ᠯᠠᠪᠳᠠᠭᠤᠨ ᠢᠶᠠᠷ ᠠᠬᠢᠭᠤᠯᠵᠤ ᠂ ᠨᠡᠭᠡᠭᠡᠯᠳᠡ ᠶᠢᠨ ᠣᠷᠣᠨ ᠤ ᠬᠡᠷᠡᠭ ᠢᠶᠠᠷ ᠥᠭᠡᠷᠡᠴᠢᠯᠡᠯᠲᠡ ᠶᠢ | ᠠᠬᠢᠭᠤᠯᠬᠤ ᠂ ︽ ᠳᠠᠪᠤ ᠶᠢ ᠳᠤᠶᠢᠯᠪᠤᠷᠢᠳᠠᠢ ᠪᠠᠶᠢᠴᠠᠭᠠᠬᠤ ︾ ᠵᠡᠷᠭᠡ ᠲᠤᠰᠬᠠᠢ ᠠᠵᠢᠯᠯᠠᠭ᠎ᠠ ᠢᠯᠡᠳᠲᠡ ᠦᠷ᠎ᠡ ᠪᠦᠲᠦᠮᠵᠢ ᠣᠯᠪᠠ᠃ ᠬᠠᠤᠯᠢᠵᠢᠯ ᠵᠠᠰᠠᠭ ᠤᠨ | ᠣᠷᠳᠣᠨ ᠤ ᠪᠠᠶᠢᠭᠤᠯᠤᠯᠲᠠ ᠶᠢᠨ ᠳᠦᠷᠢᠮ ᠤᠨ ᠳᠤᠬᠳᠠᠯᠴᠠᠭ᠎ᠠ ᠶᠢ ᠪᠦᠷᠢᠨᠰᠢᠭᠦᠯᠵᠦ ᠂ ᠪᠥᠬᠦ ᠬᠤᠰᠢᠭᠤᠨ ᠤ 63 ᠨᠠᠮ ᠵᠠᠰᠠᠭ ᠤᠨ ᠪᠠᠶᠢᠭᠤᠯᠭ᠎ᠠ ᠪᠠ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠲᠤ ᠬᠠᠤᠯᠢ ᠴᠠᠭᠠᠵᠠ ᠶᠢᠨ ᠵᠥᠪᠯᠡᠭᠴᠢ ᠶᠢ ᠪᠦᠷᠢᠨ ᠪᠦᠷᠬᠦᠭᠦᠯᠬᠦ ᠶᠢ ᠪᠡᠶᠡᠯᠡᠭᠦᠯᠪᠡ ᠃ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠵᠥᠪᠯᠡᠯᠭᠡᠰᠠᠨᠠᠭᠤᠯᠭᠠ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ | ᠳᠤᠷᠠᠳᠤᠯᠭ᠎ᠠ ᠶᠢ188 ᠬᠤᠪᠢ ᠬᠤᠭᠤᠴᠠᠭ᠎ᠠ ᠶᠣᠰᠣᠭᠠᠷ ᠨᠢ ᠰᠢᠢᠳᠪᠦᠷᠢᠯᠡᠨ ᠳᠠᠭᠤᠰᠬᠠᠵᠤ ᠂ ᠰᠢᠢᠳᠪᠦᠷᠢᠯᠡᠨ ᠬᠠᠷᠢᠭᠤᠯᠳᠠ ᠦᠭᠬᠦᠭᠰᠡᠨ ᠨᠤᠷᠮ᠎ᠠ᠂ ᠰᠡᠳᠬᠢᠯ | ᠬᠠᠨᠤᠮᠵᠢᠲᠠᠶ ᠪᠠᠶᠢᠬᠤ ᠨᠤᠷᠮ᠎ᠠ ᠨᠢ ᠴᠥᠮ 100% ᠪᠣᠯᠪᠠ᠃ ︽ ᠠᠯᠪᠠᠨ ᠤ ᠭᠤᠷᠪᠠᠨ ᠵᠠᠷᠤᠳᠠᠯ︾ ᠵᠡᠷᠭᠡ ᠡᠩ ᠤᠨ ᠴᠢᠨᠠᠷᠲᠠᠢ ᠵᠠᠷᠤᠯᠭ᠎ᠠ ᠶᠢ ᠴᠢᠩᠭ᠎ᠠ ᠬᠢᠵᠠᠭᠠᠷᠯᠠᠨ ᠂ | ︽ᠭᠤᠷᠪᠠᠨ ᠠᠷᠪᠢᠨ᠂ ᠭᠤᠷᠪᠠᠨ ᠴᠥᠭᠡᠨ᠂ ᠭᠤᠷᠪᠠᠨ ᠤᠳᠠᠭᠠᠨ︾ ᠤ ᠠᠰᠠᠭᠤᠳᠠᠯ ᠢ ᠪᠦᠲᠦᠮᠵᠢᠲᠡᠶ ᠪᠠᠷ ᠰᠢᠢᠳᠪᠦᠷᠢᠯᠡᠵᠦ ᠂ ᠦᠨᠳᠦᠰᠦᠨ ᠱᠠᠲᠤᠨ ᠤ ᠳᠠᠷᠤᠭᠠᠰᠤ ᠶᠢ | ᠢᠯᠡᠳᠲᠡ ᠬᠥᠩᠭᠡᠷᠡᠭᠦᠯᠵᠦ ᠂ ᠦᠢᠯᠡᠴᠢᠯᠡᠭᠡᠨ ᠤ ᠦᠢᠯᠡᠳᠦᠯ ᠴᠢᠳᠠᠪᠬᠢ ᠶᠢ ᠦᠷᠭᠦᠯᠵᠢᠯᠡᠨ ᠳᠡᠭᠡᠭᠰᠢᠯᠡᠭᠦᠯᠪᠡ᠃ | ᠡᠭᠦᠨ ᠤ ᠬᠠᠮᠲᠤ ᠂ ᠦᠨᠳᠦᠰᠦᠲᠡᠨ ᠱᠠᠰᠢᠨ ᠰᠤᠷᠲᠠᠬᠤᠨ ᠂ ᠬᠢᠨᠠᠨ ᠪᠤᠳᠤᠬᠤ ᠲᠤᠭ᠎ᠠ ᠪᠦᠷᠢᠳᠬᠡᠯ ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠂ | ᠠᠷᠠᠳ ᠤᠨ ᠠᠭᠠᠷ ᠤᠨ ᠰᠡᠷᠭᠡᠶᠢᠯᠡᠯᠲᠡ ᠂ ᠲᠠᠩᠰᠠ ᠡᠪᠬᠡᠮᠡᠯ ᠲᠡᠦᠬᠡ ᠤᠶᠢᠯᠠᠯᠭ᠎ᠠ ᠂ ᠷᠠᠳᠢᠣ᠋ ᠲᠧᠯᠸᠢᠰ ᠂ ᠴᠠᠭ ᠠᠭᠤᠷ ᠂ ᠰᠢᠤᠳᠠᠨ ᠵᠡᠷᠭᠡ ᠠᠵᠢᠯ ᠰᠢᠨ᠎ᠡ ᠠᠬᠢᠴᠠ ᠲᠠᠢ | ᠪᠣᠯᠵᠤ ᠂ ᠠᠵᠢᠯᠴᠢᠨ ᠤ ᠡᠪᠯᠡᠯ ᠂ ᠡᠮᠡᠭᠲᠡᠶᠢᠴᠦᠳ ᠬᠡᠦᠬᠡᠳ ᠂ ᠵᠠᠯᠠᠭᠤᠴᠤᠳ ᠪᠠᠭᠠᠴᠤᠳ ᠂ ᠵᠡᠮᠳᠡᠭᠴᠦᠳ ᠂ ᠤᠯᠠᠭᠠᠨ ᠵᠠᠭᠠᠯᠮᠠᠶᠢᠲᠠᠨ ᠂ ᠨᠠᠰᠤᠲᠠᠶᠢᠴᠤᠳ ᠂ | ᠨᠢᠭᠦᠯᠡᠰᠦᠩᠭᠦᠢ ᠶᠢᠨ ᠦᠢᠯᠡᠰ ᠵᠡᠷᠭᠡ ᠠᠵᠢᠯ ᠰᠢᠨ᠎ᠡ ᠠᠮᠵᠢᠯᠲᠠ ᠣᠯᠪᠠ ᠃ | ᠡᠲᠡᠭᠡᠷ ᠠᠮᠵᠢᠯᠲᠠ ᠶᠢ ᠣᠯᠣᠭᠰᠠᠨ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠂ ᠠᠮᠢᠳᠤᠯᠢᠭ ᠦᠶᠯᠡᠳᠦᠯᠭᠡᠵᠢᠭᠦᠯᠦᠯᠲᠡ ᠶᠢᠨ ᠦᠷ᠎ᠡ ᠳ᠋ᠦᠩ ᠮᠥᠨ ᠂ ᠳᠡᠭᠡᠳᠦ ᠱᠠᠲᠤᠨ ᠤ ᠨᠠᠮ ᠤᠨ ᠬᠤᠷᠢᠶ᠎ᠠ | ᠵᠠᠰᠠᠭ ᠤᠨ ᠣᠷᠳᠣᠨ ᠪᠠ ᠬᠤᠰᠢᠭᠤᠨ ᠤ ᠨᠠᠮ ᠤᠨ ᠬᠤᠷᠢᠶ᠎ᠠ ᠶᠢᠨ ᠵᠥᠪ ᠣᠨᠣᠪᠴᠢᠲᠠᠶ ᠤᠳᠤᠷᠢᠳᠤᠯᠭ᠎ᠠ ᠂ ᠰᠢᠨᠵᠢᠯᠡᠬᠦ ᠤᠬᠠᠭᠠᠨᠴᠢ ᠰᠢᠢᠳᠪᠦᠷᠢᠲᠦ ᠪᠣᠳᠣᠯᠭ᠎ᠠ ᠶᠢᠨ | ᠦᠷ᠎ᠡ ᠳ᠋ᠦᠩ ᠮᠥᠨ ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠂ ᠤᠯᠤᠰ ᠲᠥᠷᠥ ᠶᠢᠨ ᠵᠥᠪᠯᠡᠯᠭᠡᠨ ᠪᠠ ᠨᠡᠶᠢᠭᠡᠮ ᠤᠨ ᠡᠯ᠎ᠡ ᠡᠲᠡᠭᠡᠳ ᠤᠨ | ᠬᠢᠨ ᠤ ᠪᠦᠲᠦᠮᠵᠢᠲᠡᠶ ᠬᠢᠨᠠᠯᠲᠠ ᠂ ᠬᠦᠴᠦᠲᠡᠢ ᠳᠡᠮᠵᠢᠯᠭᠡ ᠶᠢᠨ ᠦᠷ᠎ᠡ ᠳ᠋ᠦᠩ ᠮᠥᠨ ᠂ ᠪᠥᠬᠦ ᠬᠤᠰᠢᠭᠤᠨ ᠤ ᠥᠷᠭᠡᠨ ᠣᠯᠠᠨ ᠺᠠᠳ᠋ᠷ ᠲᠦᠮᠡᠨ ᠤ ᠪᠦᠯᠬᠦᠮᠳᠡᠨ | ᠲᠡᠮᠡᠴᠡᠵᠦ ᠴᠢᠷᠮᠠᠶᠢᠨ ᠲᠡᠮᠡᠴᠡᠭᠰᠡᠨ ᠤ ᠦᠷ᠎ᠡ ᠳ᠋ᠦᠩ ᠮᠥᠨ ᠃ ᠠᠳᠡ᠂ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠳᠦᠯᠦᠭᠡᠯᠡᠨ᠂ ᠵᠡᠭᠦᠨᠭᠠᠷ | ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠪᠦᠬᠦ ᠨᠥᠬᠦᠳ᠂ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠪᠠ ᠡᠷᠬᠢᠮ | ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕ | ᠲᠥᠯᠥᠭᠡᠯᠡᠭᠴᠢᠳ ᠠ᠋︕ | ᠠᠮᠵᠢᠯᠲᠠ ᠪᠠᠨ ᠳ᠋ᠦᠩᠨᠡᠬᠦ ᠶᠢᠨ ᠬᠠᠮᠲᠤ ᠂ ᠮᠠᠨ ᠤ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠪᠠᠰᠠ ᠴᠥᠭᠡᠨ ᠪᠤᠰᠤ ᠬᠦᠴᠢᠷᠳᠡᠯ ᠪᠠ | ᠠᠰᠠᠭᠤᠳᠠᠯ ᠣᠷᠣᠰᠢᠵᠤ ᠪᠠᠶᠢᠭ᠎ᠠ ᠶᠢ ᠰᠡᠷᠭᠡᠭ ᠢᠶᠠᠷ ᠳᠠᠨᠢᠵᠤ ᠤᠯᠪᠠ ᠄ ᠴᠢᠨᠠᠷ ᠰᠠᠶᠢᠲᠠᠢ ᠬᠥᠭᠵᠢᠯᠲᠡ ᠪᠠᠷ ᠪᠠᠷᠢᠮᠵᠢᠶᠠᠯᠠᠬᠤ ᠳᠤ ᠂ ᠣᠲᠣ ᠦᠶ᠎ᠡ ᠶᠢᠨ ᠡᠨᠧᠷᠭᠢ ᠶᠢᠨ | ᠠᠵᠤ ᠠᠬᠤᠢ ᠶᠢᠨ ᠠᠵᠤ ᠦᠢᠯᠡᠰ ᠤᠨ ᠬᠡᠯᠬᠢᠶ᠎ᠡ ᠶᠢᠨ ᠦᠷᠭᠦᠯᠵᠢᠯᠡᠯ ᠬᠦᠷᠦᠯᠴᠡᠬᠦ ᠦᠭᠡᠢ ᠂ ᠰᠦᠷᠦᠭᠵᠢᠯ ᠤᠨ ᠦᠢᠯᠡᠳᠦᠯ ᠴᠢᠩᠭ᠎ᠠ ᠪᠢᠰᠢ ᠂ ᠰᠢᠨ᠎ᠡ ᠡᠨᠧᠷᠭᠢ ᠂ | ᠰᠢᠨ᠎ᠡ ᠮᠠᠲ᠋ᠧᠷᠢᠶᠠᠯ ᠵᠡᠷᠭᠡ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠪᠣᠶ ᠪᠣᠯᠤᠭᠰᠠᠨ ᠠᠵᠤ ᠦᠢᠯᠡᠰ ᠨᠢ ᠬᠦᠴᠦᠨ ᠪᠦᠬᠦᠢ ᠲᠤᠯᠭᠠᠭᠤᠷᠢᠯᠠᠯ ᠪᠤᠯᠵᠤ | ᠬᠠᠷᠠᠬᠠᠨ ᠪᠦᠷᠢᠯᠳᠦᠭᠡᠳᠦᠢ ᠪᠠᠶᠢᠨ᠎ᠠ ᠃ ᠥᠨᠳᠥᠷ ᠴᠢᠨᠠᠷᠵᠢᠯ ᠲᠠᠢ ᠠᠮᠢᠳᠤᠷᠠᠯ ᠢᠶᠠᠷ ᠪᠠᠷᠢᠮᠵᠢᠶᠠᠯᠠᠬᠤ ᠳᠤ ᠂ ᠬᠤᠲᠠ ᠶᠢᠨ ᠴᠢᠳᠠᠮᠵᠢ ᠲᠠᠰ ᠪᠠ ᠳᠠᠭᠠᠭᠠᠴᠠ ᠶᠢᠨ | ᠴᠢᠳᠠᠪᠤᠷᠢ ᠬᠠᠷᠢᠴᠠᠩᠭᠤᠢ ᠪᠠᠷ ᠬᠦᠷᠦᠯᠴᠡᠬᠦ ᠦᠭᠡᠢ ᠪᠠᠶᠢᠵᠤ ᠂ ᠰᠤᠷᠭᠠᠨ ᠬᠥᠮᠦᠵᠢᠯ ᠂ ᠡᠮ ᠡᠮᠨᠡᠯᠭᠡ ᠂ ᠨᠠᠰᠤᠵᠢᠯ ᠤᠨ ᠠᠰᠠᠷᠠᠮᠵᠢ ᠵᠡᠷᠭᠡ ᠠᠷᠠᠳ ᠤᠨ ᠠᠮᠢᠳᠤᠷᠠᠯ ᠤᠨ | ᠦᠨᠳᠦᠰᠦᠨ ᠦᠢᠯᠡᠴᠢᠯᠡᠭᠡ ᠪᠠᠰᠠ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠭᠦᠢᠴᠡᠳ ᠬᠠᠩᠭᠠᠵᠤ ᠳᠡᠶᠢᠯᠬᠦ ᠦᠭᠡᠢ ᠪᠠᠶᠢᠨ᠎ᠠ ᠃ ᠥᠨᠳᠥᠷ ᠦᠷ᠎ᠡ | ᠪᠦᠲᠦᠮᠵᠢ ᠲᠠᠢ ᠵᠠᠰᠠᠯᠳᠠ ᠪᠠᠷ ᠪᠠᠷᠢᠮᠵᠢᠶᠠᠯᠠᠬᠤ ᠳᠤ ᠂ ᠠᠮᠤᠷ ᠲᠦᠪᠰᠢᠨ ᠲᠣᠭᠲᠠᠭᠤᠨ᠂ ᠠᠶᠤᠯ ᠲᠦᠭᠰᠢᠭᠦᠷᠢ ᠶᠢ ᠰᠡᠷᠭᠡᠶᠢᠯᠡᠬᠦ ᠵᠡᠷᠭᠡ ᠬᠦᠷᠢᠶ᠎ᠠ ᠴᠠᠷᠠᠭᠠᠨ ᠳᠤ ᠪᠠᠰᠠ | ᠴᠥᠭᠡᠨ ᠪᠤᠰᠤ ᠪᠠᠭᠤᠷᠠᠢ ᠲᠠᠯ᠎ᠠ ᠲᠠᠢ ᠪᠠᠶᠢᠵᠤ ᠂ ᠵᠠᠷᠢᠮ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠠᠵᠢᠯ ᠬᠢᠬᠦ ᠂ ᠰᠢᠨ᠎ᠡ ᠶᠢ ᠡᠭᠦᠳᠦᠨ ᠪᠣᠳᠠᠲᠠᠢ ᠠᠵᠢᠯᠯᠠᠬᠤ ᠤᠬᠠᠮᠰᠠᠷ | ᠪᠠ ᠴᠢᠳᠠᠪᠤᠷᠢ ᠶᠢ ᠦᠷᠭᠦᠯᠵᠢᠯᠡᠨ ᠴᠢᠩᠭᠠᠳᠬᠠᠬᠤ ᠴᠢᠬᠤᠯᠠᠲᠠᠢ ᠪᠠᠶᠢᠬᠤ ᠵᠡᠷᠭᠡ ᠪᠣᠯᠣᠨ᠎ᠠ᠃ ᠡᠭᠦᠨ ᠳᠤ ᠂ ᠪᠢᠳᠡ ᠨᠡᠩ ᠶᠡᠭᠡ ᠡᠷᠴᠢ ᠵᠣᠷᠢᠭ ᠪᠠ ᠨᠡᠩ ᠪᠣᠳᠠᠲᠠᠢ | ᠠᠷᠭ᠎ᠠ ᠬᠡᠮᠵᠢᠶ᠎ᠡ ᠪᠠᠷ ᠠᠵᠢᠯ ᠢᠶᠠᠨ ᠬᠠᠯᠠᠨ ᠰᠠᠶᠢᠵᠢᠷᠠᠭᠤᠯᠵᠤ ᠂ ᠠᠰᠠᠭᠤᠳᠠᠯ ᠢ ᠰᠢᠢᠳᠪᠦᠷᠢᠯᠡᠨ ᠂ ᠡᠯᠡᠲ᠋ᠦ᠋ᠷᠤᠯ ᠤᠨ ᠦᠢᠯᠡᠰ ᠨᠡᠩ ᠴᠢᠨᠠᠷ ᠰᠠᠶᠢᠲᠠᠢ ᠬᠥᠭᠵᠢᠯᠲᠡ ᠶᠢ | ᠪᠡᠶᠡᠯᠡᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ᠃ | ᠬᠤᠶᠠᠷ ᠂ 2023 ᠣᠨ ᠤ ᠠᠵᠢᠯ ᠤᠨ ᠲᠥᠯᠥᠪᠯᠡᠭᠡ | ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠳᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ | ᠪᠤᠯᠤᠨ᠎ᠠ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠵᠠᠩᠭᠢᠯᠠᠭ᠎ᠠ ᠶᠢᠨ ᠨᠢᠭᠡ ᠵᠢᠯ | ᠪᠤᠯᠤᠨ᠎ᠠ᠃ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ | ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠳᠠᠯᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ | ᠶᠡᠷᠦᠩᠬᠡᠢ ᠱᠦᠵᠢ ᠰᠢ ᠵᠢᠨᠫᠢᠩ ᠤᠨ ᠥᠪᠥᠷ ᠮᠣᠩᠭᠤᠯ ᠤᠨ ᠠᠵᠢᠯ ᠳᠤ ᠳᠠᠯᠪᠢᠬᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠳᠤᠭᠤᠰᠢᠯᠠᠭᠤᠯᠵᠤ ᠂ ᠪᠦᠬᠦ ᠣᠷᠣᠨ ᠤ ︽ ᠲᠠᠪᠤᠨ ᠶᠡᠭᠡ ᠡᠭᠦᠷᠭᠡ ︾ ᠂ ︽ ᠵᠢᠱᠢᠶᠡᠴᠢ ᠥᠪᠡᠷᠲᠡᠭᠡᠨ ᠵᠠᠰᠠᠬᠤ ᠣᠷᠣᠨ ︾ ᠢ ᠪᠦᠲᠦᠭᠡᠨ ᠪᠠᠶᠢᠭᠤᠯᠬᠤ ᠡᠭᠦᠷᠭᠡ ᠪᠣᠯᠣᠨ | ᠪᠦᠬᠦ ᠬᠤᠲᠠ ᠶᠢᠨ ︽ ᠭᠤᠷᠪᠠᠨ ᠳᠥᠷᠪᠡ ︾ ᠶᠢᠨ ᠲᠡᠮᠡᠴᠡᠬᠦ ᠬᠠᠷᠠᠯᠲᠠ ᠶᠢ ᠬᠢᠨᠠᠮᠠᠭᠠᠢ ᠨᠠᠶᠢᠳᠠᠪᠤᠷᠢᠵᠢᠭᠤᠯᠤᠨ ᠂ ᠡᠯ᠎ᠡ ᠱᠠᠲᠤᠨ ᠤ ᠠᠵᠤ ᠠᠬᠤᠢ ᠶᠢᠨ ᠠᠵᠢᠯ ᠤᠨ | ᠬᠤᠷᠠᠯ ᠤᠨ ᠪᠠᠶᠢᠷᠢᠯᠠᠭᠤᠯᠤᠯᠲᠠ ᠪᠣᠯᠣᠨ ᠥᠪᠡᠷᠲᠡᠭᠡᠨ ᠵᠠᠰᠠᠬᠤ ᠣᠷᠣᠨ ᠂ ᠬᠤᠲᠠ ᠶᠢᠨ ︽ ᠬᠤᠶᠠᠷ ᠬᠤᠷᠠᠯ ︾ ᠤᠨ ᠵᠣᠷᠢᠭ ᠰᠠᠨᠠᠭ᠎ᠠ ᠶᠣᠰᠣᠭᠠᠷ ᠂ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠳᠦᠬᠦᠷ ᠂ ᠵᠦᠪ ᠣᠨᠣᠪᠴᠢᠲᠠᠶ ᠂ ᠪᠦᠬᠦ ᠲᠠᠯ᠎ᠠ ᠪᠠᠷ ᠳᠤᠭᠤᠰᠢᠯᠠᠭᠤᠯᠤᠨ ᠂ ᠰᠢᠨ᠎ᠡ ᠬᠥᠭᠵᠢᠯᠲᠡ ᠶᠢᠨ ᠪᠠᠶᠢᠷᠢᠰᠢᠯ ᠢ | ᠲᠦᠷᠭᠡᠳᠬᠡᠨ ᠪᠠᠶᠢᠭᠤᠯᠵᠤ ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ | ᠨᠡᠶᠢᠭᠡᠮ ᠤᠨ ᠬᠥᠭᠵᠢᠯᠲᠡ ᠶᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ ᠂ ᠬᠥᠭᠵᠢᠯᠲᠡ ᠪᠠ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ | ᠲᠥᠯᠥᠪᠵᠢᠭᠦᠯᠤᠨ᠂ ᠥᠭᠡᠷᠡᠴᠢᠯᠡᠯᠲᠡ ᠨᠡᠭᠡᠭᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ ᠂ ᠵᠠᠬ᠎ᠠ ᠳᠡᠯᠭᠡᠭᠦᠷ ᠤᠨ ᠢᠲᠡᠭᠡᠯ ᠢ ᠶᠡᠬᠡᠪᠡᠷ ᠬᠥᠪᠴᠢᠯᠡᠨ᠂ ᠠᠷᠠᠳ ᠤᠨ | ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠪᠠᠷ ᠬᠦᠴᠦᠯᠡᠵᠦ ᠂ ᠲᠣᠭᠲᠠᠭᠤᠨ ᠤ ᠳᠤᠮᠳᠠ ᠤᠷᠤᠭᠰᠢᠯᠠᠬᠰᠠᠨ ᠰᠠᠭᠤᠷᠢᠨ ᠳᠡᠭᠡᠷ᠎ᠡ ᠲᠣᠭᠲᠠᠭᠤᠨ ᠤ ᠳᠤᠮᠳᠠ ᠲᠦᠷᠭᠡᠨ | ᠤᠷᠤᠭᠰᠢᠯᠠᠵᠤ ᠂ ᠲᠣᠭᠲᠠᠭᠤᠨ ᠤ ᠳᠤᠮᠳᠠ ᠰᠢᠯᠢᠳᠡᠭ ᠢᠶᠠᠷ ᠤᠷᠤᠬᠰᠢᠯᠠᠨ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠵᠡᠭᠦᠨᠭᠠᠷ ᠤᠨ ᠪᠦᠲᠦᠭᠡᠨ | ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠪᠢᠴᠢᠭᠯᠡᠨ᠎ᠡ᠃ | ᠡᠨᠡ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ | ᠦᠷᠳᠡᠭ ᠢ 7% ᠠᠴᠠ ᠳᠡᠭᠡᠭᠰᠢ ᠨᠡᠮᠡᠭᠳᠡᠭᠦᠯᠵᠦ ᠂ ᠭᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠢ 11% ᠣᠷᠴᠢᠮ | ᠨᠡᠮᠡᠭᠳᠡᠭᠦᠯᠵᠦ ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ ᠬᠤᠶᠠᠷ ᠲᠠᠬᠢᠨ ᠢᠶᠠᠷ ᠨᠡᠮᠡᠭᠳᠡᠭᠦᠯᠵᠦ ᠂ ᠨᠡᠶᠢᠭᠡᠮ ᠤᠨ ᠬᠡᠷᠡᠭᠯᠡᠭᠡᠨ ᠤ ᠵᠦᠢᠯ ᠢ ᠵᠢᠵᠢᠭᠯᠡᠨ | ᠪᠤᠷᠤᠯᠠᠭᠤᠯᠬᠤ ᠶᠡᠷᠦᠩᠬᠡᠢ ᠲᠤᠭ᠎ᠠ ᠶᠢ 9% ᠣᠷᠴᠢᠮ ᠨᠡᠮᠡᠭᠳᠡᠭᠦᠯᠵᠦ ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠡᠵᠡᠮᠳᠡᠵᠦ ᠪᠣᠯᠬᠤ | ᠣᠷᠣᠯᠭ᠎ᠠ ᠶᠢ ᠴᠥᠮ 8% ᠠᠴᠠ ᠳᠡᠭᠡᠭᠰᠢ ᠨᠡᠮᠡᠭᠳᠡᠭᠦᠯᠦᠨ᠎ᠡ ︔ ᠠᠮᠢ ᠠᠬᠤᠢ ᠣᠷᠴᠢᠨ ᠳᠤᠭᠤᠷᠢᠨ ᠤ ᠴᠢᠨᠠᠷᠵᠢᠯ ᠢ ᠦᠷᠭᠦᠯᠵᠢᠯᠡᠨ ᠰᠠᠶᠢᠵᠢᠷᠠᠭᠤᠯᠵᠤ ᠂ ᠡᠨᠧᠷᠭᠢ | ᠠᠷᠪᠢᠯᠠᠵᠤ ᠪᠣᠬᠢᠷᠳᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠳᠡᠭᠡᠳᠦ ᠱᠠᠲᠤᠨ ᠠᠴᠠ ᠪᠠᠭᠤᠯᠭᠠᠭᠰᠠᠨ ᠬᠠᠷᠠᠯᠳᠠ ᠡᠭᠦᠷᠭᠡ ᠶᠢ ᠪᠡᠶᠡᠯᠡᠭᠦᠯᠤᠨ᠎ᠠ᠃ | ᠳᠣᠣᠷᠠᠬᠢ ᠵᠢᠷᠭᠤᠭᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ᠄ | ︵ᠨᠢᠭᠡ︶ ᠠᠵᠤ ᠠᠬᠤᠢ ᠶᠢᠨ ᠲᠣᠭᠲᠠᠭᠤᠨ ᠨᠡᠮᠡᠭᠳᠡᠯ ᠢ ᠬᠦᠴᠦᠯᠡᠨ ᠪᠠᠲᠤᠯᠠᠵᠤ ᠂ ᠴᠢᠨᠠᠷ ᠰᠠᠶᠢᠲᠠᠢ ᠬᠥᠭᠵᠢᠯᠲᠡ ᠶᠢᠨ ᠬᠦᠴᠦᠷᠬᠡᠭ ᠶᠡᠭᠡ ᠰᠠᠭᠤᠷᠢ ᠶᠢ | ᠪᠠᠬᠢᠵᠢᠭᠦᠯᠦᠨ᠎ᠡ | ᠲᠥᠷᠥᠯ ᠵᠦᠢᠯ ᠤᠨ ᠬᠤᠷᠳᠤᠴᠠ ᠶᠢ ᠳᠦᠷᠭᠡᠳᠭᠡᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ ︽ ᠲᠥᠷᠥᠯ ᠵᠦᠢᠯ ᠢ ᠶᠡᠬᠡᠪᠡᠷ ᠠᠳᠬᠤᠵᠤ ᠂ ᠲᠣᠮᠣ | ᠲᠥᠷᠥᠯ ᠵᠦᠢᠯ ᠢ ᠠᠳᠬᠤᠬᠤ ︾ ᠢᠯᠡ ᠲᠣᠳᠣ ᠤᠳᠤᠷᠢᠳᠤᠮᠵᠢ ᠶᠢ ᠪᠠᠳᠤᠳᠬᠠᠨ ᠂ 116 ᠴᠢᠬᠤᠯᠠ ᠶᠡᠭᠡ ᠲᠥᠷᠥᠯ ᠵᠦᠢᠯ ᠢ ᠬᠡᠷᠡᠭᠵᠢᠭᠦᠯᠵᠤ ᠂ ᠪᠡᠯᠡ | ᠣᠷᠣᠭᠤᠯᠤᠯᠲᠠ ᠶᠢ 300 ᠳ᠋ᠦᠩᠰᠢᠭᠤᠷ ᠲᠥᠭᠦᠷᠢᠭ ᠠᠴᠠ ᠳᠠᠪᠠᠭᠤᠯᠤᠨ ᠂ ᠪᠦᠲᠦᠭᠡᠨ ᠪᠠᠶᠢᠭᠤᠯᠬᠤ ᠲᠥᠷᠥᠯ ᠵᠦᠢᠯ ᠢ 40% ᠠᠴᠠ ᠳᠡᠭᠡᠭᠰᠢ ᠬᠦᠷᠭᠡᠬᠦ ᠪᠠᠷ | ᠴᠢᠷᠮᠠᠶᠢᠨ᠎ᠠ ᠂ ᠡᠭᠦᠨ ᠳᠤ ᠲᠡᠷᠢᠭᠦᠨ ᠤ ᠦᠶᠯᠡᠳᠬᠦ ᠦᠢᠯᠡᠰ ᠤᠨ ᠪᠡᠯᠡ ᠣᠷᠣᠭᠤᠯᠤᠯᠲᠠ ᠶᠢᠨ ᠡᠵᠡᠯᠡᠬᠦ ᠬᠠᠷᠢᠴᠠᠯ ᠢ 50% ᠠᠴᠠ ᠳᠠᠪᠠᠭᠤᠯᠤᠨ ᠂ ᠣᠲᠣ | ᠦᠶ᠎ᠡ ᠶᠢᠨ ᠦᠶᠯᠡᠳᠬᠦ ᠦᠢᠯᠡᠰ ᠲᠥᠪᠯᠡᠷᠡᠭᠰᠡᠨ ᠣᠷᠣᠨ ᠢ ᠪᠠᠶᠢᠭᠤᠯᠤᠨ᠎ᠠ ᠃ ︽ ᠭᠡᠷ᠎ᠡ ᠲᠣᠭᠲᠠᠬᠤ ᠂ ᠠᠵᠢᠯ ᠡᠬᠢᠯᠡᠭᠦᠯᠬᠦ ᠂ ᠪᠦᠲᠦᠭᠡᠨ ᠪᠠᠶᠢᠭᠤᠯᠬᠤ ᠂ | ᠠᠰᠢᠭᠯᠠᠯᠲᠠ ᠳᠤ ᠣᠷᠣᠭᠤᠯᠬᠤ ︾ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ ᠂ ᠲᠥᠪᠯᠡᠷᠡᠭᠦᠯᠦᠨ ᠬᠤᠯᠪᠤᠭᠠᠯᠠᠨ ᠬᠥᠳᠡᠯᠦᠯᠴᠡᠵᠦ ᠬᠢᠨᠠᠨ ᠵᠥᠪᠰᠢᠶᠡᠷᠡᠬᠦ ᠂ | ᠤᠳᠤᠷᠢᠳᠤᠯᠭ᠎ᠠ ᠨᠢ ᠳᠠᠭᠠᠭᠠᠴᠢᠯᠠᠨ ᠪᠠᠳᠤᠯᠠᠬᠤ ᠵᠡᠷᠭᠡ ᠠᠵᠢᠯ ᠤᠨ ᠲᠣᠭᠲᠠᠴᠠ ᠶᠢ ᠴᠢᠩᠭᠠᠷᠠᠭᠤᠯᠤᠨ ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ | ᠲᠥᠰᠥᠪ ᠤᠨ ᠳᠣᠲᠣᠷᠠᠬᠢ ᠪᠡᠯᠡ ᠮᠥᠩᠭᠦ ᠪᠠ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠢᠭᠡᠯᠡᠯᠭᠡ ᠶᠢᠨ ᠲᠡᠮᠳᠡᠭᠲᠦ ᠶᠢ ᠣᠯᠬᠤ ᠪᠠᠷ ᠢᠳᠡᠪᠬᠢᠲᠡᠢ | ᠴᠢᠷᠮᠠᠶᠢᠵᠤ ᠂ ᠪᠥᠬᠦ ᠬᠦᠴᠦᠨ ᠵᠦᠢᠯ ᠢᠶᠠᠷ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠠᠲᠤᠯᠠᠨ᠎ᠠ ᠃ ᠠᠷᠠᠯᠵᠢᠶᠠᠴᠢᠨ ᠢᠶᠠᠷ ᠠᠷᠠᠯᠵᠢᠶᠠᠴᠢᠨ ᠤᠷᠢᠬᠤ ᠂ | ᠬᠡᠯᠬᠢᠶ᠎ᠠ ᠪᠠᠷ ᠠᠷᠠᠯᠵᠢᠶᠠᠴᠢᠨ ᠤᠷᠢᠬᠤ ᠂ ᠪᠥᠬᠦ ᠬᠦᠮᠤᠰ ᠠᠷᠠᠯᠵᠢᠶᠠᠴᠢᠨ ᠤᠷᠢᠬᠤ ᠶᠢ ᠪᠠᠷᠢᠮᠲᠠᠯᠠᠨ ᠂ ᠲᠥᠷᠥᠯ ᠵᠦᠢᠯ ᠤᠨ ᠨᠥᠭᠡᠴᠡᠯᠡᠯᠲᠡ ᠶᠢᠨ ᠶᠡᠷᠦᠩᠬᠡᠢ ᠬᠡᠮᠵᠢᠶ᠎ᠡ | ᠪᠠ ᠴᠢᠨᠠᠷᠵᠢᠯ ᠢ ᠳᠡᠭᠡᠭᠰᠢᠯᠡᠭᠦᠯᠵᠦ ᠂ ᠪᠥᠬᠦ ᠵᠢᠯ ᠤᠨ ᠭᠡᠷ᠎ᠡ ᠲᠣᠭᠲᠠᠭᠰᠠᠨ ᠶᠡᠷᠦᠩᠬᠡᠢ ᠲᠤᠭ᠎ᠠ ᠶᠢ 6000 ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠪᠠᠷ | ᠴᠢᠷᠮᠠᠶᠢᠵᠤ ᠂ ᠪᠣᠳᠠᠲᠠᠶᠢᠵᠢᠭᠤᠯᠤᠭᠰᠠᠨ ᠪᠡᠯᠡ ᠮᠥᠩᠭᠦ ᠶᠢ 30% ᠠᠴᠠ ᠳᠡᠭᠡᠭᠰᠢ ᠨᠡᠮᠡᠭᠳᠡᠭᠦᠯᠦᠨ᠎ᠡ ᠃ | ᠬᠡᠷᠡᠭᠯᠡᠭᠡ ᠶᠢᠨ ᠴᠢᠨᠠᠷᠵᠢᠯ ᠢ ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠬᠡᠬᠦ ᠶᠢ ᠠᠬᠢᠭᠤᠯᠤᠨ᠎ᠠ᠃ ᠬᠡᠷᠡᠭᠯᠡᠭᠡᠨ ᠤ ᠬᠠᠯᠠᠮᠰᠢᠯ ᠴᠡᠭ ᠢ ᠢᠳᠡᠪᠬᠢᠲᠡᠢ ᠪᠠᠷ | ᠪᠣᠶᠢᠵᠢᠭᠤᠯᠤᠨ ᠂ ᠭᠤᠣᠯᠳᠠᠯᠭ᠎ᠠ ᠲᠠᠢ ᠬᠤᠳᠠᠯᠳᠤᠭᠠᠨ ᠤ ᠴᠠᠭᠠᠷᠢᠭ ᠂ ᠬᠤᠳᠠᠯᠳᠤᠭᠠᠨ ᠤ ᠶᠠᠪᠠᠭᠠᠨ ᠵᠡᠭᠡᠯᠢ ᠂ ᠰᠢᠶᠠᠩ ᠪᠠᠯᠭᠠᠰᠤ ᠶᠢᠨ ᠬᠤᠳᠠᠯᠳᠤᠭᠠᠨ ᠤ ᠢᠵᠢ | ᠪᠦᠷᠢᠳᠦᠭᠦᠯᠬᠦ ᠳᠦᠬᠦᠭᠡᠷᠤᠮᠵᠢ ᠵᠡᠷᠭᠡ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ ᠂ ᠸᠠᠨ ᠳ᠋ᠠ ᠂ ᠺᠠᠢ ᠶᠤᠸᠠᠨ ᠂ ᠳ᠋ᠦᠩ ᠹᠠᠩ ᠰᠲ᠋ᠣᠺ ᠡᠵᠡᠮᠰᠢᠯ | 3 ᠠᠵᠤ ᠠᠬᠤᠶᠢᠯᠠᠯ ᠤᠨ ᠦᠨᠳᠤᠷ ᠵᠡᠷᠭᠡ ᠳᠡᠰ ᠲᠠᠢ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠶᠢᠨ ᠲᠥᠷᠥᠯ ᠵᠦᠢᠯ ᠢ ᠬᠠᠮᠲᠤᠷᠠᠨ ᠪᠠᠶᠢᠭᠤᠯᠬᠤ ᠶᠢ | ᠲᠦᠷᠭᠡᠳᠬᠡᠵᠦ ᠂ ᠨᠢᠭᠡ ᠪᠦᠯᠦᠭ ᠤᠷᠤᠨ ᠨᠤᠳᠤᠭ ᠤᠨᠴᠢᠨᠠᠷᠲᠠᠢ ᠬᠡᠷᠡᠭᠯᠡᠭᠡᠨ ᠤ ᠠᠴᠢᠶᠠᠯᠠᠪᠤᠷᠢ ᠶᠢ ᠪᠣᠶ ᠪᠣᠯᠭᠠᠨ᠎ᠠ᠃ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠂ | ᠰᠠᠭᠤᠷᠢ ᠴᠢᠨᠠᠷᠲᠠᠢ ᠦᠢᠯᠡᠴᠢᠯᠡᠭᠡᠨ ᠤ ᠦᠢᠯᠡᠰ ᠤᠨ ᠬᠠᠩᠭᠠᠯᠭ᠎ᠠ ᠶᠢ ᠴᠢᠩᠭᠠᠳᠬᠠᠨ ᠂ ᠬᠡᠷᠡᠭᠯᠡᠭᠡ ᠶᠢ ᠠᠬᠢᠭᠤᠯᠬᠤ ᠰᠢᠷᠢᠰ ᠠᠵᠢᠯᠯᠠᠭ᠎ᠠ ᠶᠢ ᠦᠷᠭᠦᠯᠵᠢᠯᠡᠨ | ᠥᠷᠨᠢᠭᠦᠯᠵᠦ ᠂ ᠨᠢᠭᠡ ᠮᠥᠴᠡ ᠶᠢᠨ ᠠᠷᠠᠳ ᠲᠤ ᠲᠥᠬᠦᠮ ᠦᠵᠡᠭᠦᠯᠬᠦ ᠠᠮᠢᠳᠤᠷᠠᠯ ᠤᠨ ᠴᠠᠭᠠᠷᠢᠭ ᠤᠨ ᠪᠦᠷᠬᠦᠴᠡ ᠶᠢᠨ ᠨᠣᠷᠮ᠎ᠠ ᠶᠢ 80% ᠠᠴᠠ ᠳᠡᠭᠡᠭᠰᠢ ᠳᠤ | ᠬᠦᠷᠭᠡᠨ᠎ᠠ᠃ ᠪᠡᠶᠡᠴᠢᠯᠡᠨ ᠣᠶᠢᠯᠠᠭᠠᠬᠤ ᠠᠵᠤ ᠠᠬᠤᠢ᠂ ᠬᠤᠷᠠᠯ ᠦᠵᠡᠬᠦᠯᠭᠡ ᠶᠢᠨ ᠠᠵᠤ ᠠᠬᠤᠢ ᠂ ᠲᠦᠷᠦᠭᠦᠦ ᠳᠡᠯᠭᠡᠭᠦᠷ ᠤᠨ ᠠᠵᠤ ᠠᠬᠤᠢ ᠂ ᠦᠳᠡᠰᠢ ᠶᠢᠨ ᠠᠵᠤ | ᠠᠬᠤᠢ ᠂ ᠠᠮᠠᠷᠠᠯᠲᠠ ᠶᠢᠨ ᠡᠳᠦᠷ ᠤᠨ ᠠᠵᠤ ᠠᠬᠤᠢ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠵᠠᠭᠪᠤᠷ ᠢ ᠢᠳᠡᠪᠬᠢᠲᠡᠢ ᠬᠥᠭᠵᠢᠭᠦᠯᠵᠦ ᠂ | ᠬᠡᠷᠡᠭᠯᠡᠭᠡᠨ ᠤ ᠡᠵᠡᠩᠨᠡᠯᠲᠡ ᠶᠢᠨ ᠬᠡᠯᠪᠡᠷᠢ ᠶᠢᠨ ᠳᠤᠲᠠᠭᠤᠳᠠᠯ ᠢ ᠨᠥᠬᠦᠪᠦᠷᠢᠯᠡᠨ᠎ᠡ᠃ ᠡᠯᠧᠺᠲᠷᠣᠨ ᠬᠤᠳᠠᠯᠳᠤᠭᠠᠨ ᠤ ᠳᠤᠬᠳᠠᠯᠴᠠᠭᠠᠨ ᠤ ᠪᠦᠲᠦᠭᠡᠨ ᠪᠠᠶᠢᠭᠤᠯᠤᠯᠲᠠ ᠶᠢ | ᠶᠡᠬᠡᠪᠡᠷ ᠠᠬᠢᠭᠤᠯᠵᠤ ᠂ ᠡᠯᠧᠺᠲᠷᠣᠨ ᠬᠤᠳᠠᠯᠳᠤᠭᠠᠨ ᠤ ᠠᠵᠤ ᠦᠢᠯᠡᠰ ᠤᠨ ᠬᠦᠷᠢᠶᠡᠯᠡᠩ ᠢ ᠵᠢᠯ ᠤᠨ ᠳᠣᠲᠣᠷ᠎ᠠ ᠪᠠᠶᠢᠭᠤᠯᠵᠤ ᠠᠰᠢᠭᠯᠠᠯᠲᠠ ᠳᠤ ᠣᠷᠣᠭᠤᠯᠬᠤ ᠶᠢ | ᠦᠨᠡᠨᠬᠦ ᠪᠠᠲᠤᠯᠠᠵᠤ ᠂ ᠠᠷᠠᠯᠵᠢᠶ᠎ᠠ ᠬᠤᠳᠠᠯᠳᠤᠭᠠᠨ ᠤ ᠳᠦᠬᠦᠭᠡᠷᠤᠮᠵᠢ ᠪᠠ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠳᠤᠬᠳᠠᠯᠴᠠᠭ᠎ᠠ ᠶᠢ ᠵᠡᠷᠭᠡ ᠳᠤᠨᠢ | ᠲᠡᠭᠦᠯᠳᠡᠷᠵᠢᠭᠦᠯᠦᠨ ᠂ ᠠᠵᠤ ᠦᠢᠯᠡᠳᠪᠦᠷᠢ ᠶᠢᠨ ᠪᠦᠲᠦᠭᠡᠭᠳᠡᠬᠦᠨ ᠢ ᠬᠥᠳᠡᠭᠡ ᠪᠠᠭᠤᠯᠭᠠᠬᠤ ᠂ ᠲᠠᠷᠢᠶᠠᠯᠠᠩ ᠤᠨ ᠪᠦᠲᠦᠭᠡᠭᠳᠡᠬᠦᠨ ᠢ ᠬᠤᠲᠠ ᠳᠤ ᠣᠷᠣᠭᠤᠯᠬᠤ ᠵᠠᠮ | ᠮᠦᠷ ᠢ ᠰᠠᠭᠠᠳ ᠦᠭᠡᠢ ᠨᠠᠪᠲᠠᠷᠡᠭᠦᠯᠵᠦ ᠂ ᠬᠡᠷᠡᠭᠯᠡᠭᠡᠨ ᠤ ᠨᠡᠮᠡᠭᠳᠡᠯ ᠢ ᠠᠬᠢᠭᠤᠯᠤᠨ᠎ᠠ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠵᠤ ᠂ ᠰᠠᠨᠠᠭ᠎ᠠ | ᠠᠮᠤᠷ ᠬᠡᠷᠡᠭᠯᠡᠭᠡᠨ ᠤ ᠣᠷᠴᠢᠨ ᠠᠬᠤᠢ ᠶᠢ ᠪᠤᠢ ᠪᠣᠯᠭᠠᠨ᠎ᠠ᠃ | ᠠᠵᠤ ᠠᠬᠤᠶᠢᠯᠠᠯ ᠤᠨ ᠲᠡᠰ ᠲᠡᠪᠰᠢᠨ ᠨᠡᠮᠡᠭᠳᠡᠬᠦ ᠬᠡᠮᠵᠢᠶ᠎ᠡ ᠶᠢ ᠠᠬᠢᠭᠤᠯᠤᠨ᠎ᠠ᠃ ᠠᠵᠤ ᠠᠬᠤᠢ ᠶᠢ ᠲᠣᠭᠲᠠᠭᠤᠨ ᠪᠠᠶᠢᠯᠭᠠᠬᠤ ᠶᠢ ᠬᠠᠮᠤᠷᠤᠭᠰᠠᠨ ᠲᠦᠷᠦ ᠶᠢᠨ | ᠪᠣᠳᠣᠯᠭ᠎ᠠ ᠠᠷᠭ᠎ᠠ ᠬᠡᠮᠵᠢᠶ᠎ᠡ ᠶᠢ ᠪᠤᠳᠠᠳᠠᠢ ᠨᠠᠶᠢᠳᠠᠪᠤᠷᠢᠵᠢᠭᠤᠯᠤᠨ ᠨᠠᠷᠢᠯᠢᠭ ᠨᠠᠶᠢᠳᠠᠪᠤᠷᠢᠵᠢᠭᠤᠯᠵᠤ ᠂ ᠭᠠᠶᠢᠯᠢ ᠶᠢ ᠪᠤᠴᠠᠭᠠᠬᠤ ᠭᠠᠶᠢᠯᠢ ᠶᠢ ᠬᠤᠶᠢᠰᠢᠯᠠᠭᠤᠯᠵᠤ | ᠰᠦᠢᠳᠬᠡᠯ ᠢ ᠪᠠᠭᠤᠷᠠᠭᠤᠯᠬᠤ ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠳᠤ ᠨᠥᠬᠦᠪᠦᠷᠢ ᠥᠭᠬᠦ ᠵᠡᠷᠭᠡ ᠲᠡᠳᠬᠦᠨ ᠳᠡᠮᠵᠢᠬᠦ ᠲᠦᠷᠦ ᠶᠢᠨ ᠪᠣᠳᠣᠯᠭ᠎ᠠ ᠶᠢ | ᠦᠷᠭᠦᠯᠵᠢᠯᠡᠨ ᠲᠡᠭᠦᠯᠳᠡᠷᠵᠢᠭᠦᠯᠵᠦ ᠂ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠬᠦ ᠳᠤ ᠨᠡᠩ ᠶᠡᠭᠡ ᠡᠷᠴᠢᠮ ᠢᠶᠠᠷ ᠳᠡᠮᠵᠢᠯᠭᠡ ᠦᠵᠡᠭᠦᠯᠦᠨ᠎ᠡ᠃ ᠵᠠᠬ᠎ᠠ | ᠳᠡᠯᠭᠡᠭᠦᠷ ᠤᠨ ᠭᠤᠣᠯ ᠴᠣᠭᠴᠠ ᠶᠢ ᠪᠣᠶᠢᠵᠢᠭᠤᠯᠬᠤ ᠶᠢ ᠰᠠᠶᠢᠲᠤᠷ ᠠᠳᠬᠤᠵᠤ ᠂ ︽ ᠳᠦᠷᠪᠡᠨ ᠭᠡᠪᠴᠢᠶᠡᠵᠢᠯ ᠠᠴᠠ ᠳᠡᠭᠡᠭᠰᠢᠬᠢ ︾ ᠠᠵᠤ ᠠᠬᠤᠶᠢᠯᠠᠯ ᠢ 20 ᠂ | ᠵᠠᠬ᠎ᠠ ᠳᠡᠯᠭᠡᠭᠦᠷ ᠤᠨ ᠭᠤᠣᠯ ᠴᠣᠭᠴᠠ ᠶᠢ 5000 ᠡᠷᠦᠬᠡ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ ᠂ ᠰᠢᠩ ᠶᠠᠩ ᠂ ᠵᠢᠦ ᠲᠠᠢ 2 ᠠᠵᠤ ᠠᠬᠤᠶᠢᠯᠠᠯ ᠤᠨ | ᠵᠢᠯ ᠤᠨ ᠳᠣᠲᠣᠷ᠎ᠠ ᠵᠠᠬ᠎ᠠ ᠳᠡᠯᠭᠡᠭᠦᠷ ᠲᠤ ᠭᠠᠷᠬᠤ ᠶᠢ ᠠᠬᠢᠭᠤᠯᠤᠨ᠎ᠠ ᠃ ︽ ᠬᠤᠶᠠᠷ ᠭᠤᠶᠢᠪᠢᠰᠢ ᠦᠭᠡᠢ ︾ ᠶᠢ ᠪᠠᠷᠢᠮᠲᠠᠯᠠᠨ ᠂ ᠤᠯᠤᠰ ᠤᠨ ᠡᠳ᠋ ᠬᠥᠷᠥᠩᠭᠡ | ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ ᠬᠤᠰᠢᠭᠤᠨ ᠤ ᠬᠠᠷᠢᠶᠠᠲᠤ ᠤᠯᠤᠰ ᠤᠨ ᠥᠮᠴᠢᠯᠡᠯ ᠤᠨ ᠠᠵᠤ | ᠠᠬᠤᠶᠢᠯᠠᠯ ᠤᠨ ᠭᠤᠣᠯ ᠠᠵᠢᠯ ᠢᠶᠠᠨ ᠲᠠᠰ ᠳᠡᠪᠰᠢᠭᠦᠯᠬᠦ ᠂ ᠰᠢᠨ᠎ᠡ ᠠᠵᠢᠯ ᠢᠶᠠᠨ ᠥᠷᠭᠡᠳᠬᠡᠬᠦ ᠶᠢ ᠳᠡᠮᠵᠢᠵᠦ ᠂ ᠡᠵᠡᠩᠨᠡᠯᠲᠡ ᠶᠢᠨ ᠣᠷᠣᠯᠭ᠎ᠠ ᠪᠠ ᠠᠰᠢᠭ | ᠬᠤᠨᠵᠢᠪᠤᠷᠢ ᠶᠢ ᠲᠣᠰ ᠲᠣᠰ 20% ᠠᠴᠠ ᠳᠡᠭᠡᠭᠰᠢ ᠨᠡᠮᠡᠭᠳᠡᠭᠦᠯᠬᠦ ᠪᠠᠷ ᠴᠢᠷᠮᠠᠶᠢᠨ᠎ᠠ ︔ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠥᠭᠵᠢᠨ | ᠪᠤᠵᠠᠭᠠᠶᠢᠷᠠᠬᠤ ᠶᠢ ᠶᠡᠬᠡᠪᠡᠷ ᠳᠡᠮᠵᠢᠵᠦ ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠪᠥᠬᠦ ᠬᠤᠰᠢᠭᠤᠨ ᠤ ᠴᠢᠬᠤᠯᠠ ᠶᠡᠭᠡ ᠲᠥᠷᠥᠯ ᠵᠦᠢᠯ ᠤᠨ ᠪᠡᠯᠡ | ᠣᠷᠣᠭᠤᠯᠤᠯᠲᠠ ᠪᠠ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠳᠤ ᠭᠦᠨᠵᠡᠭᠡᠢ ᠣᠷᠤᠯᠴᠠᠬᠤ ᠶᠢ ᠵᠣᠷᠢᠭᠵᠢᠭᠤᠯᠵᠤ ᠤᠷᠤᠨ ᠨᠤᠳᠤᠭ ᠤᠨ | ᠳᠤᠯᠤᠭᠠᠶᠢᠯᠠᠬᠤ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ ᠪᠤᠶᠢᠵᠢᠭᠤᠯᠤᠨ᠎ᠠ᠃ | ︵ ᠬᠤᠶᠠᠷ ︶ ᠠᠵᠤ ᠦᠢᠯᠡᠰ ᠤᠨ ᠪᠦᠲᠦᠴᠡ ᠶᠢ ᠬᠦᠴᠦᠯᠡᠨ ᠲᠣᠬᠢᠷᠠᠭᠤᠯᠤᠨ ᠰᠢᠯᠢᠳᠡᠭᠵᠢᠭᠦᠯᠵᠦ ᠂ ᠴᠢᠨᠠᠷ ᠰᠠᠶᠢᠲᠠᠢ ᠬᠥᠭᠵᠢᠯᠲᠡ ᠶᠢᠨ ᠠᠵᠤ ᠦᠢᠯᠡᠰ ᠤᠨ | ᠳᠤᠬᠳᠠᠯᠴᠠᠭ᠎ᠠ ᠶᠢ ᠪᠠᠶᠢᠭᠤᠯᠤᠨ᠎ᠠ | ᠤᠳᠤ ᠦᠶ᠎ᠡ ᠶᠢᠨ ᠡᠨᠧᠷᠭᠢ ᠶᠢᠨ ᠠᠵᠤ ᠠᠬᠤᠢ ᠶᠢᠨ ᠬᠦᠭᠵᠢᠯᠳᠡ ᠶᠢ ᠡᠷᠴᠢᠮᠳᠡᠢ ᠠᠬᠢᠭᠤᠯᠤᠨ᠎ᠠ᠃ ᠡᠨᠧᠷᠭᠢ ᠶᠢᠨ ᠠᠮᠤᠷ ᠳᠦᠪᠰᠢᠨ ᠪᠥᠭᠡᠳ ᠲᠣᠭᠲᠠᠭᠤᠨ | ᠬᠠᠩᠭᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠤᠨ ᠂ ᠴᠢᠨᠠᠷ ᠰᠠᠶᠢᠲᠠᠢ ᠨᠡᠭᠦᠷᠡᠰᠦᠨ ᠤ ᠦᠢᠯᠡᠳᠪᠦᠷᠢᠯᠡᠯ ᠤᠨ ᠴᠢᠳᠠᠪᠤᠷᠢ ᠶᠢ ᠦᠷᠭᠦᠯᠵᠢᠯᠡᠨ ᠰᠤᠯᠠᠯᠠᠨ ᠭᠠᠷᠭᠠᠵᠤ ᠂ | ᠬᠤᠢ ᠨᠧᠩ ᠴᠠᠩ ᠲᠠᠨ᠂ ᠪᠦᠸᠧ ᠯᠢ ᠭᠸᠦ ᠵᠡᠷᠭᠡ ᠲᠣᠮᠣ ᠬᠡᠯᠪᠡᠷᠢ ᠶᠢᠨ ᠨᠡᠭᠦᠷᠡᠰᠦᠨ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠂ ᠨᠥᠬᠦᠴᠡᠯ ᠳᠤ | ᠨᠡᠶᠢᠴᠡᠭᠰᠡᠨ ᠦᠢᠯᠡᠳᠪᠦᠷᠢᠯᠡᠵᠦ ᠪᠠᠶᠢᠭ᠎ᠠ ᠨᠡᠭᠦᠷᠡᠰᠦᠨ ᠠᠭᠤᠷᠬᠠᠢ ᠶᠢ ᠪᠦᠬᠦᠨ ᠢ ᠤᠶᠤᠨᠴᠢ ᠠᠭᠤᠷᠬᠠᠢ ᠪᠣᠯᠭᠠᠨ ᠪᠠᠶᠢᠭᠤᠯᠵᠤ ᠂ ᠨᠡᠭᠦᠷᠡᠰᠦᠨ ᠤ ᠦᠢᠯᠡᠳᠪᠦᠷᠢᠯᠡᠯ | ᠪᠣᠷᠤᠯᠠᠭᠤᠯᠭ᠎ᠠ ᠶᠢᠨ ᠬᠡᠮᠵᠢᠶ᠎ᠡ ᠶᠢ 3.2 ᠳ᠋ᠦᠩᠰᠢᠭᠤᠷ ᠲᠣᠨ ᠣᠷᠴᠢᠮ ᠳᠤ ᠲᠣᠭᠲᠠᠪᠤᠷᠢᠵᠢᠭᠤᠯᠤᠨ᠎ᠠ᠃ ᠤᠯᠤᠰ ᠤᠨ ᠴᠠᠬᠢᠯᠭᠠᠨ ᠬᠦᠴᠦᠨ ᠤ ᠪᠦᠲᠦᠭᠡᠨ | ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢᠨ ᠴᠠᠩ ᠲᠠᠨ ᠴᠠᠬᠢᠯᠭᠠᠨ ᠤ ᠦᠢᠯᠡᠳᠪᠦᠷᠢ ᠂ ᠵᠢᠩ ᠲᠠᠢ ᠰᠤᠸᠠᠨ ᠼᠢ ᠭᠸᠦ ᠶᠢᠨ ᠴᠠᠬᠢᠯᠭᠠᠨ ᠤ ᠦᠢᠯᠡᠳᠪᠦᠷᠢ ᠶᠢᠨ | ᠬᠤᠶᠠᠳᠤᠭᠠᠷ ᠬᠤᠭᠤᠴᠠᠭᠠᠨ ᠤ ᠲᠣᠣᠷ ᠲᠤ ᠨᠡᠶᠢᠯᠡᠭᠦᠯᠦᠨ ᠴᠠᠬᠢᠯᠭᠠᠨ ᠭᠠᠷᠭᠠᠬᠤ ᠂ ᠬᠤᠢ ᠨᠧᠩ ᠂ ᠮᠧᠩ ᠨᠧᠩ 2 ᠰᠢᠨ᠎ᠡ ᠪᠠᠷ ᠪᠠᠶᠢᠭᠤᠯᠤᠭᠰᠠᠨ ᠴᠠᠬᠢᠯᠭᠠᠨ ᠤ | ᠦᠢᠯᠡᠳᠪᠦᠷᠢ ᠶᠢᠨ ᠪᠠᠷᠢᠯᠭ᠎ᠠ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠦᠨᠡᠨᠬᠦ ᠪᠠᠲᠤᠯᠠᠨ᠎ᠠ ᠃ ᠰᠢᠨ᠎ᠡ ᠡᠨᠧᠷᠭᠢ ᠪᠠᠷ ᠭᠤᠣᠯ ᠴᠣᠭᠴᠠ ᠪᠣᠯᠭᠠᠭᠰᠠᠨ ᠰᠢᠨ᠎ᠡ | ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠢ ᠲᠦᠷᠭᠡᠪᠴᠢᠯᠡᠨ ᠪᠠᠶᠢᠭᠤᠯᠵᠤ ᠂ ᠲᠣᠣᠷ ᠲᠤ ᠨᠡᠶᠢᠯᠡᠭᠦᠯᠬᠦ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢ 470 | ᠲᠦᠮᠡᠨ ᠺᠢᠯᠣᠸᠠᠲ ᠠᠴᠠ ᠳᠡᠭᠡᠭᠰᠢ ᠪᠠᠶᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠠᠴᠠ ᠣᠷᠳᠣᠰ ᠬᠤᠲᠠ ᠶᠢᠨ ᠤᠯᠤᠰ ᠤᠨ ᠣᠳᠣ ᠦᠶ᠎ᠡ ᠶᠢᠨ ᠨᠡᠭᠦᠷᠡᠰᠦ | ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠵᠢᠱᠢᠶ᠎ᠡ ᠦᠵᠡᠭᠦᠯᠬᠦ ᠣᠷᠣᠨ ᠪᠠᠶᠢᠭᠤᠯᠬᠤ ᠶᠢ ᠳᠡᠮᠵᠢᠬᠦ ᠴᠢᠬᠤᠯᠠ ᠶᠡᠭᠡ ᠠᠵᠠ ᠲᠣᠬᠢᠶᠠᠯ ᠢ ᠡᠵᠡᠮᠳᠡᠨ ᠂ | ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠳᠡᠭᠡᠳᠦ ᠳᠡᠰ ᠤᠨ ᠂ ᠣᠯᠠᠨ ᠡᠰᠢᠵᠢᠭᠰᠡᠨ ᠂ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ | ᠪᠦᠬᠦ ᠬᠦᠴᠦᠨ ᠢᠶᠠᠷ ᠢᠶᠠᠨ ᠠᠬᠢᠭᠤᠯᠵᠤ ᠂ ᠮᠣᠣ ᠠᠨ ᠤ ᠵᠠᠳᠠᠷᠠᠵᠤ ᠪᠣᠯᠬᠤ ᠮᠠᠲ᠋ᠧᠷᠢᠶᠠᠯ ᠂ ᠰᠢᠩ ᠲᠠᠢ ᠨᠡᠬᠦᠷᠡᠰᠤ ᠬᠦᠴᠢᠯ ᠤᠨ ᠡᠰᠲ᠋ᠧᠷ ᠤᠨ ᠲᠥᠷᠥᠯ ᠤᠨ | ᠡᠯᠧᠺᠲᠷᠣᠨ ᠬᠢᠮᠢ ᠶᠢᠨ ᠪᠣᠳᠠᠰ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ ᠂ ᠵᠢᠤ ᠲᠠᠢ ᠨᠡᠭᠦᠷᠡᠰᠦᠲᠥ᠋ᠷᠥᠭᠴᠢ ᠶᠢᠨ ᠳᠠᠪᠬᠤᠷ | ᠢᠰᠦᠯ ᠢᠶᠠᠷ ᠦᠨᠦᠷᠲᠦ ᠨᠡᠭᠦᠷᠦᠭᠴᠢ ᠤᠶᠢᠯᠡᠳᠪᠤᠷᠢᠯᠡᠬᠦ ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ 4 ᠲᠦᠮᠡᠨ ᠲᠣᠨ ᠤ ᠪᠥᠲ᠋ᠢᠯ ᠳᠣᠲᠣᠭᠠᠳᠤ | ᠡᠰᠲ᠋ᠧᠷ ᠤᠨ ᠲᠥᠷᠥᠯ ᠵᠦᠢᠯ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ ᠂ ᠳᠤᠮᠳᠠᠳᠤ ᠤᠯᠤᠰ ᠤᠨ ᠴᠢᠯᠠᠭᠤᠨ ᠲᠣᠰᠣᠨ ᠤ | ᠬᠢᠮᠢ ᠶᠢᠨ ᠠᠵᠤ ᠦᠢᠯᠡᠳᠪᠦᠷᠢ ᠶᠢᠨ ᠨᠡᠭᠦᠷᠡᠰᠦ ᠪᠠᠷ ᠠᠯᠺᠧᠨ ᠦᠶᠯᠡᠳᠪᠤᠷᠢᠯᠡᠬᠦ ᠂ ᠪᠡᠭᠡᠵᠢᠩ ᠤᠨ ᠬᠤᠪᠢ ᠡᠵᠡᠮᠰᠢᠯ ᠤᠨ ᠪᠦᠯᠦᠭᠯᠡᠯ ᠤᠨ ᠨᠡᠭᠦᠷᠡᠰᠦ ᠪᠠᠷ ᠰᠢᠳᠠᠮᠠᠬᠠᠢ | ᠬᠡᠢ ᠦᠶᠯᠡᠳᠪᠤᠷᠢᠯᠡᠬᠦ ᠂ ᠢ ᠲᠠᠢ ᠨᠡᠭᠦᠷᠡᠰᠦ ᠪᠠᠷ ᠲᠣᠰᠣ ᠦᠶᠯᠡᠳᠪᠤᠷᠢᠯᠡᠬᠦ ᠂ ᠵᠢᠦ ᠲᠠᠢ ᠡᠲ᠋ᠢᠯ ᠬᠤᠶᠠᠷᠴᠢ ᠠᠯᠺᠣᠣᠯ ᠦᠶᠯᠡᠳᠪᠤᠷᠢᠯᠡᠬᠦ ᠵᠡᠷᠭᠡ 4 ᠵᠠᠭᠤᠨ | ᠳ᠋ᠦᠩᠰᠢᠭᠤᠷ ᠲᠠᠰ ᠤᠨ ᠲᠥᠷᠥᠯ ᠵᠦᠢᠯ ᠢ ᠰᠢᠪᠲᠤᠯᠤᠯᠲᠠ ᠶᠢᠨ ᠴᠢᠨᠠᠷᠲᠠᠢ ᠠᠬᠢᠴᠠ ᠲᠠᠢ ᠪᠣᠯᠭᠠᠬᠤ ᠪᠠᠷ ᠴᠢᠷᠮᠠᠶᠢᠵᠤ ᠂ ᠬᠦᠴᠦᠨ ᠢᠶᠠᠨ ᠲᠥᠪᠯᠡᠷᠡᠭᠦᠯᠦᠨ ᠮᠢᠩᠭᠠᠨ | ᠲᠦᠮᠡᠨ ᠲᠣᠨ ᠤ ᠲᠠᠰ ᠤᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠤᠨ᠎ᠠ ᠃ | ᠰᠢᠨ᠎ᠡ ᠡᠨᠧᠷᠭᠢ ᠶᠢᠨ ᠦᠢᠯᠡᠳᠬᠦ ᠦᠢᠯᠡᠰ ᠤᠨ ᠬᠥᠭᠵᠢᠯᠲᠡ ᠶᠢ ᠶᠡᠬᠡᠪᠡᠷ ᠠᠬᠢᠭᠤᠯᠤᠨ᠎ᠠ᠃ ᠠᠵᠤ ᠦᠢᠯᠡᠰ ᠤᠨ ᠬᠥᠭᠵᠢᠯᠲᠡ ᠶᠢᠨ ᠰᠠᠶᠢᠨ ᠰᠠᠶᠢᠬᠠᠨ ᠬᠠᠨᠳᠤᠰᠢ ᠶᠢ | ᠪᠠᠲᠤᠯᠠᠵᠤ ᠂ ᠡᠬᠢ ᠪᠠᠶᠠᠯᠢᠭ ᠂ ᠭᠠᠵᠠᠷ ᠰᠢᠷᠣᠢ ᠂ ᠵᠠᠬ᠎ᠠ ᠳᠡᠯᠭᠡᠭᠦᠷ ᠵᠡᠷᠭᠡ ᠶᠢᠨ ᠳᠠᠪᠠᠭᠤᠯᠢᠭ ᠲᠤ ᠲᠦᠰᠢᠭᠯᠡᠨ ᠂ ᠭᠡᠯᠬᠢᠶ᠎ᠠ ᠶᠢ ᠤᠷᠲᠤᠳᠬᠠᠨ ᠭᠡᠯᠬᠢᠶ᠎ᠠ ᠶᠢ | ᠨᠥᠬᠦᠪᠦᠷᠢᠯᠡᠵᠦ ᠭᠡᠯᠬᠢᠶᠠᠶᠢ ᠴᠢᠩᠭᠠᠳᠬᠠᠬᠤ ᠪᠠᠷ ᠬᠦᠴᠦᠯᠡᠨ ᠴᠢᠷᠮᠠᠶᠢᠵᠤ ᠂ ᠠᠵᠤ ᠦᠢᠯᠡᠰ ᠤᠨ ᠭᠡᠯᠬᠢᠶ᠎ᠠ ᠶᠢᠨ ᠢᠵᠢ ᠪᠦᠷᠢᠳᠦᠭᠦᠯᠬᠦ ᠦᠢᠯᠡᠴᠢᠯᠡᠭᠡ ᠶᠢ | ᠰᠢᠰᠲ᠋ᠧᠮ ᠲᠠᠢ ᠲᠡᠭᠦᠯᠳᠡᠷᠵᠢᠭᠦᠯᠦᠨ ᠂ ︽ ᠰᠠᠯᠬᠢ ᠭᠡᠷᠡᠯ ᠴᠡᠨᠡᠭ ᠤᠰᠤᠲᠥ᠋ᠷᠥᠭᠴᠢ ᠬᠠᠳᠠᠭᠠᠯᠠᠴᠠ ᠲᠡᠷᠭᠡ︾ ᠶᠢᠨ ᠠᠵᠤ ᠦᠢᠯᠡᠰ ᠤᠨ ᠭᠡᠯᠬᠢᠶ᠎ᠠ ᠶᠢᠨ ᠰᠦᠷᠦᠭᠵᠢᠯ ᠢ ᠪᠣᠶ | ᠪᠣᠯᠭᠠᠨ᠎ᠠ ᠃ ᠳᠤᠨᠤᠬᠯᠠᠯ ᠦᠶᠯᠡᠳᠬᠦ ᠶᠢ ᠣᠯᠠᠨ ᠡᠰᠢᠵᠢᠭᠦᠯᠦᠨ ᠬᠥᠭᠵᠢᠭᠦᠯᠬᠦ ᠶᠢ ᠠᠬᠢᠭᠤᠯᠵᠤ ᠂ ᠲᠢᠶᠠᠨ ᠾᠧ ᠬᠡᠷᠡᠯ ᠴᠡᠨᠡᠭ ᠤᠨ ᠪᠥᠬᠦ ᠠᠵᠤ ᠦᠢᠯᠡᠰ ᠤᠨ ᠬᠡᠯᠬᠢᠶ᠎ᠡ ᠂ | ᠰᠢᠩ ᠶᠠᠩ ᠤᠨ ᠵᠧᠵᠢᠶᠠᠩ ᠤᠨ ᠠᠷᠠᠯᠵᠢᠶᠠᠨ ᠤ ᠴᠠᠬᠢᠭᠤᠷ ᠰᠠᠭᠤᠷᠢ ᠮᠠᠲ᠋ᠧᠷᠢᠶᠠᠯ ᠵᠡᠷᠭᠡ ᠲᠥᠷᠥᠯ ᠵᠦᠢᠯ ᠢ ᠪᠣᠳᠠᠲᠠᠶᠢᠵᠢᠭᠤᠯᠤᠨ ᠪᠦᠲᠦᠭᠡᠨ ᠪᠠᠶᠢᠭᠤᠯᠬᠤ ᠶᠢ ᠦᠨᠡᠨᠬᠦ | ᠪᠠᠲᠤᠯᠠᠵᠤ ᠂ ᠶᠤᠸᠠᠨ ᠵᠢᠩ ᠰᠠᠯᠬᠢᠨ ᠬᠦᠴᠦᠨ ᠤ ᠮᠠᠰᠢᠨ ᠦᠶᠯᠡᠳᠬᠦ ᠂ ᠾᠧ ᠲᠠᠢ ᠴᠠᠬᠢᠮ ᠢᠯᠲᠠᠰᠤ ᠶᠢᠨ ᠢᠯᠴᠢ ᠬᠠᠩᠭᠠᠬᠤ ᠲᠥᠬᠦᠭᠡᠷᠦᠮᠵᠢ ᠵᠡᠷᠭᠡ ᠲᠥᠷᠥᠯ | ᠵᠦᠢᠯ ᠢ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠨ᠎ᠠ ᠃ ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ ᠤᠨ ᠬᠡᠯᠬᠢᠶ᠎ᠡ ᠶᠢ ᠶᠡᠬᠡᠪᠡᠷ ᠪᠣᠶᠢᠵᠢᠭᠤᠯᠵᠤ ᠂ | ᠤᠰᠤᠲᠥ᠋ᠷᠥᠭᠴᠢ ᠪᠠᠷ ᠰᠦᠯᠢᠶᠥᠦ ᠤᠶᠢᠯᠡᠳᠪᠤᠷᠢᠯᠡᠬᠦ ᠤᠰᠤᠲᠥ᠋ᠷᠥᠭᠴᠢ ᠪᠠᠷ ᠲᠦᠯᠡᠰᠢᠨ ᠴᠠᠬᠢᠯᠭᠠᠨ ᠴᠡᠨᠡᠭ ᠤᠶᠢᠯᠡᠳᠪᠤᠷᠢᠯᠡᠬᠦ ᠲᠥᠷᠥᠯ ᠵᠦᠢᠯ ᠤᠨ ᠬᠡᠪ ᠤᠨ | ᠦᠢᠯᠡᠳᠪᠦᠷᠢᠯᠡᠯ ᠢ ᠪᠠᠲᠤᠯᠠᠨ ᠂ ᠶᠢᠤ ᠰᠠᠢ ᠶᠢᠨ ᠤᠰᠤᠲᠥ᠋ᠷᠥᠭᠴᠢ ᠡᠨᠧᠷᠭᠢ ᠶᠢᠨ ᠴᠠᠬᠢᠯᠭᠠᠨ ᠡᠭᠦᠰᠬᠡᠭᠴᠢ ᠶᠢᠨ ᠰᠢᠰᠲ᠋ᠧᠮ ᠤᠨ ᠳᠤᠨᠤᠬᠯᠠᠯ ᠂ ᠨᠠᠷᠠᠰᠤᠨ ᠤ ᠬᠡᠷᠡᠯ | ᠴᠡᠨᠡᠭ ᠢᠶᠠᠷ ᠤᠰᠤᠲᠥ᠋ᠷᠥᠭᠴᠢ ᠤᠶᠢᠯᠡᠳᠪᠤᠷᠢᠯᠡᠬᠦ ᠵᠡᠷᠭᠡ ᠲᠥᠷᠥᠯ ᠵᠦᠢᠯ ᠢ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠵᠤ ᠂ ᠣᠷᠳᠣᠰ ᠤᠨ | ᠤᠰᠤᠲᠥ᠋ᠷᠥᠭᠴᠢ ᠡᠨᠧᠷᠭᠢ ᠂ ᠶᠢᠨ ᠱᠠᠨ ᠣᠷᠭᠠᠨᠢᠭ ᠪᠣᠳᠠᠰ ᠢᠶᠠᠷ ᠤᠰᠤᠲᠥ᠋ᠷᠥᠭᠴᠢ ᠤᠶᠢᠯᠡᠳᠪᠤᠷᠢᠯᠡᠬᠦ ᠵᠡᠷᠭᠡ ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ | ᠪᠠᠶᠢᠭᠤᠯᠬᠤ ᠪᠠᠷ ᠴᠢᠷᠮᠠᠶᠢᠨ᠎ᠠ ᠃ ᠡᠨᠧᠷᠭᠢ ᠬᠠᠳᠠᠭᠠᠯᠠᠬᠤ ᠠᠵᠤ ᠦᠢᠯᠡᠰ ᠤᠨ ᠬᠡᠯᠬᠢᠶ᠎ᠡ ᠶᠢ ᠶᠡᠬᠡᠪᠡᠷ ᠪᠣᠶᠢᠵᠢᠭᠤᠯᠵᠤ ᠂ ᠰᠢᠨ᠎ᠡ ᠪᠠᠷ ᠡᠭᠦᠳᠦᠭᠰᠡᠨ ᠯᠢᠲ᠋ᠢ ᠢᠶᠤᠨ ᠤ | ᠳ᠋ᠢᠶᠠᠨ ᡂᠢ ᠶᠢᠨ ᠪᠢᠯᠢᠭ ᠲᠤᠶᠢᠯ ᠤᠨ ᠮᠠᠲ᠋ᠧᠷᠢᠶᠠᠯ ᠤᠨ ᠨᠢᠭᠡᠳᠦᠭᠡᠷ ᠬᠤᠭᠤᠴᠠᠭᠠᠨ ᠤ ᠪᠠᠷᠢᠯᠭ᠎ᠠ ᠂ ᠰᠠᠨ ᠯᠢᠩ ᠯᠢᠤ ᠯᠢᠩ ᠬᠥᠳᠡᠯᠭᠡᠭᠴᠢ ᠬᠦᠴᠦᠨ ᠤ ᠳ᠋ᠢᠶᠠᠨ ᡂᠢ | ᠵᠡᠷᠭᠡ ᠲᠥᠷᠥᠯ ᠵᠦᠢᠯ ᠢ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ ᠂ ᠯᠤ᠋ ᠨᠧᠩ ᠪᠦᠯᠦᠭᠯᠡᠯ ᠤᠨ ᠡᠨᠧᠷᠭᠢ ᠬᠠᠳᠠᠭᠠᠯᠠᠬᠤ ᠳᠤᠨᠤᠬᠯᠠᠯ ᠦᠶᠯᠡᠳᠬᠦ ᠂ ᠴᠧᠩ ᠯᠠᠢ | ᠴᠠᠬᠢᠯᠭᠠᠨ ᠬᠦᠴᠤᠨ ᠤ ᠲᠥᠬᠦᠭᠡᠷᠦᠮᠵᠢ ᠵᠡᠷᠭᠡ ᠲᠥᠷᠥᠯ ᠵᠦᠢᠯ ᠢ ᠨᠤᠳᠤᠬᠰᠢᠭᠤᠯᠬᠤ ᠪᠠᠷ ᠴᠢᠷᠮᠠᠶᠢᠨ᠎ᠠ᠃ ᠰᠢᠨ᠎ᠡᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠤᠨ | ᠬᠡᠯᠬᠢᠶ᠎ᠡ ᠶᠢ ᠶᠡᠭᠡ ᠪᠠᠷ ᠪᠣᠶᠢᠵᠢᠭᠤᠯᠵᠤ ᠂ ᠲᠢᠶᠧ ᠴᠧᠨ ᠤ ᠠᠭᠤᠷᠬᠠᠢ ᠳᠤ ᠭᠡᠷᠡᠭᠯᠡᠬᠦ ᠵᠢᠯᠣᠭᠤᠴᠢ ᠦᠭᠡᠢ 1000 ᠮᠠᠰᠢᠨ ᠲᠡᠷᠭᠡ ᠶᠢ ᠪᠦᠬᠦᠨ ᠢ ᠤᠶᠢᠯᠡᠳᠪᠤᠷᠢᠯᠡᠨ | ᠭᠠᠷᠭᠠᠵᠤ ᠂ ᠤᠮᠠᠷᠠᠲᠤ ᠶᠢᠨ ᠸᠧᠢ ᠵᠢᠶᠠ ᠮᠣᠣ ᠵᠡᠷᠭᠡ ᠭᠡᠷᠡᠯ ᠴᠡᠨᠡᠭ ᠢᠶᠠᠷ ᠴᠡᠨᠡᠭᠯᠡᠵᠦ ᠴᠠᠬᠢᠯᠭᠠᠨ ᠢᠶᠠᠷ ᠰᠣᠯᠢᠬᠤ ᠬᠦᠨᠳᠦ ᠠᠴᠢᠶᠠᠨ ᠤ ᠮᠠᠰᠢᠨ ᠢ ᠨᠢᠭᠡ | ᠴᠣᠭᠴᠠᠵᠢᠭᠤᠯᠬᠤ ᠳᠦᠷᠤᠯ ᠵᠤᠶᠢᠯ ᠢ ᠪᠦᠳᠦᠭᠡᠨ ᠪᠠᠶᠢᠭᠤᠯᠬᠤ ᠶᠢ ᠠᠬᠢᠭᠤᠯᠵᠤ ᠂ ᠰᠢᠦᠢ ᠬᠦᠩ ᠤᠨ ᠰᠢᠨ᠎ᠡ ᠡᠨᠧᠷᠭᠢ ᠶᠢᠨ ᠠᠭᠤᠷᠬᠠᠢ ᠶᠢᠨ ᠦᠢᠯᠡᠰ ᠤᠨ | ᠲᠣᠨᠣᠭᠯᠠᠯ ᠢ ᠣᠶᠤᠨᠴᠢ ᠪᠠᠷ ᠦᠢᠯᠡᠳᠬᠦ ᠂ ᠰᠠᠨ ᠯᠢᠩ ᠯᠢᠤ ᠯᠢᠩᠴᠠᠬᠢᠯᠭᠠᠨ ᠬᠥᠳᠡᠯᠭᠡᠭᠦᠷᠲᠦ ᠠᠭᠤᠷᠬᠠᠢ ᠳᠤ ᠭᠡᠷᠡᠭᠯᠡᠬᠦ ᠠᠴᠢᠶᠠᠨ ᠤ ᠮᠠᠰᠢᠨ ᠤ ᠴᠠᠬᠢᠯᠭᠠᠨ | ᠡᠵᠡᠮᠰᠢᠯ ᠤᠨ ᠳᠦᠷᠤᠯ ᠵᠤᠶᠢᠯ ᠢ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠨ᠎ᠠ᠃ | ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠶᠡᠬᠡᠪᠡᠷ ᠠᠬᠢᠭᠤᠯᠤᠨ᠎ᠠ᠃ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠲᠡᠰ ᠳᠡᠪᠰᠢᠬᠦ | ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠬᠤᠷᠳᠤᠴᠠ ᠶᠢ | ᠳᠡᠭᠡᠭᠰᠢᠯᠡᠭᠦᠯᠬᠦ ᠂ ᠬᠠᠷᠢᠴᠠᠯ ᠢ ᠳᠡᠭᠡᠭᠰᠢᠯᠡᠭᠦᠯᠬᠦ ᠂ ᠲᠡᠰ ᠳᠠᠪᠬᠤᠷᠭ᠎ᠠ ᠶᠢ ᠳᠡᠭᠡᠭᠰᠢᠯᠡᠬᠦᠯᠬᠦ ᠶᠢ ᠠᠬᠢᠭᠤᠯᠤᠨ᠎ᠠ᠃ ᠰᠣᠶᠣᠯ ᠵᠤᠭᠠᠴᠠᠯ ᠤᠨ ᠠᠭᠤᠰᠤᠯᠴᠠᠨ ᠬᠥᠭᠵᠢᠬᠦ ᠶᠢ | ᠠᠬᠢᠭᠤᠯᠵᠤ ᠂ ᠬᠠᠲᠤᠨ ᠭᠤᠣᠯ ᠤᠨ ᠳᠤᠮᠤ ᠬᠠᠪᠴᠢᠯ ᠤᠨ ᠳᠠᠭᠠᠭᠤᠯᠤᠨ ᠳᠠᠶᠢᠴᠢᠯᠠᠬᠤ ᠦᠢᠯᠡᠳᠦᠯ ᠢ ᠲᠣᠪᠤᠶᠢᠯᠭᠠᠨ ᠂ ᠬᠠᠲᠤᠨ ᠭᠤᠣᠯ ᠤᠨ ᠤᠯᠤᠰ ᠤᠨ | ᠰᠣᠶᠣᠯ ᠤᠨ ᠴᠡᠴᠡᠷᠯᠢᠭ ᠂ ᠯᠢᠶᠠᠨ ᠬᠤᠸᠠ ᠴᠠᠨ ᠭᠠᠵᠠᠷ ᠰᠢᠨᠵᠢᠯᠡᠭᠡᠨ ᠤ ᠴᠡᠴᠡᠷᠯᠢᠭ ᠂ ᠬᠠᠲᠤᠨ ᠭᠤᠣᠯ ᠤᠨ ᠳᠤᠮᠤ ᠡᠯᠡᠰᠤ ᠵᠡᠷᠭᠡ ᠲᠥᠷᠥᠯ ᠵᠦᠢᠯ ᠢ ᠬᠡᠷᠡᠭᠵᠢᠭᠦᠯᠵᠦ ᠂ | ᠬᠠᠲᠤᠨ ᠭᠤᠣᠯ ᠤᠨ ᠳᠤᠮᠤ ᠬᠠᠪᠴᠢᠯ ᠵᠡᠷᠭᠡ ᠦᠵᠡᠮᠵᠢ ᠶᠢᠨ ᠣᠷᠣᠨ ᠤ ᠢᠵᠢ ᠪᠦᠷᠢᠳᠦᠭᠦᠯᠬᠦ ᠳᠦᠬᠦᠭᠡᠷᠤᠮᠵᠢ ᠶᠢᠨ ᠪᠦᠲᠦᠭᠡᠨ ᠪᠠᠶᠢᠭᠤᠯᠤᠯᠲᠠ ᠶᠢ | ᠲᠡᠭᠦᠯᠳᠡᠷᠵᠢᠭᠦᠯᠦᠨ ᠂ ᠬᠤᠪᠢᠰᠬᠠᠯ ᠤᠨ ᠡᠬᠢ ᠪᠠᠶᠠᠯᠢᠭ ᠢ ᠬᠠᠮᠠᠭᠠᠯᠠᠨ ᠠᠰᠢᠭᠯᠠᠬᠤ ᠢᠨᠵᠧᠨᠧᠷᠢᠩ ᠢ ᠡᠬᠢᠯᠡᠭᠦᠯᠤᠨ ᠂ ᠡᠯ᠎ᠡ ᠲᠥᠷᠥᠯ ᠤᠨ ᠰᠣᠶᠣᠯ ᠵᠤᠭᠠᠴᠠᠯ ᠤᠨ | ᠨᠠᠷᠠᠲᠤ ᠲᠥᠷᠥᠯ ᠲᠡᠮᠳᠡᠭᠲᠦ ᠶᠢᠨ ᠠᠵᠢᠯᠯᠠᠭ᠎ᠠ ᠶᠢ ᠦᠷᠭᠦᠯᠵᠢᠯᠡᠨ ᠰᠠᠶᠢᠲᠤᠷ ᠡᠷᠭᠢᠯᠡᠵᠦ ᠂ ᠵᠤᠭᠠᠴᠠᠬᠰᠠᠳ ᠢ ᠭᠥᠯᠢᠶᠡᠨ ᠠᠪᠬᠤ ᠬᠡᠮᠵᠢᠶ᠎ᠡ ᠪᠠ ᠵᠤᠭᠠᠴᠠᠯ ᠤᠨ | ᠣᠷᠣᠯᠭ᠎ᠠ ᠶᠢ ᠴᠥᠮ 15% ᠠᠴᠠ ᠳᠡᠭᠡᠭᠰᠢ ᠨᠡᠮᠡᠭᠳᠡᠭᠦᠯᠬᠦ ᠪᠠᠷ ᠴᠢᠷᠮᠠᠶᠢᠨ᠎ᠠ ᠃ ᠣᠲᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠲᠤᠯᠭᠠᠭᠤᠷᠢᠯᠠᠯ ᠢ ᠴᠢᠩᠭᠠᠷᠠᠭᠤᠯᠵᠤ ᠂ | ᠰᠢ ᠶᠢᠩ ᠽᠢ ᠂ ᠦ᠋ ᠽᠢ ᠸᠠᠨ ᠵᠡᠷᠭᠡ 5 ᠪᠣᠬᠢᠷᠳᠤᠯ ᠦᠭᠡᠢ ᠣᠶᠤᠨᠴᠢ ᠡᠬᠡ ᠬᠠᠭᠤᠷᠠᠢ ᠶᠢᠨ ᠭᠠᠷᠠᠮ ᠤᠨ ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ | ᠪᠠᠶᠢᠭᠤᠯᠵᠤ ᠂ ᠰᠠᠨ ᠳ᠋ᠣᠣ ᠴᠢᠦᠢ ᠂ ᠯᠦᠩ ᠸᠠᠩ ᠴᠢᠦᠢ ᠵᠡᠷᠭᠡ 5 ᠪᠠᠷᠠᠭᠠᠨ ᠤ ᠭᠦᠢᠯᠭᠡᠭᠡᠨ ᠤ ᠲᠥᠷᠥᠯ ᠵᠦᠢᠯ ᠢ ᠪᠦᠳᠤᠭᠡᠨ ᠪᠠᠶᠢᠭᠤᠯᠬᠤ ᠶᠢ ᠠᠬᠢᠭᠤᠯᠵᠤ ᠂ ᠲᠡᠮᠦᠷ | ᠵᠠᠮ ᠤᠨ ᠲᠥᠪᠯᠡᠷᠡᠭᠦᠯᠦᠨ ᠲᠡᠭᠡᠭᠡᠪᠦᠷᠢᠯᠡᠬᠦ ᠴᠢᠳᠠᠪᠤᠷᠢ ᠶᠢ 5500 ᠲᠦᠮᠡᠨ ᠲᠣᠨ ᠰᠢᠨ᠎ᠡ ᠪᠠᠷ ᠨᠡᠮᠡᠭᠳᠡᠭᠦᠯᠦᠨ᠎ᠡ ᠃ ᠮᠥᠩᠭᠦᠨ ᠭᠦᠢᠯᠭᠡᠭᠡᠨ ᠤ ᠦᠢᠯᠡᠴᠢᠯᠡᠭᠡᠨ ᠤ | ᠦᠢᠯᠡᠰ ᠢ ᠲᠦᠷᠭᠡᠪᠴᠢᠯᠡᠨ ᠬᠥᠭᠵᠢᠭᠦᠯᠵᠦ ᠂ ᠮᠥᠩᠭᠦᠨ ᠭᠦᠢᠯᠭᠡᠭᠡᠨ ᠤ ᠴᠢᠳᠠᠪᠤᠷᠢ ᠣᠯᠭᠤᠬᠤ ᠴᠢᠨᠠᠷᠵᠢᠯ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ︽ ᠭᠡᠷ ᠪᠦᠯᠢ | ᠨᠡᠶᠢᠭᠡᠮ ᠲᠣᠭᠤᠷᠢᠭ + ᠡᠮᠴᠢᠯᠡᠭᠡ ᠰᠤᠪᠢᠯᠠᠯᠲᠠ ᠡᠷᠡᠭᠦᠯᠵᠢᠯ ᠰᠤᠪᠢᠯᠠᠯᠲᠠ ︾ ᠶᠢᠨ ᠨᠠᠰᠤᠵᠢᠯ ᠤᠨ ᠠᠰᠠᠷᠠᠮᠵᠢ ᠶᠢᠨ ᠰᠢᠨ᠎ᠡ ᠵᠠᠭᠪᠤᠷ ᠢ ᠠᠬᠢᠭᠤᠯᠵᠤ ᠂ ᠴᠢᠨᠠᠷ ᠰᠠᠶᠢᠲᠠᠢ | ᠨᠠᠰᠤᠲᠠᠨ ᠢ ᠠᠰᠠᠷᠠᠬᠤ ᠬᠦᠷᠢᠶᠡᠯᠡᠩ ᠂ ᠡᠮᠴᠢᠯᠡᠭᠡ ᠰᠤᠪᠢᠯᠠᠯᠲᠠ ᠶᠢᠨ ᠬᠦᠷᠢᠶᠡᠯᠡᠩ ᠢ ᠲᠥᠯᠥᠪᠵᠢᠭᠦᠯᠦᠨ ᠪᠠᠶᠢᠭᠤᠯᠵᠤ ᠂ ᠵᠡᠭᠦᠨᠭᠠᠷ ᠤᠨ ᠨᠡᠶᠢᠭᠡᠮ ᠤᠨ | ᠶᠡᠷᠦᠩᠬᠡᠶᠢᠯᠡᠭᠰᠡᠨ ᠠᠰᠠᠷᠠᠮᠵᠢ ᠶᠢᠨ ᠲᠥᠪ ᠢ ᠪᠦᠳᠤᠭᠡᠨ ᠪᠠᠶᠢᠭᠤᠯᠵᠤ ᠠᠰᠢᠬᠯᠠᠯᠳᠠ ᠳᠤ ᠤᠷᠤᠭᠤᠯᠬᠤ ᠶᠢ ᠠᠬᠢᠭᠤᠯᠵᠤ ᠂ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠳᠡᠭᠡᠳᠦ ᠦᠵᠦᠭᠦᠷᠴᠢᠯᠡᠭᠰᠡᠨ ᠂ ᠣᠶᠤᠨᠴᠢᠯᠠᠭᠰᠠᠨ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ ᠃ | ᠬᠦᠷᠢᠶᠡᠯᠡᠩ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠶᠡᠬᠡᠪᠡᠷ ᠠᠬᠢᠭᠤᠯᠤᠨ᠎ᠠ ᠃ ᠥᠪᠡᠷᠲᠡᠭᠡᠨ ᠵᠠᠰᠠᠬᠤ ᠣᠷᠣᠨ ᠤ ᠵᠡᠭᠦᠨᠭᠠᠷ ᠠᠵᠤ ᠠᠬᠤᠢ ᠶᠢᠨ | ᠨᠡᠭᠡᠭᠡᠯᠲᠡ ᠶᠢᠨ ᠤᠷᠤᠨ ᠢ ᠭᠤᠣᠯᠳᠠᠯᠭ᠎ᠠ ᠲᠠᠢ ᠪᠠᠶᠢᠭᠤᠯᠬᠤ ᠴᠢᠬᠤᠯᠠ ᠶᠡᠭᠡ ᠠᠵᠠ ᠲᠣᠬᠢᠶᠠᠯ ᠢ ᠵᠠᠪᠳᠤᠨ ᠡᠵᠡᠮᠳᠡᠵᠤ ᠂ ᠬᠦᠷᠢᠶᠡᠯᠡᠩ ᠲᠣᠭᠤᠷᠢᠭ ᠢ ᠠᠵᠤ | ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠭᠤᠣᠯ ᠲᠡᠶᠢᠯᠠᠯᠳᠤᠭᠠᠨ ᠤ ᠲᠠᠯᠠᠪᠤᠷ ᠪᠣᠯᠭᠠᠨ ᠂ ᠠᠵᠤ ᠦᠢᠯᠡᠰ ᠤᠨ ᠪᠠᠶᠢᠷᠢᠰᠢᠭᠤᠯᠤᠯᠲᠠ ᠶᠢ | ᠰᠢᠯᠢᠳᠡᠭᠵᠢᠭᠦᠯᠦᠨ ᠂ ᠰᠠᠭᠤᠷᠢ ᠳᠦᠬᠦᠭᠡᠷᠤᠮᠵᠢ ᠶᠢ ᠲᠡᠭᠦᠯᠳᠡᠷᠵᠢᠭᠦᠯᠵᠦ ᠂ ᠬᠦᠷᠢᠶᠡᠯᠡᠩ ᠲᠣᠭᠤᠷᠢᠭ ᠤᠨ ᠴᠢᠬᠤᠯᠠ ᠬᠦᠴᠦᠨ ᠵᠦᠢᠯ ᠤᠨ ᠪᠠᠲᠤᠯᠠᠭ᠎ᠠ ᠶᠢᠨ | ᠴᠢᠳᠠᠪᠤᠷᠢ ᠶᠢ ᠳᠡᠭᠡᠭᠰᠢᠯᠡᠭᠦᠯᠦᠨ᠎ᠡ ᠃ ᠣᠷᠣᠨ ᠪᠦᠰᠡ ᠶᠢᠨ ᠦᠨᠡᠯᠡᠨ ᠵᠢᠱᠢᠭᠰᠡᠨ ᠦᠷ᠎ᠡ ᠪᠦᠲᠦᠭᠡᠯ ᠢ ᠬᠠᠮᠲᠤᠪᠠᠷ ᠡᠳ᠋ᠯᠡᠵᠦ ᠬᠡᠷᠡᠭᠯᠡᠬᠦ ᠶᠢ ᠴᠢᠩᠭᠠᠷᠠᠭᠤᠯᠤᠨ᠂ | ᠬᠦᠷᠢᠶᠡᠯᠡᠩ ᠲᠣᠭᠤᠷᠢᠭ ᠤᠨ ︽ ᠤᠶᠠᠩᠭᠠᠳᠤ ᠮᠤᠳᠤ ᠵᠠᠶᠢᠯᠠᠨ ᠭᠠᠷᠤᠳᠢ ᠭᠠᠯᠪᠢᠩᠭ᠎ᠠ ᠰᠠᠭᠤᠯᠭᠠᠬᠤ ︾ ᠪᠠᠷᠢᠯᠭ᠎ᠠ ᠶᠢ ᠭᠦᠨᠵᠡᠭᠡᠢ ᠬᠡᠷᠡᠭᠵᠢᠭᠦᠯᠵᠦ ᠂ ᠰᠢᠨ᠎ᠡ | ᠡᠨᠧᠷᠭᠢ ᠶᠢᠨ ᠠᠵᠤ ᠦᠢᠯᠡᠰ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ ᠂ ᠰᠢᠨ᠎ᠡ ᠡᠨᠧᠷᠭᠢ ᠶᠢᠨ ᠰᠢᠨᠵᠢᠯᠡᠬᠦ | ᠤᠬᠠᠭᠠᠨ ᠮᠡᠷᠭᠡᠵᠢᠯ ᠤᠨ ᠠᠵᠤ ᠦᠢᠯᠡᠰ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠨᠡᠭᠦᠷᠡᠰᠦ ᠶᠢ ᠳᠠᠮ ᠢᠶᠠᠷ ᠰᠢᠩᠭᠡᠨᠵᠢᠭᠦᠯᠬᠦ ᠂ | ᠨᠡᠭᠦᠷᠡᠰᠦ ᠪᠠᠷ ᠰᠢᠳᠠᠮᠠᠬᠠᠢ ᠬᠡᠢ ᠦᠶᠯᠡᠳᠪᠤᠷᠢᠯᠡᠬᠦ ᠂ ᠨᠡᠭᠦᠷᠡᠰᠦ ᠪᠠᠷ ᠠᠯᠺᠧᠨ ᠦᠶᠯᠡᠳᠪᠤᠷᠢᠯᠡᠬᠦ ᠪᠠ ᠨᠡᠭᠦᠷᠡᠰᠦ ᠪᠠᠷ ᠦᠨᠦᠷᠲᠦ ᠨᠡᠭᠦᠷᠦᠭᠴᠢ ᠤᠶᠢᠯᠡᠳᠪᠤᠷᠢᠯᠡᠬᠦ ᠶᠢ | ᠲᠠᠰ ᠳᠡᠪᠰᠢᠭᠦᠯᠦᠨ ᠵᠢᠱᠢᠶ᠎ᠡ ᠦᠵᠡᠭᠦᠯᠬᠦ ᠶᠢ ᠠᠬᠢᠭᠤᠯᠵᠤ ᠂ ᠰᠢᠨ᠎ᠡ ᠮᠠᠲ᠋ᠧᠷᠢᠶᠠᠯ ᠢ ᠤᠷᠲᠤᠳᠬᠠᠨ ᠬᠥᠭᠵᠢᠭᠦᠯᠵᠦ ᠂ ᠰᠢᠨ᠎ᠡᠡᠨᠧᠷᠭᠢ ᠬᠢᠭᠡᠳ ᠨᠡᠭᠦᠷᠡᠰᠦ ᠬᠢᠮᠢ ᠶᠢᠨ | ᠠᠵᠤ ᠦᠢᠯᠡᠳᠪᠦᠷᠢ ᠶᠢᠨ ᠬᠤᠯᠪᠣᠯᠳᠤᠨ ᠬᠥᠭᠵᠢᠬᠦ ᠶᠢ ᠠᠬᠢᠭᠤᠯᠤᠨ ᠂ ᠣᠨᠴᠠᠯᠢᠭᠲᠤ ᠨᠡᠭᠦᠷᠡᠰᠦ ᠪᠠᠷ ᠰᠠᠭᠤᠷᠢ ᠪᠣᠯᠭᠠᠭᠰᠠᠨ ᠨᠡᠶᠢᠯᠡᠮᠡᠯ ᠭᠤᠮ ᠂ ᠪᠠᠷᠢᠯᠭ᠎ᠠ ᠶᠢᠨ | ᠰᠦᠯᠢᠶᠥᠦ ᠵᠢᠴᠢ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠢ ᠪᠠᠶᠢᠭᠤᠯᠤᠨ᠎ᠠ ᠃ ︽ ᠮᠦ ᠪᠦᠷᠢ ᠶᠢᠨ ᠤᠨᠠᠯᠲᠠ ᠪᠠᠷ ᠠᠵᠢᠯ ᠤᠨ ᠠᠮᠵᠢᠯᠳᠠ | ᠪᠦᠳᠤᠮᠵᠢ ᠶᠢ ᠦᠨᠡᠯᠡᠬᠦ ︾ ᠤᠶᠢᠯᠠᠭᠠᠬᠳᠠᠬᠤᠨ ᠢ ᠪᠠᠲᠤ ᠪᠣᠶ ᠪᠣᠯᠭᠠᠵᠤ ᠂ ᠬᠥᠭᠵᠢᠭᠰᠡᠨ ᠭᠠᠵᠠᠷ ᠣᠷᠣᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠠᠢ | ᠬᠠᠷᠢᠴᠠᠭᠤᠯᠤᠨ ᠂ ᠮᠦ ᠪᠦᠷᠢ ᠶᠢᠨ ᠳᠤᠮᠳᠠᠴᠢ ᠣᠷᠣᠭᠤᠯᠤᠯᠲᠠ ᠪᠠ ᠭᠠᠷᠭᠠᠯᠲᠠ ᠶᠢᠨ ᠦᠷ᠎ᠡ ᠠᠰᠢᠭ ᠢ ᠨᠡᠮᠡᠭᠳᠡᠬᠦᠯᠵᠤ ᠂ ᠪᠣᠬᠢᠷᠳᠤᠯ ᠦᠭᠡᠢ ᠂ ᠨᠡᠭᠦᠷᠡᠰᠦᠲᠥ᠋ᠷᠥᠭᠴᠢ | ᠪᠠᠭ᠎ᠠ ᠭᠠᠳᠠᠬᠰᠢᠯᠠᠭᠤᠯᠳᠠᠭ ᠂ ᠥᠨᠳᠥᠷ ᠨᠡᠮᠡᠯᠲᠡ ᠥᠷᠲᠡᠭᠲᠦ ᠬᠦᠷᠢᠶᠡᠯᠡᠩ ᠲᠣᠭᠤᠷᠢᠭ ᠢ ᠶᠡᠬᠡᠪᠡᠷ ᠪᠦᠲᠦᠭᠡᠨ ᠪᠠᠶᠢᠭᠤᠯᠤᠨ᠎ᠠ ᠃ | ︵ ᠭᠤᠷᠪᠠ ︶ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠬᠦᠴᠦᠯᠡᠨ ᠠᠬᠢᠭᠤᠯᠵᠤ ᠂ ᠴᠢᠨᠠᠷ ᠰᠠᠶᠢᠲᠠᠢ ᠬᠥᠭᠵᠢᠯᠲᠡ ᠶᠢᠨ | ᠳᠣᠲᠣᠭᠠᠳᠤ ᠬᠥᠳᠡᠯᠭᠡᠭᠦ ᠬᠦᠴᠦᠨ ᠢ ᠴᠢᠩᠭᠠᠷᠠᠭᠤᠯᠤᠨ᠎ᠠ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠳᠤᠯᠭᠠᠭᠤᠷᠢᠯᠠᠯ ᠢ ᠴᠢᠩᠭᠠᠳᠬᠠᠨ᠎ᠠ ᠃ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ | ᠪᠠᠶᠢᠯᠳᠤᠬᠤ ᠪᠣᠳᠣᠯᠭ᠎ᠠ ᠶᠢ ᠶᠡᠬᠡᠪᠡᠷ ᠬᠡᠷᠡᠭᠵᠢᠭᠦᠯᠵᠦ ᠂ ︽ ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ ︾ ᠠᠵᠢᠯᠯᠠᠭ᠎ᠠ ᠶᠢ ᠭᠦᠨᠵᠡᠭᠡᠢ | ᠨᠠᠶᠢᠳᠠᠪᠤᠷᠢᠵᠢᠭᠤᠯᠤᠨ ᠂ ᠠᠵᠤ ᠦᠢᠯᠡᠰ ᠤᠨ ᠬᠡᠯᠬᠢᠶ᠎ᠡ ᠲᠠᠢ ᠨᠢᠭᠲᠠ ᠤᠶᠠᠯᠳᠤᠭᠤᠯᠤᠨ ᠰᠢᠨ᠎ᠡ ᠶᠢ ᠡᠭᠦᠳᠬᠦ ᠬᠡᠯᠬᠢᠶ᠎ᠡ ᠶᠢ ᠪᠠᠶᠢᠷᠢᠯᠠᠭᠤᠯᠵᠤ ᠂ ᠤᠯᠤᠰ ᠤᠨ ᠲᠠᠰ ᠤᠨ | ᠰᠢᠨ᠎ᠡ ᠶᠢ ᠡᠭᠦᠳᠬᠦ ᠬᠡᠯᠪᠡᠷᠢ ᠶᠢᠨ ᠰᠢᠶᠠᠨ ︵ ᠬᠤᠲᠠ ︶ ᠢ ᠡᠭᠦᠳᠦᠨ ᠪᠠᠶᠢᠭᠤᠯᠤᠨ᠎ᠠ ᠃ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ | ᠳᠡᠭᠡᠭᠰᠢᠯᠡᠬᠦᠯᠤᠨ ᠂ ᠨᠢᠭᠡ ᠪᠦᠯᠦᠭ ᠠᠵᠤ ᠦᠢᠯᠡᠰ ᠤᠨ ᠣᠨᠴᠠᠯᠢᠭ ᠲᠠᠢ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠬᠦ ᠲᠠᠪᠴᠠᠩ ᠢ ᠲᠦᠷᠭᠡᠳᠬᠡᠨ | ᠪᠠᠶᠢᠷᠢᠰᠢᠭᠤᠯᠵᠤ ᠂ ᠵᠢᠯ ᠤᠨ ᠳᠣᠲᠣᠷ᠎ᠠ ᠥᠪᠡᠷᠲᠡᠭᠡᠨ ᠵᠠᠰᠠᠬᠤ ᠣᠷᠣᠨ ᠤ ᠲᠠᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠂ ᠠᠵᠤ ᠠᠬᠤᠶᠢᠯᠠᠯ ᠤᠨ | ᠰᠤᠳᠤᠯᠤᠨ ᠨᠡᠭᠡᠭᠡᠬᠦ ᠲᠥᠪ ᠢ 4 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠬᠦ ᠪᠠᠷ ᠴᠢᠷᠮᠠᠶᠢᠨ᠎ᠠ ᠃ ︽ ᠬᠤᠶᠠᠷ ᠳᠠᠬᠢᠨ ᠢᠶᠠᠷ ᠨᠡᠮᠡᠭᠳᠡᠭᠦᠯᠬᠦ ︾ ᠂ ︽ ᠭᠤᠷᠪᠠ ᠶᠢ | ᠦᠭᠡᠶᠢᠰᠬᠡᠬᠦ ︾ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ ᠂ ᠪᠥᠬᠦ ᠬᠤᠰᠢᠭᠤᠨ ᠤ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ 35 ᠂ ᠰᠢᠨᠵᠢᠯᠡᠬᠦ | ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠪᠠᠭ᠎ᠠ ᠠᠵᠤ ᠠᠬᠤᠶᠢᠯᠠᠯ ᠢ 20 ᠠᠴᠠ ᠳᠡᠭᠡᠭᠰᠢ ᠂ ︽ ᠭᠤᠷᠪᠠ ᠶᠢ ᠦᠭᠡᠶᠢᠰᠬᠡᠬᠦ ︾ ᠭᠡᠪᠴᠢᠶᠡᠵᠢᠯ ᠠᠴᠠ ᠳᠡᠭᠡᠭᠰᠢᠬᠢ | ᠠᠵᠤ ᠦᠢᠯᠡᠳᠪᠦᠷᠢ ᠶᠢᠨ ᠠᠵᠤ ᠠᠬᠤᠶᠢᠯᠠᠯ ᠢ 40% ᠠᠴᠠ ᠳᠡᠭᠡᠭᠰᠢ ᠳᠤ ᠬᠦᠷᠭᠡᠬᠦ ᠪᠠᠷ ᠴᠢᠷᠮᠠᠶᠢᠨ᠎ᠠ ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ | ᠳᠤᠬᠳᠠᠯᠴᠠᠭ᠎ᠠ ᠶᠢ ᠲᠡᠭᠦᠯᠳᠡᠷᠵᠢᠭᠦᠯᠵᠦ ᠂ ᠲᠡᠷᠢᠭᠦᠨ ᠤ ᠳᠡᠭᠡᠳᠦ ᠰᠤᠷᠭᠠᠭᠤᠯᠢ ᠂ ᠬᠦᠷᠢᠶᠡᠯᠡᠩ ᠭᠠᠵᠠᠷ ᠯᠤᠭ᠎ᠠ ᠶᠢᠨ ᠤᠶᠢᠯᠡᠳᠪᠤᠷᠢᠯᠡᠯ ᠵᠢᠭᠠᠨ ᠰᠤᠷᠭᠠᠯᠳᠠ | ᠰᠤᠳᠤᠯᠭᠠᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ ᠂ ᠰᠢᠩ ᠶᠠᠩ ᠴᠠᠬᠢᠭᠤᠷ ᠰᠠᠭᠤᠷᠢ ᠮᠠᠲ᠋ᠧᠷᠢᠶᠠᠯ ᠤᠨ ᠤᠯᠤᠰ ᠤᠨ ᠭᠤᠣᠯᠳᠠᠯᠭ᠎ᠠ ᠲᠠᠢ ᠲᠤᠷᠰᠢᠯᠲᠠ ᠶᠢᠨ | ᠲᠠᠰᠤᠭ ᠂ ᠣᠷᠳᠣᠰ ᠤᠨ ᠨᠡᠭᠦᠷᠡᠰᠦ ᠶᠢ ᠠᠷᠢᠭᠤᠨ ᠴᠡᠪᠡᠷ ᠥᠨᠳᠥᠷ ᠪᠦᠲᠦᠮᠵᠢᠲᠡᠶ ᠪᠠᠷ ᠠᠰᠢᠭᠯᠠᠬᠤ ᠰᠤᠳᠤᠯᠤᠨ ᠨᠡᠭᠡᠭᠡᠬᠦ ᠲᠥᠪ ᠢ ᠨᠤᠳᠤᠬᠰᠢᠭᠤᠯᠤᠨ ᠪᠦᠲᠦᠭᠡᠨ | ᠪᠠᠶᠢᠭᠤᠯᠬᠤ ᠶᠢ ᠠᠬᠢᠭᠤᠯᠤᠨ᠎ᠠ ᠃ ᠰᠢᠨ᠎ᠡ ᠶᠢ ᠡᠭᠦᠳᠬᠦ ᠴᠢᠳᠠᠪᠤᠷᠢᠲᠠᠨ ᠢ ᠤᠷᠢᠨ ᠠᠪᠴᠢᠷᠠᠬᠤ ᠬᠥᠮᠥᠵᠢᠭᠦᠯᠬᠦ ᠡᠷᠴᠢᠮ ᠢ ᠴᠢᠩᠭᠠᠷᠠᠭᠤᠯᠤᠨ ᠂ ︽ ᠴᠢᠳᠠᠪᠤᠷᠢᠲᠠᠨ ᠤ | ᠠᠵᠢᠯ ᠢ ᠨᠠᠶᠢᠳᠠᠪᠤᠷᠢᠵᠢᠭᠤᠯᠤᠨ ᠳᠡᠭᠡᠭᠰᠢᠯᠡᠭᠦᠯᠬᠦ ︾ ᠲᠤᠰᠬᠠᠢ ᠠᠵᠢᠯᠯᠠᠭ᠎ᠠ ᠶᠢ ᠬᠡᠷᠡᠭᠵᠢᠭᠦᠯᠵᠦ ᠂ ᠴᠢᠳᠠᠪᠤᠷᠢᠲᠠᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠲᠥᠪ ᠢ ᠪᠠᠶᠢᠭᠤᠯᠵᠤ ᠂ ᠥᠨᠳᠥᠷ ᠬᠢᠷᠢ ᠲᠦᠪᠰᠢᠨ ᠪᠦᠬᠦᠢ ᠴᠢᠳᠠᠪᠤᠷᠢᠲᠠᠨ ᠤ ᠪᠦᠯᠬᠦᠮ ᠢ 10 ᠠᠴᠠ ᠳᠡᠭᠡᠭᠰᠢ ᠂ ᠳᠡᠭᠡᠳᠦ ᠳᠡᠰ ᠳᠠᠪᠬᠤᠷᠭ᠎ᠠ ᠶᠢᠨ ᠪᠠᠴᠢᠮ | ᠲᠤᠲᠠᠭᠳᠠᠵᠤ ᠪᠠᠶᠢᠭ᠎ᠠ ᠴᠢᠳᠠᠪᠤᠷᠢᠲᠠᠨ ᠢ 50 ᠠᠴᠠ ᠳᠡᠭᠡᠭᠰᠢ ᠬᠥᠮᠥᠵᠢᠭᠦᠯᠦᠨ ᠤᠷᠢᠨ ᠠᠪᠴᠢᠷᠠᠨ᠎ᠠ᠃ | ᠭᠤᠣᠯᠳᠠᠯᠭ᠎ᠠ ᠲᠠᠢ ᠬᠦᠷᠢᠶ᠎ᠠ ᠴᠠᠷᠠᠭᠠᠨ ᠤ ᠦᠭᠡᠷᠡᠴᠢᠯᠡᠯᠳᠡ ᠶᠢ ᠬᠦᠨᠵᠡᠭᠡᠶᠢᠷᠡᠬᠦᠯᠤᠨ᠎ᠠ᠃ ᠤᠯᠤᠰ ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠱᠠᠲᠤᠨ ᠤ | ᠲᠤᠷᠰᠢᠯᠲᠠ ᠶᠢᠨ ᠴᠡᠭ ᠤᠨ ᠥᠭᠡᠷᠡᠴᠢᠯᠡᠯᠲᠡ ᠶᠢᠨ ᠡᠭᠦᠷᠭᠡ ᠶᠢ ᠥᠨᠳᠥᠷ ᠪᠠᠷᠢᠮᠵᠢᠶ᠎ᠠ ᠲᠠᠢ ᠪᠠᠷ ᠪᠡᠶᠡᠯᠡᠭᠦᠯᠵᠦ ᠂ ᠨᠢᠭᠡ ᠪᠦᠯᠦᠭ ᠬᠠᠭᠤᠯᠪᠤᠷᠢᠯᠠᠵᠤ ᠪᠣᠯᠬᠤ ᠂ | ᠳᠡᠯᠭᠡᠷᠡᠭᠦᠯᠵᠦ ᠪᠣᠯᠬᠤ ᠥᠭᠡᠷᠡᠴᠢᠯᠡᠯᠲᠡ ᠶᠢ ᠬᠢᠵᠦ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠪᠣᠶ ᠪᠣᠯᠭᠠᠨ᠎ᠠ ᠃ ᠡᠳ᠋ ᠤᠨ ᠵᠠᠰᠠᠭ ᠤᠨ ᠪᠠᠶᠢᠭᠤᠯᠤᠮᠵᠢ | ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ ᠲᠥᠰᠥᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠴᠢᠨᠠᠷᠵᠢᠯ ᠢ ᠳᠡᠭᠡᠭᠰᠢᠯᠡᠭᠦᠯᠦᠨ | ᠬᠡᠪᠴᠢᠶ᠎ᠡ ᠶᠢ ᠥᠷᠭᠡᠳᠬᠡᠬᠦ ᠶᠢ ᠠᠬᠢᠭᠤᠯᠤᠨ᠎ᠠ ᠃ ︽ ᠰᠢᠶᠠᠨ ᠠᠴᠠ ᠬᠠᠮᠢᠶᠠᠷᠴᠤ ᠰᠤᠷᠭᠠᠭᠤᠯᠢ ᠠᠴᠠ ᠤᠷᠢᠬᠤ ︾ ᠥᠭᠡᠷᠡᠴᠢᠯᠡᠯᠲᠡ ᠶᠢ ᠢᠳᠡᠪᠬᠢᠲᠡᠢ ᠠᠬᠢᠭᠤᠯᠵᠤ ᠂ | ᠬᠤᠰᠢᠭᠤᠨ ᠤ ᠪᠠᠭᠰᠢ ᠶᠢ ᠲᠡᠩᠴᠡᠭᠦᠷᠢᠲᠡᠢ ᠲᠣᠬᠢᠷᠠᠭᠤᠯᠬᠤ ᠶᠢ ᠠᠬᠢᠭᠤᠯᠤᠨ ᠂ ᠰᠤᠷᠭᠠᠨ ᠬᠥᠮᠦᠵᠢᠯ ᠤᠨ ᠡᠷᠬᠡ ᠲᠡᠭᠰᠢ ᠬᠥᠭᠵᠢᠯᠲᠡ ᠶᠢ ᠠᠬᠢᠭᠤᠯᠤᠨ᠎ᠠ ᠃ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠤᠨ ᠂ ︽ | ᠪᠠᠷᠢᠮᠵᠢᠶᠠᠲᠤ ᠭᠠᠵᠠᠷ ︾ ᠢ 2000 ᠮᠦ ᠠᠴᠠ ᠳᠡᠭᠡᠭᠰᠢ ᠪᠠᠶᠢᠭᠤᠯᠵᠤ ᠂ ᠪᠠᠷᠢᠮᠵᠢᠶᠠᠵᠢᠭᠤᠯᠤᠭᠰᠠᠨ ᠦᠢᠯᠡᠳᠪᠦᠷᠢ ᠶᠢᠨ ᠭᠡᠷ ᠪᠠᠶᠢᠰᠢᠩ ᠢ 6 ᠲᠦᠮᠡᠨ ᠲᠡᠭᠰᠢ | ᠳᠥᠷᠪᠡᠯᠵᠢᠨ ᠮᠧᠲᠷ ᠠᠴᠠ ᠳᠡᠭᠡᠭᠰᠢ ᠪᠠᠶᠢᠭᠤᠯᠤᠨ ᠂ ︽ ᠣᠯᠠᠨ ᠬᠡᠮᠵᠢᠯᠲᠡ ᠶᠢ ᠨᠡᠶᠢᠯᠡᠭᠦᠯᠦᠨ ᠨᠢᠭᠡ ᠪᠣᠯᠭᠠᠬᠤ ︾ ᠂ ︽ ᠣᠯᠠᠨ ᠬᠢᠨᠠᠨ ᠵᠦᠪᠰᠢᠶᠡᠷᠡᠯ ᠶᠢ ᠨᠡᠶᠢᠯᠡᠭᠦᠯᠦᠨ | ᠨᠢᠭᠡ ᠪᠣᠯᠭᠠᠬᠤ ︾ ᠂ ︽ ᠭᠠᠵᠠᠷ ᠠᠪᠤᠪᠠᠯ ᠳᠠᠷᠤᠢ ᠠᠵᠢᠯ ᠡᠬᠢᠯᠡᠭᠦᠯᠬᠦ ︾ ᠶᠢ ᠪᠡᠶᠡᠯᠡᠭᠦᠯᠦᠨ᠎ᠡ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ ᠂ ᠤᠳᠤ ᠦᠶ᠎ᠡ ᠶᠢᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ ᠲᠡᠭᠦᠯᠳᠡᠷᠵᠢᠭᠦᠯᠵᠦ ᠂ ᠮᠥᠩᠭᠦᠨ ᠭᠦᠢᠯᠭᠡᠭᠡᠨ ᠤ | ᠠᠶᠤᠯ ᠲᠦᠭᠰᠢᠭᠦᠷᠢ ᠶᠢ ᠡᠬᠢ ᠡᠭᠦᠰᠦᠯ ᠠᠴᠠ ᠨᠢ ᠰᠡᠷᠭᠡᠶᠢᠯᠡᠨ ᠨᠠᠮᠳᠠᠭᠤᠯᠤᠨ᠎ᠠ ᠃ ︽ᠠᠷᠪᠠᠨ ᠳᠥᠷᠪᠡᠳᠦᠭᠡᠷ ᠲᠠᠪᠤᠨ ᠵᠢᠯ ︾ ᠤᠨ ᠲᠥᠯᠦᠪᠵᠢᠭᠦᠯᠭᠡ ᠶᠢ | ᠬᠡᠷᠡᠭᠵᠢᠭᠦᠯᠦᠭᠰᠡᠨ ᠪᠠᠶᠢᠳᠠᠯ ᠤᠨ ᠳᠤᠮᠳᠠ ᠬᠤᠭᠤᠴᠠᠭᠠᠨ ᠤ ᠦᠨᠡᠯᠡᠨ ᠵᠢᠱᠢᠯᠲᠡ ᠶᠢ ᠰᠠᠶᠢᠲᠤᠷ ᠥᠷᠨᠢᠭᠦᠯᠵᠦ ᠂ ᠲᠥᠯᠦᠪᠵᠢᠭᠦᠯᠭᠡ ᠶᠢ ᠬᠡᠷᠡᠭᠵᠢᠭᠦᠯᠦᠭᠰᠡᠨ ᠤ | ᠳᠠᠷᠠᠭᠠᠬᠢ ᠬᠠᠭᠠᠰ ᠶᠠᠪᠤᠴᠠ ᠶᠢᠨ ᠭᠤᠣᠯᠳᠠᠯᠭ᠎ᠠ ᠲᠠᠢ ᠡᠭᠦᠷᠭᠡ ᠪᠠ ᠱᠠᠭᠠᠷᠳᠠᠯᠭ᠎ᠠ ᠶᠢ ᠲᠣᠳᠣᠷᠬᠠᠶᠢᠯᠠᠨ ᠂ ᠠᠵᠤ ᠠᠬᠤᠢ ᠨᠡᠶᠢᠭᠡᠮ ᠤᠨ ᠨᠡᠩ ᠴᠢᠨᠠᠷ ᠰᠠᠶᠢᠲᠠᠢ | ᠬᠥᠭᠵᠢᠯᠲᠡ ᠶᠢ ᠪᠡᠶᠡᠯᠡᠭᠦᠯᠬᠦ ᠶᠢ ᠠᠬᠢᠭᠤᠯᠤᠨ᠎ᠠ᠃ | ᠲᠡᠷᠢᠭᠦᠨ ᠤ ᠬᠤᠳᠠᠯᠳᠤᠭ᠎ᠠ ᠡᠷᠬᠢᠯᠡᠬᠦ ᠣᠷᠴᠢᠨ ᠠᠬᠤᠢ ᠶᠢ ᠪᠤᠢ ᠪᠣᠯᠭᠠᠨ᠎ᠠ᠃ ᠬᠤᠳᠠᠯᠳᠤᠭ᠎ᠠ ᠡᠷᠬᠢᠯᠡᠬᠦ ᠣᠷᠴᠢᠨ ᠠᠬᠤᠢ ᠶᠢᠨ ︽ ᠨᠢᠭᠡᠳᠦᠭᠡᠷ ᠭᠠᠷ ︾ ᠤᠨ | ᠪᠦᠷᠢᠨ ᠬᠠᠷᠢᠭᠤᠴᠠᠯᠭ᠎ᠠ ᠶᠢᠨ ᠳᠦᠷᠢᠮ ᠢ ᠰᠠᠶᠢᠲᠤᠷ ᠨᠠᠶᠢᠳᠠᠪᠤᠷᠢᠵᠢᠭᠤᠯᠵᠤ ᠂ ᠪᠥᠬᠦ ᠬᠤᠲᠠ ᠶᠢᠨ ᠬᠠᠮᠤᠭ ᠤᠨ ᠰᠢᠯᠢᠳᠡᠭ ᠬᠤᠳᠠᠯᠳᠤᠭ᠎ᠠ ᠡᠷᠬᠢᠯᠡᠬᠦ ᠣᠷᠴᠢᠨ ᠠᠬᠤᠢ | ᠶᠢ ᠪᠤᠢ ᠪᠤᠯᠭᠠᠬᠤ 500 ᠵᠤᠷᠪᠤᠰ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠦᠨ᠎ᠡ ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠤᠨ ᠂ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ ᠨᠠᠵᠠᠭᠠᠢ ᠲᠠᠯ᠎ᠠ ᠶᠢᠨ ᠨᠠᠷᠢᠨ ᠳᠠᠩᠰᠠ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ | ᠬᠡᠷᠡᠭᠵᠢᠭᠦᠯᠵᠦ ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠳᠦᠷᠢᠮ ᠤᠨ ᠴᠢᠨᠠᠷᠲᠠᠢ ᠠᠷᠠᠯᠵᠢᠶᠠᠨ ᠤ ᠥᠪᠡᠷ ᠤᠨ ᠦᠷᠳᠡᠭ ᠢ ᠴᠢᠨᠠᠬᠰᠢᠳᠠ ᠪᠠᠭᠤᠷᠠᠭᠤᠯᠤᠨ᠎ᠠ ᠃ | 5000 ᠮᠦ ᠲᠠᠷᠢᠶᠠᠨ ᠭᠠᠵᠠᠷ ᠤᠨ ᠨᠥᠭᠡᠴᠡ ᠶᠢ ᠨᠥᠬᠦᠪᠦᠷᠢᠯᠡᠬᠦ ᠶᠢ ᠪᠡᠶᠡᠯᠡᠭᠦᠯᠵᠦ ᠂ ᠬᠢᠨᠠᠨ ᠵᠥᠪᠰᠢᠶᠡᠷᠡᠬᠦ ᠴᠠᠭ ᠬᠤᠭᠤᠴᠠᠭ᠎ᠠ ᠶᠢ 45 ᠡᠳᠦᠷ ᠪᠣᠭᠤᠨᠢᠰᠬᠠᠨ᠎ᠠ᠃ | ︽ ᠳᠥᠷᠪᠡ ᠶᠢ ᠭᠦᠢᠴᠡᠳᠬᠡᠬᠦ ︾ ᠥᠭᠡᠷᠡᠴᠢᠯᠡᠯᠲᠡ ᠶᠢ ᠭᠦᠨᠵᠡᠭᠡᠶᠢᠷᠡᠭᠦᠯᠤᠨ ᠂ ᠠᠮᠠᠯᠳᠠ ᠪᠠᠨ ᠮᠡᠳᠡᠭᠳᠡᠬᠦ ᠪᠠ ᠳᠤᠲᠠᠭᠤ ᠶᠢ ᠭᠥᠯᠢᠶᠡᠨ ᠠᠪᠴᠤ ᠰᠢᠢᠳᠪᠦᠷᠢᠯᠡᠬᠦ | ᠦᠢᠯᠡᠴᠢᠯᠡᠭᠡᠨ ᠤ ᠵᠠᠭᠪᠤᠷ ᠢ ᠪᠥᠬᠦ ᠲᠠᠯ᠎ᠠ ᠪᠠᠷ ᠬᠡᠷᠡᠭᠵᠢᠭᠦᠯᠵᠦ ᠂ ︽ ᠳᠠᠷᠤᠢ ᠳᠤᠨᠢ ᠬᠢᠨᠠᠨ ᠵᠦᠪᠰᠢᠶᠡᠷᠡᠵᠤ ᠳᠠᠷᠤᠢ ᠳᠤᠨᠢ ᠬᠦᠢᠴᠡᠳᠭᠡᠬᠦ ︾ ᠂ ︽ ᠨᠢᠭᠡ ᠦᠨᠡᠮᠯᠡᠯ ᠢᠶᠠᠷ | ᠨᠡᠶᠢᠳᠡᠮ ᠭᠦᠢᠴᠡᠳᠬᠡᠬᠦ ︾ ᠂ ︽ ᠠᠮᠠᠷᠬᠠᠨ ᠰᠢᠢᠳᠪᠦᠷᠢᠯᠡᠵᠦ ᠲᠦᠷᠭᠡᠨ ᠭᠦᠢᠴᠡᠳᠬᠡᠬᠦ ︾ ᠂ ︽ ᠭᠤᠶᠤᠴᠢᠯᠠᠬᠤ ᠦᠭᠡᠢ ᠪᠠᠷ ᠳᠠᠷᠤᠢ ᠡᠳ᠋ᠯᠡᠬᠦ ︾ ᠤᠴᠢᠷ ᠶᠠᠪᠤᠳᠠᠯ ᠢ | 300 ᠵᠦᠢᠯ ᠠᠴᠠ ᠳᠡᠭᠡᠭᠰᠢ ᠨᠡᠶᠢᠲᠡᠯᠡᠵᠦ ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠥᠬᠦ ᠶᠠᠪᠤᠴᠠ ᠶᠢᠨ ︽ ᠠᠯᠠᠭᠠᠨ ᠳᠡᠭᠡᠷ᠎ᠡ ᠪᠠᠨ ᠭᠦᠢᠴᠡᠳᠬᠡᠬᠦ ︾ ᠤᠴᠢᠷ | ᠶᠠᠪᠤᠳᠠᠯ ᠢ 80% ᠪᠣᠯᠲᠠᠯ᠎ᠠ ᠨᠡᠮᠡᠭᠳᠡᠭᠦᠯᠦᠨ᠎ᠡ ᠃ ᠬᠤᠰᠢᠭᠤ ᠰᠢᠶᠠᠩ ᠲᠣᠰᠬᠤᠨ ᠭᠤᠷᠪᠠᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠳᠤᠬᠳᠠᠯᠴᠠᠭ᠎ᠠ ᠶᠢ ᠲᠡᠭᠦᠯᠳᠡᠷᠵᠢᠭᠦᠯᠵᠦ ᠂ ︽ᠨᠢᠭᠡᠴᠤᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ ︾ ᠂ ︽ ᠬᠠᠪᠰᠤᠷᠤᠨ ᠭᠦᠢᠴᠡᠳᠬᠡᠵᠤ ᠣᠷᠣᠯᠠᠨ | ᠭᠦᠢᠴᠡᠳᠬᠡᠬᠦ ︾ ᠵᠡᠷᠭᠡ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠦᠨᠳᠦᠰᠦᠨ ᠱᠠᠲᠤ ᠳᠡᠶᠢᠰᠢ ᠤᠷᠲᠤᠳᠬᠠᠬᠤ ᠶᠢ ᠠᠬᠢᠭᠤᠯᠵᠤ ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠪᠠᠷᠢᠮᠵᠢᠶᠠᠵᠢᠯᠲᠠ ᠂ ᠵᠢᠷᠤᠮᠵᠢᠭᠤᠯᠤᠯᠲᠠ ᠂ ᠳᠥᠭᠦᠮᠴᠢᠯᠡᠯᠲᠡ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ ᠃ | ︵ᠳᠥᠷᠪᠡ︶ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠬᠦᠴᠦᠯᠡᠨ ᠴᠢᠩᠭᠠᠳᠬᠠᠵᠤ ᠂ ᠴᠢᠨᠠᠷ ᠰᠠᠶᠢᠲᠠᠢ ᠬᠥᠭᠵᠢᠯᠲᠡ ᠶᠢᠨ ᠨᠣᠭᠤᠭᠠᠨ ᠬᠠᠯᠬᠠᠪᠴᠢ ᠶᠢ | ᠪᠠᠬᠢᠵᠢᠭᠦᠯᠦᠨ᠎ᠡ | ᠠᠮᠢ ᠠᠬᠤᠢ ᠶᠢ ᠰᠡᠷᠬᠦᠭᠡᠬᠦ ᠵᠠᠰᠠᠯᠳᠠ ᠶᠢᠨ ᠠᠵᠢᠯ ᠢ ᠰᠢᠰᠲ᠋ᠧᠮ ᠲᠠᠢ ᠥᠷᠨᠢᠭᠦᠯᠦᠨ᠎ᠡ᠃ ᠤᠯᠤᠰ ᠤᠨ ᠭᠠᠵᠠᠷ ᠰᠢᠷᠣᠢ ᠶᠢ ᠨᠣᠭᠤᠭᠠᠷᠠᠭᠤᠯᠬᠤ ᠪᠠ | ᠡᠯᠡᠰᠦᠷᠬᠡᠭᠵᠢᠬᠦ ᠶᠢ ᠰᠡᠷᠭᠡᠶᠢᠯᠡᠨ ᠡᠯᠡᠰᠦ ᠶᠢ ᠵᠠᠰᠠᠬᠤ ᠶᠢ ᠰᠢᠨᠵᠢᠯᠡᠬᠦ ᠤᠬᠠᠭᠠᠨᠴᠢ ᠪᠠᠷ ᠠᠬᠢᠭᠤᠯᠵᠤ ᠂ ᠣᠶ ᠮᠤᠳᠤ ᠨᠤᠳᠤᠭ ᠪᠡᠯᠴᠢᠭᠡᠷ ᠤᠨ ᠠᠮᠢ ᠠᠬᠤᠢ ᠶᠢᠨ | ᠪᠦᠲᠦᠭᠡᠨ ᠪᠠᠶᠢᠭᠤᠯᠤᠯᠲᠠ ᠶᠢ 24 ᠲᠦᠮᠡᠨ ᠮᠦ ᠠᠴᠠ ᠳᠡᠭᠡᠭᠰᠢ ᠪᠡᠶᠡᠯᠡᠭᠦᠯᠵᠦ ᠂ ᠬᠥᠪᠴᠢ ᠶᠢᠨ ᠡᠯᠡᠰᠤᠨ ᠴᠦᠯ ᠢ 3.5 ᠲᠦᠮᠡᠨ ᠮᠦ ᠶᠡᠷᠦᠩᠬᠡᠶᠢᠯᠡᠨ ᠵᠠᠰᠠᠨ᠎ᠠ ᠃ | ᠪᠥᠬᠦ ᠬᠤᠲᠠ ᠶᠢᠨ ᠣᠶ ᠰᠢᠭᠤᠢ ᠶᠢᠨ ᠨᠡᠭᠦᠷᠡᠰᠦᠲᠥ᠋ᠷᠥᠭᠴᠢ ᠶᠢ ᠬᠤᠷᠢᠶᠠᠨ ᠠᠪᠬᠤ ᠠᠷᠠᠯᠵᠢᠶᠠᠨ ᠤ ᠲᠤᠷᠰᠢᠯᠲᠠ ᠶᠢᠨ ᠴᠡᠭ ᠤᠨ ᠪᠠᠷᠢᠯᠭ᠎ᠠ ᠶᠢ ᠵᠣᠬᠢᠶᠠᠨ ᠪᠠᠶᠢᠭᠤᠯᠤᠨ | ᠬᠡᠷᠡᠭᠵᠢᠭᠦᠯᠵᠦ ᠂ ᠣᠷᠣᠭᠤᠯᠤᠯᠲᠠ ᠬᠡᠷᠡᠭᠯᠡᠯᠲᠡ ᠶᠢ ᠨᠢᠭᠡ ᠴᠣᠭᠴᠠᠵᠢᠭᠤᠯᠤᠭᠰᠠᠨ ᠳᠤᠭᠠᠵᠢᠭᠤᠯᠤᠬᠰᠠᠨ ᠬᠢᠨᠠᠨ ᠭᠡᠮᠵᠢᠬᠦ ᠳᠠᠪᠴᠠᠩ ᠢ ᠪᠦᠳᠤᠭᠡᠨ ᠪᠠᠶᠢᠭᠤᠯᠤᠨ᠎ᠠ᠃ | ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠳᠠ ᠵᠠᠰᠠᠯᠳᠠ ᠶᠢᠨ ︽ ᠠᠷᠪᠠᠨ ᠶᠡᠭᠡ ᠠᠵᠢᠯᠯᠠᠭ᠎ᠠ ︾ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠤᠨ ᠂ ᠬᠥᠷᠥᠰᠥ ᠰᠢᠷᠣᠢ ᠶᠢᠨ ᠢᠳᠡᠭᠳᠡᠯ ᠢ10 ᠲᠦᠮᠡᠨ ᠮᠦ ᠵᠠᠰᠠᠵᠤ ᠂ ᠭᠤᠣᠯᠳᠠᠯᠭ᠎ᠠ ᠲᠠᠢ ᠰᠠᠪᠠ ᠭᠠᠵᠠᠷ ᠤᠨ ᠣᠭᠲᠣᠯᠣᠭᠠᠰᠤ ᠶᠢᠨ ᠤᠰᠤᠨ ᠤ | ᠴᠢᠨᠠᠷ ᠢ ᠲᠣᠭᠲᠠᠭᠤᠨ ᠢᠶᠠᠷ ᠪᠠᠷᠢᠮᠵᠢᠶ᠎ᠠ ᠳᠤ ᠬᠦᠷᠭᠡᠬᠦ ᠶᠢ ᠪᠠᠳᠤᠯᠠᠨ᠎ᠠ᠃ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠠᠮᠢ ᠠᠬᠤᠢ ᠶᠢ | ᠰᠡᠷᠭᠦᠭᠡᠬᠦ ᠵᠠᠰᠠᠯᠳᠠ ᠶᠢᠨ ᠬᠤᠷᠢᠨ ᠵᠤᠷᠪᠤᠰ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠲᠣᠭᠤᠷᠢᠨ ᠳᠤ ᠂ ᠠᠭᠤᠷᠬᠠᠢ ᠶᠢᠨ ᠪᠥᠬᠦ ᠬᠦᠴᠦᠨ ᠵᠦᠢᠯ ᠤᠨ ᠪᠣᠬᠢᠷᠳᠤᠯ | ᠦᠭᠡᠢ ᠵᠠᠰᠠᠯᠲᠠ ᠪᠠ ᠲᠥᠪᠯᠡᠷᠡᠭᠦᠯᠦᠨ ᠵᠠᠯᠭᠠᠯᠳᠤᠭᠤᠯᠤᠨ ᠵᠠᠰᠠᠬᠤ ᠶᠢ ᠠᠬᠢᠭᠤᠯᠵᠤ ᠂ ᠠᠭᠤᠷᠬᠠᠢ ᠶᠢᠨ ᠣᠷᠣᠨ ᠤ ᠳᠠᠬᠢᠨ ᠬᠠᠭᠠᠯᠪᠤᠷᠢᠯᠠᠬᠤ ᠶᠢ ᠵᠠᠰᠠᠬᠤ ᠪᠠᠷᠢᠮᠵᠢᠶ᠎ᠠ ᠶᠢ | ᠭᠤᠣᠯᠳᠠᠯᠭ᠎ᠠ ᠲᠠᠢ ᠳᠡᠭᠡᠭᠰᠢᠯᠡᠭᠦᠯᠦᠨ ᠂ ᠲᠥᠪᠯᠡᠷᠡᠭᠦᠯᠦᠨ ᠵᠠᠯᠭᠠᠯᠳᠤᠭᠤᠯᠤᠨ ᠵᠠᠰᠠᠬᠤ ᠂ ᠪᠦᠬᠦᠶᠢᠯᠡ ᠠᠭᠤᠯᠠ ᠭᠤᠤ ᠶᠢ ᠵᠠᠰᠠᠬᠤ ᠵᠡᠷᠭᠡ ᠠᠰᠠᠭᠤᠳᠠᠯ ᠢ ᠬᠦᠴᠦᠯᠡᠨ | ᠰᠢᠢᠳᠪᠦᠷᠢᠯᠡᠵᠦ ᠂ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠤ ᠵᠠᠰᠠᠯᠲᠠ ᠶᠢ 3.7 ᠲᠦᠮᠡᠨ ᠮᠦ ᠠᠴᠠ ᠳᠡᠭᠡᠭᠰᠢ ᠪᠡᠶᠡᠯᠡᠭᠦᠯᠵᠦ ᠂ ᠪᠣᠬᠢᠷᠳᠤᠯ ᠦᠭᠡᠢ | ᠠᠭᠤᠷᠬᠠᠢ ᠶᠢᠨ ᠨᠡᠶᠢᠲᠡᠯᠢᠭ ᠵᠢᠱᠢᠶ᠎ᠡ ᠦᠵᠡᠭᠦᠯᠬᠦ ᠠᠭᠤᠷᠬᠠᠢ ᠶᠢ 20 ᠠᠴᠠ ᠳᠡᠭᠡᠭᠰᠢ ᠡᠭᠦᠳᠦᠨ ᠪᠠᠶᠢᠭᠤᠯᠤᠨ᠎ᠠ ᠃ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ | ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠨ ᠂ ᠠᠮᠢ ᠠᠬᠤᠢ ᠶᠢᠨ ᠰᠢᠰᠲ᠋ᠧᠮ ᠤᠨ ᠤᠯᠠᠨ ᠶᠠᠩᠵᠤᠲᠤ ᠴᠢᠨᠠᠷ ᠂ ᠲᠣᠭᠲᠠᠪᠤᠷᠢᠲᠤ ᠴᠢᠨᠠᠷ ᠂ ᠦᠷᠭᠦᠯᠵᠢᠯᠡᠬᠦ ᠴᠢᠨᠠᠷ ᠢ | ᠳᠡᠭᠡᠭᠰᠢᠯᠡᠭᠦᠯᠦᠨ᠎ᠡ᠃ | ᠪᠣᠬᠢᠷᠳᠤᠯ ᠢ ᠰᠡᠷᠭᠡᠶᠢᠯᠡᠨ ᠵᠠᠰᠠᠬᠤ ᠦᠷ᠎ᠡ ᠪᠦᠲᠦᠮᠵᠢ ᠶᠢ ᠪᠠᠬᠢᠵᠢᠭᠦᠯᠦᠨ ᠳᠡᠭᠡᠭᠰᠢᠯᠡᠭᠦᠯᠦᠨ᠎ᠡ᠃ ᠠᠭᠤᠷᠬᠠᠢ ᠶᠢᠨ ᠣᠷᠣᠨ ᠤ ᠣᠷᠴᠢᠨ ᠲᠣᠭᠤᠷᠢᠨ ᠢ ᠶᠡᠷᠦᠩᠬᠡᠶᠢᠯᠡᠨ | ᠴᠡᠭᠴᠡᠯᠡᠨ ᠵᠠᠰᠠᠬᠤ ᠶᠢ ᠴᠢᠩᠭᠠᠳᠬᠠᠨ ᠂ ᠨᠡᠭᠦᠷᠡᠰᠦᠨ ᠠᠭᠤᠷᠬᠠᠢ ᠶᠢᠨ ᠠᠭᠤᠷᠬᠠᠢ ᠳᠤ ᠣᠷᠣᠬᠤ ᠭᠤᠣᠯ ᠵᠠᠮ ᠢ ᠪᠦᠬᠦᠨ ᠢ ᠬᠠᠲᠠᠭᠤᠷᠠᠭᠤᠯᠬᠤ ᠪᠠᠷ ᠴᠢᠷᠮᠠᠶᠢᠵᠤ ᠂ | ᠲᠣᠭᠤᠰᠣ ᠳᠡᠭᠳᠡᠵᠦ ᠰᠠᠭᠤᠬᠤ ᠪᠣᠬᠢᠷᠳᠤᠯ ᠢ ᠪᠠᠭᠠᠰᠬᠠᠨ᠎ᠠ᠃ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠪᠥᠬᠦ ᠶᠠᠪᠤᠴᠠ ᠶᠢᠨ ᠬᠡᠲᠦ ᠳᠣᠣᠷ᠎ᠠ | ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠶᠢ ᠥᠷᠨᠢᠭᠦᠯᠵᠦ ᠂ ᠢ ᠭᠤᠸ ᠂ ᠳ᠋ᠦᠩ ᠬᠤᠸᠠ ᠵᠡᠷᠭᠡ 9 ᠠᠵᠤ ᠠᠬᠤᠶᠢᠯᠠᠯ ᠤᠨ ᠳᠡᠭᠳᠡᠮᠡᠬᠡᠢ ᠴᠢᠨᠠᠷᠲᠠᠢ ᠣᠷᠭᠠᠨᠢᠭ | ᠪᠣᠳᠠᠰ ᠤᠨ ᠵᠠᠰᠠᠯᠲᠠ ᠶᠢ ᠪᠡᠶᠡᠯᠡᠭᠦᠯᠵᠦ ᠂ ᠠᠭᠠᠷ ᠤᠨ ᠰᠢᠯᠢᠳᠡᠭ ᠰᠠᠶᠢᠨ ᠨᠣᠷᠮ᠎ᠠ ᠶᠢ ᠦᠷᠭᠦᠯᠵᠢᠯᠡᠨ ᠳᠡᠭᠡᠭᠰᠢᠯᠡᠭᠦᠯᠦᠨ᠎ᠡ ᠃ ᠭᠤᠣᠯ ᠤᠷᠤᠭᠤ ᠪᠣᠬᠢᠷᠳᠤᠯ | ᠭᠠᠳᠠᠭᠰᠢᠯᠠᠭᠤᠯᠬᠤ ᠠᠮᠠ ᠶᠢ ᠴᠡᠭᠴᠡᠯᠡᠨ ᠵᠠᠰᠠᠬᠤ ᠠᠵᠢᠯ ᠢ ᠰᠢᠰᠲ᠋ᠧᠮ ᠲᠠᠢ ᠥᠷᠨᠢᠭᠦᠯᠵᠦ ᠂ ᠨᠡᠭᠡᠭᠡᠯᠲᠡ ᠶᠢᠨ ᠤᠷᠤᠨ ᠤ ᠪᠣᠬᠢᠷ ᠤᠰᠤ ᠠᠷᠢᠭᠤᠳᠬᠠᠨ ᠰᠢᠢᠳᠪᠦᠷᠢᠯᠡᠬᠦ | ᠦᠢᠯᠡᠳᠪᠦᠷᠢ ᠶᠢ ᠲᠥᠯᠥᠪᠵᠢᠭᠦᠯᠦᠨ ᠪᠦᠲᠦᠭᠡᠨ ᠪᠠᠶᠢᠭᠤᠯᠵᠤ ᠂ ᠬᠤᠲᠠ ᠶᠢᠨ ᠶᠠᠪᠤᠳᠠᠯ ᠤᠨ ᠲᠣᠭᠤᠷᠢᠭ ᠤᠨ ᠳᠠᠬᠢᠨ ᠠᠰᠢᠬᠯᠠᠬᠤ ᠤᠰᠤᠨ ᠤ | ᠨᠣᠭᠤᠭᠠᠷᠠᠭᠤᠯᠤᠯᠳᠠ ᠶᠢᠨ ᠬᠤᠭᠤᠯᠠᠢ ᠲᠣᠣᠷ ᠤᠨ ᠪᠠᠷᠢᠯᠭ᠎ᠠ ᠶᠢ ᠲᠦᠷᠭᠡᠳᠬᠡᠨ ᠬᠡᠷᠡᠭᠵᠢᠭᠦᠯᠵᠦ ᠂ ᠪᠣᠬᠢᠷ ᠤᠰᠤ ᠶᠢ ᠰᠢᠭᠤᠳ ᠦᠯᠤ ᠭᠠᠳᠠᠭᠰᠢᠯᠠᠭᠤᠯᠬᠤ ᠣᠷᠣᠨ ᠤ | ᠲᠤᠷᠰᠢᠯᠲᠠ ᠶᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠦᠨ ᠂ ᠬᠠᠳᠠᠭᠠᠯᠠᠭᠳᠠᠵᠤ ᠪᠠᠶᠢᠭ᠎ᠠ ᠥᠨᠳᠥᠷ ᠳᠠᠪᠤᠰᠤᠲᠤ ᠤᠰᠤ ᠶᠢ ᠰᠢᠢᠳᠪᠦᠷᠢᠯᠡᠬᠦ ᠶᠢ ᠪᠡᠶᠡᠯᠡᠭᠦᠯᠦᠨ᠎ᠡ ᠃ | ᠪᠥᠬᠦ ᠬᠤᠰᠢᠭᠤᠨ ᠤ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠰᠢᠢᠳᠪᠦᠷᠢᠯᠡᠬᠦ ᠲᠥᠷᠥᠯ ᠵᠦᠢᠯ ᠢ ᠪᠦᠲᠦᠭᠡᠨ ᠪᠠᠶᠢᠭᠤᠯᠵᠤ ᠂ ᠬᠤᠭ ᠨᠣᠪᠰᠢ ᠶᠢ | ᠰᠢᠲᠠᠭᠠᠵᠤ ᠴᠠᠬᠢᠯᠭᠠᠨ ᠭᠠᠷᠭᠠᠬᠤ ᠶᠢ ᠰᠦᠪᠡᠭᠴᠢᠯᠡᠨ ᠠᠬᠢᠭᠤᠯᠵᠤ ᠂ ᠰᠤᠸᠠᠨ ᠼᠢ ᠭᠸᠦ ᠂ ᠲᠠᠩ ᠵᠢᠶᠠ ᠬᠤᠶ ᠵᠡᠷᠭᠡ 4 ᠨᠡᠭᠦᠷᠡᠰᠦᠨ ᠠᠭᠤᠷᠬᠠᠢ ᠶᠢᠨ ᠬᠤᠳᠳᠤᠭ | ᠳᠣᠣᠷᠠᠬᠢ ᠨᠡᠬᠦᠷᠡᠰᠤᠨ ᠴᠢᠯᠠᠭᠤ ᠪᠠᠷ ᠪᠤᠴᠠᠭᠠᠵᠤ ᠪᠥᠭᠯᠡᠬᠦ ᠲᠥᠷᠥᠯ ᠵᠦᠢᠯ ᠢ ᠪᠦᠳᠤᠭᠡᠨ ᠪᠠᠶᠢᠭᠤᠯᠵᠤ ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ | ᠰᠢᠢᠳᠪᠦᠷᠢᠯᠡᠬᠦ ᠳᠡᠭᠡᠨ ᠬᠦᠨᠤᠭᠡᠯ ᠦᠭᠡᠶᠢᠳᠡᠬᠦᠯᠬᠦ ᠂ ᠬᠡᠮᠵᠢᠶ᠎ᠡ ᠶᠢ ᠪᠠᠭᠠᠰᠬᠠᠬᠤ ᠂ ᠡᠬᠢ ᠪᠠᠶᠠᠯᠢᠭᠵᠢᠭᠤᠯᠬᠤ ᠶᠢ ᠠᠬᠢᠭᠤᠯᠤᠨ᠎ᠠ ᠃ ᠠᠮᠢ ᠠᠬᠤᠢ ᠣᠷᠴᠢᠨ ᠲᠣᠭᠤᠷᠢᠨ ᠤ | ᠤᠷᠳᠤ ᠬᠤᠭᠤᠴᠠᠭᠠᠨ ᠤ ᠪᠦᠲᠦᠮᠵᠢᠲᠡᠢ ᠬᠠᠮᠠᠭᠠᠯᠠᠯᠲᠠ ᠵᠠᠰᠠᠯᠲᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ ᠂ ᠬᠤᠶᠠᠳᠤᠭᠠᠷ ᠡᠭᠡᠯᠵᠢ ᠶᠢᠨ ᠲᠥᠪ ᠤᠨ | ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠬᠠᠯᠠᠨ ᠰᠠᠶᠢᠵᠢᠷᠠᠭᠤᠯᠬᠤ ᠶᠢ ᠪᠦᠬᠦ | ᠬᠦᠴᠤᠨ ᠢᠶᠠᠷ ᠢᠶᠠᠨ ᠰᠠᠶᠢᠳᠤᠷ ᠠᠳᠬᠤᠨ᠎ᠠ᠃ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠷᠪᠢᠯᠠᠨ ᠭᠠᠮᠨᠠᠬᠤ ᠬᠥᠭᠵᠢᠯᠲᠡ ᠶᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ ᠨᠡᠭᠦᠷᠡᠰᠦᠲᠥ᠋ᠷᠥᠭᠴᠢ ᠶᠢᠨ | ᠭᠠᠳᠠᠬᠰᠢᠯᠠᠭᠤᠯᠤᠯᠳᠠ ᠶᠢ ᠣᠷᠭᠢᠯ ᠭᠡᠮᠵᠢᠭᠳᠡᠯ ᠳᠤ ᠬᠦᠷᠭᠡᠬᠦ ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠠᠵᠢᠯ ᠢ ᠢᠳᠡᠪᠬᠢᠲᠡᠢ ᠪᠥᠭᠡᠳ ᠯᠠᠪᠳᠠᠭᠤᠨ ᠢᠶᠠᠷ | ᠠᠬᠢᠭᠤᠯᠵᠤ ᠂ ︽ ᠬᠤᠶᠠᠷ ᠥᠨᠳᠥᠷ ︾ ᠲᠥᠷᠥᠯ ᠵᠦᠢᠯ ᠤᠨ ᠰᠣᠬᠤᠷ ᠪᠠᠯᠠᠢ ᠬᠥᠭᠵᠢᠯᠳᠡ ᠶᠢ ᠡᠷᠡᠰ ᠬᠤᠷᠢᠭᠯᠠᠨ ᠂ ᠭᠤᠣᠯᠳᠠᠯᠭ᠎ᠠ ᠲᠠᠢ ᠠᠵᠢᠯ ᠲᠥᠷᠥᠯ ᠤᠨ | ᠬᠦᠷᠢᠶᠠᠴᠠᠷᠠᠭᠠᠨ ᠳᠠᠬᠢ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ ᠡᠷᠴᠢᠮ ᠢ ᠴᠢᠩᠭᠠᠷᠠᠭᠤᠯᠵᠤ ᠂ ᠲᠢᠶᠠᠨ ᠷᠦᠨ ᠂ ᠳ᠋ᠦᠩ ᠢ ᠂ ᠵᠢᠦ ᠲᠠᠢ ᠂ ᠪᠠᠷᠠᠭᠤᠨ | ᠬᠤᠶᠢᠲᠤ ᠶᠢᠨ ᠡᠨᠧᠷᠭᠢ ᠵᠡᠷᠭᠡ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠢ ᠪᠡᠶᠡᠯᠡᠭᠦᠯᠵᠦ ᠂ ᠵᠡᠬᠦᠠᠭᠠᠷ ᠤᠨ ᠡᠨᠧᠷᠭᠢ ᠶᠢᠨ ᠪᠦᠯᠦᠭᠯᠡᠯ ᠤᠨ ᠨᠡᠭᠦᠷᠡᠰᠦ ᠪᠠᠷ | ᠰᠠᠭᠤᠷᠢ ᠪᠣᠯᠭᠠᠭᠰᠠᠨ ᠨᠠᠨᠦᠮᠧᠲᠷ ᠤᠨ ᠨᠡᠭᠦᠷᠡᠰᠦ ᠤᠰᠤᠲᠥ᠋ᠷᠥᠭᠴᠢ ᠶᠢᠨ ᠳᠦᠯᠡᠰᠢᠨ ᠤ ᠢᠯᠴᠢ ᠶᠢᠨ ᠬᠦᠴᠦᠨ ᠢᠶᠠᠷ ᠴᠠᠬᠢᠯᠭᠠᠨ ᠭᠠᠷᠭᠠᠬᠤ ᠮᠡᠷᠭᠡᠵᠢᠯ ᠤᠨ ᠦᠷ᠎ᠡ | ᠪᠦᠲᠦᠭᠡᠯ ᠤᠨ ᠬᠡᠷᠡᠭᠯᠡᠯᠲᠡ ᠶᠢ ᠠᠬᠢᠭᠤᠯᠤᠨ᠎ᠠ ᠃ ᠰᠢᠨ᠎ᠡᠡᠨᠧᠷᠭᠢ ᠶᠢᠨ ᠠᠭᠤᠷᠬᠠᠢ ᠳᠤ ᠭᠡᠷᠡᠭᠯᠡᠬᠦ ᠠᠴᠢᠶᠠᠨ ᠤ ᠮᠠᠰᠢᠨ ᠢ ᠳᠡᠯᠭᠡᠷᠡᠭᠦᠯᠦᠨ ᠬᠡᠷᠡᠭᠯᠡᠵᠦ ᠂ | ᠨᠡᠭᠦᠷᠡᠰᠦᠲᠥ᠋ᠷᠥᠭᠴᠢ ᠦᠭᠡᠢ ᠠᠭᠤᠷᠬᠠᠢ ᠶᠢᠨ ᠣᠷᠣᠨ ᠢ ᠴᠢᠷᠮᠠᠶᠢᠨ ᠪᠠᠶᠢᠭᠤᠯᠤᠨ᠎ᠠ᠃ ︽ ᠳᠠᠪᠤ ᠶᠢ ᠳᠤᠶᠢᠯᠪᠤᠷᠢᠳᠠᠢ ᠪᠠᠶᠢᠴᠠᠭᠠᠬᠤ ︾ ᠠᠵᠢᠯᠯᠠᠭ᠎ᠠ ᠶᠢ | ᠭᠦᠨᠵᠡᠭᠡᠶᠢᠷᠡᠭᠦᠯᠤᠨ ᠂ ᠵᠥᠪᠰᠢᠶᠡᠷᠡᠭᠰᠡᠨ ᠪᠣᠯᠪᠠᠴᠤ ᠬᠠᠩᠭᠠᠭᠠᠳᠤᠢ ᠭᠠᠵᠠᠷ ᠰᠢᠷᠣᠢ ᠂ ᠰᠤᠯᠠ ᠲᠠᠯᠪᠢᠭᠰᠠᠨ ᠭᠠᠵᠠᠷ ᠰᠢᠷᠣᠢ ᠶᠢ 289 ᠾᠧᠺᠲ᠋ᠠᠷ ᠭᠡᠷᠡᠭᠯᠡᠵᠤ ᠂ ᠡᠬᠢ | ᠪᠠᠶᠠᠯᠢᠭ ᠢ ᠠᠷᠪᠢᠲᠠᠢ ᠡᠷᠴᠢᠮᠯᠢᠭ ᠠᠰᠢᠭᠯᠠᠬᠤ ᠶᠢ ᠠᠬᠢᠭᠤᠯᠤᠨ᠎ᠠ᠃ ︽ ᠤᠰᠤ ᠪᠠᠷ ᠳᠥᠷᠪᠡ ᠶᠢ ᠲᠣᠭᠲᠠᠭᠠᠬᠤ ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ ᠂ | ᠤᠰᠤ ᠬᠡᠷᠡᠭᠯᠡᠬᠦ ᠬᠢᠵᠠᠭᠠᠷᠯᠠᠯ ᠢ ᠪᠥᠬᠦ ᠲᠠᠯ᠎ᠠ ᠪᠠᠷ ᠴᠢᠩᠭᠠᠷᠠᠭᠤᠯᠵᠤ ᠂ ᠲᠠᠷᠢᠶᠠᠯᠠᠩ ᠮᠠᠯ ᠠᠵᠤ ᠠᠬᠤᠢ ᠂ ᠠᠵᠤ ᠦᠢᠯᠡᠳᠪᠦᠷᠢ ᠶᠢᠨ ᠤᠰᠤ ᠠᠷᠪᠢᠯᠠᠬᠤ ᠨᠢᠭᠡ ᠪᠦᠯᠦᠭ | ᠵᠢᠱᠢᠶ᠎ᠡ ᠦᠵᠡᠭᠦᠯᠬᠦ ᠲᠥᠷᠥᠯ ᠵᠦᠢᠯ ᠢ ᠪᠣᠶ ᠪᠣᠯᠭᠠᠵᠤ ᠂ ᠳᠠᠬᠢᠨ ᠠᠰᠢᠬᠯᠠᠬᠰᠠᠨ ᠤᠰᠤ ᠶᠢ ᠡᠷᠭᠢᠯᠳᠦᠭᠦᠯᠦᠨ ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ ᠃ | ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠶᠢ ᠴᠢᠩᠭᠠᠷᠠᠭᠤᠯᠤᠨ᠂ ᠵᠡᠬᠦᠠᠭᠠᠷ ᠤᠨ ᠡᠨᠧᠷᠭᠢ ᠶᠢᠨ ᠪᠦᠯᠦᠭᠯᠡᠯ ᠤᠨ ᠨᠤᠨᠳᠠᠭ ᠨᠡᠭᠦᠷᠡᠰᠦᠨ ᠤ ᠦᠨᠡᠰᠦ ᠠᠴᠠ | ᠢᠰᠦᠯᠳᠦᠭᠰᠡᠨ ᠬᠦᠩᠭᠡᠨᠴᠡᠭᠠᠨ ᠢ ᠭᠠᠷᠭᠠᠨ ᠠᠪᠬᠤ ᠂ ᠬᠤᠢ ᠨᠧᠩ ᠪᠦᠯᠦᠭᠯᠡᠯ ᠤᠨ ᠨᠡᠭᠦᠷᠡᠰᠦ ᠪᠠᠷ ᠰᠠᠭᠤᠷᠢ ᠪᠣᠯᠭᠠᠭᠰᠠᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ | ᠶᠡᠷᠦᠩᠬᠡᠶᠢᠯᠡᠨ ᠠᠰᠢᠭᠯᠠᠬᠤ ᠂ ᠵᠢᠩ ᠷᠦᠢ ᠶᠢᠨ ᠥᠭᠡᠬᠦᠨ ᠴᠢᠯᠠᠭᠤᠯᠢᠭ ᠡᠯᠡᠰᠦ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠪᠠᠷ | ᠠᠬᠢᠭᠤᠯᠵᠤ ᠂ ᠸᠠᠭᠠᠷ ᠱᠠᠭᠠᠵᠠᠩ᠂ ᠭᠠᠯ ᠳᠤ ᠳᠠᠭᠠᠭᠠᠴᠠᠳᠠᠢ ᠮᠠᠲ᠋ᠧᠷᠢᠶᠠᠯ ᠵᠡᠷᠭᠡ ᠠᠵᠤ ᠦᠢᠯᠡᠰ ᠢ ᠲᠠᠰᠤᠷᠠᠯᠳᠠ ᠦᠭᠡᠢ ᠪᠤᠵᠠᠭᠠᠶᠢᠷᠠᠭᠤᠯᠤᠨ᠂ ᠣᠷᠭᠠᠨᠢᠭ ᠪᠤᠰᠤ | ᠲᠡᠮᠦᠷᠯᠢᠭ ᠪᠤᠰᠤ ᠮᠠᠲ᠋ᠧᠷᠢᠶᠠᠯ ᠤᠨ ᠰᠦᠷᠦᠭᠵᠢᠨ ᠬᠥᠭᠵᠢᠬᠦ ᠶᠢ ᠠᠬᠢᠭᠤᠯᠵᠤ ᠂ ᠪᠥᠬᠦ ᠤᠯᠤᠰ ᠤᠨ ᠨᠡᠭᠦᠷᠡᠰᠦᠨ ᠤ ᠳᠠᠭᠠᠯᠲᠠ ᠡᠬᠢ ᠪᠠᠶᠠᠯᠢᠭ ᠢ ᠶᠡᠷᠦᠩᠬᠡᠶᠢᠯᠡᠨ | ᠠᠰᠢᠭᠯᠠᠬᠤ ᠰᠠᠭᠤᠷᠢᠨ ᠭᠠᠵᠠᠷ ᠢ ᠴᠣᠭᠴᠠᠯᠠᠨ ᠪᠠᠶᠢᠭᠤᠯᠤᠨ᠎ᠠ᠃ | ︵ᠲᠠᠪᠤ︶ ᠬᠤᠳᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠬᠦᠴᠦᠯᠡᠨ ᠲᠦᠷᠭᠡᠳᠬᠡᠵᠦ ᠴᠢᠨᠠᠷ ᠰᠠᠶᠢᠲᠠᠢ ᠬᠥᠭᠵᠢᠯᠲᠡ ᠶᠢᠨ ᠪᠠᠲᠤ ᠪᠠᠬᠢ ᠰᠠᠭᠤᠷᠢ ᠶᠢ | ᠪᠠᠬᠢᠵᠢᠭᠦᠯᠦᠨ᠎ᠡ | ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ᠃ ︽ ᠨᠢᠭᠡᠳᠦᠭᠡᠷ ᠠᠵᠤ ᠦᠢᠯᠡᠰ ᠢ ᠳᠠᠬᠢᠨ ᠴᠤᠬᠴᠠᠯᠠᠬᠤ ︾ ᠭᠤᠷᠪᠠᠨ | ᠵᠢᠯ ᠤᠨ ᠠᠵᠢᠯᠯᠠᠭ᠎ᠠ ᠶᠢ ᠬᠡᠷᠡᠭᠵᠢᠭᠦᠯᠵᠦ ᠂ ᠬᠤᠶᠠᠳᠤᠭᠠᠷ ᠠᠵᠤ ᠦᠢᠯᠡᠰ ᠢᠶᠠᠷ ᠨᠢᠭᠡᠳᠦᠭᠡᠷ ᠠᠵᠤ ᠦᠢᠯᠡᠰ ᠢ ᠳᠠᠶᠢᠴᠢᠯᠠᠬᠤ ᠵᠢᠱᠢᠶ᠎ᠡ ᠦᠵᠡᠭᠦᠯᠦᠨ ᠡᠭᠦᠳᠦᠨ | ᠪᠠᠶᠢᠭᠤᠯᠬᠤ ᠠᠵᠢᠯ ᠢ ᠭᠦᠨᠵᠡᠭᠡᠢ ᠥᠷᠨᠢᠭᠦᠯᠵᠦ ᠂ ︽ ᠭᠤᠷᠪᠠᠨ ᠬᠦᠷᠢᠶᠡᠯᠡᠩ ᠳᠤᠭᠤᠷᠢᠭ ᠂ ᠭᠤᠷᠪᠠᠨ ᠰᠠᠭᠤᠷᠢᠨ ᠂ ᠨᠢᠭᠡ ᠰᠢᠨ᠎ᠡ ᠬᠥᠳᠡᠭᠡ ᠲᠣᠰᠬᠤᠨ ︾ ᠢ | ᠬᠦᠴᠦᠯᠡᠨ ᠪᠠᠶᠢᠭᠤᠯᠤᠨ᠎ᠠ ᠃ ᠠᠮᠤ ᠪᠤᠳᠠᠭᠠᠨ ᠤ ᠠᠮᠤᠷ ᠲᠦᠪᠰᠢᠨ ᠤ ᠤᠯᠤᠰ ᠲᠥᠷᠥ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ ᠂ 1 ᠲᠦᠮᠡᠨ ᠮᠦ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ ᠪᠠᠶᠢᠭᠤᠯᠵᠤ ᠂ ᠠᠮᠤ ᠪᠤᠳᠠᠭᠠᠨ ᠤ ᠤᠨᠠᠯᠲᠠ ᠶᠢ 4.8 ᠳ᠋ᠦᠩᠰᠢᠭᠤᠷ ᠵᠢᠩ ᠠᠴᠠ | ᠳᠠᠪᠠᠭᠤᠯᠵᠤ ᠲᠣᠭᠲᠠᠪᠤᠷᠢᠵᠢᠭᠤᠯᠤᠨ᠎ᠠ ᠃ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠦᠳᠤᠯᠤᠨ | ᠳᠠᠭᠠᠭᠤᠯᠬᠤ ᠶᠢ ᠪᠠᠷᠢᠮᠳᠠᠯᠠᠨ᠂ ︽ ᠰᠢᠯᠢᠳᠡᠭ ᠢᠳᠡᠰᠢᠨ ᠨᠣᠭᠤᠭ᠎ᠠ ᠬᠤᠵᠢᠷᠯᠢᠭ ᠭᠠᠵᠠᠷ ᠤᠨ ᠠᠮᠤ ᠡᠯᠳᠡᠪ ᠠᠮᠤ ᠂ ᠢᠷᠭᠡ ︵ ᠰᠡᠷᠭᠡ︶ ᠠᠯᠠᠰᠢᠨ ᠦᠬᠡᠷ ᠠᠭᠤᠯᠠᠨ | ᠵᠢᠮᠢᠰ ︾ ᠤᠨ ᠵᠢᠷᠭᠤᠭᠠᠨ ᠶᠡᠭᠡ ᠣᠨᠴᠠᠯᠢᠭᠲᠤ ᠠᠵᠤ ᠦᠢᠯᠡᠰ ᠢ ᠦᠷᠭᠦᠯᠵᠢᠯᠡᠨ ᠪᠤᠵᠠᠭᠠᠶᠢᠷᠠᠭᠤᠯᠤᠨ ᠬᠦᠴᠦᠷᠬᠡᠭᠵᠢᠭᠦᠯᠵᠦ ᠂ ᠲᠠᠷᠢᠶᠠᠯᠠᠩ ᠬᠤᠳᠠᠯᠳᠤᠭ᠎ᠠ ᠬᠠᠷᠢᠯᠴᠠᠨ | ᠬᠤᠯᠪᠣᠭᠠᠯᠠᠭᠰᠠᠨ ᠣᠶᠤᠨᠴᠢ ᠬᠠᠩᠭᠠᠯᠭ᠎ᠠ ᠶᠢᠨ ᠬᠡᠯᠬᠢᠶᠡᠨ ᠤ ᠡᠳ᠋ᠰᠢᠭᠦᠯᠬᠦ ᠪᠠᠷᠠᠭᠠᠨ ᠤ ᠭᠦᠢᠯᠭᠡᠭᠡᠨ ᠤ ᠬᠦᠷᠢᠶᠡᠯᠡᠩ ᠳᠤᠭᠤᠷᠢᠭ ᠂ ᠰᠢᠶᠠᠨ ᠨᠦᠩ ᠣᠶᠤᠨᠴᠢ | ᠲᠠᠷᠢᠶᠠᠯᠠᠩ ᠂ ᠳ᠋ᠦᠩ ᠳ᠋ᠡ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠳᠤᠭᠤᠷᠢᠭ ᠵᠡᠷᠭᠡ ᠲᠥᠷᠥᠯ ᠵᠦᠢᠯ ᠢ | ᠨᠤᠳᠤᠬᠰᠢᠭᠤᠯᠤᠨ ᠪᠦᠲᠦᠭᠡᠨ ᠪᠠᠶᠢᠭᠤᠯᠬᠤ ᠶᠢ ᠠᠬᠢᠭᠤᠯᠵᠤ ᠂ ᠯᠢᠶᠠᠩ ᠶᠦᠨ ᠵᠠᠭᠤᠨ ᠲᠦᠮᠡᠨ ᠭᠠᠭ᠋ᠠᠢ ᠶᠢᠨ ᠪᠥᠬᠦ ᠠᠵᠤ ᠦᠢᠯᠡᠰ ᠤᠨ ᠬᠡᠯᠬᠢᠶ᠎ᠠ ᠶᠢᠨ ᠲᠥᠷᠥᠯ ᠵᠦᠢᠯ | ᠪᠠ ᠵᠡᠭᠦᠨᠭᠠᠷ ᠵᠣᠣ ᠂ ᠪᠤᠷᠤᠳᠤᠬᠤᠢ ᠶᠢᠨ ᠴᠢᠨᠠᠷ ᠰᠠᠶᠢᠲᠠᠢ ᠲᠦᠮᠡᠨ ᠦᠬᠡᠷ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠨ ᠠᠬᠢᠭᠤᠯᠵᠤ ᠂ ᠳᠠᠷᠢᠮᠠᠯ ᠲᠡᠵᠢᠭᠡᠪᠤᠷᠢ ᠶᠢᠨ ᠦᠢᠯᠡᠰ ᠢ ᠣᠨᠴᠠᠯᠢᠬᠵᠢᠭᠤᠯᠤᠨ ᠂ ᠦᠵᠦᠭᠦᠷᠰᠢᠬᠦᠯᠵᠤ ᠂ ᠬᠡᠪᠴᠢᠶᠡᠵᠢᠭᠦᠯᠦᠨ ᠬᠥᠭᠵᠢᠭᠦᠯᠬᠦ ᠶᠢ | ᠠᠬᠢᠭᠤᠯᠤᠨ᠎ᠠ ᠃ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠤᠬᠰᠠᠨ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ | ᠪᠦᠲᠦᠮᠵᠢᠲᠡᠶ ᠵᠣᠯᠭᠠᠭᠤᠯᠬᠤ ᠶᠢ ᠪᠠᠬᠢᠵᠢᠭᠦᠯᠦᠨ ᠥᠷᠭᠡᠳᠬᠡᠵᠦ ᠂ ︽ ᠲᠦᠮᠡᠨ ᠠᠵᠤ ᠠᠬᠤᠶᠢᠯᠠᠯ ᠢᠶᠠᠷ ᠲᠦᠮᠡᠨ ᠲᠣᠰᠬᠤᠨ ᠢ ᠬᠥᠭᠵᠢᠭᠦᠯᠦᠨ ᠮᠠᠨᠳᠤᠭᠤᠯᠬᠤ ︾ ᠂ ︽ | ᠠᠵᠤ ᠠᠬᠤᠶᠢᠯᠠᠯ ᠪᠤᠯᠤᠨ ᠭᠠᠵᠠᠷ ᠣᠷᠣᠨ ᠬᠠᠮᠲᠤ ᠪᠠᠷ ᠪᠦᠲᠦᠭᠡᠨ ᠪᠠᠶᠢᠭᠤᠯᠬᠤ ︾ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ ᠂ ︽ ᠭᠠᠵᠠᠷ ᠰᠢᠷᠣᠢ ᠶᠢ | ᠰᠢᠯᠵᠢᠬᠦᠯᠬᠦ + ᠰᠲ᠋ᠣᠺ ᠤᠨ ᠡᠷᠬᠡ ᠶᠢᠨ ᠠᠰᠢᠭ ᠣᠷᠣᠯᠭ᠎ᠠ ︾ ᠵᠡᠷᠭᠡ ᠣᠷᠣᠯᠭ᠎ᠠ ᠶᠢ ᠨᠡᠮᠡᠭᠳᠡᠭᠦᠯᠬᠦ ᠵᠠᠭᠪᠤᠷ ᠢ ᠳᠡᠯᠭᠡᠷᠡᠭᠦᠯᠦᠨ ᠂ ᠪᠦᠬᠦ ᠲᠣᠰᠬᠤᠨ ᠤ ᠬᠠᠮᠲᠤ ᠶᠢᠨ | ᠠᠵᠤ ᠠᠬᠤᠢ ᠶᠢᠨ ᠡᠵᠡᠩᠨᠡᠯᠲᠡ ᠶᠢᠨ ᠴᠢᠨᠠᠷᠲᠠᠢ ᠣᠷᠣᠯᠭ᠎ᠠ ᠶᠢ ᠪᠦᠬᠦᠨ ᠢ 35 ᠲᠦᠮᠡᠨ ᠲᠥᠭᠦᠷᠢᠭ ᠠᠴᠠ ᠳᠠᠪᠠᠭᠤᠯᠵᠤ ᠂ ᠲᠠᠷᠢᠶᠠᠴᠢᠳ ᠤᠨ ᠬᠥᠮᠥᠨ ᠳᠤᠮᠳᠠᠴᠢ | ᠣᠷᠣᠯᠭ᠎ᠠ ᠶᠢ 2000 ᠲᠥᠭᠦᠷᠢᠭ ᠠᠴᠠ ᠳᠡᠭᠡᠭᠰᠢ ᠨᠡᠮᠡᠭᠳᠡᠭᠦᠯᠬᠦ ᠪᠠᠷ ᠴᠢᠷᠮᠠᠶᠢᠨ᠎ᠠ ᠃ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠠᠶᠢᠯ ᠲᠣᠰᠬᠤᠨ ᠤ | ᠲᠥᠯᠦᠪᠵᠢᠭᠦᠯᠭᠡ ᠶᠢ ᠪᠥᠬᠦ ᠲᠠᠯ᠎ᠠ ᠪᠠᠷ ᠪᠡᠶᠡᠯᠡᠭᠦᠯᠦᠨ᠎ᠡ ᠃ ᠬᠥᠳᠡᠭᠡ ᠲᠣᠰᠬᠤᠨ ᠤ ᠬᠤᠭ ᠨᠣᠪᠰᠢ ᠪᠣᠬᠢᠷ ᠤᠰᠤ ᠶᠢ ᠠᠷᠢᠭᠤᠳᠬᠠᠨ ᠰᠢᠢᠳᠪᠦᠷᠢᠯᠡᠬᠦ ᠂ ᠵᠣᠷᠯᠣᠩ ᠤᠨ | ᠬᠤᠪᠢᠰᠬᠠᠯ ᠬᠢᠬᠦ ᠂ ᠬᠥᠮᠥᠨ ᠠᠷᠠᠳ ᠤᠨ ᠣᠷᠣᠰᠢᠨ ᠠᠮᠢᠳᠤᠷᠠᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠲᠣᠪᠣᠶᠢᠮ᠎ᠠ ᠰᠠᠶᠢᠲᠤᠷ ᠠᠳᠬᠤᠵᠤ ᠂ ᠰᠤᠮᠤ | ᠰᠢᠶᠠᠩ ᠪᠠᠯᠭᠠᠰᠤ ᠶᠢᠨ ᠪᠠᠶᠢᠭ᠎ᠠ ᠭᠠᠵᠠᠷ ᠤᠨ ᠰᠠᠭᠤᠷᠢ ᠳᠦᠬᠦᠭᠡᠷᠤᠮᠵᠢ ᠶᠢᠨ ᠪᠦᠲᠦᠭᠡᠨ ᠪᠠᠶᠢᠭᠤᠯᠤᠯᠲᠠ ᠶᠢ ᠬᠦᠴᠦᠯᠡᠨ ᠴᠢᠩᠭᠠᠳᠬᠠᠵᠤ ᠂ 5500 ᠠᠴᠠ ᠳᠡᠭᠡᠭᠰᠢ | ᠡᠷᠦᠬᠡ ᠶᠢᠨ ᠠᠷᠢᠭᠤᠨ ᠴᠡᠪᠡᠷ ᠢᠶᠠᠷ ᠳᠤᠯᠠᠭᠠᠯᠠᠭ᠎ᠠ ᠬᠠᠩᠭᠠᠬᠤ ᠥᠭᠡᠷᠡᠴᠢᠯᠡᠯᠲᠡ ᠶᠢ ᠪᠡᠶᠡᠯᠡᠭᠦᠯᠦᠨ ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ 20 | ᠭᠡᠪ ᠳᠠᠭᠤᠷᠢᠶᠠᠯᠳᠤ ᠲᠣᠰᠬᠤᠨ ᠢ ᠡᠬᠦᠳᠤᠨ ᠪᠠᠶᠢᠭᠤᠯᠵᠤ ᠂ ᠣᠷᠣᠰᠢᠨ ᠠᠮᠢᠳᠤᠷᠠᠬᠤ ᠳᠤ ᠳᠠᠭᠠᠯᠠᠮᠵᠢᠳᠠᠢ ᠠᠵᠢᠯ ᠦᠢᠯᠡᠰ ᠪᠦᠳᠤᠭᠡᠬᠦ ᠳᠤ ᠳᠤᠬᠢᠷᠠᠮᠵᠢᠳᠠᠢ | ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠤᠨ᠎ᠠ ᠃ | ᠬᠦᠴᠦᠨ ᠢᠶᠠᠨ ᠲᠥᠪᠯᠡᠷᠡᠭᠦᠯᠦᠨ ᠬᠤᠲᠠ ᠪᠠᠯᠭᠠᠰᠤᠨ ᠤ ᠴᠢᠨᠠᠷ ᠳᠡᠰ ᠢ ᠳᠡᠭᠡᠭᠰᠢᠯᠡᠭᠦᠯᠦᠨ᠎ᠡ ᠃ ᠵᠡᠭᠦᠨᠭᠠᠷ ᠤᠨ ᠰᠢᠨ᠎ᠡ ᠬᠤᠲᠠ ᠶᠢ ᠨᠡᠭᠡᠭᠡᠨ ᠬᠥᠭᠵᠢᠭᠦᠯᠵᠦ | ᠪᠦᠲᠦᠭᠡᠨ ᠪᠠᠶᠢᠭᠤᠯᠬᠤ ᠶᠢ ᠪᠥᠬᠦ ᠲᠠᠯ᠎ᠠ ᠪᠠᠷ ᠠᠬᠢᠭᠤᠯᠵᠤ ᠂ ᠵᠡᠭᠦᠨᠭᠠᠷ ᠳᠤᠮᠳᠠᠳᠤ ᠰᠤᠷᠭᠠᠭᠤᠯᠢ ᠂ ᠪᠸᠢ ᠱᠠᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠪᠠ 23 | ᠵᠤᠷᠪᠤᠰ ᠬᠤᠲᠠ ᠶᠢᠨ ᠶᠠᠪᠤᠳᠠᠯ ᠤᠨ ᠵᠠᠮ ᠵᠡᠷᠭᠡ ᠲᠥᠷᠥᠯ ᠵᠦᠢᠯ ᠤᠨ ᠠᠬᠢᠴᠠ ᠶᠢ ᠲᠦᠷᠭᠡᠳᠬᠡᠨ ᠂ ᠴᠢᠳᠠᠪᠤᠷᠢᠲᠠᠨ ᠤ ᠲᠣᠮᠣ ᠠᠰᠠᠷ ᠂ ᠬᠤᠲᠠ ᠶᠢᠨ ᠠᠷᠠᠳ ᠤᠨ | ᠤᠶᠢᠯᠡᠴᠢᠯᠡᠭᠡᠨ ᠤ ᠲᠥᠪ ᠂ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠵᠡᠷᠭᠡ ᠣᠯᠠᠨ ᠨᠡᠶᠢᠲᠡ ᠶᠢᠨ ᠦᠢᠯᠡᠴᠢᠯᠡᠭᠡᠨ ᠤ ᠲᠥᠷᠥᠯ ᠵᠦᠢᠯ ᠢ ᠡᠬᠢᠯᠡᠨ | ᠬᠡᠷᠡᠭᠵᠢᠭᠦᠯᠵᠦ ᠂ ᠣᠷᠣᠰᠢᠨ ᠠᠮᠢᠳᠤᠷᠠᠬᠤ ᠳᠤ ᠳᠠᠭᠠᠯᠠᠮᠵᠢᠳᠠᠢ ᠂ ᠤᠶᠠᠨ ᠬᠠᠲᠠᠨ ᠂ ᠤᠶᠤᠨᠴᠢ ᠬᠤᠲᠠ ᠶᠢ ᠪᠦᠲᠦᠭᠡᠨ ᠪᠠᠶᠢᠭᠤᠯᠤᠨ᠎ᠠ ᠃ 1.2 ᠲᠡᠭᠰᠢ ᠳᠥᠷᠪᠡᠯᠵᠢᠨ | ᠺᠢᠯᠣᠮᠧᠲᠷ ᠤᠨ ᠬᠠᠭᠤᠴᠢᠨ ᠬᠤᠲᠠ ᠶᠢᠨ ᠲᠣᠭᠤᠷᠢᠭ ᠢ ᠰᠢᠨᠡᠳᠬᠡᠨ ᠥᠭᠡᠷᠡᠴᠢᠯᠡᠬᠦ ᠶᠢ ᠲᠦᠷᠭᠡᠳᠬᠡᠨ ᠂ ᠵᠧᠦ ᠵᠢᠶᠠ ᠸᠠᠨ ᠂ ᠰᠦᠵᠢ ᠶᠢᠨ ᠭᠤᠤᠯ ᠢ ᠨᠤᠷᠠᠭᠠᠵᠤ | ᠨᠡᠭᠦᠯᠭᠡᠨ ᠥᠭᠡᠷᠡᠴᠢᠯᠡᠨ ᠵᠠᠰᠠᠬᠤ ᠶᠢ ᠥᠷᠨᠢᠭᠦᠯᠵᠦ ᠂ ᠬᠠᠭᠤᠴᠢᠨ ᠰᠠᠭᠤᠭᠠᠯᠢ ᠲᠣᠭᠤᠷᠢᠭ ᠢ ᠰᠠᠶᠢᠵᠢᠷᠠᠭᠤᠯᠤᠨ ᠥᠭᠡᠷᠡᠴᠢᠯᠡᠬᠦ ᠶᠢ 100 ᠲᠦᠮᠡᠨ ᠲᠡᠭᠰᠢ | ᠳᠥᠷᠪᠡᠯᠵᠢᠨ ᠮᠧᠲᠷ ᠠᠴᠠ ᠳᠡᠭᠡᠭᠰᠢ ᠪᠡᠶᠡᠯᠡᠭᠦᠯᠵᠦ ᠂ ᠪᠠᠶᠢᠭᠠᠯᠢ ᠶᠢᠨ ᠰᠢᠲᠠᠮᠠᠬᠠᠢ ᠬᠡᠢ ᠶᠢ ᠡᠷᠦᠬᠡ ᠳᠤ ᠣᠷᠣᠭᠤᠯᠵᠤ ᠪᠦᠬᠦᠨ ᠢ ᠬᠠᠮᠤᠷᠬᠤ ᠶᠢ ᠪᠡᠶᠡᠯᠡᠭᠦᠯᠦᠨ᠎ᠡ ᠃ | ᠨᠠᠨᠱᠠᠨ ᠴᠡᠴᠡᠷᠯᠢᠭ᠂ ᠪᠢᠨ ᠾᠧ ᠴᠡᠴᠡᠷᠯᠢᠭ ᠵᠡᠷᠭᠡ 6 ᠭᠠᠵᠠᠷ ᠤᠨ ᠦᠵᠡᠮᠵᠢ ᠶᠢ ᠰᠠᠶᠢᠵᠢᠷᠠᠭᠤᠯᠬᠤ ᠪᠠᠷᠢᠯᠭ᠎ᠠ ᠶᠢ ᠬᠡᠷᠡᠭᠵᠢᠭᠦᠯᠵᠦ ᠂ ᠨᠣᠭᠤᠭᠠᠷᠠᠭᠤᠯᠤᠯᠳᠠ ᠶᠢᠨ | ᠭᠠᠵᠠᠷ ᠤᠨ ᠲᠠᠯᠠᠪᠠᠢ ᠶᠢ 59.1 ᠲᠦᠮᠡᠨ ᠲᠡᠭᠰᠢ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠦᠨ ᠥᠭᠡᠷᠡᠴᠢᠯᠡᠨ᠎ᠠ᠃ 3 ᠵᠢᠵᠢᠭ ᠴᠡᠴᠡᠷᠯᠢᠭ᠂ 6.5 | ᠺᠢᠯᠣᠮᠧᠲᠷ ᠤᠨ ᠤᠳᠠᠭᠠᠨ ᠠᠯᠬᠤᠯᠠᠬᠤ ᠡᠷᠡᠬᠦᠯ ᠮᠡᠨᠳᠤ ᠶᠢᠨ ᠵᠠᠮ ᠢ ᠰᠢᠨ᠎ᠠ ᠪᠠᠷ ᠪᠠᠶᠢᠭᠤᠯᠵᠤ ᠂ ᠵᠡᠬᠦᠠᠭᠠᠷ ᠵᠠᠮ᠂ ᠺᠠᠢ ᠶᠤᠸᠠᠨ ᠵᠠᠮ ᠂ ᠲᠠᠬᠠᠷ ᠵᠠᠮ ᠵᠡᠷᠭᠡ 3 | ᠣᠨᠴᠠᠯᠢᠭᠲᠤ ᠵᠡᠭᠡᠯᠢ ᠲᠣᠭᠤᠷᠢᠭ ᠢ ᠪᠠᠶᠢᠭᠤᠯᠤᠨ᠎ᠠ ᠃ ᠱᠠᠬᠳᠠᠷ ᠤᠨ ᠬᠤᠲᠠ ᠪᠠᠯᠭᠠᠰᠤ ᠶᠢ ᠰᠢᠨᠡᠳᠬᠡᠬᠦ ᠪᠠ ᠪᠦᠲᠦᠭᠡᠨ ᠪᠠᠶᠢᠭᠤᠯᠬᠤ ᠠᠯᠬᠤᠴᠠ ᠶᠢ ᠬᠦᠴᠤᠯᠡᠴᠡ ᠪᠠᠨ | ᠨᠡᠮᠡᠭᠳᠡᠬᠦᠯᠤᠨ ᠠᠬᠢᠭᠤᠯᠵᠤ ᠂ 2 ︱ 3 ᠵᠢᠯ ᠤᠨ ᠬᠤᠭᠤᠴᠠᠭ᠎ᠠ ᠶᠢ ᠠᠰᠢᠭᠯᠠᠨ ᠂ ᠱᠠᠬᠳᠠᠷ ᠢ ᠴᠢᠳᠠᠮᠵᠢ ᠨᠢ ᠨᠠᠩ ᠪᠦᠷᠢᠨ ᠳᠦᠬᠦᠷ ᠂ ᠴᠢᠨᠠᠷ ᠳᠡᠰ ᠨᠢ ᠶᠡᠭᠡ | ᠳᠡᠭᠡᠭᠰᠢᠯᠡᠯᠲᠡ ᠲᠠᠢ ᠣᠨᠴᠠᠯᠢᠭᠲᠤ ᠪᠠᠯᠭᠠᠰᠤ ᠪᠣᠯᠭᠠᠨ ᠪᠦᠲᠦᠭᠡᠨ ᠪᠠᠶᠢᠭᠤᠯᠬᠤ ᠪᠠᠷ ᠴᠢᠷᠮᠠᠶᠢᠨ᠎ᠠ ᠃ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ | ᠪᠦᠲᠦᠭᠡᠨ ᠪᠠᠶᠢᠭᠤᠯᠤᠯᠲᠠ ᠶᠢ ᠡᠮᠬᠢ ᠳᠢᠭᠯᠢᠮ ᠲᠠᠢ ᠪᠠᠷ ᠠᠬᠢᠭᠤᠯᠵᠤ ᠂ ᠲᠠᠸᠠᠷ ᠤᠨ ᠭᠡᠷ ᠪᠠᠶᠢᠰᠢᠩ ᠤᠨ ᠵᠠᠬ᠎ᠠ ᠳᠡᠯᠭᠡᠭᠦᠷ ᠢ ᠳᠡᠮᠵᠢᠵᠤ ᠤᠯᠠᠨ ᠲᠦᠮᠡᠨ ᠤ ᠣᠷᠣᠨ | ᠰᠠᠭᠤᠴᠠ ᠶᠢᠨ ᠬᠡᠷᠡᠭᠴᠡᠭᠡ ᠶᠢ ᠨᠡᠩ ᠰᠠᠶᠢᠲᠤᠷ ᠬᠠᠩᠭᠠᠨ ᠂ ᠵᠢᠯ ᠤᠨ ᠳᠣᠲᠣᠷ᠎ᠠ 100 ᠲᠦᠮᠡᠨ ᠲᠡᠭᠰᠢ ᠳᠥᠷᠪᠡᠯᠵᠢᠨ ᠮᠧᠲᠷ ᠠᠴᠠ ᠳᠡᠭᠡᠭᠰᠢ ᠲᠠᠸᠠᠷ ᠤᠨ ᠭᠡᠷ | ᠪᠠᠶᠢᠰᠢᠩ ᠤᠨ ᠪᠠᠷᠢᠯᠭ᠎ᠠ ᠶᠢ ᠡᠬᠢᠯᠡᠬᠦᠯᠤᠨ᠎ᠠ᠃ ᠬᠤᠲᠠ ᠶᠢᠨ ᠲᠥᠯᠦᠪᠵᠢᠭᠦᠯᠭᠡ ᠂ ᠪᠦᠲᠦᠭᠡᠨ ᠪᠠᠶᠢᠭᠤᠯᠤᠯᠲᠠ ᠂ ᠵᠠᠰᠠᠯᠲᠠ ᠶᠢᠨ ᠬᠢᠷᠢ ᠲᠦᠪᠰᠢᠨ ᠢ ᠬᠦᠴᠦᠯᠡᠨ | ᠳᠡᠭᠡᠭᠰᠢᠯᠡᠭᠦᠯᠵᠦ ᠂ ᠵᠡᠭᠦᠨᠭᠠᠷ ᠬᠤᠲᠠ ᠶᠢᠨ ᠭᠠᠳᠠᠬᠰᠢ ᠬᠠᠨᠳᠤᠭᠤᠯᠤᠭᠰᠠᠨ ᠰᠠᠶᠢᠨ ᠰᠠᠶᠢᠬᠠᠨ ᠰᠢᠨ᠎ᠡ ᠳᠦᠷᠢ ᠲᠥᠷᠬᠦ ᠶᠢ ᠪᠥᠬᠦ ᠲᠠᠯ᠎ᠠ ᠪᠠᠷ ᠳᠡᠯᠭᠡᠨ ᠦᠵᠡᠭᠦᠯᠵᠦ ᠂ | ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠨᠡᠷᠡᠰ ᠤᠨ ᠵᠢᠭᠰᠠᠭᠠᠯᠲᠠ ᠶᠢ ᠪᠥᠬᠦ ᠤᠯᠤᠰ ᠤᠨ ᠡᠮᠦᠨ᠎ᠡ 30 ᠳ᠋ᠤᠭᠠᠷ ᠲᠤ ᠣᠷᠣᠭᠤᠯᠬᠤ ᠪᠠᠷ ᠴᠢᠷᠮᠠᠶᠢᠨ᠎ᠠ ᠃ | ᠦᠨᠳᠦᠰᠦᠨ ᠪᠦᠲᠦᠭᠡᠨ ᠪᠠᠶᠢᠭᠤᠯᠤᠯᠲᠠ ᠶᠢᠨ ᠲᠤᠯᠭᠠᠭᠤᠷᠢᠯᠠᠬᠤ ᠴᠢᠳᠠᠪᠤᠷᠢ ᠶᠢ ᠨᠡᠮᠡᠭᠳᠡᠭᠦᠯᠦᠨ᠎ᠡ᠃ ᠰᠢᠨ᠎ᠡ ᠬᠡᠯᠪᠡᠷᠢ ᠶᠢᠨ ᠰᠠᠭᠤᠷᠢ ᠲᠥᠬᠦᠭᠡᠷᠦᠮᠵᠢ ᠶᠢᠨ ᠳᠦᠷᠤᠯ | ᠵᠤᠶᠢᠯ ᠢ ᠲᠦᠷᠭᠡᠪᠴᠢᠯᠡᠨ ᠪᠠᠶᠢᠷᠢᠯᠠᠭᠤᠯᠵᠤ ᠂ ᠰᠢᠨ᠎ᠡ ᠡᠨᠧᠷᠭᠢ ᠶᠢᠨ ᠬᠦᠨᠳᠦ ᠠᠴᠢᠶᠠᠨ ᠤ ᠮᠠᠰᠢᠨ ︵ᠠᠭᠤᠷᠬᠠᠢ ᠳᠤ ᠭᠡᠷᠡᠭᠯᠡᠬᠦ ᠠᠴᠢᠶᠠᠨ ᠤ ᠮᠠᠰᠢᠨ︶ ᠤ ᠴᠠᠬᠢᠯᠭᠠᠨ | ᠴᠡᠨᠡᠭᠯᠡᠵᠦ ᠰᠤᠯᠢᠬᠤ ᠦᠷᠳᠡᠭᠡ ᠶᠢ 285 ᠬᠡᠷᠡᠭᠵᠢᠭᠦᠯᠵᠦ ᠂ 5G ᠶᠢᠨ ᠰᠠᠭᠤᠷᠢ ᠦᠷᠳᠡᠭᠡ ᠶᠢ 210 ᠠᠴᠠ ᠳᠡᠭᠡᠭᠰᠢ ᠰᠢᠨ᠎ᠡ ᠪᠠᠷ ᠪᠠᠶᠢᠭᠤᠯᠤᠨ᠎ᠠ᠃ ᠨᠠᠷᠠᠰᠤᠨ | ᠠᠴᠠ ᠯᠦᠩ ᠺᠸᠦ ᠬᠦᠷᠬᠦ ᠦᠨᠳᠤᠷ ᠬᠤᠷᠳᠤᠴᠠᠳᠤ ᠵᠠᠰᠠᠮᠠᠯ ᠵᠠᠮ ᠂ ᠴᠢᠩ ᠳ᠋ᠡ ᠪᠤᠰᠤᠭ᠎ᠠ ᠵᠦᠷᠢᠯᠢᠭ ᠬᠦᠬᠦᠷᠭᠡ ᠂ ᠶᠦᠩ ᠰᠤ᠋ ᠵᠠᠮ ᠂ ᠰᠢᠤᠸᠠᠢ ᠵᠢᠶᠠ ᠸᠠᠨ ᠠᠴᠠ | ᠴᠧᠩ ᠫᠦᠸᠧ ᠬᠦᠷᠬᠦ ᠵᠤᠭᠠᠴᠠᠯ ᠤᠨ ᠲᠤᠰᠬᠠᠢ ᠱᠤᠭᠤᠮ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠲᠦᠷᠭᠡᠳᠬᠡᠵᠦ ᠂ | ᠸᠧᠢ ᠵᠢᠶᠠ ᠮᠣᠣ ᠠᠴᠠ ᠬᠤᠶᠠᠷ ᠣᠪᠣᠭ᠎ᠠ ᠬᠦᠷᠬᠦ ᠂ ᠨᠠᠷᠢᠨ ᠠᠴᠠ ᠪᠤᠷᠤᠳᠤᠬᠤᠢ ᠬᠦᠷᠬᠦ ᠂ ᠨᠤᠸᠠᠨ ᠱᠦᠢ ᠠᠴᠠ ᠰᠧ ᠳ᠋ᠣᠣ ᠯᠢᠦ ᠬᠦᠷᠬᠦ ᠂ ᠱᠧᠨ ᠱᠠᠨ ᠠᠴᠠ ᠬᠤᠩ | ᠶᠢᠨ ᠲᠠ ᠬᠦᠷᠬᠦ ᠵᠡᠷᠭᠡ ᠵᠠᠮ ᠢ ᠰᠠᠶᠢᠵᠢᠷᠠᠭᠤᠯᠤᠨ ᠥᠭᠡᠷᠡᠴᠢᠯᠡᠬᠦ ᠲᠥᠷᠥᠯ ᠵᠦᠢᠯ ᠢ ᠡᠬᠢᠯᠡᠨ ᠬᠡᠷᠡᠭᠵᠢᠭᠦᠯᠵᠦ ᠂ ᠨᠢᠭᠡ ᠪᠦᠯᠦᠭ ᠲᠣᠰᠬᠤᠨ ᠳᠤ ᠨᠡᠪᠲᠡᠷᠡᠬᠦ ᠵᠠᠮ ᠢ | ᠰᠢᠨ᠎ᠡ ᠪᠠᠷ ᠪᠠᠶᠢᠭᠤᠯᠬᠤ ᠪᠠᠷ ᠲᠥᠯᠥᠪᠵᠢᠭᠦᠯᠤᠨ ᠂ ᠵᠢᠯ ᠤᠨ ᠳᠣᠲᠣᠷ᠎ᠠ ᠵᠠᠰᠠᠮᠠᠯ ᠵᠠᠮ ᠤᠨ ᠣᠷᠳᠣ ᠶᠢ 300 ᠺᠢᠯᠣᠮᠧᠲᠷ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ ᠃ | ᠭᠤᠣᠯᠯᠠᠬᠤ ᠴᠠᠬᠢᠯᠭᠠᠨ ᠲᠣᠣᠷ ᠪᠠ ᠬᠥᠳᠡᠭᠡ ᠲᠣᠰᠬᠤᠨ ᠤ ᠴᠠᠬᠢᠯᠭᠠᠨ ᠲᠣᠣᠷ ᠤᠨ ᠳᠡᠰ ᠳᠡᠪᠰᠢᠬᠦ ᠥᠭᠡᠷᠡᠴᠢᠯᠡᠯᠲᠡ ᠶᠢ ᠲᠦᠷᠭᠡᠳᠬᠡᠨ ᠂ ᠴᠠᠬᠢᠯᠭᠠᠨ ᠬᠦᠷᠭᠡᠬᠦ | ᠬᠦᠴᠦᠳᠡᠯ ᠥᠭᠡᠷᠡᠴᠢᠯᠡᠬᠦ ᠵᠢᠴᠢ ᠢᠵᠢ ᠪᠦᠷᠢᠳᠦᠭᠦᠯᠬᠦ ᠴᠠᠬᠢᠯᠭᠠᠨ ᠲᠣᠣᠷ ᠤᠨ ᠪᠠᠷᠢᠯᠭ᠎ᠠ ᠶᠢ 580 ᠺᠢᠯᠣᠮᠧᠲᠷ ᠠᠴᠠ ᠳᠡᠭᠡᠭᠰᠢ ᠬᠡᠷᠡᠭᠵᠢᠭᠦᠯᠤᠨ᠎ᠠ᠃ ᠡᠯᠡᠰᠦ ᠬᠠᠰᠢᠬᠤ | ᠪᠠᠷᠢᠯᠭ᠎ᠠ ᠪᠠ ᠨᠦᠯᠦᠮᠡᠯ ᠭᠠᠵᠠᠷ ᠤᠨ ᠬᠠᠰᠢᠯᠭ᠎ᠠ ᠶᠢᠨ ᠠᠶᠤᠯ ᠢ ᠠᠷᠢᠯᠭᠠᠨ ᠪᠠᠬᠢᠯᠡᠬᠦ ᠪᠠᠷᠢᠯᠭ᠎ᠠ ᠶᠢ 63 ᠭᠠᠵᠠᠷ ᠬᠡᠷᠡᠭᠵᠢᠭᠦᠯᠵᠦ ᠂ ᠪᠤᠷᠤᠳᠤᠬᠤᠢ ᠶᠢᠨ ᠠᠮᠢ | ᠠᠬᠤᠢ ᠶᠢᠨ ᠤᠰᠤᠨ ᠰᠤᠷᠪᠤᠯᠵᠢ ᠶᠢᠨ ᠪᠠᠷᠢᠯᠭ᠎ᠠ ᠶᠢᠨ ᠭᠤᠷᠪᠠᠳᠤᠭᠠᠷ ᠬᠤᠭᠤᠴᠠᠭ᠎ᠠ ᠶᠢ ᠪᠠᠶᠢᠭᠤᠯᠵᠤ ᠳᠠᠭᠤᠰᠬᠠᠨ᠎ᠠ ᠃ ᠰᠠᠭᠤᠷᠢ ᠳᠦᠬᠦᠭᠡᠷᠤᠮᠵᠢ ᠶᠢᠨ ᠪᠡᠯᠡ | ᠣᠷᠣᠭᠤᠯᠤᠯᠲᠠ ᠶᠢ ᠵᠣᠬᠢᠬᠤ ᠬᠡᠮᠵᠢᠶ᠎ᠡ ᠪᠠᠷ ᠤᠷᠢᠳᠴᠢᠯᠠᠨ ᠥᠷᠨᠢᠭᠦᠯᠵᠦ ᠂ ᠠᠵᠢᠯ ᠡᠭᠦᠷᠭᠡ ᠭᠦᠢᠴᠡᠳᠬᠡᠬᠦ ᠨᠢᠰᠬᠡᠯ ᠤᠨ ᠪᠠᠭᠤᠳᠠᠯ ᠤᠨ ᠪᠦᠲᠦᠭᠡᠨ | ᠪᠠᠶᠢᠭᠤᠯᠤᠯᠲᠠ ᠶᠢ ᠴᠠᠭ ᠲᠤᠨᠢ ᠲᠣᠬᠢᠷᠠᠭᠤᠯᠤᠨ ᠡᠬᠢᠯᠡᠭᠦᠯᠦᠨ᠎ᠡ᠃ | ︵ᠵᠢᠷᠭᠤᠭ᠎ᠠ︶ ᠠᠷᠠᠳ ᠤᠨ ᠠᠮᠢᠳᠤᠷᠠᠯ ᠢ ᠬᠦᠴᠦᠯᠡᠨ ᠪᠠᠲᠤᠯᠠᠨ ᠰᠠᠶᠢᠵᠢᠷᠠᠭᠤᠯᠵᠤ ᠂ ᠴᠢᠨᠠᠷ ᠰᠠᠶᠢᠲᠠᠢ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤᠪᠠᠷ ᠡᠳ᠋ᠯᠡᠬᠦ ᠶᠢ | ᠠᠬᠢᠭᠤᠯᠤᠨ᠎ᠠ | ᠣᠷᠣᠯᠭ᠎ᠠ ᠶᠢᠨ ᠪᠠᠲᠤᠯᠠᠭ᠎ᠠ ᠴᠢᠨᠠᠷᠵᠢᠯ ᠢ ᠳᠡᠭᠡᠭᠰᠢᠯᠡᠬᠦᠯᠤᠨ᠎ᠠ᠃ ᠠᠵᠢᠯ ᠣᠯᠭᠤᠯᠲᠠ ᠶᠢ ᠠᠬᠢᠭᠤᠯᠬᠤ ︽ᠲᠠᠪᠤᠨ ᠶᠡᠭᠡ ᠠᠵᠢᠯᠯᠠᠭ᠎ᠠ︾ ᠶᠢ ᠢᠳᠡᠪᠬᠢᠲᠡᠢ ᠥᠷᠨᠢᠭᠦᠯᠤᠨ ᠂ | ᠭᠤᠣᠯᠳᠠᠯᠭ᠎ᠠ ᠲᠠᠢ ᠳᠦᠷᠤᠯ ᠵᠤᠶᠢᠯ ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠪᠠᠶᠢᠩᠭᠤᠵᠢᠬᠰᠠᠨ ᠦᠢᠯᠡᠴᠢᠯᠡᠭᠡ ᠶᠢ ᠴᠢᠩᠭᠠᠳᠬᠠᠵᠤ ᠂ | ᠵᠢᠯ ᠤᠨ ᠳᠣᠲᠣᠷ᠎ᠠ ᠬᠤᠳᠠ ᠪᠠᠯᠭᠠᠰᠤᠨ ᠳᠤ 3200 ᠠᠴᠠ ᠳᠡᠭᠡᠭᠰᠢ ᠬᠥᠮᠥᠨ ᠳᠤ ᠰᠢᠨ᠎ᠡ ᠪᠠᠷ ᠠᠵᠢᠯ ᠣᠯᠭᠤᠨ ᠂ ᠬᠥᠳᠡᠭᠡ ᠲᠣᠰᠬᠤᠨ ᠤ 2.3 ᠲᠦᠮᠡ ᠠᠴᠠ | ᠳᠡᠭᠡᠭᠰᠢ ᠬᠥᠮᠥᠨ ᠢ ᠰᠢᠯᠵᠢᠭᠦᠯᠦᠨ ᠠᠵᠢᠯ ᠣᠯᠭᠤᠵᠤ ᠂ ᠠᠵᠢᠯ ᠲᠠᠢ ᠬᠦᠮᠤᠨ ᠦᠭᠡᠢ ᠭᠡᠷ ᠪᠦᠯᠢ ᠶᠢ ᠬᠥᠳᠡᠯᠦᠩᠭᠦᠢ ᠪᠠᠷ ᠦᠭᠡᠶᠢᠰᠭᠡᠬᠦ ᠶᠢ ᠦᠨᠡᠨ ᠬᠦ ᠪᠠᠲᠤᠯᠠᠨ᠎ᠠ᠃ | ᠬᠠᠮᠲᠤ ᠪᠠᠷ ᠴᠢᠨᠡᠭᠡᠯᠢᠭᠵᠢᠬᠦ ᠶᠢ ᠠᠬᠢᠭᠤᠯᠬᠤ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠵᠤ ᠂ ᠳᠤᠮᠳᠠ ᠵᠡᠷᠭᠡ ᠶᠢᠨ ᠣᠷᠣᠯᠭ᠎ᠠ ᠲᠠᠢ | ᠬᠦᠮᠤᠰ ᠢ ᠦᠷᠭᠦᠯᠵᠢᠯᠡᠨ ᠥᠷᠭᠡᠳᠬᠡᠵᠦ ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ | ᠳᠡᠭᠡᠭᠰᠢᠯᠡᠭᠦᠯᠤᠨ ᠂ ᠪᠦᠬᠦ ᠲᠠᠯ᠎ᠠ ᠶᠢᠨ ᠴᠢᠨᠠᠷ ᠰᠠᠶᠢᠲᠠᠢ ᠬᠥᠭᠵᠢᠯᠲᠡ ᠶᠢᠨ ᠳᠤᠮᠳᠠ ᠬᠠᠮᠲᠤ ᠪᠠᠷ ᠴᠢᠨᠡᠭᠡᠯᠢᠭᠵᠢᠬᠦ ᠶᠢ ᠠᠬᠢᠭᠤᠯᠤᠨ᠎ᠠ᠃ | ᠠᠷᠠᠳ ᠲᠦᠮᠡᠨ ᠤ ᠰᠡᠳᠬᠢᠯ ᠬᠠᠨᠤᠮᠵᠢᠳᠠᠢ ᠰᠤᠷᠭᠠᠨ ᠬᠥᠮᠦᠵᠢᠯ ᠢ ᠰᠠᠶᠢᠲᠤᠷ ᠡᠷᠬᠢᠯᠡᠨ᠎ᠠ᠃ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠢ ᠰᠢᠨ᠎ᠡ ᠪᠠᠷ | 16 ᠦᠷᠭᠦᠯᠵᠢᠯᠡᠨ ᠪᠠᠶᠢᠭᠤᠯᠬᠤ ᠪᠠᠥᠭᠡᠷᠡᠴᠢᠯᠡᠨ ᠪᠠᠶᠢᠭᠤᠯᠵᠤ ᠥᠷᠭᠡᠳᠬᠡᠨ ᠪᠠᠶᠢᠭᠤᠯᠵᠤ ᠂ ᠰᠤᠷᠤᠬᠴᠢ ᠶᠢᠨ ᠤᠷᠤᠨ ᠳᠤᠭ᠎ᠠ ᠶᠢ 9750 ᠰᠢᠨ᠎ᠡ ᠪᠠᠷ | ᠨᠡᠮᠡᠭᠳᠡᠭᠦᠯᠤᠨ᠎ᠠ᠃ ᠲᠣᠭᠠᠴᠢᠯᠠᠭᠰᠠᠨ ᠰᠤᠷᠭᠠᠭᠤᠯᠢ ᠶᠢᠨ ᠬᠦᠷᠢᠶᠡᠨ ᠤ ᠪᠦᠳᠤᠭᠡᠨᠪᠠᠶᠢᠭᠤᠯᠤᠯᠲᠠ ᠶᠢᠨ ᠢᠨᠵᠧᠨᠧᠷᠢᠩ ᠢ ᠲᠤᠷᠰᠢᠨ ᠡᠬᠢᠯᠡᠭᠦᠯᠵᠦ ᠂ ᠵᠠᠯᠠᠭᠤᠴᠤᠳ | ᠪᠠᠭᠠᠴᠤᠳ ᠤᠨ ᠶᠡᠷᠦᠩᠬᠡᠶᠢᠯᠡᠭᠰᠡᠨ ᠬᠥᠭᠵᠢᠯᠲᠡ ᠶᠢᠨ ᠲᠥᠪ ᠤᠨ ᠪᠠᠶᠢᠭᠤᠯᠤᠯᠲᠠ ᠶᠢ ᠲᠦᠷᠭᠡᠳᠬᠡᠨ᠎ᠡ᠃ ᠴᠢᠩᠬᠤᠸᠠ ᠶᠡᠭᠡ ᠰᠤᠷᠭᠠᠭᠤᠯᠢ ᠪᠡᠭᠡᠵᠢᠩ ᠶᠡᠭᠡ ᠰᠤᠷᠭᠠᠭᠤᠯᠢ | ᠵᠡᠷᠭᠡ ︽ᠬᠤᠣᠰ ᠲᠡᠷᠢᠭᠦᠨ ᠵᠡᠷᠭᠡ︾ ᠶᠢᠨ ᠶᠡᠭᠡ ᠳᠡᠭᠡᠳᠦ ᠰᠤᠷᠭᠠᠭᠤᠯᠢ ᠶᠢᠨ 150 ᠰᠢᠯᠢᠳᠡᠭ ᠴᠢᠳᠠᠪᠤᠷᠢᠲᠠᠨ ᠢ ᠣᠷᠣᠭᠤᠯᠤᠨ ᠠᠪᠴᠢᠷᠠᠨ᠎ᠠ᠃ ᠪᠦᠯᠦᠭᠯᠡᠯᠴᠢᠯᠡᠭᠰᠡᠨ | ᠰᠤᠷᠭᠠᠭᠤᠯᠢ ᠡᠷᠭᠢᠯᠡᠬᠦ ᠵᠠᠭᠪᠤᠷ ᠢ ᠪᠥᠬᠦ ᠲᠠᠯ᠎ᠠ ᠪᠠᠷ ᠬᠡᠷᠡᠭᠵᠢᠭᠦᠯᠵᠦ ᠂ ︽ ᠨᠠᠷᠠᠲᠤ ᠰᠤᠷᠭᠠᠭᠤᠯᠢ + ᠰᠢᠨ᠎ᠡ ᠰᠤᠷᠭᠠᠭᠤᠯᠢ ︾ ᠂ ︽ ᠰᠢᠯᠢᠳᠡᠭ ᠰᠤᠷᠭᠠᠭᠤᠯᠢ + | ᠪᠠᠭᠤᠷᠠᠢ ᠰᠤᠷᠭᠠᠭᠤᠯᠢ ︾ ᠶᠢ ᠨᠢᠭᠡ ᠴᠣᠭᠴᠠᠵᠢᠭᠤᠯᠤᠨ ᠰᠤᠷᠭᠠᠭᠤᠯᠢ ᠡᠷᠭᠢᠯᠡᠬᠦ ᠶᠢ ᠬᠡᠷᠡᠭᠵᠢᠭᠦᠯᠵᠦ ᠂ ᠠᠩᠬ᠎ᠠ ᠵᠡᠷᠭᠡ ᠶᠢᠨ ᠪᠠ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠱᠠᠲᠤ ᠦᠶ᠎ᠡ ᠶᠢ ᠨᠡᠪᠲᠡᠷᠡᠭᠦᠯᠦᠭᠰᠡᠨ ᠂ ᠬᠢᠴᠢᠶᠡᠯ ᠰᠤᠷᠤᠯᠭ᠎ᠠ ᠶᠢ ᠵᠣᠯᠭᠠᠭᠤᠯᠤᠭᠰᠠᠨ ᠵᠢᠭᠠᠨ ᠰᠤᠷᠭᠠᠯᠲᠠ ᠶᠢᠨ ᠵᠠᠭᠪᠤᠷ ᠢ ᠪᠣᠶ ᠪᠣᠯᠭᠠᠨ᠎ᠠ᠃ | ᠤᠨᠴᠠᠭᠠᠢ ᠰᠤᠷᠭᠠᠨ ᠬᠥᠮᠦᠵᠢᠯ ᠤᠨ ᠲᠦᠭᠡᠮᠡᠯ ᠬᠠᠷᠠᠭᠠᠯᠵᠠᠯ ᠲᠠᠢ ᠬᠥᠭᠵᠢᠯᠲᠡ ᠶᠢ ᠴᠢᠩᠭᠠᠳᠬᠠᠨ ᠂ ᠠᠷᠠᠳ ᠠᠴᠠ ᠡᠷᠭᠢᠯᠡᠭᠰᠡᠨ ᠰᠤᠷᠭᠠᠨ ᠬᠥᠮᠦᠵᠢᠯ ᠤᠨ | ᠬᠥᠭᠵᠢᠯᠲᠡ ᠶᠢ ᠳᠡᠮᠵᠢᠨ ᠳᠦᠷᠢᠮᠵᠢᠬᠦᠯᠵᠤ ᠂ ᠬᠤᠰᠢᠭᠤᠨ ᠤ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠶᠢ ᠤᠯᠤᠰ ᠤᠨ ᠲᠠᠰ ᠤᠨ ᠰᠢᠯᠢᠳᠡᠭ ᠳᠤᠮᠳᠠ | ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠤᠯᠭᠠᠨ ᠪᠠᠶᠢᠭᠤᠯᠬᠤ ᠶᠢ ᠠᠬᠢᠭᠤᠯᠤᠨ᠎ᠠ ᠃ | ︽ ᠬᠤᠶᠠᠷ ᠢ ᠬᠦᠩᠭᠡᠷᠡᠬᠦᠯᠬᠦ ︾ ᠦᠷ᠎ᠡ ᠪᠦᠲᠦᠭᠡᠯ ᠢ ᠪᠠᠬᠢᠵᠢᠭᠦᠯᠦᠨ ᠰᠠᠶᠢᠵᠢᠷᠠᠭᠤᠯᠵᠤ ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠪᠠ ᠬᠢᠴᠢᠶᠡᠯ ᠤᠨ | ᠳᠠᠷᠠᠭᠠᠬᠢ ᠦᠢᠯᠡᠴᠢᠯᠡᠭᠡᠨ ᠤ ᠴᠢᠨᠠᠷᠵᠢᠯ ᠢ ᠳᠡᠭᠡᠭᠰᠢᠯᠡᠭᠦᠯᠦᠨ ᠂ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠬᠢᠷᠢ ᠲᠦᠪᠰᠢᠨ ᠤ ᠳᠠᠬᠢᠨ ᠰᠢᠨ᠎ᠡ ᠳᠡᠭᠲᠡᠷ ᠲᠤ | ᠭᠠᠷᠬᠤ ᠶᠢ ᠠᠬᠢᠭᠤᠯᠤᠨ᠎ᠠ ᠃ | ᠡᠮ ᠡᠮᠨᠡᠯᠭᠡ ᠶᠢᠨ ᠦᠢᠯᠡᠴᠢᠯᠡᠭᠡᠨ ᠤ ᠬᠢᠷᠢ ᠳᠦᠪᠰᠢᠨ ᠢ ᠳᠡᠭᠡᠭᠰᠢᠯᠡᠬᠦᠯᠤᠨ᠎ᠠ᠃ ᠰᠢᠨ᠎ᠡ ᠳᠢᠳᠢᠮᠯᠢᠭ ᠠᠭᠤᠰᠬᠢᠨ ᠦᠷᠪᠢᠰᠤᠯ ᠤᠨ ᠸᠢᠷᠦ᠋ᠰ ᠤᠨ | ᠬᠠᠯᠳᠠᠪᠤᠷᠢᠯᠠᠯ ᠤᠨ ︽ ᠬᠥᠬᠡᠭᠴᠢᠨ ᠲᠥᠷᠥᠯ ᠤᠨ ᠬᠥᠬᠡᠭᠴᠢᠨ ᠬᠠᠮᠢᠶᠠᠷᠤᠯᠲᠠ ︾ ᠶᠢᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ ᠂ | ᠡᠷᠡᠭᠦᠯ ᠮᠡᠨᠳᠦ ᠶᠢ ᠪᠠᠲᠤᠯᠠᠨ ᠂ ᠬᠦᠨᠳᠦ ᠡᠪᠡᠳᠴᠢᠨ ᠢ ᠰᠡᠷᠭᠡᠶᠢᠯᠡᠬᠦ ᠪᠠᠷ ᠬᠦᠴᠦᠯᠡᠨ ᠴᠢᠷᠮᠠᠶᠢᠵᠤ ᠂ ᠣᠯᠠᠨ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ | ᠮᠠᠬᠠᠪᠤᠳ ᠤᠨ ᠡᠷᠡᠭᠦᠯ ᠮᠡᠨᠳᠦ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠮᠠᠭᠠᠯᠠᠨ᠎ᠠ᠃ ᠠᠯᠪᠠᠨ ᠠᠴᠠ ᠪᠠᠶᠢᠭᠤᠯᠤᠭᠰᠠᠨ 4 ᠡᠮᠨᠡᠯᠭᠡ ᠶᠢᠨ ᠬᠤᠷᠢᠶ᠎ᠠ ᠶᠢ ᠨᠡᠶᠢᠯᠡᠭᠦᠯᠵᠦ | ᠡᠮᠴᠢᠯᠡᠭᠡᠨ ᠤ ᠪᠦᠯᠦᠭᠯᠡᠯ ᠢ ᠪᠠᠶᠢᠭᠤᠯᠵᠤ ᠂ ᠠᠯᠪᠠᠨ ᠠᠴᠠ ᠪᠠᠶᠢᠭᠤᠯᠤᠭᠰᠠᠨ ᠡᠮᠴᠢᠯᠡᠭᠡ ᠡᠷᠡᠭᠦᠯ ᠬᠠᠮᠠᠭᠠᠯᠠᠯ ᠤᠨ ᠨᠢᠭᠡᠴᠢ ᠶᠢᠨ ᠠᠵᠢᠯ ᠤᠨ ᠠᠮᠵᠢᠯᠲᠠ ᠪᠦᠲᠦᠮᠵᠢ ᠶᠢ | ᠰᠢᠯᠭᠠᠨ ᠬᠤᠷᠢᠶᠠᠬᠤ ᠪᠠ ᠴᠢᠳᠠᠪᠤᠷᠢᠲᠠᠨ ᠤ ᠲᠤᠯᠭᠠᠭᠤᠷᠢᠯᠠᠯ ᠢ ᠴᠢᠩᠭᠠᠳᠬᠠᠨ ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ︽ ᠮᠢᠩᠭᠠᠨ | ᠰᠢᠶᠠᠨ ᠤ ᠢᠨᠵᠧᠨᠧᠷᠢᠩ ︾ ᠤᠨ ᠵᠢᠱᠢᠶ᠎ᠡ ᠦᠵᠡᠭᠦᠯᠬᠦ ᠡᠮᠨᠡᠯᠭᠡ ᠶᠢᠨ ᠬᠤᠷᠢᠶ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠵᠦ ᠂ | ᠭᠤᠣᠯᠳᠠᠯᠭ᠎ᠠ ᠲᠠᠢ ᠡᠮᠴᠢᠯᠡᠭᠡᠨ ᠤ ᠲᠤᠬᠠᠶᠢᠯᠠᠭᠰᠠᠨ ᠠᠵᠢᠯ ᠪᠠ ᠡᠮᠴᠢᠯᠡᠭᠡᠨ ᠤ ᠮᠡᠷᠭᠡᠵᠢᠯ ᠤᠨ ᠲᠤᠰᠬᠠᠢ ᠰᠠᠯᠠᠭ᠎ᠠ ᠶᠢ ᠪᠠᠶᠢᠭᠤᠯᠵᠤ ᠂ ᠤᠯᠤᠰ ᠤᠨ ᠠᠨᠠᠭᠠᠬᠤ | ᠤᠬᠠᠭᠠᠨ ᠤ ᠲᠥᠪ ᠤᠨ ᠡᠮᠡᠭᠲᠡᠢ ᠶᠢᠨ ᠰᠠᠯᠠᠭᠠᠨ ᠤ ᠣᠨᠣᠰᠢᠯᠠᠨ ᠡᠮᠨᠡᠬᠦ ᠰᠠᠭᠤᠷᠢᠨ ᠭᠠᠵᠠᠷ ᠂ ᠨᠡᠬᠦᠳᠡᠯᠯᠡᠵᠤ ᠪᠤᠯᠬᠤ ᠡᠮᠨᠡᠯᠭᠡ ᠶᠢᠨ ᠬᠤᠷᠢᠶ᠎ᠠ ᠶᠢᠨ ᠲᠣᠭᠠᠴᠢᠯᠠᠭᠰᠠᠨ | ᠲᠣᠰᠬᠤᠨ ᠤ ᠡᠷᠡᠬᠦᠯ ᠬᠠᠮᠠᠭᠠᠯᠠᠯ ᠶᠢᠨ ᠳᠠᠰᠤᠭ ᠢ ᠪᠠᠶᠢᠭᠤᠯᠤᠨ᠎ᠠ᠃ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ | ᠴᠢᠳᠠᠪᠤᠷᠢ ᠶᠢ ᠳᠡᠭᠡᠭᠰᠢᠯᠡᠭᠦᠯᠵᠦ ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠦᠨ ᠂ | ᠵᠡᠭᠦᠨᠭᠠᠷ ᠵᠣᠤ ᠂ ᠶᠠᠩ ᠱᠢ ᠲᠠ ᠡᠷᠡᠭᠦᠯ ᠬᠠᠮᠠᠭᠠᠯᠠᠯ ᠤᠨ ᠬᠤᠷᠢᠶ᠎ᠠ ᠶᠢ ᠪᠠᠶᠢᠭᠤᠯᠵᠤ ᠂ ᠣᠯᠠᠨ ᠲᠦᠮᠡᠨ ᠤ ᠡᠪᠡᠳᠴᠢᠨ ᠦᠵᠡᠭᠦᠯᠬᠦ ᠡᠮ ᠬᠡᠷᠡᠭᠯᠡᠬᠦ ᠬᠡᠷᠡᠭᠴᠡᠭᠡ | ᠱᠠᠭᠠᠷᠳᠠᠯᠭ᠎ᠠ ᠶᠢ ᠪᠥᠬᠦ ᠬᠦᠴᠦᠨ ᠢᠶᠠᠷ ᠢᠶᠠᠨ ᠪᠠᠲᠤᠯᠠᠨ᠎ᠠ ᠃ | ᠰᠣᠶᠣᠯ ᠤᠨ ᠴᠡᠴᠡᠭᠯᠡᠯᠲᠡ ᠬᠥᠭᠵᠢᠯᠲᠡ ᠶᠢ ᠠᠬᠢᠭᠤᠯᠤᠨ᠎ᠠ᠃ ᠨᠡᠶᠢᠭᠡᠮ ᠵᠢᠷᠤᠮ ᠤᠨ ᠭᠤᠣᠯᠯᠠᠬᠴᠢ ᠦᠷᠳᠡᠭ ᠤᠨ ᠦᠵᠡᠯᠲᠡ ᠶᠢᠨ ᠤᠬᠠᠭᠤᠯᠭ᠎ᠠ ᠬᠥᠮᠦᠵᠢᠯ ᠪᠠ | ᠡᠬᠡ ᠣᠷᠣᠨᠴᠢ ᠦᠵᠡᠯ ᠤᠨ ᠬᠥᠮᠦᠵᠢᠯ ᠢ ᠦᠷᠭᠦᠯᠵᠢᠯᠡᠨ ᠰᠠᠶᠢᠲᠤᠷ ᠥᠷᠨᠢᠭᠦᠯᠵᠦ ᠂ ᠤᠯᠠᠨ ᠲᠦᠮᠡᠨᠴᠢ ᠴᠢᠨᠠᠷᠲᠠᠢ ᠤᠶᠤᠨ ᠰᠠᠨᠠᠭᠠᠨ ᠤ ᠪᠣᠯᠪᠠᠰᠤᠨ ᠢ ᠡᠭᠦᠳᠦᠨ | ᠪᠠᠶᠢᠭᠤᠯᠬᠤ ᠠᠵᠢᠯ ᠢ ᠴᠢᠩᠭᠠᠳᠬᠠᠨ᠎ᠠ᠃ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ︽ 200 ᠢᠨᠵᠧᠨᠧᠷᠢᠩ ︾ ᠢ ᠭᠦᠨᠵᠡᠭᠡᠢ ᠬᠡᠷᠡᠭᠵᠢᠭᠦᠯᠵᠦ ᠂ ᠬᠥᠳᠡᠭᠡ | ᠲᠣᠰᠬᠤᠨ ᠤ ᠤᠯᠠᠭᠠᠨᠮᠥ᠋ᠴᠢᠷ ᠤᠨ ᠡᠩᠨᠡᠭᠡ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠤᠨ᠎ᠠ ᠃ ᠰᠢᠤᠸᠠᠢ ᠵᠢᠶᠠ ᠸᠠᠨ ᠤ ᠶᠡᠷᠦᠩᠬᠡᠶᠢᠯᠡᠭᠰᠡᠨ ᠠᠵᠢᠯᠯᠠᠭᠠᠨ ᠤ | ᠲᠥᠪ ᠤᠨ ᠵᠦᠴᠦᠭᠡ ᠶᠢᠨ ᠬᠦᠷᠢᠶᠡᠯᠡᠩ ᠢ ᠡᠬᠢᠯᠡᠨ ᠠᠵᠢᠯᠯᠠᠭᠤᠯᠵᠤ ᠂ ᠬᠤᠰᠢᠭᠤᠨ ᠤ ᠨᠣᠮ ᠤᠨ ᠰᠠᠩ ᠤᠨ ᠰᠢᠤᠸᠠᠢ ᠵᠢᠶᠠ ᠸᠠᠨ ᠤ ᠬᠤᠪᠢᠶᠠᠷᠢ ᠣᠷᠳᠣᠨ ᠢ | ᠳᠡᠭᠡᠭᠰᠢᠯᠡᠭᠦᠯᠦᠨ ᠥᠭᠡᠷᠡᠴᠢᠯᠡᠬᠦ ᠶᠢ ᠲᠦᠷᠭᠡᠳᠬᠡᠵᠦ ᠂ ᠥᠷᠭᠡᠨ ᠣᠯᠠᠨ ᠲᠦᠮᠡᠨ ᠤ ᠣᠶᠤᠨ ᠰᠠᠨᠠᠭ᠎ᠠ ᠰᠣᠶᠣᠯ ᠤᠨ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠨ᠎ᠠ ᠃ | ᠲᠡᠦᠬᠡ ᠶᠢᠨ ᠳᠤᠷᠠᠰᠬᠠᠯᠲᠤ ᠵᠦᠢᠯᠡᠰ ᠤᠨ ᠦᠯᠡᠳᠡᠭᠳᠡᠯ ᠪᠠ ᠤᠯᠠᠮᠵᠢᠯᠠᠯᠲᠤ ᠰᠣᠶᠣᠯ ᠢ ᠬᠠᠮᠠᠭᠠᠯᠠᠨ ᠠᠰᠢᠭᠯᠠᠬᠤ ᠶᠢ ᠴᠢᠩᠭᠠᠳᠬᠠᠨ ᠂ ᠮᠠᠩᠬᠠᠨ ᠠᠶᠠᠯᠭᠤ ᠶᠢᠨ | ᠮᠦᠽᠧᠢ ᠶᠢ ᠲᠥᠯᠥᠪᠵᠢᠭᠦᠯᠦᠨ ᠪᠠᠶᠢᠭᠤᠯᠵᠤ ᠂ ᠸᠠᠩ ᠤᠨ ᠣᠷᠳᠣᠨ᠂ ᠨᠠᠭᠠᠳᠤᠮ ᠤᠨ ᠬᠤᠷᠠᠯ ᠤᠨ ᠲᠠᠯᠠᠪᠠᠢ ᠶᠢ ᠰᠡᠯᠪᠢᠨ ᠵᠠᠰᠠᠬᠤ ᠶᠢ ᠲᠦᠷᠭᠡᠳᠬᠡᠵᠦ ᠂ ᠵᠡᠭᠦᠨᠭᠠᠷ ᠤᠨ | ᠲᠡᠦᠬᠡ ᠰᠣᠶᠣᠯ ᠢᠷᠭᠡᠨᠰᠢᠯ ᠤᠨ ᠵᠣᠷᠢᠭ ᠰᠠᠨᠠᠭ᠎ᠠ ᠶᠢ ᠳᠡᠯᠭᠡᠨ ᠦᠵᠡᠭᠦᠯᠦᠨ᠎ᠡ᠃ | ᠨᠡᠶᠢᠭᠡᠮ ᠤᠨ ᠪᠠᠲᠤᠯᠠᠭ᠎ᠠ ᠶᠢᠨ ᠲᠣᠣᠷ ᠢ ᠪᠠᠬᠢᠵᠢᠭᠦᠯᠦᠨ᠎ᠡ᠃ ᠨᠠᠷᠢᠯᠢᠭ ᠣᠨᠣᠴᠠᠲᠠᠢ ᠪᠠᠷ ᠳᠠᠭᠠᠳᠬᠠᠯ ᠳᠤ ᠣᠷᠤᠯᠴᠠᠬᠤ ᠬᠡᠪᠴᠢᠶ᠎ᠡ ᠶᠢ ᠥᠷᠭᠡᠳᠬᠡᠬᠦ ᠠᠵᠢᠯᠯᠠᠭ᠎ᠠ ᠶᠢ | ᠥᠷᠨᠢᠭᠦᠯᠤᠨ ᠂ ᠨᠠᠰᠤᠵᠢᠯ ᠤᠨ ᠦᠨᠳᠦᠰᠦᠨ ᠠᠰᠠᠷᠠᠮᠵᠢ ᠂ ᠡᠮ ᠡᠮᠨᠡᠯᠭᠡ᠂ ᠠᠵᠢᠯ ᠠᠯᠳᠠᠯᠲᠠ ᠶᠢᠨ ᠳᠠᠭᠠᠳᠬᠠᠯ ᠤᠨ ᠪᠠᠲᠤᠯᠠᠬᠤ ᠶᠣᠰᠣᠲᠠᠢ ᠶᠢ ᠨᠢ ᠴᠥᠮ | ᠪᠠᠲᠤᠯᠠᠬᠤ ᠶᠢ ᠠᠬᠢᠭᠤᠯᠤᠨ᠎ᠠ᠃ ᠠᠵᠢᠯ ᠠᠴᠠ ᠪᠣᠯᠤᠭᠰᠠᠨ ᠭᠡᠮᠲᠦᠯ ᠢ ᠤᠷᠢᠳᠴᠢᠯᠠᠨ ᠰᠡᠷᠭᠡᠶᠢᠯᠡᠬᠦ ᠲᠠᠪᠤᠨ ᠵᠢᠯ ᠤᠨ ᠠᠵᠢᠯᠯᠠᠭ᠎ᠠ ᠶᠢᠨ ᠲᠥᠯᠥᠪᠯᠡᠭᠡ ᠶᠢ | ᠨᠠᠶᠢᠳᠠᠪᠤᠷᠢᠵᠢᠭᠤᠯᠤᠨ ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠣᠨᠳᠣᠣ ᠭᠠᠵᠠᠷ ᠲᠤ ᠡᠮᠨᠡᠭᠦᠯᠦᠭᠰᠡᠨ ᠢ ᠰᠦᠯᠵᠢᠶ᠎ᠠ ᠪᠠᠷ ᠳᠤᠭᠠᠴᠠᠭ᠎ᠠ ᠬᠢᠬᠦ ᠶᠢ | ᠠᠬᠢᠭᠤᠯᠤᠨ᠎ᠠ ᠃ ᠠᠮᠤᠷ ᠳᠦᠪᠰᠢᠨ ᠤᠤᠭᠤᠬᠤ ᠤᠰᠤᠨ ᠤ ᠰᠠᠶᠢᠵᠢᠷᠠᠭᠤᠯᠤᠨ ᠥᠭᠡᠷᠡᠴᠢᠯᠡᠬᠦ ᠪᠠᠷᠢᠯᠭ᠎ᠠ ᠶᠢ ᠡᠬᠢᠯᠡᠭᠦᠯᠦᠨ ᠬᠡᠷᠡᠭᠵᠢᠭᠦᠯᠦᠨ᠎ᠡ᠃ ᠣᠷᠣᠰᠢᠭᠤᠯᠭ᠎ᠠ ᠶᠢᠨ | ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠦ ᠂ ᠰᠢᠤᠸᠠᠢ ᠵᠢᠶᠠ ᠸᠠᠨ ᠤ ᠣᠷᠣᠰᠢᠭᠤᠯᠭ᠎ᠠ ᠶᠢᠨ ᠦᠢᠯᠡᠴᠢᠯᠡᠭᠡᠨ ᠤ ᠲᠥᠪ ᠢ | ᠲᠥᠯᠥᠪᠵᠢᠭᠦᠯᠦᠨ ᠪᠠᠶᠢᠭᠤᠯᠵᠤ ᠂ ᠵᠡᠭᠦᠨᠭᠠᠷ ᠤᠨ ᠣᠷᠣᠰᠢᠭᠤᠯᠭ᠎ᠠ ᠶᠢᠨ ᠭᠠᠵᠠᠷ ᠂ ᠱᠠᠬᠳᠠᠷ ᠤᠨ ᠣᠷᠣᠰᠢᠭᠤᠯᠭ᠎ᠠ ᠶᠢᠨ ᠭᠠᠵᠠᠷ ᠂ ᠵᠡᠭᠦᠨᠭᠠᠷ ᠤᠨ ᠨᠡᠶᠢᠲᠡ ᠶᠢᠨ | ᠣᠩᠭᠤᠨ ᠤ ᠲᠥᠷᠥᠯ ᠵᠦᠢᠯ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠎ᠠ ᠃ ᠴᠡᠷᠢᠭ ᠠᠴᠠ ᠬᠠᠯᠠᠬᠳᠠᠬᠰᠠᠳ ᠪᠠ ᠠᠰᠠᠷᠠᠨ | ᠬᠠᠷᠠᠭᠠᠯᠵᠠᠬᠤ ᠡᠲᠡᠭᠡᠳ ᠤᠨ ᠦᠢᠯᠡᠴᠢᠯᠡᠭᠡ ᠪᠠᠲᠤᠯᠠᠭ᠎ᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ ᠂ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠂ | ᠣᠨᠴᠠ ᠬᠦᠴᠢᠷᠳᠡᠯᠲᠡᠢ ᠂ ᠣᠷᠣᠯᠭ᠎ᠠ ᠪᠠᠭᠠᠲᠠᠢ ᠭᠡᠷ ᠪᠦᠯᠢ ᠂ ᠵᠡᠮᠳᠡᠭᠴᠦᠳ ᠵᠡᠷᠭᠡ ᠠᠮᠢᠳᠤᠷᠠᠯ ᠨᠢ ᠬᠦᠴᠢᠷᠳᠡᠯᠲᠡᠢ ᠬᠥᠮᠥᠰ ᠢ ᠬᠠᠪᠰᠤᠷᠤᠨ ᠲᠡᠳᠬᠦᠵᠦ ᠠᠪᠤᠷᠠᠨ | ᠲᠤᠰᠠᠯᠠᠬᠤ ᠶᠢ ᠴᠢᠩᠭᠠᠳᠬᠠᠨ ᠂ ᠨᠡᠶᠢᠲᠡ ᠶᠢᠨ ᠠᠰᠠᠷᠠᠮᠵᠢ ᠶᠢᠨ ᠦᠢᠯᠡᠰ ᠪᠦᠳᠤᠭᠡᠬᠦ ᠪᠡᠯᠡ ᠣᠷᠣᠭᠤᠯᠤᠯᠲᠠ ᠂ ︽ ᠲᠠᠪᠤᠨ ᠬᠤᠯᠪᠤᠭᠠᠯᠠᠯ ︾ ᠤᠨ ᠵᠠᠰᠠᠭ ᠤᠨ ᠣᠷᠳᠣᠨ | ᠡᠴᠠᠦᠢᠯᠡᠴᠢᠯᠡᠭᠡ ᠶᠢ ᠬᠤᠳᠠᠯᠳᠤᠨ ᠠᠪᠬᠤ ᠲᠥᠷᠥᠯ ᠵᠦᠢᠯ ᠢ ᠬᠡᠷᠡᠭᠵᠢᠭᠦᠯᠵᠦ ᠂ ᠦᠨᠳᠦᠰᠦᠨ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠡᠷᠡᠰ ᠪᠠᠲᠤ | ᠰᠠᠬᠢᠨ᠎ᠠ ᠃ ᠡᠮᠡᠭᠲᠡᠶᠢᠴᠦᠳ ᠬᠡᠦᠬᠡᠳ ᠤᠨ ᠡᠷᠬᠡ ᠠᠰᠢᠭ ᠤᠨ ᠬᠠᠮᠠᠭᠠᠯᠠᠯᠲᠠ᠂ ᠰᠠᠶᠢᠨ ᠳᠤᠷᠠᠴᠤᠤᠯ ᠤᠨ ᠦᠢᠯᠡᠴᠢᠯᠡᠭᠡ᠂ ᠨᠡᠶᠢᠲᠡ ᠶᠢᠨ ᠠᠰᠠᠷᠠᠮᠵᠢ | ᠨᠢᠭᠦᠯᠡᠰᠦᠩᠭᠦᠢ ᠶᠢᠨ ᠦᠢᠯᠡᠰ ᠵᠡᠷᠭᠡ ᠨᠡᠶᠢᠭᠡᠮ ᠤᠨ ᠦᠢᠯᠡᠰ ᠤᠨ ᠪᠦᠬᠦ ᠲᠠᠯ᠎ᠠ ᠶᠢᠨ ᠬᠥᠭᠵᠢᠯᠲᠡ ᠶᠢ ᠶᠡᠭᠡ ᠪᠠᠷ ᠳᠡᠮᠵᠢᠨ᠎ᠠ ᠃ | ᠨᠡᠶᠢᠭᠡᠮ ᠤᠨ ᠠᠮᠤᠷ ᠲᠦᠪᠰᠢᠨ ᠲᠣᠭᠲᠠᠭᠤᠨ ᠪᠠᠶᠢᠳᠠᠯ ᠢ ᠪᠠᠲᠤᠯᠠᠨ᠎ᠠ᠃ ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ | ᠲᠤᠷᠰᠢᠯᠲᠠ ᠶᠢᠨ ᠴᠡᠭ ᠤᠨ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠵᠦ ᠂ ᠬᠤᠰᠢᠭᠤᠨ ᠤ ᠱᠠᠲᠤᠨ ᠤ ᠶᠡᠷᠦᠩᠬᠡᠶᠢᠯᠡᠨ ᠵᠠᠰᠠᠬᠤ ᠲᠥᠪ ᠤᠨ ᠪᠣᠳᠠᠲᠤ | ᠴᠣᠭᠴᠠᠵᠢᠭᠤᠯᠤᠬᠰᠠᠨ ᠠᠵᠢᠯᠯᠠᠭᠠᠨ ᠢ ᠲᠦᠷᠭᠡᠳᠬᠡᠨ ᠂ ᠵᠥᠷᠢᠴᠡᠯ ᠵᠢᠭᠤᠷᠠᠯᠳᠤᠭᠠᠨ ᠢ ︽ ᠥᠷᠲᠡᠭᠡᠴᠢᠯᠡᠭᠰᠡᠨ ᠬᠡᠯᠪᠡᠷᠢ ᠪᠠᠷ ᠭᠥᠯᠢᠶᠡᠨ ᠠᠪᠴᠤ ᠰᠢᠢᠳᠪᠦᠷᠢᠯᠡᠬᠦ ︾ ᠶᠢ | ᠪᠡᠶᠡᠯᠡᠭᠦᠯᠵᠦ ᠂ ᠵᠠᠬᠢᠳᠠᠯ ᠰᠣᠷᠪᠤᠯᠵᠢᠯᠠᠯ ᠤᠨ ᠤᠴᠢᠷ ᠶᠠᠪᠤᠳᠠᠯ ᠢ ᠴᠠᠭ ᠲᠤᠬᠠᠢ ᠳᠤᠨᠢ ᠭᠥᠯᠢᠶᠡᠨ ᠠᠪᠴᠤ ᠰᠢᠢᠳᠪᠦᠷᠢᠯᠡᠭᠰᠡᠨ ᠨᠣᠷᠮ᠎ᠠ ᠂ ᠬᠤᠭᠤᠴᠠᠭ᠎ᠠ ᠶᠣᠰᠣᠭᠠᠷ | ᠰᠢᠢᠳᠪᠦᠷᠢᠯᠡᠵᠦ ᠳᠠᠭᠤᠰᠬᠠᠬᠰᠠᠨ ᠨᠣᠷᠮ᠎ᠠ ᠶᠢ 100% ᠳᠤ ᠬᠦᠷᠭᠡᠨ᠎ᠠ ᠃ ︽ ᠣᠶᠤᠨᠴᠢ ᠵᠡᠭᠦᠨᠭᠠᠷ ︾ ᠤᠨ ᠪᠠᠶᠢᠭᠤᠯᠤᠯᠲᠠ ᠶᠢ ᠲᠦᠷᠭᠡᠳᠬᠡᠨ ᠂ ᠨᠡᠶᠢᠭᠡᠮ ᠤᠨ | ᠵᠠᠰᠠᠯᠲᠠ ᠶᠢᠨ ᠣᠶᠤᠨᠴᠢ ᠲᠠᠪᠴᠠᠩ ᠢ ᠪᠠᠶᠢᠭᠤᠯᠤᠨ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ ᠂ ︽ ᠳ᠋ᠦᠸᠧ ᠳ᠋ᠦᠸᠧ ᠫᠢᠩ · ᠵᠡᠬᠦᠠᠭᠠᠷ ᠰᠤᠪᠠᠭ ︾ | ᠲᠠᠪᠴᠠᠩ ᠢ ᠰᠠᠶᠢᠲᠤᠷ ᠬᠡᠷᠡᠭᠯᠡᠨ ᠂ ᠣᠳᠣᠬᠢᠴᠢᠯᠠᠭᠰᠠᠨ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ ᠃ ᠳᠣᠲᠣᠭᠠᠳᠤ ᠶᠢ ᠬᠠᠮᠠᠭᠠᠯᠠᠬᠤ ᠶᠡᠷᠦᠩᠬᠡᠶᠢᠯᠡᠭᠰᠡᠨ | ᠲᠤᠬᠠᠶᠢᠯᠠᠭᠰᠠᠨ ᠠᠵᠢᠯ ᠤᠨ ᠠᠰᠠᠷ ᠵᠢᠴᠢ ᠳᠠᠭᠠᠯᠲᠠ ᠪᠠᠷᠢᠯᠭ᠎ᠠ ᠶᠢ ᠡᠬᠢᠯᠡᠭᠦᠯᠦᠨ ᠬᠡᠷᠡᠭᠵᠢᠭᠦᠯᠵᠦ ᠂ ᠣᠯᠠᠨ ᠬᠡᠮᠵᠢᠯᠲᠦ ᠣᠶᠤᠨᠴᠢ ᠴᠠᠭᠳᠠᠭᠠᠨ ᠤ ᠶᠠᠪᠤᠳᠠᠯ ᠤᠨ | ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠨ ᠂ ᠠᠮᠤᠭᠤᠯᠠᠩ ᠵᠡᠭᠦᠨᠭᠠᠷ ᠤᠨ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ ᠃ ᠤᠯᠤᠰ ᠤᠨ | ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠶᠢ ᠡᠬᠦᠳᠤᠨ ᠪᠠᠶᠢᠭᠤᠯᠤᠨ᠎ᠠ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ | ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠨᠢᠭᠡ ᠪᠦᠯᠦᠭ ᠴᠢᠨᠠᠷ | ᠰᠠᠶᠢᠲᠠᠢ ᠬᠥᠮᠦᠵᠢᠯ ᠤᠨ ᠰᠠᠭᠤᠷᠢᠨ ᠭᠠᠵᠠᠷ ᠢ ᠴᠣᠭᠴᠠᠯᠠᠨ ᠪᠠᠶᠢᠭᠤᠯᠵᠤ ᠂ ︽ ᠵᠢᠱᠢᠶᠡᠴᠢ ᠥᠪᠡᠷᠲᠡᠭᠡᠨ ᠵᠠᠰᠠᠬᠤ ᠣᠷᠣᠨ ︾ ᠢ ᠪᠦᠲᠦᠭᠡᠨ ᠪᠠᠶᠢᠭᠤᠯᠬᠤ | ᠡᠭᠦᠷᠭᠡ ᠶᠢ ᠡᠷᠡᠰ ᠨᠠᠶᠢᠳᠠᠪᠤᠷᠢᠵᠢᠭᠤᠯᠤᠨ᠎ᠠ᠃ ᠡᠳ᠋ ᠤᠨ ᠵᠠᠰᠠᠭ ᠮᠥᠩᠭᠦᠨ ᠭᠦᠢᠯᠭᠡᠭᠡ᠂ ᠭᠡᠷ ᠪᠠᠶᠢᠰᠢᠩ ᠭᠠᠵᠠᠷ ᠬᠥᠷᠥᠩᠭᠡ ᠵᠡᠷᠭᠡ ᠬᠦᠷᠢᠶ᠎ᠠ ᠴᠠᠷᠠᠭᠠᠨ ᠳᠠᠬᠢ ᠠᠶᠤᠯ | ᠲᠦᠭᠰᠢᠭᠦᠷᠢ ᠶᠢ ᠰᠡᠷᠭᠡᠶᠢᠯᠡᠨ ᠡᠵᠡᠮᠳᠡᠵᠦ ᠨᠠᠮᠳᠠᠭᠤᠯᠬᠤ ᠶᠢ ᠴᠢᠩᠭᠠᠳᠬᠠᠵᠤ ᠂ ᠰᠢᠰᠲ᠋ᠧᠮ ᠤᠨ ᠴᠢᠨᠠᠷᠲᠠᠢ ᠠᠶᠤᠯ ᠲᠦᠭᠰᠢᠭᠦᠷᠢ ᠦᠯᠦ ᠭᠠᠷᠭᠠᠬᠤ ᠬᠢᠵᠠᠭᠠᠷ ᠱᠤᠭᠤᠮ ᠢ | ᠪᠠᠲᠤ ᠰᠠᠬᠢᠨ᠎ᠠ᠃ ᠠᠶᠤᠯᠭᠦᠢ ᠦᠢᠯᠡᠳᠪᠦᠷᠢᠯᠡᠯ ᠤᠨ ᠬᠡᠮ ᠰᠣᠭᠤᠭ ᠢ ᠶᠡᠬᠡᠪᠡᠷ ᠪᠠᠶᠢᠴᠠᠭᠠᠵᠤ ᠶᠡᠬᠡᠪᠡᠷ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ | ᠥᠷᠨᠢᠭᠦᠯᠵᠦ ᠂ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠬᠠᠮᠠᠭᠠᠯᠠᠨ᠎ᠠ᠃ | ᠲᠥᠯᠥᠭᠡᠯᠡᠭᠴᠢᠳ ᠠ᠋᠂ | ᠳᠡᠭᠡᠷᠡᠬᠢ ᠠᠵᠢᠯ ᠤᠳ ᠢ ᠰᠠᠶᠢᠲᠤᠷ ᠬᠢᠭᠰᠡᠨ ᠰᠠᠭᠤᠷᠢᠨ ᠳᠡᠭᠡᠷ᠎ᠡ᠂ ᠡᠨᠡ ᠵᠢᠯ ᠪᠢᠳᠡ ᠤᠯᠠᠨ ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠬᠠᠯᠠᠮᠰᠢᠯ ᠠᠰᠠᠭᠤᠳᠠᠯ | ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠤᠨ ᠂ ᠠᠷᠠᠳ ᠤᠨ ᠠᠮᠢᠳᠤᠷᠠᠯ ᠤᠨ 10 ᠪᠣᠳᠠᠲᠤ ᠶᠠᠪᠤᠳᠠᠯ ᠤᠨ ᠵᠢᠱᠢᠭᠳᠡᠭᠴᠢ ᠶᠢᠨ ᠲᠦᠷᠦᠯ ᠵᠦᠢᠯ ᠢ | ᠡᠮᠬᠢᠯᠡᠵᠦ ᠂ ᠶᠡᠭᠡᠬᠤᠷᠠᠯ ᠳᠤ ᠳᠡᠪᠰᠢᠬᠦᠯᠤᠨ ᠪᠦᠬᠦ ᠲᠥᠯᠥᠭᠡᠯᠡᠭᠴᠢᠳ ᠪᠢᠯᠧᠲ ᠥᠭᠴᠦ ᠪᠠᠳᠤᠯᠠᠨ᠎ᠠ᠃ ᠪᠢᠳᠡ ᠨᠢᠭᠡ ᠨᠢᠭᠡ ᠵᠢᠯ ᠨᠢᠭᠡ ᠨᠢᠭᠡ ᠶᠠᠪᠤᠳᠠᠯ ᠢᠶᠠᠷ | ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠦᠷᠭᠦᠯᠵᠢᠯᠡᠨ ᠰᠠᠶᠢᠲᠤᠷ ᠬᠢᠵᠦ ᠂ ᠪᠣᠳᠠᠲᠤ ᠶᠠᠪᠤᠳᠠᠯ ᠢᠶᠠᠷ ᠠᠷᠠᠳ ᠤᠨ ᠠᠮᠢᠳᠤᠷᠠᠯ ᠳᠤ ᠠᠰᠢᠭ ᠬᠦᠷᠲᠡᠭᠡᠨ ᠂ | ᠵᠢᠵᠢᠭ ᠰᠠᠵᠢᠭ ᠶᠠᠪᠤᠳᠠᠯ ᠢᠶᠠᠷ ᠠᠷᠠᠳ ᠤᠨ ᠰᠡᠳᠬᠢᠯ ᠢ ᠳᠤᠯᠠᠭᠠᠴᠠᠭᠤᠯᠵᠤ ᠂ ᠠᠷᠠᠳ ᠤᠯᠠᠨ ᠳᠤ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠨᠡᠩ | ᠭᠦᠨ ᠬᠦᠷᠲᠡᠭᠡᠨ᠎ᠡ᠃ | ᠭᠤᠷᠪᠠ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ ᠳᠠᠯ᠎ᠠ ᠪᠠᠷ ᠴᠢᠩᠭᠠᠳᠬᠠᠨ᠎ᠠ | ᠪᠢᠳᠡ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ ᠂ | ᠰᠤᠷᠲᠠᠯ ᠤᠨ ᠦᠷ᠎ᠡ ᠪᠦᠲᠦᠮᠵᠢ ᠶᠢᠨ ᠳᠡᠭᠡᠭᠰᠢᠯᠡᠯᠲᠡ ᠶᠢ ᠦᠷᠭᠦᠯᠵᠢᠯᠡᠨ ᠠᠬᠢᠭᠤᠯᠵᠤ ᠂ ᠭᠠᠪᠢᠶ᠎ᠠ ᠵᠢᠳᠬᠦᠯ ᠪᠠᠶᠢᠭᠤᠯᠬᠤ ᠳᠤ ᠨᠡᠷ᠎ᠡ ᠳᠦᠷᠦ ᠶᠢᠨ ᠬᠤᠶᠢᠨ᠎ᠠ ᠠᠴᠠ | ᠬᠦᠭᠡᠭᠡᠴᠡᠯᠳᠦᠬᠦ ᠦᠭᠡᠢ ᠂ ᠬᠠᠷᠢᠨ ᠭᠠᠪᠢᠶ᠎ᠠ ᠵᠢᠳᠬᠦᠯ ᠪᠠᠶᠢᠭᠤᠯᠬᠤ ᠳᠤ ᠡᠬᠦᠷᠭᠡ ᠬᠠᠷᠢᠭᠤᠴᠠᠯᠭ᠎ᠠ ᠪᠠᠨ ᠵᠠᠪᠠᠯ ᠪᠡᠶᠡᠯᠡᠬᠦᠯᠤᠨᠠᠭᠡᠬᠦ ᠡᠬᠦᠷᠭᠡᠯᠡᠯ ᠢ ᠡᠭᠦᠷᠭᠡᠯᠡᠵᠦ ᠂ | ᠵᠠᠰᠠᠭ ᠤᠨ ᠣᠷᠳᠣᠨ ᠤ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠦᠨ᠎ᠡ᠃ | ᠦᠨᠡᠨᠴᠢ ᠰᠢᠳᠤᠷᠭᠤ ᠪᠠᠷ ᠵᠠᠰᠠᠭ ᠪᠠᠷᠢᠬᠤ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠨ᠎ᠠ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ᠂ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠣᠨ ᠶᠡᠷᠦᠩᠬᠡᠢ ᠱᠦᠵᠢ | ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠳᠤ ᠳᠠᠯᠪᠢᠬᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠳᠤᠭᠤᠰᠢᠯᠠᠭᠤᠯᠵᠤ | ᠨᠠᠶᠢᠳᠠᠪᠤᠷᠢᠵᠢᠭᠤᠯᠬᠤ ᠶᠢ ᠤᠷᠳᠤ ᠬᠤᠭᠤᠴᠠᠭᠠᠨ ᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠵᠤ ᠂ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ | ᠡᠷᠬᠢᠮᠯᠡᠬᠦ ᠶᠢ ᠦᠨᠳᠦᠰᠦᠨ ᠱᠠᠭᠠᠷᠳᠠᠯᠭ᠎ᠠ ᠪᠣᠯᠭᠠᠨ ᠵᠠᠰᠠᠭ ᠤᠨ ᠣᠷᠳᠣᠨ ᠤ ᠠᠵᠢᠯ ᠤᠨ ᠪᠦᠬᠦ ᠶᠠᠪᠤᠴᠠ᠂ ᠡᠯ᠎ᠡ ᠬᠦᠷᠢᠶ᠎ᠠ ᠴᠠᠷᠠᠭᠠᠨ ᠳᠤ ᠳᠤᠭᠤᠰᠢᠯᠠᠭᠤᠯᠤᠨ ᠂ | ᠬᠡᠬᠦᠳᠡᠭ ᠴᠡᠭᠡᠵᠢᠨ ᠳᠡᠭᠡᠨ ᠴᠠᠭ ᠢᠮᠠᠭᠲᠠ ︽ ᠬᠤᠶᠠᠷ ᠶᠡᠭᠡ ᠲᠠᠯ᠎ᠠ︾ ᠶᠢ ᠪᠠᠭᠲᠠᠭᠠᠵᠤ ᠂ ︽ ᠤᠯᠤᠰ ᠤᠨᠶᠡᠭᠡ ᠪᠤᠳᠤᠯᠭ᠎ᠠ︾ ᠲᠠᠢ ᠰᠡᠳᠬᠢᠯ ᠵᠢᠷᠦᠬᠡ ᠪᠠᠨ ᠬᠤᠯᠪᠣᠨ ᠂ | ︽ᠬᠤᠶᠠᠷ ᠢ ᠲᠣᠭᠲᠠᠭᠠᠬᠰᠠᠨ︾ ᠢ ᠦᠨᠡᠨᠴᠢ ᠪᠠᠷ ᠬᠦᠷᠢᠶᠡᠯᠡᠵᠦ ᠂ ︽ ᠬᠤᠶᠠᠷ ᠢ ᠬᠠᠮᠠᠭᠠᠯᠠᠬᠤ ︾ ᠶᠢ ᠡᠷᠡᠰ ᠪᠡᠶᠡᠯᠡᠭᠦᠯᠤᠨ ᠂ ᠤᠯᠤᠰ ᠲᠦᠷᠦ ᠶᠢᠨ ᠮᠠᠭᠠᠳᠯᠠᠬᠤ | ᠴᠢᠳᠠᠪᠤᠷᠢ ᠂ ᠤᠯᠤᠰ ᠲᠦᠷᠦ ᠶᠢᠨ ᠤᠬᠠᠪᠤᠷᠢᠯᠠᠬᠤ ᠴᠢᠳᠠᠪᠤᠷᠢ᠂ ᠤᠯᠤᠰ ᠲᠦᠷᠦ ᠶᠢᠨ ᠬᠦᠢᠴᠡᠳᠭᠡᠬᠦ ᠴᠢᠳᠠᠪᠤᠷᠢ ᠶᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃ | ᠳᠡᠭᠡᠳᠦ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠠ ᠬᠤᠰᠢᠭᠤᠨ ᠤ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠲᠡᠷᠡ ᠬᠡᠪ ᠢᠶᠠᠷ ᠨᠢ ᠳᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠨᠢᠭᠡ ᠬᠠᠷᠠᠯᠲᠠ ᠪᠠᠷ ᠲᠡᠮᠡᠴᠡᠵᠦ ᠂ ᠨᠢᠭᠡ ᠲᠠᠭᠤᠨ ᠢᠶᠠᠷ ᠨᠠᠶᠢᠳᠠᠪᠤᠷᠢᠵᠢᠭᠤᠯᠤᠨ ᠂ ᠨᠢᠭᠡ | ᠣᠪᠣᠷ ᠢᠶᠠᠷ ᠨᠠᠶᠢᠳᠠᠪᠤᠷᠢᠵᠢᠭᠤᠯᠤᠨ᠎ᠠ ᠃ | ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠴᠢᠩᠭ᠎ᠠ ᠠᠳᠬᠤᠨ᠎ᠠ᠃ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠳᠤᠭᠤᠰᠢᠯᠠᠭᠤᠯᠤᠨ ᠂ | ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠂ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠂ ᠬᠠᠤᠯᠢ ᠶᠣᠰᠣᠭᠠᠷ | ᠰᠢᠢᠳᠪᠦᠷᠢᠲᠦ ᠪᠣᠳᠣᠯᠭ᠎ᠠ ᠲᠣᠭᠲᠠᠭᠠᠬᠤ ᠲᠣᠭᠲᠠᠴᠠ ᠶᠢ ᠪᠦᠷᠢᠨᠰᠢᠭᠦᠯᠵᠦ ᠂ ︽ ᠭᠤᠷᠪᠠᠨ ᠴᠢᠬᠤᠯᠠ ᠨᠢᠭᠡ ᠳᠤᠮᠤ ︾ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠡᠰ | ᠳᠠᠷᠠᠭᠠᠯᠠᠯ ᠢ ᠬᠢᠨᠠᠮᠠᠭᠠᠢ ᠨᠠᠶᠢᠳᠠᠪᠤᠷᠢᠵᠢᠭᠤᠯᠤᠨ᠂ ᠵᠠᠰᠠᠭ ᠤᠨ ᠣᠷᠳᠣᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠤᠯᠠᠨ ᠲᠦᠮᠡᠨ ᠣᠷᠤᠯᠴᠠᠬᠤ ᠂ ᠲᠤᠰᠬᠠᠢ | ᠮᠡᠷᠭᠡᠵᠢᠯᠲᠡᠨ ᠯᠠᠪᠯᠠᠯᠭ᠎ᠠ ᠥᠭᠬᠦ ᠂ ᠬᠠᠤᠯᠢ ᠴᠠᠭᠠᠵᠠ ᠶᠢᠨ ᠬᠢᠨᠠᠨ ᠪᠠᠶᠢᠴᠠᠭᠠᠯᠲᠠ ᠯᠤᠭ᠎ᠠ ᠣᠷᠭᠠᠨᠢᠭ ᠢᠶᠠᠷ ᠤᠶᠠᠯᠳᠤᠭᠤᠯᠵᠤ ᠂ ᠬᠠᠤᠯᠢ ᠶᠣᠰᠣᠭᠠᠷ ᠰᠢᠨᠵᠢᠯᠡᠬᠦ | ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠦᠨᠡᠨᠬᠦ ᠪᠡᠶᠡᠯᠡᠭᠦᠯᠦᠨ᠎ᠡ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ | ᠪᠠᠶᠢᠩᠭᠤ ᠶᠢᠨ ᠬᠤᠷᠢᠶ᠎ᠠ ᠶᠢᠨ ᠬᠠᠤᠯᠢ ᠴᠠᠭᠠᠵᠠ ᠶᠢᠨ ᠬᠢᠨᠠᠯᠲᠠ ᠂ ᠠᠵᠢᠯ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ ᠂ ᠬᠤᠰᠢᠭᠤᠨ ᠤ ᠤᠯᠤᠰ ᠲᠥᠷᠥ ᠶᠢᠨ | ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ ᠂ ᠬᠢᠨᠠᠨ ᠪᠤᠳᠤᠯᠳᠠ ᠶᠢᠨ ᠬᠢᠨᠠᠯᠲᠠ ᠂ ᠲᠤᠭ᠎ᠠ ᠪᠦᠷᠢᠳᠬᠡᠯ ᠤᠨ ᠬᠢᠨᠠᠯᠲᠠ ᠂ | ᠶᠠᠷᠢᠶ᠎ᠠ ᠭᠡᠯᠡᠯᠴᠡᠭᠡᠨ ᠤ ᠬᠢᠨᠠᠯᠳᠠ ᠶᠢ ᠴᠢᠩᠭᠠᠳᠬᠠᠨ᠎ᠠ᠃ ᠲᠥᠷᠥ ᠶᠢᠨ ᠪᠣᠳᠣᠯᠭ᠎ᠠ ᠶᠢᠨ ᠴᠢᠨᠠᠷᠲᠠᠢ ᠪᠢᠴᠢᠭ ᠮᠠᠲ᠋ᠧᠷᠢᠶᠠᠯ ᠤᠨ ᠵᠢᠷᠤᠮᠵᠢᠭᠤᠯᠤᠯᠲᠠ ᠂ ᠬᠠᠤᠯᠢ ᠶᠤᠰᠤᠨ ᠤ | ᠴᠢᠨᠠᠷᠳᠠᠢ ᠬᠢᠨᠠᠨ ᠪᠠᠶᠢᠴᠠᠭᠠᠯᠲᠠ ᠶᠢ ᠴᠢᠩᠭᠠᠳᠬᠠᠵᠤ ᠂ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠠᠷᠢᠮᠵᠢᠶᠠᠵᠢᠭᠤᠯᠬᠤ ᠬᠢᠷᠢ ᠳᠦᠪᠰᠢᠨ ᠢ ᠳᠡᠭᠡᠭᠰᠢᠯᠡᠬᠦᠯᠤᠨ᠎ᠠ᠃ | ︽ ᠨᠠᠢᠮᠠᠳᠤᠭᠠᠷ ᠲᠠᠪᠤᠨ ᠵᠢᠯ ︾ ᠤᠨ ᠬᠠᠤᠯᠢ ᠲᠦᠭᠡᠮᠡᠯᠵᠢᠭᠦᠯᠬᠦ ᠠᠵᠢᠯᠯᠠᠭ᠎ᠠ ᠶᠢ ᠥᠨᠳᠥᠷ ᠪᠠᠷᠢᠮᠵᠢᠶ᠎ᠠ ᠪᠠᠷ ᠠᠬᠢᠭᠤᠯᠤᠨ ᠂ ᠠᠯᠪᠠᠨ ᠲᠤᠰᠢᠶᠠᠯᠲᠠᠨ ᠤ ᠬᠠᠤᠯᠢ ᠶᠣᠰᠣᠭᠠᠷ | ᠬᠡᠷᠡᠭ ᠬᠦᠢᠴᠡᠳᠭᠡᠬᠦ ᠴᠢᠳᠠᠪᠤᠷᠢ ᠪᠠ ᠬᠠᠤᠯᠢ ᠶᠣᠰᠣᠭᠠᠷ ᠦᠢᠯᠡᠴᠢᠯᠡᠬᠦ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ ᠂ ᠴᠢᠩᠭ᠎ᠠ ᠵᠢᠷᠤᠮᠵᠢᠭᠤᠨ᠂ ᠲᠥᠪ | ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠠᠬᠢᠭᠤᠯᠤᠨ᠎ᠠ᠃ | ᠪᠣᠳᠠᠲᠠᠢ ᠶᠢ ᠡᠷᠬᠢᠮᠯᠡᠵᠦ ᠠᠵᠢᠯᠴᠢ ᠬᠢᠴᠢᠶᠡᠩᠭᠦᠢ ᠪᠠᠷ ᠵᠠᠰᠠᠭ ᠪᠠᠷᠢᠬᠤ ᠶᠢ ᠪᠣᠳᠠᠲᠠᠢ ᠳᠤ ᠨᠠᠶᠢᠳᠠᠪᠤᠷᠢᠵᠢᠭᠤᠯᠤᠨ᠎ᠠ᠃ ᠠᠷᠠᠳ ᠲᠦᠮᠡᠨ ᠳᠤ ᠦᠢᠯᠡᠴᠢᠯᠡᠬᠦ ᠵᠣᠷᠢᠯᠲᠠ | ᠪᠠ ᠣᠶᠢᠯᠠᠭᠠᠭᠳᠠᠬᠤᠨ ᠢ ᠪᠠᠲᠤ ᠴᠡᠭᠡᠵᠢᠯᠡᠨ ᠂ ᠰᠠᠨᠠᠭᠠᠴᠢᠯᠠᠭ᠎ᠠ ᠠᠴᠠ ᠪᠠᠨ ᠵᠠᠰᠠᠭ ᠤᠨ ᠶᠠᠪᠤᠳᠠᠯ ᠢ ᠠᠷᠠᠳ ᠠᠴᠠ ᠠᠰᠠᠭᠤᠵᠤ ᠂ ᠬᠡᠷᠡᠭᠴᠡᠭᠡ ᠶᠢ ᠠᠷᠠᠳ ᠠᠴᠠ | ᠠᠰᠠᠭᠤᠵᠤ ᠂ ᠠᠷᠭ᠎ᠠ ᠪᠣᠳᠣᠯᠭ᠎ᠠ ᠶᠢ ᠠᠷᠠᠳ ᠠᠴᠠ ᠠᠰᠠᠭᠤᠵᠤ ᠂ ᠤᠯᠠᠨ ᠲᠦᠮᠡᠨ᠂ ᠠᠵᠤ ᠠᠬᠤᠶᠢᠯᠠᠯ ᠵᠡᠷᠭᠡ ᠳᠤ ᠴᠢᠩᠭ᠎ᠠ ᠲᠤᠰᠬᠠᠯ ᠲᠠᠢ ᠨᠡᠶᠢᠲᠡᠯᠢᠭ ᠴᠢᠨᠠᠷᠲᠠᠢ | ᠠᠰᠠᠭᠤᠳᠠᠯ ᠂ ᠬᠠᠭᠤᠴᠢᠨ ᠶᠡᠭᠡ ᠬᠦᠴᠢᠷᠲᠡᠢ ᠠᠰᠠᠭᠤᠳᠠᠯ ᠢ ᠲᠡᠷᠡ ᠳᠠᠷᠤᠢ ᠳᠤᠨᠢ ᠵᠣᠬᠢᠴᠠᠭᠤᠯᠤᠨ ᠰᠢᠢᠳᠪᠦᠷᠢᠯᠡᠬᠦ ᠪᠠᠷ ᠴᠢᠷᠮᠠᠶᠢᠨ᠎ᠠ᠃ ᠲᠤᠬᠠᠢ ᠶᠢᠨ ᠭᠠᠵᠠᠷ ᠲᠤᠨᠢ | ᠪᠠᠶᠢᠴᠠᠭᠠᠨ ᠰᠤᠳᠤᠯᠤᠯᠲᠠ ᠬᠢᠵᠦ ᠠᠰᠠᠭᠤᠨ ᠰᠤᠷᠪᠤᠯᠵᠢᠯᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ ᠂ ᠠᠰᠠᠭᠤᠳᠠᠯ ᠢ ᠡᠷᠢᠨ ᠂ ᠨᠠᠷᠢᠨ ᠵᠦᠢᠯᠡᠰ ᠢ ᠠᠳᠬᠤᠵᠤ ᠂ | ᠨᠠᠶᠢᠳᠠᠪᠤᠷᠢᠵᠢᠭᠤᠯᠤᠯᠲᠠ ᠶᠢ ᠠᠬᠢᠭᠤᠯᠤᠨ ᠂ ᠠᠷᠠᠳ ᠲᠦᠮᠡᠨ ᠳᠤ ᠦᠢᠯᠡᠴᠢᠯᠡᠬᠦ ︽ ᠬᠠᠮᠤᠭ ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠤᠨ᠎ᠠ᠃ ᠦᠬᠡᠨᠴᠡ | ᠵᠠᠰᠠᠭ ᠵᠠᠯᠬᠠᠭᠤ ᠵᠠᠰᠠᠭ ᠬᠤᠶᠢᠷᠭᠤ ᠵᠠᠰᠠᠭ ᠤᠨ ᠦᠢᠯᠡ ᠠᠵᠢᠯᠯᠠᠭ᠎ᠠ ᠶᠢ ᠶᠡᠭᠡ ᠪᠠᠷ ᠴᠡᠭᠴᠡᠯᠡᠨ ᠵᠠᠰᠠᠵᠤ ᠂ ︽ᠳᠠᠷᠤᠶᠢᠬᠠᠨ ᠭᠦᠢᠴᠡᠳᠬᠡᠵᠦ ᠂ ᠦᠨᠡᠨᠬᠦ ᠠᠳᠬᠤᠨ | ᠪᠣᠳᠠᠲᠠᠢ ᠠᠵᠢᠯᠯᠠᠬᠤ ︾ ᠶᠢ ᠬᠡᠪ ᠤᠨ ᠪᠠᠶᠢᠳᠠᠯ ᠪᠣᠯᠭᠠᠵᠤ ᠂ ᠡᠯ᠎ᠡ ᠳᠦᠷᠤᠯ ᠤᠨ ᠠᠵᠢᠯ ᠢ ᠬᠠᠮᠤᠭ ᠤᠨ ᠭᠦᠨᠵᠡᠭᠡᠢ ᠂ ᠬᠠᠮᠤᠭ ᠤᠨ ᠦᠨᠳᠤᠰᠤᠨ ᠭᠠᠵᠠᠷ ᠲᠤ | ᠨᠠᠶᠢᠳᠠᠪᠤᠷᠢᠵᠢᠭᠤᠯᠬᠤ ᠶᠢ ᠪᠠᠲᠤᠯᠠᠵᠤ ᠂ ᠪᠢᠳᠡᠨ ᠤ ᠦᠨᠡᠨ ᠪᠣᠳᠠᠲᠠᠢ ᠦᠢᠯᠡ ᠠᠵᠢᠯᠯᠠᠭ᠎ᠠ ᠪᠠᠷ ᠢᠶᠠᠨ ᠤᠯᠠᠨ ᠲᠦᠮᠡᠨ ᠤ ᠰᠢᠨ᠎ᠡ ᠬᠦᠰᠡᠯ ᠡᠷᠡᠮᠡᠯᠵᠡᠯ ᠳᠤ ᠬᠠᠷᠢᠭᠤᠯᠳᠠ | ᠦᠭᠬᠦᠨ᠎ᠠ᠃ | ᠠᠷᠢᠭᠤᠨ ᠴᠢᠬᠡᠴᠢ ᠪᠠᠷ ᠵᠠᠰᠠᠭ ᠪᠠᠷᠢᠬᠤ ᠶᠢ ᠲᠡᠷᠢᠭᠦᠨ ᠳᠤ ᠲᠠᠯᠪᠢᠬᠤ ᠶᠢ ᠡᠷᠡᠰ ᠪᠠᠷᠢᠮᠲᠠᠯᠠᠨ᠎ᠠ᠃ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠪᠠ | ᠴᠢᠬᠡᠴᠢ ᠵᠠᠰᠠᠭ ᠤᠨ ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠠᠵᠢᠯ ᠢ ᠭᠦᠨᠵᠡᠭᠡᠢ ᠠᠬᠢᠭᠤᠯᠵᠤ ᠂ ︽ ᠬᠤᠶᠠᠷ ᠬᠠᠷᠢᠭᠤᠴᠠᠯᠭ᠎ᠠ︾ ᠶᠢ ᠴᠢᠩᠭ᠎ᠠ ᠠᠳᠬᠤᠵᠤ | ᠪᠣᠳᠠᠲᠠᠶᠢᠵᠢᠭᠤᠯᠤᠨ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠪᠠ ᠵᠠᠩᠭᠢᠯᠠᠭ᠎ᠠ ᠶᠢᠨ ᠭᠤᠭᠴᠤᠭ᠎ᠠ ᠶᠢᠨ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠵᠢᠯ ᠢ | ᠭᠦᠨᠵᠡᠭᠡᠶᠢᠷᠡᠭᠦᠯᠵᠦ ᠂ ᠠᠷᠢᠭᠤᠨ ᠴᠢᠬᠡᠴᠢ ᠰᠤᠷᠲᠠᠯ ᠢ ᠪᠠᠳᠤᠯᠠᠨ ᠂ ᠰᠠᠬᠢᠯᠭ᠎ᠠ ᠪᠠᠲᠤ ᠶᠢᠨ ᠬᠥᠪᠴᠢ ᠶᠢ ᠴᠢᠩᠭᠠᠷᠠᠭᠤᠯᠤᠨ᠎ᠠ᠃ ᠪᠡᠶ᠎ᠡ ᠪᠠᠷ ᠢᠶᠠᠨ ᠲᠦᠷᠦᠭᠦᠯᠡᠨ ︽ | ᠠᠷᠪᠢᠯᠠᠨ ᠭᠠᠮᠨᠠᠵᠤ ︾ ᠂ ︽ ᠠᠯᠪᠠᠨ ᠤ ᠭᠤᠷᠪᠠᠨ ᠵᠠᠷᠤᠳᠠᠯ︾ ᠪᠠᠡᠩ ᠤᠨ ᠴᠢᠨᠠᠷᠲᠠᠢ ᠵᠠᠷᠤᠯᠭ᠎ᠠ ᠶᠢ ᠴᠢᠩᠭ᠎ᠠ ᠬᠢᠵᠠᠭᠠᠷᠯᠠᠨ ᠂ ᠡᠳ᠋ ᠤᠨ ᠬᠦᠴᠦᠨ ᠢᠶᠠᠨ | ᠲᠥᠪᠯᠡᠷᠡᠭᠦᠯᠦᠨ ᠴᠢᠬᠤᠯᠠ ᠶᠠᠪᠤᠳᠠᠯ ᠂ ᠪᠣᠳᠠᠲᠠᠢ ᠶᠠᠪᠤᠳᠠᠯ ᠬᠢᠵᠦ ᠂ ᠠᠷᠠᠳ ᠤᠯᠠᠨ ᠤ ᠰᠠᠨᠠᠭᠠᠰᠢᠷᠠᠵᠤ ᠪᠠᠶᠢᠭ᠎ᠠ ᠶᠠᠪᠤᠳᠠᠯ ᠢ ᠬᠢᠨ᠎ᠠ᠃ ᠤᠯᠠᠨ ᠲᠦᠮᠡᠨ ᠤ ᠳᠡᠷᠭᠡᠳᠡ | ᠡᠭᠦᠰᠦᠭᠰᠡᠨ ᠢᠯᠵᠠᠷᠠᠯ ᠪᠠ ᠰᠤᠷᠲᠠᠯ ᠤᠨ ᠠᠰᠠᠭᠤᠳᠠᠯ ᠢ ᠴᠢᠩᠭ᠎ᠠ ᠵᠠᠯᠬᠠᠭᠠᠨ ᠰᠢᠢᠳᠭᠡᠵᠤ ᠂ ᠤᠯᠤᠰ ᠲᠦᠷᠦ ᠨᠢ ᠲᠣᠳᠣᠷᠬᠠᠢ ᠂ ᠵᠠᠰᠠᠭ ᠤᠨ ᠣᠷᠳᠣᠨ ᠨᠢ ᠠᠷᠢᠭᠤᠨ | ᠴᠢᠬᠡᠴᠢ᠂ ᠺᠠᠳ᠋ᠷ ᠨᠢ ᠲᠥᠪ ᠴᠢᠬᠡᠴᠢ ᠪᠠᠶᠢᠬᠤ ᠤᠯᠤᠰ ᠲᠦᠷᠦ ᠶᠢᠨ ᠠᠮᠢ ᠠᠬᠤᠢ ᠶᠢ ᠪᠦᠬᠦ ᠬᠦᠴᠦᠨ ᠢᠶᠠᠷ ᠢᠶᠠᠨ ᠪᠤᠢ ᠪᠣᠯᠭᠠᠨ᠎ᠠ᠃ | ᠲᠥᠯᠥᠭᠡᠯᠡᠭᠴᠢᠳ ᠠ᠋ ︕ | ᠪᠣᠳᠠᠲᠠᠢ ᠠᠵᠢᠯᠯᠠᠪᠠᠯ ᠠᠭᠤᠤ ᠦᠢᠯᠡᠰ ᠢ ᠪᠦᠲᠦᠭᠡᠵᠦ ᠂ ᠴᠢᠷᠮᠠᠶᠢᠨ ᠲᠡᠮᠡᠴᠡᠵᠦ ᠪᠠᠶᠢᠭᠠᠳ ᠢᠷᠡᠭᠡᠳᠦᠢ ᠶᠢ ᠴᠤᠬᠴᠠᠯᠠᠨ᠎ᠠ᠃ ᠪᠢᠳᠡ ᠰᠢ ᠶᠢᠨ ᠫᠢᠩ ᠨᠥᠬᠦᠷ ᠢᠶᠠᠷ | ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ ᠂ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ ᠂ ᠡᠷᠴᠢ ᠵᠣᠷᠢᠭ ᠢᠶᠠᠨ ᠬᠥᠪᠴᠢᠯᠡᠨ ᠡᠷᠡᠮᠡᠭᠡᠶᠢᠯᠡᠨ ᠤᠷᠤᠭᠰᠢᠯᠠᠵᠤ ᠂ ᠦᠨᠡᠨ ᠪᠣᠳᠠᠲᠠᠢ ᠠᠵᠢᠯᠯᠠᠵᠤ ᠪᠣᠳᠠᠲᠤ ᠠᠮᠵᠢᠯᠳᠠ | ᠪᠦᠲᠦᠮᠵᠢ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠷᠤᠨᠵᠢᠭᠤᠯᠤᠨ ᠨᠠᠶᠢᠳᠠᠪᠤᠷᠢᠵᠢᠭᠤᠯᠵᠤ ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠵᠡᠭᠦᠨᠭᠠᠷ ᠤᠨ ᠰᠢᠨ᠎ᠡ ᠬᠠᠭᠤᠳᠠᠰᠤ ᠶᠢ ᠪᠢᠴᠢᠭᠯᠡᠶ᠎ᠡ︕ | | | ︽ ᠵᠠᠰᠠᠭ ᠤᠨ ᠣᠷᠳᠣᠨ ᠤ ᠠᠵᠢᠯ ᠤᠨ ᠢᠯᠡᠳᠬᠡᠯ ︾ ᠤᠨ | ᠬᠤᠯᠪᠣᠭᠳᠠᠯ ᠪᠦᠬᠦᠢ ᠨᠡᠷ᠎ᠡ ᠦᠭᠡᠰ ᠤᠨ ᠳᠠᠶᠢᠯᠪᠤᠷᠢ | | 14 ᠵᠤᠷᠪᠤᠰ ᠠᠵᠤ ᠦᠢᠯᠡᠰ ᠤᠨ ᠬᠡᠯᠬᠢᠶ᠎ᠡ᠄ ᠡᠭᠦᠨ ᠳᠤ ᠰᠢᠨ᠎ᠡ ᠡᠨᠧᠷᠭᠢ ᠶᠢᠨ ᠬᠦᠨᠳᠦ ᠠᠴᠢᠶᠠᠨ ᠤ ᠮᠠᠰᠢᠨ ᠤ ᠠᠵᠤ ᠦᠢᠯᠡᠰ ᠤᠨ ᠭᠡᠯᠬᠢᠶ᠎ᠠ᠂ ᠪᠤᠬᠢᠷᠳᠤᠯ ᠦᠭᠡᠢ | ᠤᠰᠤᠲᠥ᠋ᠷᠥᠭᠴᠢ ᠶᠢᠨ ᠠᠵᠤ ᠦᠢᠯᠡᠰ ᠤᠨ ᠬᠡᠯᠬᠢᠶ᠎ᠡ ᠂ ᠰᠠᠯᠬᠢ ᠭᠡᠷᠡᠯ ᠴᠡᠨᠡᠭ ᠤᠨ ᠠᠵᠤ ᠦᠢᠯᠡᠰ ᠤᠨ ᠬᠡᠯᠬᠢᠶ᠎ᠡ ᠂ ᠡᠨᠧᠷᠭᠢ ᠬᠠᠳᠠᠭᠠᠯᠠᠬᠤ ᠠᠵᠤ ᠦᠢᠯᠡᠰ ᠤᠨ | ᠬᠡᠯᠬᠢᠶ᠎ᠡ ᠂ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠬᠡᠯᠬᠢᠶ᠎ᠡ ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ | ᠵᠢᠴᠢ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠡᠯᠬᠢᠶ᠎ᠡ ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠬᠥᠮᠥᠵᠢᠭᠦᠯᠬᠦ ᠠᠵᠤ ᠦᠢᠯᠡᠰ ᠤᠨ ᠬᠡᠯᠬᠢᠶ᠎ᠡ ᠂ | ᠰᠢᠨᠵᠢᠯᠡᠬᠦ ᠤᠬᠠᠭᠠᠨ ᠮᠡᠷᠭᠡᠵᠢᠯ ᠢᠶᠠᠷ ᠴᠢᠳᠠᠪᠤᠷᠢ ᠣᠯᠭᠤᠬᠤ ᠠᠵᠤ ᠦᠢᠯᠡᠰ ᠤᠨ ᠬᠡᠯᠬᠢᠶ᠎ᠡ ᠂ ᠲᠣᠭᠠᠴᠢᠯᠠᠭᠰᠠᠨ ᠠᠵᠤ ᠦᠢᠯᠡᠰ ᠤᠨ ᠬᠡᠯᠬᠢᠶ᠎ᠡ ᠂ ᠰᠣᠶᠣᠯ ᠵᠤᠭᠠᠴᠠᠯ ᠤᠨ | ᠠᠵᠤ ᠦᠢᠯᠡᠰ ᠤᠨ ᠬᠡᠯᠬᠢᠶ᠎ᠡ ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠠᠵᠤ ᠦᠢᠯᠡᠰ ᠤᠨ ᠬᠡᠯᠬᠢᠶ᠎ᠡ ᠂ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡ ᠪᠠ ᠣᠲᠣ | ᠦᠶ᠎ᠡ ᠶᠢᠨ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ᠬᠡᠯᠬᠢᠶ᠎ᠡ ᠂ ᠠᠮᠢᠳᠤ ᠪᠣᠳᠠᠰ ᠤᠨ ᠡᠮ ᠡᠮᠨᠡᠯᠭᠡ ᠵᠢᠴᠢ ᠡᠷᠡᠭᠦᠯ ᠮᠡᠨᠳᠦ ᠶᠢᠨ ᠠᠵᠤ ᠦᠢᠯᠡᠰ ᠤᠨ ᠬᠡᠯᠬᠢᠶ᠎ᠡ ᠂ | ᠪᠣᠬᠢᠷᠳᠤᠯ ᠦᠭᠡᠢ ᠲᠠᠷᠢᠶᠠᠯᠠᠩ ᠤᠨ ᠪᠦᠳᠤᠭᠡᠭᠳᠡᠬᠦᠨ ᠮᠠᠯ ᠤᠨ ᠠᠰᠢᠭ ᠰᠢᠮ᠎ᠡ ᠶᠢ ᠨᠠᠷᠢᠯᠢᠭ ᠡᠳ᠋ᠰᠢᠭᠦᠯᠬᠦ ᠠᠵᠤ ᠦᠢᠯᠡᠰ ᠤᠨ ᠬᠡᠯᠬᠢᠶ᠎ᠡ ᠪᠠᠭᠳᠠᠵᠤ ᠪᠤᠢ ᠃ | ᠨᠢᠭᠡ ᠮᠥᠴᠡ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠴᠠᠭᠠᠷᠢᠭ ᠄ ᠣᠶᠤᠨᠴᠢᠯᠠᠭᠰᠠᠨ ᠠᠷᠭ᠎ᠠ ᠪᠠᠷ ᠲᠤᠯᠭᠠᠭᠤᠷᠢᠯᠠᠯ ᠪᠣᠯᠭᠠᠨ ᠂ ᠨᠡᠶᠢᠭᠡᠮ | ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠥᠷᠲᠡᠭᠡ ᠪᠠᠷ ᠲᠦᠰᠢᠭ ᠪᠣᠯᠭᠠᠵᠤ ᠂ ᠲᠤᠰᠬᠠᠢ ᠦᠢᠯᠡᠴᠢᠯᠡᠭᠡᠨ ᠤ ᠠᠵᠢᠯᠲᠠᠨ ᠪᠠ ᠰᠠᠶᠢᠨ ᠳᠤᠷᠠᠴᠤᠤᠯ ᠢ | ᠬᠠᠷᠢᠯᠴᠠᠨ ᠤᠶᠠᠯᠳᠤᠭᠤᠯᠤᠭᠰᠠᠨ ᠦᠢᠯᠡᠴᠢᠯᠡᠭᠡᠨ ᠤ ᠪᠦᠯᠬᠦᠮ ᠨᠡᠶᠢᠲᠡ ᠶᠢ ᠠᠰᠢᠭᠯᠠᠨ ᠂ ᠨᠡᠶᠢᠭᠡᠮ ᠲᠣᠭᠤᠷᠢᠭ ᠤᠨ ᠦᠢᠯᠡᠴᠢᠯᠡᠭᠡ ᠂ ᠭᠡᠷ ᠲᠤᠨᠢ ᠣᠴᠢᠵᠤ | ᠦᠢᠯᠡᠴᠢᠯᠡᠬᠦ ᠤᠶᠢᠯᠡᠴᠢᠯᠡᠭᠡ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ᠂ ᠨᠡᠶᠢᠭᠡᠮ ᠲᠣᠭᠤᠷᠢᠭ ᠤᠨ ᠭᠡᠷ ᠲᠡᠭᠡᠨ ᠰᠠᠭᠤᠵᠤ ᠪᠠᠶᠢᠭ᠎ᠠ | ᠨᠠᠰᠤᠲᠠᠶᠢᠴᠤᠳ ᠲᠤ ᠠᠷᠢᠭᠤᠨ ᠴᠡᠪᠡᠷᠯᠡᠭᠡ ᠬᠢᠬᠦ ᠳᠤ ᠲᠤᠰᠠᠯᠠᠬᠤ ᠂ ᠡᠮᠴᠢᠯᠡᠭᠡ ᠬᠢᠬᠦ ᠳᠤ ᠲᠤᠰᠠᠯᠠᠬᠤ ᠂ ᠬᠤᠭᠤᠯᠠ ᠤᠮᠳᠠ ᠢᠳᠡᠬᠦ ᠳᠤ ᠲᠤᠰᠠᠯᠠᠬᠤ ᠂ ᠬᠤᠳᠠᠯᠳᠤᠨ | ᠠᠪᠬᠤ ᠳᠤ ᠲᠤᠰᠠᠯᠠᠬᠤ ᠂ ᠰᠡᠳᠬᠢᠴᠡ ᠶᠢ ᠨᠢ ᠲᠠᠶᠢᠳᠬᠤᠷᠠᠭᠤᠯᠤᠨ ᠵᠢᠯᠤᠭᠤᠳᠬᠤ ᠵᠡᠷᠭᠡ ᠨᠠᠰᠤᠵᠢᠯ ᠤᠨ ᠤᠶᠢᠯᠡᠴᠢᠯᠡᠭᠡ ᠶᠢ ᠬᠠᠩᠭᠠᠵᠤ ᠂ ᠨᠠᠰᠤᠲᠠᠶᠢᠴᠤᠳ ᠤᠨ | ᠥᠪᠡᠷᠮᠢᠴᠡ ᠣᠨᠴᠠᠯᠢᠭ ᠲᠠᠢ ᠨᠠᠰᠤᠵᠢᠯ ᠤᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠨᠢᠭᠡ ᠮᠥᠴᠡ ᠳᠣᠲᠣᠷ᠎ᠠ ᠬᠠᠩᠭᠠᠨ᠎ᠠ ᠃ | ︽ ᠮᠢᠩᠭᠠᠨ ᠰᠢᠶᠠᠨ ᠤ ᠢᠨᠵᠧᠨᠧᠷᠢᠩ ︾ ᠄ ᠰᠢᠶᠠᠨ ᠤ ᠬᠡᠪᠴᠢᠶᠡᠨ ᠤ ᠠᠷᠠᠳ ᠣᠯᠠᠨ ᠤ ᠡᠮ ᠡᠮᠨᠡᠯᠭᠡ ᠶᠢᠨ ᠦᠢᠯᠡᠴᠢᠯᠡᠭᠡᠨ ᠤ ᠬᠡᠷᠡᠭᠴᠡᠭᠡ ᠶᠢ ᠬᠠᠩᠭᠠᠬᠤ ᠪᠠᠷ | ᠡᠬᠢᠯᠡᠯᠲᠡ ᠪᠣᠯᠭᠠᠵᠤ ᠂ ᠮᠤᠵᠢ ᠬᠤᠲᠠ ᠶᠢᠨ ᠰᠢᠯᠢᠳᠡᠭ ᠡᠮᠴᠢᠯᠡᠭᠡᠨ ᠤ ᠡᠬᠢ ᠪᠠᠶᠠᠯᠢᠭ ᠢ ᠰᠢᠶᠠᠨ ᠤ ᠬᠡᠪᠴᠢᠶᠡᠨ ᠳᠤ ᠪᠠᠭᠤᠯᠭᠠᠬᠤ ᠶᠢ ᠠᠬᠢᠭᠤᠯᠵᠤ ᠂ ᠰᠢᠶᠠᠨ ᠤ | ᠡᠮᠨᠡᠯᠭᠡ ᠶᠢᠨ ᠬᠤᠷᠢᠶᠠᠨ ᠤ ᠪᠠᠷᠢᠮᠵᠢᠶ᠎ᠠ ᠶᠢ ᠳᠡᠭᠡᠭᠰᠢᠯᠡᠭᠦᠯᠵᠦ ᠴᠢᠳᠠᠪᠤᠷᠢ ᠶᠢ ᠥᠷᠭᠡᠳᠬᠡᠬᠦ ᠢᠨᠵᠧᠨᠧᠷᠢᠩ ᠲᠠᠢ ᠤᠶᠠᠯᠳᠤᠭᠤᠯᠤᠨ᠂ ᠰᠢᠶᠠᠨ ᠤ ᠡᠮᠨᠡᠯᠭᠡ ᠶᠢᠨ | ᠬᠤᠷᠢᠶ᠎ᠠ ᠶᠢᠨ ᠡᠮᠴᠢᠯᠡᠭᠡᠨ ᠤ ᠦᠢᠯᠡᠴᠢᠯᠡᠭᠡ ᠪᠠ ᠬᠠᠮᠢᠶᠠᠷᠤᠯᠲᠠ ᠶᠢᠨ ᠴᠢᠳᠠᠪᠤᠷᠢ ᠶᠢᠨ ᠳᠤᠲᠠᠭᠤᠳᠠᠯ ᠢ ᠨᠥᠬᠦᠪᠦᠷᠢᠯᠡᠵᠦ ᠂ ᠰᠢᠶᠠᠨ ᠤ ᠬᠡᠪᠴᠢᠶᠡᠨ ᠳᠠᠬᠢ ᠡᠮᠴᠢᠯᠡᠭᠡᠨ ᠤ | ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠬᠠᠮᠲᠤ ᠪᠠᠷ ᠡᠳ᠋ᠯᠡᠬᠦ ᠶᠢ ᠠᠯᠬᠤᠮ ᠠᠯᠬᠤᠮ ᠢᠶᠠᠷ ᠪᠡᠶᠡᠯᠡᠭᠦᠯᠵᠦ ᠂ ᠰᠢᠶᠠᠨ ᠤ ᠬᠡᠪᠴᠢᠶᠡᠨ ᠤ ᠡᠮᠴᠢᠯᠡᠭᠡᠨ ᠤ ᠦᠢᠯᠡᠴᠢᠯᠡᠭᠡᠨ ᠤ | ᠰᠢᠰᠲ᠋ᠧᠮ ᠳᠠᠬᠢ ᠰᠢᠶᠠᠨ ᠤ ᠡᠮᠨᠡᠯᠭᠡ ᠶᠢᠨ ᠬᠤᠷᠢᠶ᠎ᠠ ᠶᠢᠨ ᠲᠣᠯᠣᠭᠠᠶᠢᠯᠠᠬᠤ ᠦᠢᠯᠡᠳᠦᠯ ᠪᠠ ᠬᠤᠲᠠ ᠬᠥᠳᠡᠭᠡ ᠶᠢᠨ ᠡᠮᠴᠢᠯᠡᠭᠡᠨ ᠤ ᠦᠢᠯᠡᠴᠢᠯᠡᠭᠡᠨ ᠤ ᠰᠢᠰᠲ᠋ᠧᠮ ᠳᠠᠬᠢ | ᠬᠥᠭᠦᠷᠭᠡ ᠬᠤᠯᠪᠣᠭᠠᠰᠤ ᠶᠢᠨ ᠦᠢᠯᠡᠳᠦᠯ ᠢ ᠪᠦᠲᠦᠮᠵᠢᠲᠡᠶ ᠨᠠᠶᠢᠳᠠᠪᠤᠷᠢᠵᠢᠭᠤᠯᠵᠤ ᠂ 2025 ᠣᠨ ᠪᠣᠯᠬᠤ ᠳᠤ ᠂ ᠪᠥᠬᠦ ᠤᠯᠤᠰ ᠲᠤ ᠨᠠᠭᠠᠲᠤ ᠵᠠᠬ᠎ᠠ ᠳᠠᠭᠠᠨ 1000 | ᠰᠢᠶᠠᠨ ᠤ ᠡᠮᠨᠡᠯᠭᠡ ᠶᠢᠨ ᠬᠤᠷᠢᠶ᠎ᠠ ᠶᠢ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠶᠢᠨ ᠡᠮᠴᠢᠯᠡᠭᠡᠨ ᠤ ᠦᠢᠯᠡᠴᠢᠯᠡᠭᠡᠨ ᠤ ᠴᠢᠳᠠᠪᠤᠷᠢ ᠶᠢᠨ ᠬᠢᠷᠢ ᠳᠦᠪᠰᠢᠨ | ᠲᠠᠢ ᠪᠤᠯᠭᠠᠨ᠎ᠠ᠃ | ᠵᠠᠭᠠᠯᠳᠤᠯᠭ᠎ᠠ ᠶᠢ ᠭᠥᠯᠢᠶᠡᠨ ᠠᠪᠤᠮᠠᠬᠴᠠ ᠳᠠᠷᠤᠢ ᠳᠤᠨᠢ ᠰᠢᠢᠳᠪᠦᠷᠢᠯᠡᠬᠦ ︽ᠭᠤᠷᠪᠠᠨ ᠨᠤᠷᠮ᠎ᠠ︾ ᠄ ᠵᠠᠭᠠᠯᠳᠤᠯᠭ᠎ᠠ ᠶᠢ ᠭᠥᠯᠢᠶᠡᠨ ᠠᠪᠬᠤ ᠳᠤ ᠳᠠᠭᠠᠬᠤ ᠨᠤᠷᠮ᠎ᠠ᠂ | ᠠᠰᠠᠭᠤᠳᠠᠯ ᠢ ᠰᠢᠢᠳᠪᠦᠷᠢᠯᠡᠬᠦ ᠨᠤᠷᠮ᠎ᠠ ᠪᠠ ᠤᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠨᠤᠷᠮ᠎ᠠ ᠶᠢ ᠵᠢᠭᠠᠵᠤ ᠪᠠᠶᠢᠨ᠎ᠠ᠃ | ︽ ᠳᠠᠪᠤ ᠶᠢ ᠳᠤᠶᠢᠯᠪᠤᠷᠢᠳᠠᠢ ᠪᠠᠶᠢᠴᠠᠭᠠᠬᠤ ︾ ᠠᠵᠢᠯᠯᠠᠭ᠎ᠠ ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠂ ᠵᠠᠰᠠᠭ ᠤᠨ ᠣᠷᠳᠣᠨ ᠤ | ᠪᠠᠶᠢᠷᠢᠯᠠᠭᠤᠯᠤᠭᠰᠠᠨ ᠲᠤᠰᠬᠠᠢ ᠠᠵᠢᠯᠯᠠᠭ᠎ᠠ ᠶᠢ ᠵᠢᠭᠠᠵᠤ ᠪᠣᠶ ᠂ ᠭᠤᠣᠯᠳᠠᠭᠤ ᠵᠥᠪᠰᠢᠶᠡᠷᠡᠬᠦᠯᠬᠦ ᠪᠠᠷ ᠪᠠᠶᠢᠭ᠎ᠠ ᠨᠥᠬᠦᠪᠦᠷᠢᠯᠡᠬᠦ ᠵᠥᠪᠰᠢᠶᠡᠷᠡᠬᠦ ᠲᠥᠷᠥᠯ ᠵᠦᠢᠯ ᠂ ︽ | ᠬᠠᠭᠠᠰ ᠳᠤᠲᠠᠭᠤ ︾ ᠤᠷᠬᠢᠬᠰᠠᠨ ᠪᠠᠷᠢᠯᠭ᠎ᠠ ᠂ ᠰᠤᠯᠠ ᠪᠠᠶᠢᠬᠤ ᠭᠠᠵᠠᠷ ᠰᠢᠷᠣᠢ ᠂ ᠡᠳ᠋ ᠤᠨ ᠵᠠᠰᠠᠭ ᠤᠨ ᠳᠠᠷᠤᠭᠳᠠᠮᠠᠯ ᠪᠡᠯᠡ ᠮᠥᠩᠭᠦ ᠂ ᠨᠡᠭᠡᠭᠡᠯᠲᠡ ᠶᠢᠨ ᠤᠷᠤᠨ ᠤ | ᠪᠦᠲᠦᠭᠡᠨ ᠪᠠᠶᠢᠭᠤᠯᠤᠯᠲᠠ ᠵᠡᠷᠭᠡ ᠲᠠᠪᠤᠨ ᠲᠠᠯ᠎ᠠ ᠳᠤ ᠬᠠᠨᠳᠤᠭᠤᠯᠤᠨ ᠳᠤᠶᠢᠯᠪᠤᠷᠢᠳᠠᠢ ᠪᠠᠶᠢᠴᠠᠭᠠᠨ᠎ᠠ ᠃ | ︽ ᠲᠠᠪᠤᠨ ᠶᠡᠭᠡ ᠡᠭᠦᠷᠭᠡ ︾ ᠄ ᠥᠪᠥᠷ ᠮᠣᠩᠭᠤᠯ ᠢ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠂ ᠡᠬᠡ | ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠪᠣᠯᠭᠠᠨ ᠪᠦᠲᠦᠭᠡᠨ ᠪᠠᠶᠢᠭᠤᠯᠵᠤ ᠂ ᠤᠯᠤᠰ ᠤᠨ ᠴᠢᠬᠤᠯᠠ ᠡᠨᠧᠷᠭᠢ ᠪᠠ | ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ | ᠰᠠᠭᠤᠷᠢᠨ ᠭᠠᠵᠠᠷ ᠢ ᠪᠦᠲᠦᠭᠡᠨ ᠪᠠᠶᠢᠭᠤᠯᠵᠤ ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠠᠶᠢᠭᠤᠯᠬᠤ ᠶᠢ ᠵᠢᠭᠠᠵᠤ ᠪᠣᠶ ᠃ | ︽ ᠭᠤᠷᠪᠠᠨ ᠳᠥᠷᠪᠡ ︾ ᠶᠢᠨ ᠲᠡᠮᠡᠴᠡᠬᠦ ᠬᠠᠷᠠᠯᠲᠠ ᠄ ᠡᠨᠧᠷᠭᠢ ᠂ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠂ ᠰᠢᠨ᠎ᠡ ᠡᠨᠧᠷᠭᠢ ᠂ ᠢᠮᠠᠭᠠᠨ | ᠨᠤᠤᠯᠤᠭᠤᠷ ᠵᠡᠷᠭᠡ ᠳᠡᠯᠡᠬᠡᠢ ᠶᠢᠨ ᠲᠠᠰ ᠤᠨ ᠳᠥᠷᠪᠡᠨ ᠠᠵᠤ ᠦᠢᠯᠡᠰ ᠢ ᠪᠠᠶᠢᠭᠤᠯᠵᠤ ᠂ ᠠᠮᠢ ᠠᠬᠤᠢ ᠶᠢᠨ ᠵᠠᠰᠠᠯᠲᠠ ᠂ ᠪᠣᠯᠪᠠᠰᠤᠨ ᠬᠤᠲᠠ ᠂ ᠬᠠᠮᠲᠤ ᠪᠠᠷ ᠪᠠᠶᠠᠵᠢᠬᠤ ᠂ | ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠵᠡᠷᠭᠡ ᠤᠯᠤᠰ ᠤᠨ ᠳᠥᠷᠪᠡᠨ ᠭᠡᠪ ᠳᠠᠭᠤᠷᠢᠶᠠᠯ ᠢ ᠪᠠᠶᠢᠭᠤᠯᠵᠤ ᠂ ᠲᠡᠷᠢᠭᠦᠨ ᠤ ᠰᠢᠨ᠎ᠡ ᠶᠢ ᠡᠭᠦᠳᠬᠦ ᠠᠮᠢ | ᠠᠬᠤᠢ ᠂ ᠲᠡᠷᠢᠭᠦᠨ ᠤ ᠬᠤᠳᠠᠯᠳᠤᠭ᠎ᠠ ᠡᠷᠭᠢᠯᠡᠬᠦ ᠣᠷᠴᠢᠨ ᠠᠬᠤᠢ ᠂ ᠲᠡᠷᠢᠭᠦᠨ ᠤ ᠬᠤᠲᠠ ᠶᠢᠨ ᠳᠦᠷᠢ ᠲᠥᠷᠬᠦ ᠂ ᠲᠡᠷᠢᠭᠦᠨ ᠤ ᠺᠠᠳ᠋ᠷ ᠤᠨ ᠡᠩᠨᠡᠭᠡ ᠵᠡᠷᠭᠡ ᠪᠥᠬᠦ | ᠤᠯᠤᠰ ᠤᠨ ᠳᠥᠷᠪᠡᠨ ᠲᠡᠷᠢᠭᠦᠨ ᠢ ᠡᠬᠦᠳᠬᠦ ᠶᠢ ᠵᠢᠭᠠᠵᠤ ᠪᠣᠶ ᠃ | ︽ ᠳᠦᠷᠪᠡᠨ ᠭᠡᠪᠴᠢᠶᠡᠵᠢᠯ ᠠᠴᠠ ᠳᠡᠭᠡᠭᠰᠢᠬᠢ ︾ ᠠᠵᠤ ᠠᠬᠤᠶᠢᠯᠠᠯ ᠄ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠂ ᠬᠢᠷᠢ | ᠭᠡᠮ ᠤᠨ ᠵᠡᠷᠭᠡᠲ᠋ᠠᠰ ᠲᠠᠢ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠪᠥᠭᠡᠮ ᠢᠶᠠᠷ ᠬᠤᠳᠠᠯᠳᠤᠬᠤ ᠪᠠ ᠵᠢᠵᠢᠭᠯᠡᠨ | ᠬᠤᠳᠠᠯᠳᠤᠬᠤ ᠣᠷᠣᠨ ᠰᠠᠭᠤᠴᠠ ᠬᠤᠭᠤᠯᠠᠨ ᠤ ᠠᠵᠤ ᠠᠬᠤᠶᠢᠯᠠᠯ ᠂ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠢ ᠵᠢᠭᠠᠵᠤ | ᠪᠣᠶ ᠃ | ︽ ᠭᠡᠷ ᠪᠦᠯᠢ ᠨᠡᠶᠢᠭᠡᠮ ᠲᠣᠭᠤᠷᠢᠭ + ᠡᠮᠴᠢᠯᠡᠭᠡ ᠰᠤᠪᠢᠯᠠᠯᠲᠠ ᠡᠷᠡᠭᠦᠯᠵᠢᠯ ᠰᠤᠪᠢᠯᠠᠯᠲᠠ ︾ ᠄ ᠲᠤᠬᠠᠶᠢᠯᠠᠪᠠᠯ ᠭᠡᠷ ᠪᠦᠯᠢ ᠨᠡᠶᠢᠭᠡᠮ ᠲᠣᠭᠤᠷᠢᠭ ᠬᠠᠷᠢᠯᠴᠠᠨ | ᠵᠣᠬᠢᠴᠠᠯᠳᠤᠭᠰᠠᠨ ᠂ ᠡᠮᠴᠢᠯᠡᠭᠡ ᠰᠤᠪᠢᠯᠠᠯᠲᠠ ᠡᠷᠡᠭᠦᠯᠵᠢᠯ ᠰᠤᠪᠢᠯᠠᠯᠲᠠ ᠶᠢ ᠤᠶᠠᠯᠳᠤᠭᠤᠯᠤᠭᠰᠠᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ | ᠳᠤᠬᠳᠠᠯᠴᠠᠭ᠎ᠠ ᠶᠢ ᠪᠠᠶᠢᠭᠤᠯᠤᠨ᠎ᠠ ᠃ ᠭᠡᠷ ᠲᠡᠭᠡᠨ ᠰᠠᠭᠤᠵᠤ ᠪᠠᠶᠢᠭ᠎ᠠ ᠨᠠᠰᠤᠵᠢᠯ ᠤᠨ ᠠᠰᠠᠷᠠᠮᠵᠢ ᠪᠠᠷ ᠰᠠᠭᠤᠷᠢ ᠪᠣᠯᠭᠠᠨ ᠂ ᠨᠡᠶᠢᠭᠡᠮ ᠲᠣᠭᠤᠷᠢᠭ ᠤᠨ ᠨᠠᠰᠤᠵᠢᠯ ᠤᠨ | ᠠᠰᠠᠷᠠᠮᠵᠢ ᠪᠠᠷ ᠲᠦᠰᠢᠭ ᠪᠣᠯᠭᠠᠵᠤ ᠂ ᠡᠮᠴᠢᠯᠡᠭᠡ ᠰᠤᠪᠢᠯᠠᠯᠲᠠ ᠡᠷᠡᠭᠦᠯᠵᠢᠯ ᠰᠤᠪᠢᠯᠠᠯᠲᠠ ᠶᠢ ᠣᠷᠭᠠᠨᠢᠭ ᠢᠶᠠᠷ ᠤᠶᠠᠯᠳᠤᠭᠤᠯᠤᠭᠰᠠᠨ ᠣᠯᠠᠨ ᠳᠡᠰ ᠳᠠᠪᠬᠤᠷᠭ᠎ᠠ ᠶᠢᠨ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠳᠤᠬᠳᠠᠯᠴᠠᠭ᠎ᠠ ᠶᠢ ᠪᠠᠶᠢᠭᠤᠯᠬᠤ ᠪᠠᠷ ᠬᠠᠷᠠᠯᠲᠠ ᠪᠣᠯᠭᠠᠵᠤ ᠂ ᠭᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠢ | ᠠᠰᠠᠷᠠᠬᠤ ᠂ ᠨᠡᠶᠢᠭᠡᠮ ᠲᠣᠭᠤᠷᠢᠭ ᠤᠨ ᠨᠠᠰᠤᠲᠠᠶᠢᠴᠤᠳ ᠢ ᠠᠰᠠᠷᠠᠬᠤ ᠲᠤᠰ ᠲᠤᠰ ᠤᠨ ᠳᠠᠪᠠᠭᠤᠯᠢᠭ ᠢ ᠪᠠᠳᠠᠷᠠᠭᠤᠯᠤᠨ᠂ ᠣᠯᠠᠨ ᠵᠦᠢᠯ ᠤᠨ ᠨᠠᠰᠤᠵᠢᠯ ᠤᠨ | ᠦᠢᠯᠡᠴᠢᠯᠡᠭᠡᠨ ᠤ ᠠᠷᠭ᠎ᠠ ᠬᠡᠯᠪᠡᠷᠢ ᠶᠢᠨ ᠠᠭᠤᠰᠤᠯᠴᠠᠨ ᠬᠥᠭᠵᠢᠬᠦ ᠶᠢ ᠠᠬᠢᠭᠤᠯᠵᠤ ᠂ ᠦᠢᠯᠡᠴᠢᠯᠡᠬᠦ ᠡᠲᠡᠭᠡᠳ ᠤᠨ ᠨᠡᠶᠢᠲᠡᠯᠢᠭ ᠴᠢᠨᠠᠷ ᠪᠠ ᠥᠪᠡᠷᠮᠢᠴᠡ ᠴᠢᠨᠠᠷ ᠤᠨ | ᠬᠡᠷᠡᠭᠴᠡᠭᠡ ᠱᠠᠭᠠᠷᠳᠠᠯᠭ᠎ᠠ ᠶᠢ ᠬᠠᠮᠲᠤ ᠳᠤᠨᠢ ᠬᠠᠷᠠᠭᠠᠯᠵᠠᠨ ᠂ ᠠᠳᠠᠯᠢ ᠪᠤᠰᠤ ᠡᠷᠡᠭᠦᠯ ᠮᠡᠨᠳᠦ ᠶᠢᠨ ᠪᠠᠶᠢᠳᠠᠯ ᠲᠠᠢ ᠨᠠᠰᠤᠲᠠᠶᠢᠴᠤᠳ ᠲᠤ ᠠᠳᠠᠯᠢ ᠪᠤᠰᠤ | ᠦᠢᠯᠡᠴᠢᠯᠡᠭᠡᠨ ᠤ ᠲᠥᠷᠥᠯ ᠵᠦᠢᠯ ᠢ ᠬᠠᠩᠭᠠᠭᠰᠠᠨ ᠰᠠᠭᠤᠷᠢᠨ ᠳᠡᠭᠡᠷ᠎ᠡ ᠂ ᠨᠠᠰᠤᠲᠠᠶᠢᠴᠤᠳ ᠤᠨ ᠡᠷᠡᠭᠦᠯ ᠮᠡᠨᠳᠦ ᠶᠢᠨ ᠪᠠᠶᠢᠳᠠᠯ ᠤᠨ ᠬᠥᠳᠡᠯᠦᠩᠭᠦᠢ ᠬᠤᠪᠢᠷᠠᠯᠲᠠ ᠶᠢ | ᠭᠦᠢᠴᠡᠳ ᠪᠣᠳᠣᠯᠬᠢᠯᠠᠨ ᠂ ᠰᠣᠩᠭᠤᠯᠲᠠ ᠶᠢᠨ ᠴᠢᠨᠠᠷᠲᠠᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠳᠦᠷᠤᠯ ᠵᠤᠶᠢᠯ ᠢ ᠲᠥᠯᠥᠪᠯᠡᠵᠦ ᠂ ᠡᠭᠦᠨ ᠤ | ᠤᠯᠠᠮ ᠠᠴᠠ ᠪᠥᠬᠦ ᠨᠠᠰᠤᠲᠠᠶᠢᠴᠤᠳ ᠲᠤ ᠠᠳᠠᠯᠢ ᠪᠤᠰᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ ᠳᠡᠶᠢᠯᠬᠦ ᠪᠦᠬᠦᠯᠢ ᠴᠣᠭᠴᠠ ᠶᠢᠨ ᠰᠢᠢᠳᠪᠦᠷᠢᠯᠡᠬᠦ ᠲᠥᠰᠥᠯ ᠢ | ᠬᠠᠩᠭᠠᠨ᠎ᠠ ᠃ | ︽ ᠪᠠᠷᠢᠮᠵᠢᠶᠠᠲᠤ ᠭᠠᠵᠠᠷ ︾ ᠄ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠳᠤ ᠲᠣᠭᠲᠠᠭᠠᠭᠰᠠᠨ ᠬᠤᠲᠠ ᠪᠠᠯᠭᠠᠰᠤ ᠶᠢᠨ ᠨᠡᠭᠡᠭᠡᠨ | ᠬᠥᠭᠵᠢᠭᠦᠯᠬᠦ ᠵᠠᠭᠠᠭ ᠬᠢᠵᠠᠭᠠᠷ ᠤᠨ ᠳᠣᠲᠣᠷᠠᠬᠢ ᠭᠠᠵᠠᠷ ᠬᠠᠩᠭᠠᠬᠤ ᠨᠥᠬᠦᠴᠡᠯ ᠢ ᠪᠦᠷᠢᠯᠳᠦᠭᠦᠯᠦᠭᠰᠡᠨ ᠣᠷᠣᠨ ᠪᠦᠰᠡ ᠳᠤ ᠂ ᠰᠢᠨ᠎ᠡ ᠪᠠᠷ ᠪᠠᠶᠢᠭᠤᠯᠬᠤ ᠠᠵᠤ | ᠦᠢᠯᠡᠳᠪᠦᠷᠢ ᠶᠢᠨ ᠲᠥᠷᠥᠯ ᠵᠦᠢᠯ ᠳᠤ ᠬᠡᠷᠡᠭᠯᠡᠬᠦ ᠭᠠᠵᠠᠷ ᠰᠢᠷᠣᠢ ᠳᠤ ᠣᠷᠣᠨ ᠪᠦᠰᠡ ᠶᠢᠨ ᠦᠨᠡᠯᠡᠯᠲᠡ ᠶᠢ ᠤᠷᠢᠳᠠᠪᠠᠷ ᠪᠡᠶᠡᠯᠡᠭᠦᠯᠵᠦ ᠂ ᠬᠢᠵᠠᠭᠠᠷᠯᠠᠬᠤ ᠭᠦᠢᠴᠡᠳᠬᠡᠯ | ᠲᠤᠭ᠎ᠠ ᠲᠣᠭᠲᠠᠭᠠᠬᠤ ᠶᠢᠨ ᠬᠠᠮᠲᠤ ᠲᠥᠷᠥᠯ ᠵᠦᠢᠯ ᠤᠨ ᠪᠠᠷᠢᠯᠭ᠎ᠠ ᠡᠬᠢᠯᠡᠭᠦᠯᠵᠦ ᠨᠡᠭᠡᠭᠡᠨ ᠬᠥᠭᠵᠢᠭᠦᠯᠬᠦ ᠳᠤ ᠵᠠᠪᠠᠯ ᠬᠡᠷᠡᠭᠰᠡᠬᠦ ᠤᠰᠤ ᠨᠡᠪᠲᠡᠷᠡᠭᠦᠯᠬᠦ ᠂ ᠴᠠᠬᠢᠯᠭᠠᠨ | ᠨᠡᠪᠲᠡᠷᠡᠭᠦᠯᠬᠦ ᠂ ᠵᠠᠮ ᠨᠡᠪᠲᠡᠷᠡᠭᠦᠯᠬᠦ ᠂ ᠭᠠᠵᠠᠷ ᠰᠢᠷᠣᠢ ᠶᠢ ᠲᠡᠭᠰᠢᠯᠡᠬᠦ ᠵᠡᠷᠭᠡ ᠦᠨᠳᠦᠰᠦᠨ ᠨᠥᠬᠦᠴᠡᠯ ᠢ ᠪᠡᠶᠡᠯᠡᠭᠦᠯᠦᠭᠰᠡᠨ ᠤᠯᠤᠰ ᠤᠨ ᠥᠮᠴᠢᠯᠡᠯ ᠤᠨ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢ ᠵᠢᠭᠠᠵᠤ ᠪᠣᠶ ᠃ | ︽ ᠳᠥᠷᠪᠡ ᠶᠢ ᠬᠦᠢᠴᠡᠳᠭᠡᠬᠦ ︾ ᠥᠭᠡᠷᠡᠴᠢᠯᠡᠯᠲᠡ ᠄ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ ᠨᠢᠭᠡ ᠰᠦᠯᠵᠢᠶ᠎ᠡ ᠪᠠᠷ ᠬᠦᠢᠴᠡᠳᠭᠡᠬᠦ ᠂ ᠠᠯᠠᠭᠠᠨ | ᠳᠡᠭᠡᠷ᠎ᠡ ᠠᠴᠠ ᠭᠦᠢᠴᠡᠳᠬᠡᠬᠦ ᠂ ᠨᠢᠭᠡ ᠯᠡ ᠤᠳᠠᠭ᠎ᠠ ᠳᠤ ᠭᠦᠢᠴᠡᠳᠬᠡᠬᠦ ᠂ ᠲᠠᠨ ᠢ ᠬᠠᠪᠰᠤᠷᠤᠨ ᠭᠦᠢᠴᠡᠳᠬᠡᠬᠦ ︾ ᠥᠭᠡᠷᠡᠴᠢᠯᠡᠯᠲᠡ ᠶᠢ ᠠᠬᠢᠭᠤᠯᠤᠨ᠎ᠠ ᠃ | ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠶᠢᠨ ︽ ᠠᠷᠪᠠᠨ ᠶᠡᠭᠡ ᠠᠵᠢᠯᠯᠠᠭ᠎ᠠ ︾ ᠄ ᠬᠠᠲᠤᠨ ᠭᠤᠣᠯ ᠢ ᠠᠮᠤᠷ ᠳᠠᠶᠢᠪᠤᠩ | ᠪᠠᠶᠢᠯᠭᠠᠬᠤ ᠠᠵᠢᠯᠯᠠᠭ᠎ᠠ ᠂ ︽ ᠤᠰᠤ ᠪᠠᠷ ᠳᠥᠷᠪᠡ ᠶᠢ ᠲᠣᠭᠲᠠᠭᠠᠬᠤ ︾ ᠶᠢ ᠠᠬᠢᠭᠤᠯᠬᠤ ᠠᠵᠢᠯᠯᠠᠭ᠎ᠠ ᠂ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠠᠵᠢᠯᠯᠠᠭ᠎ᠠ ᠂ | ᠬᠠᠲᠤᠨ ᠭᠤᠣᠯ ᠳᠤ ᠴᠢᠳᠬᠤᠬᠤ ᠡᠯᠡᠰᠦ ᠰᠢᠪᠠᠷ ᠤᠨ ᠬᠡᠮᠵᠢᠶ᠎ᠡ ᠶᠢ ᠪᠠᠭᠠᠰᠬᠠᠬᠤ ᠠᠵᠢᠯᠯᠠᠭ᠎ᠠ ᠂ ᠥᠨᠳᠥᠷ ᠬᠢᠷᠢ ᠲᠦᠪᠰᠢᠨ ᠪᠦᠬᠦᠢ ᠤᠯᠤᠰ ᠤᠨ ᠨᠤᠲᠤᠭ | ᠳᠡᠪᠢᠰᠬᠡᠷ ᠢ ᠨᠣᠭᠤᠭᠠᠷᠠᠭᠤᠯᠬᠤ ᠠᠵᠢᠯᠯᠠᠭ᠎ᠠ ᠂ ᠪᠣᠬᠢᠷᠳᠤᠯ ᠢ ᠰᠡᠷᠭᠡᠶᠢᠯᠡᠨ ᠵᠠᠰᠠᠬᠤ ᠪᠤᠭᠤᠮᠳᠠ ᠰᠢᠪᠳᠤᠯᠬᠤ ᠠᠵᠢᠯᠯᠠᠭ᠎ᠠ ᠂ ᠬᠤᠷᠣᠭᠳᠠᠯ ᠢ ᠪᠠᠭᠠᠰᠬᠠᠵᠤ | ᠨᠡᠭᠦᠷᠡᠰᠦᠲᠥ᠋ᠷᠥᠭᠴᠢ ᠶᠢ ᠪᠠᠭᠠᠰᠬᠠᠬᠤ ᠠᠵᠢᠯᠯᠠᠭ᠎ᠠ ᠂ ᠠᠵᠤ ᠦᠢᠯᠡᠰ ᠤᠨ ᠪᠣᠬᠢᠷᠳᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠠᠵᠢᠯᠯᠠᠭ᠎ᠠ ᠂ ᠬᠠᠲᠤᠨ ᠭᠤᠣᠯ ᠤᠨ | ᠰᠣᠶᠣᠯ ᠢ ᠤᠯᠠᠮᠵᠢᠯᠠᠨ ᠵᠠᠯᠭᠠᠮᠵᠢᠯᠠᠬᠤ ᠠᠵᠢᠯᠯᠠᠭ᠎ᠠ ᠂ ᠠᠮᠢ ᠠᠬᠤᠢ ᠪᠠᠷ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠃ | ︽ ᠤᠰᠤ ᠪᠠᠷ ᠳᠥᠷᠪᠡ ᠶᠢ ᠲᠣᠭᠲᠠᠭᠠᠬᠤ ︾ ᠄ ᠤᠰᠤ ᠪᠠᠷ ᠬᠤᠳᠠ ᠶᠢ ᠲᠣᠭᠲᠠᠭᠠᠬᠤ ᠂ ᠤᠰᠤ ᠪᠠᠷ ᠭᠠᠵᠠᠷ ᠢ ᠲᠣᠭᠲᠠᠭᠠᠬᠤ ᠂ ᠤᠰᠤ ᠪᠠᠷ ᠬᠥᠮᠥᠨ ᠢ | ᠲᠣᠭᠲᠠᠭᠠᠬᠤ ᠂ ᠤᠰᠤ ᠪᠠᠷ ᠤᠶᠢᠯᠡᠳᠪᠤᠷᠢᠯᠡᠯ ᠢ ᠲᠣᠭᠲᠠᠭᠠᠬᠤ ᠶᠢ ᠵᠢᠭᠠᠵᠤ ᠪᠠᠶᠢᠨ᠎ᠠ᠃ | ︽ ᠭᠤᠷᠪᠠᠨ ᠬᠦᠷᠢᠶᠡᠯᠡᠩ ᠂ ᠭᠤᠷᠪᠠᠨ ᠰᠠᠭᠤᠷᠢᠨ ᠭᠠᠵᠠᠷ ᠂ ᠨᠢᠭᠡ ᠰᠢᠨ᠎ᠡ ᠬᠥᠳᠡᠭᠡ ᠲᠣᠰᠬᠤᠨ ︾ ᠄ ᠲᠣᠰ ᠲᠣᠰ ᠤᠯᠤᠰ ᠤᠨ ᠲᠠᠰ ᠤᠨ ᠡᠯᠳᠡᠪ ᠠᠮᠤ ᠶᠢᠨ | ᠠᠵᠤ ᠦᠢᠯᠡᠰ ᠤᠨ ᠵᠢᠱᠢᠶ᠎ᠡ ᠦᠵᠡᠭᠦᠯᠬᠦ ᠬᠦᠷᠢᠶᠡᠯᠡᠩ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠬᠦᠷᠢᠶᠡᠯᠡᠩ ᠂ ᠬᠥᠳᠡᠭᠡ | ᠲᠣᠰᠬᠤᠨ ᠤ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠵᠢᠱᠢᠶ᠎ᠡ ᠦᠵᠡᠭᠦᠯᠬᠦ ᠬᠦᠷᠢᠶᠡᠯᠡᠩ ᠢ ᠵᠢᠭᠠᠵᠤ ᠪᠣᠶ ︔ ᠲᠦᠮᠡᠨ ᠦᠬᠡᠷ ᠂ ᠲᠦᠮᠡᠨ ᠬᠤᠨᠢ ᠂ | ᠲᠦᠮᠡᠨ ᠭᠠᠭ᠋ᠠᠢ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠢ ᠵᠢᠭᠠᠵᠤ ᠪᠤᠢ ︔ ᠨᠡᠶᠢᠭᠡᠮ ᠵᠢᠷᠤᠮᠲᠤ ᠣᠳᠣᠬᠢᠴᠢᠯᠠᠭᠰᠠᠨ ᠰᠢᠨ᠎ᠡ ᠬᠥᠳᠡᠭᠡ ᠲᠣᠰᠬᠤᠨ ᠢ ᠵᠢᠭᠠᠵᠤ ᠪᠤᠢ ᠃ | | ᠠᠵᠢᠯ ᠣᠯᠭᠤᠯᠲᠠ ᠶᠢ ᠠᠬᠢᠭᠤᠯᠬᠤ ︽ ᠲᠠᠪᠤᠨ ᠶᠡᠭᠡ ᠠᠵᠢᠯᠯᠠᠭ᠎ᠠ ︾ ᠄ ᠥᠪᠡᠷᠲᠡᠭᠡᠨ ᠵᠠᠰᠠᠬᠤ ᠣᠷᠣᠨ ᠤ ᠵᠣᠬᠢᠶᠠᠨ ᠪᠠᠶᠢᠭᠤᠯᠵᠤ ᠬᠡᠷᠡᠭᠵᠢᠭᠦᠯᠦᠭᠰᠡᠨ ︽ | ᠦᠢᠯᠡᠰ ᠪᠦᠳᠤᠭᠡᠬᠦ ᠥᠪᠥᠷ ᠮᠣᠩᠭᠤᠯ ︾ ᠂ ︽ ᠮᠡᠷᠭᠡᠵᠢᠯ ᠴᠢᠳᠠᠪᠤᠷᠢ ᠲᠠᠢ ᠥᠪᠥᠷ ᠮᠣᠩᠭᠤᠯ ︾ ᠂ ︽ ᠭᠤᠣᠯᠳᠠᠯᠭ᠎ᠠ ᠲᠠᠢ ᠬᠦᠮᠤᠰ ᠤᠨ ᠠᠵᠢᠯ ᠣᠯᠭᠤᠯᠲᠠ ᠶᠢ | ᠠᠬᠢᠭᠤᠯᠬᠤ ︾ ᠂ ︽ ᠠᠵᠢᠯ ᠣᠯᠭᠤᠬᠤ ᠦᠢᠯᠡᠴᠢᠯᠡᠭᠡᠨ ᠤ ᠴᠢᠨᠠᠷᠵᠢᠯ ᠢ ᠳᠡᠭᠡᠭᠰᠢᠯᠡᠭᠦᠯᠬᠦ ︾ ᠪᠠ ︽ ᠭᠤᠣᠯᠳᠠᠯᠭ᠎ᠠ ᠲᠠᠢ ᠲᠥᠷᠥᠯ ᠵᠦᠢᠯ ᠢᠶᠠᠷ ᠠᠵᠢᠯ ᠣᠯᠭᠤᠯᠲᠠ ᠶᠢ | ᠠᠬᠢᠭᠤᠯᠬᠤ ︾ ᠲᠠᠪᠤᠨ ᠵᠦᠢᠯ ᠤᠨ ᠠᠵᠢᠯᠯᠠᠭ᠎ᠠ ᠶᠢ ᠵᠢᠭᠠᠵᠤ ᠪᠤᠢ ᠃ | ᠨᠡᠶᠢᠲᠡ ᠶᠢᠨ ᠠᠰᠠᠷᠠᠮᠵᠢ ᠶᠢᠨ ᠦᠢᠯᠡᠰ ᠪᠦᠳᠤᠭᠡᠬᠦ ᠪᠡᠯᠡ ᠣᠷᠣᠭᠤᠯᠤᠯᠲᠠ ᠄ ᠲᠥᠷᠥᠯ ᠵᠦᠢᠯ ᠢᠶᠠᠷ ᠭᠤᠣᠯ ᠪᠣᠯᠭᠠᠨ ᠂ ᠵᠠᠰᠠᠭ ᠤᠨ ᠣᠷᠳᠣᠨ ᠂ ᠵᠠᠬ᠎ᠠ ᠳᠡᠯᠭᠡᠭᠦᠷ ᠂ | ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠭᠤᠷᠪᠠ ᠶᠢ ᠨᠢᠭᠲᠠ ᠬᠤᠯᠪᠣᠵᠤ ᠂ ᠨᠡᠶᠢᠭᠡᠮ ᠲᠣᠭᠤᠷᠢᠭ ᠤᠨ ᠡᠯ᠎ᠡ ᠬᠦᠮᠤᠰ ᠲᠤ ︽ ᠪᠢᠴᠢᠯ ᠦᠢᠯᠡᠴᠢᠯᠡᠭᠡ ︾ | ᠬᠠᠩᠭᠠᠨ᠎ᠠ ᠂ ᠡᠶᠢᠮᠦᠷᠬᠦ ᠦᠢᠯᠡᠴᠢᠯᠡᠭᠡᠨ ᠤ ᠵᠠᠭᠪᠤᠷ ᠨᠢ ᠵᠠᠰᠠᠭ ᠤᠨ ᠣᠷᠳᠣᠨ ᠤ ᠣᠯᠠᠨ ᠨᠡᠶᠢᠲᠡ ᠶᠢᠨ ᠦᠢᠯᠡᠴᠢᠯᠡᠭᠡ ᠬᠤᠳᠠᠯᠳᠤᠨ ᠠᠪᠬᠤ ᠰᠢᠨ᠎ᠡ ᠬᠡᠯᠪᠡᠷᠢ ᠪᠣᠯᠵᠤ ᠂ | ᠵᠠᠰᠠᠭ ᠤᠨ ᠣᠷᠳᠣᠨ ᠤ ᠦᠢᠯᠡᠴᠢᠯᠡᠭᠡᠨ ᠤ ᠬᠢᠷᠢ ᠳᠦᠪᠰᠢᠨ ᠢ ᠳᠡᠭᠡᠭᠰᠢᠯᠡᠭᠦᠯᠬᠦ ᠂ ᠨᠡᠶᠢᠭᠡᠮ ᠲᠣᠭᠤᠷᠢᠭ ᠂ ᠨᠡᠶᠢᠭᠡᠮ ᠤᠨ ᠠᠵᠢᠯᠴᠢᠨ ᠂ ᠨᠡᠶᠢᠭᠡᠮ ᠤᠨ ᠵᠣᠬᠢᠶᠠᠨ | ᠪᠠᠶᠢᠭᠤᠯᠤᠯᠲᠠ ᠶᠢᠨ ︽ ᠭᠤᠷᠪᠠᠨ ᠬᠤᠯᠪᠤᠭᠠᠯᠠᠯ ︾ ᠵᠢᠴᠢ ᠨᠡᠶᠢᠭᠡᠮ ᠲᠣᠭᠤᠷᠢᠭ ᠤᠨ ᠨᠡᠶᠢᠭᠡᠮ ᠤᠨ ᠬᠥᠷᠥᠩᠭᠡ ᠶᠢ ᠨᠡᠮᠡᠭᠳᠡᠭᠦᠯᠬᠦ ᠳᠤ ᠴᠢᠬᠤᠯᠠ ᠦᠢᠯᠡᠳᠦᠯ ᠲᠠᠢ ᠶᠤᠮ ᠃ | | ︽ ᠲᠠᠪᠤᠨ ᠬᠤᠯᠪᠤᠭᠠᠯᠠᠯ ︾ ᠄ ᠬᠤᠲᠠ ᠬᠥᠳᠡᠭᠡ ᠶᠢᠨ ᠨᠡᠶᠢᠭᠡᠮ ᠲᠣᠭᠤᠷᠢᠭ ᠢᠶᠠᠷ ᠲᠠᠪᠴᠠᠩ ᠪᠣᠯᠭᠠᠵᠤ ᠂ ᠨᠡᠶᠢᠭᠡᠮ ᠤᠨ ᠠᠵᠢᠯ ᠤᠨ ᠲᠤᠰᠬᠠᠢ ᠮᠡᠷᠭᠡᠵᠢᠯ ᠤᠨ | ᠴᠢᠳᠠᠪᠤᠷᠢᠲᠠᠨ ᠢᠶᠠᠷ ᠲᠤᠯᠭᠠᠭᠤᠷᠢᠯᠠᠯ ᠪᠣᠯᠭᠠᠵᠤ ᠂ ᠨᠡᠶᠢᠭᠡᠮ ᠲᠣᠭᠤᠷᠢᠭ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠᠷ ᠠᠴᠢᠶᠠᠯᠠᠪᠤᠷᠢ ᠪᠣᠯᠭᠠᠵᠤ ᠂ ᠨᠡᠶᠢᠭᠡᠮ | ᠲᠣᠭᠤᠷᠢᠭ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠡᠩᠨᠡᠭᠡ ᠪᠠᠷ ᠲᠦᠰᠢᠭ ᠪᠣᠯᠭᠠᠵᠤ ᠂ ᠨᠡᠶᠢᠭᠡᠮ ᠤᠨ ᠨᠢᠭᠦᠯᠡᠰᠦᠩᠭᠦᠢ ᠶᠢᠨ ᠡᠬᠢ ᠪᠠᠶᠠᠯᠢᠭ ᠢᠶᠠᠷ ᠠᠬᠢᠭᠤᠯᠬᠤ | ᠦᠨᠳᠦᠰᠦᠨ ᠱᠠᠲᠤᠨ ᠤ ᠵᠠᠰᠠᠯᠲᠠ ᠪᠠ ᠦᠢᠯᠡᠴᠢᠯᠡᠭᠡᠨ ᠤ ᠵᠠᠭᠪᠤᠷ ᠪᠣᠯᠣᠨ᠎ᠠ ᠃ | | | |