| | | ︽ ᠵᠢᠯ ᠤᠨ ᠠᠵᠢᠯ ᠬᠠᠪᠤᠷ ᠲᠠᠭᠠᠨ ︾ ᠭᠡᠳᠡᠭᠴᠢᠯᠡᠨ ᠂ ᠬᠦᠮᠤᠰ ᠥᠷᠯᠥᠭᠡ ᠦᠳᠡᠰᠢ ᠶᠢ ᠲᠡᠮᠡᠴᠡᠨ᠂ ᠰᠢᠷᠭᠠᠭᠤ ᠠᠵᠢᠯᠯᠠᠨ ᠪᠣᠳᠠᠲᠠᠢ ᠠᠵᠢᠯᠯᠠᠵᠤ ᠶᠠᠭᠠᠷᠠᠯᠳᠤᠨ᠎ᠠ᠃ | ᠵᠡᠭᠦᠨᠭᠠᠷ ᠬᠤᠰᠢᠭᠤᠨ ᠳᠤ ᠂ ᠭᠠᠵᠠᠷ ᠪᠣᠯᠭᠠᠨ ᠳᠤ ᠬᠠᠪᠤᠷ ᠤᠨ ᠠᠭᠤᠷ ᠠᠮᠢᠰᠬᠤᠯ ᠢᠶᠠᠷ ᠪᠢᠯᠬᠠᠵᠤ ᠂ ᠶᠡᠷᠦᠩᠬᠡᠢ ᠪᠡᠯᠡ ᠣᠷᠣᠭᠤᠯᠤᠯᠲᠠ ᠨᠢ 23 ᠳ᠋ᠦᠩᠰᠢᠭᠤᠷ | ᠲᠥᠭᠦᠷᠢᠭ ᠤᠨ ᠨᠠᠷᠠᠰᠤᠨ ᠤ ᠭᠡᠷᠡᠯ ᠴᠡᠨᠡᠭ ᠢᠶᠠᠷ ᠤᠰᠤᠲᠥ᠋ᠷᠥᠭᠴᠢ ᠦᠢᠯᠡᠳᠪᠤᠷᠢᠯᠡᠬᠦ ᠲᠦᠷᠦᠯ ᠵᠦᠢᠯ ᠡᠨᠡ ᠬᠠᠪᠤᠷ ᠲᠦᠷᠭᠡᠨ ᠶᠠᠪᠤᠬᠳᠠᠵᠤ ᠂ ᠪᠦᠬᠦ ᠳᠠᠯ᠎ᠠ ᠪᠠᠷ | ᠬᠦᠳᠡᠯᠤᠯᠴᠡᠨ᠂ ᠰᠢᠨ᠎ᠡ ᠡᠨᠧᠷᠭᠢ ᠶᠢᠨ ᠤᠷᠤᠯᠳᠤᠭᠠᠨ ᠤ ᠵᠠᠮ ᠳᠡᠭᠡᠷ᠎ᠡ ᠬᠤᠷᠳᠤᠴᠠ ᠪᠠᠨ ᠨᠡᠮᠡᠭᠳᠡᠭᠦᠯᠤᠨ᠎ᠠ᠃ | ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ ᠤᠷᠤᠨ ᠤ ᠵᠡᠭᠦᠨᠭᠠᠷ ᠤᠨ ᠠᠵᠤ ᠦᠢᠯᠡᠰ ᠤᠨ ᠬᠦᠷᠢᠶᠡᠯᠡᠩ ᠳᠤᠭᠤᠷᠢᠭ ᠲᠤ ᠪᠠᠶᠢᠭᠠᠨᠠᠷᠠᠰᠤᠨ ᠤ ᠭᠡᠷᠡᠯ | ᠴᠡᠨᠡᠭ ᠢᠶᠠᠷ ᠤᠰᠤᠲᠥ᠋ᠷᠥᠭᠴᠢ ᠦᠢᠯᠡᠳᠪᠤᠷᠢᠯᠡᠬᠦ ᠠᠵᠤ ᠦᠢᠯᠡᠰ ᠤᠨ ᠵᠢᠱᠢᠶ᠎ᠡᠦᠵᠡᠭᠦᠯᠬᠦ ᠲᠦᠷᠦᠯ ᠵᠦᠢᠯ ᠤᠨ ᠪᠠᠷᠢᠯᠭ᠎ᠠ ᠶᠢᠨ ᠠᠬᠤᠢ ᠲᠠᠯᠠᠪᠠᠢ ᠳᠤ ᠂ ᠮᠠᠰᠢᠨ ᠤ | ᠳᠠᠭᠤᠨ ᠬᠦᠷᠴᠢᠬᠢᠨᠡᠵᠤ ᠂ ᠭᠠᠩᠨᠠᠬᠤ ᠭᠡᠷᠡᠯ ᠤᠨ ᠤᠴᠢ ᠦᠰᠤᠷᠤᠨ ᠂ ᠡᠷᠭᠦᠭᠦᠷ ᠲᠡᠷᠭᠡ ᠦᠨᠳᠤᠷ ᠳᠡᠭᠡᠷ᠎ᠠ ᠪᠦᠵᠢᠭᠯᠡᠵᠤ ᠂ ᠪᠠᠷᠢᠯᠭ᠎ᠠ ᠶᠢᠨ ᠮᠠᠰᠢᠨ ᠨᠠᠭᠠᠰᠢ ᠴᠠᠭᠠᠰᠢ | ᠰᠦᠯᠵᠢᠯᠳᠦᠵᠤ ᠁ ᠬᠦᠷ ᠬᠥᠭᠵᠢᠶᠡᠨ ᠲᠠᠢ ᠪᠦᠲᠦᠭᠡᠨ ᠪᠠᠶᠢᠭᠤᠯᠤᠯᠲᠠ ᠶᠢᠨ ᠠᠬᠤᠢ ᠪᠠᠶᠢᠳᠠᠯ ᠢ ᠬᠠᠷᠠᠭᠤᠯᠤᠨ᠎ᠠ᠃ 2022 ᠣᠨ ᠤ ᠳᠣᠣᠷ᠎ᠠ ᠬᠠᠭᠠᠰ ᠵᠢᠯ ᠳᠤ | ᠠᠵᠢᠯ ᠡᠬᠢᠯᠡᠭᠦᠯᠦᠭᠰᠡᠨ ᠤ ᠲᠠᠷᠠᠭ᠎ᠠ᠂ ᠲᠦᠷᠦᠯ ᠵᠦᠢᠯ ᠨᠢ ᠪᠠᠷᠢᠯᠭ᠎ᠠ ᠶᠢᠨ ᠲᠠᠯᠠᠪᠠᠢ ᠶᠢ ᠳᠡᠭᠰᠢᠯᠡᠬᠦ ᠡᠮᠦᠨᠡᠬᠢ ᠬᠤᠭᠤᠴᠠᠭᠠᠨ ᠤ ᠠᠵᠢᠯ ᠢ ᠳᠠᠭᠤᠰᠬᠠᠵᠤ ᠂ ᠡᠨᠡ | ᠵᠢᠯ ᠤᠨ ᠬᠠᠪᠤᠷ ᠡᠬᠢᠯᠡᠮᠡᠭᠴᠡ ᠪᠠᠨ ᠠᠵᠢᠯ ᠢᠶᠠᠨ ᠡᠬᠢᠯᠡᠭᠦᠯᠵᠡᠢ ᠃ | | | | | ︽ ᠣᠳᠣᠬᠠᠨ ᠳᠤ ᠮᠠᠨ ᠤ ᠤᠰᠤᠲᠥ᠋ᠷᠥᠭᠴᠢ ᠤᠶᠢᠯᠡᠳᠪᠤᠷᠢᠯᠡᠬᠦ ᠦᠢᠯᠡᠳᠪᠦᠷᠢ ᠶᠢᠨ ᠲᠣᠭᠤᠷᠢᠭ ᠂ ᠦᠢᠯᠡᠳᠪᠦᠷᠢ ᠶᠢᠨ ᠡᠮᠤᠨ᠎ᠠ ᠲᠣᠭᠤᠷᠢᠭ ᠂ ᠲᠥᠪ | ᠡᠵᠡᠮᠰᠢᠯ ᠤᠨ ᠲᠠᠰᠤᠭ ᠤᠨ ᠭᠤᠣᠯ ᠴᠣᠭᠴᠠ ᠶᠢ ᠶᠠᠭ ᠪᠠᠶᠢᠭᠤᠯᠵᠤ ᠪᠤᠢ᠂ ᠠᠯᠪᠠᠨ ᠠᠰᠠᠷ ᠪᠣᠯᠣᠨ ᠠᠮᠢᠳᠤᠷᠠᠯ ᠤᠨ ᠳᠤᠭᠤᠷᠢᠭ ᠤᠨ ᠠᠰᠠᠷ ᠤᠨ ᠲᠤᠯᠭᠠᠭᠤᠷᠢ ᠶᠢᠨ | ᠰᠠᠭᠤᠷᠢ ᠳᠠᠯᠪᠢᠬᠤ ᠠᠵᠢᠯ ᠢ ᠨᠢᠭᠡᠨᠲᠡ ᠳᠠᠭᠤᠰᠬᠠᠵᠤ ᠂ ᠤᠰᠤᠲᠥ᠋ᠷᠥᠭᠴᠢ ᠤᠶᠢᠯᠡᠳᠪᠤᠷᠢᠯᠡᠬᠦ ᠲᠥᠬᠦᠭᠡᠷᠦᠮᠵᠢ ᠶᠢᠨ ᠲᠣᠭᠤᠷᠢᠭ ᠲᠤ ᠶᠠᠭ ᠰᠠᠶᠢᠬᠠᠨ ᠮᠠᠰᠢᠨ | ᠴᠣᠭᠴᠠᠯᠠᠪᠤᠷᠢ ᠶᠢᠨ ᠠᠵᠢᠯ ᠢ ᠬᠢᠵᠦ ᠂ ᠭᠠᠯ ᠤᠨᠲᠠᠷᠠᠭᠠᠬᠤ ᠤᠰᠤᠨ ᠴᠥᠭᠦᠷᠥᠮ᠂ ᠠᠽᠣᠲ ᠦᠢᠯᠡᠳᠪᠦᠷᠢᠯᠡᠬᠦ ᠲᠠᠰᠤᠭ ᠂ ᠳᠠᠪᠤᠰᠤ ᠦᠭᠡᠶᠢᠳᠡᠭᠦᠯᠬᠦ ᠤᠰᠤᠨ ᠤ | ᠦᠢᠯᠡᠳᠪᠦᠷᠢ ᠶᠢᠨ ᠲᠠᠰᠤᠭ ᠲᠤ ᠭᠤᠣᠯ ᠴᠣᠭᠴᠠ ᠶᠢᠨ ᠠᠵᠢᠯ ᠢ ᠬᠢᠵᠦ ᠂ 220 ᠺᠢᠯᠤᠸᠤᠯᠲ ᠤᠨ ᠬᠦᠴᠤᠳᠡᠯ ᠪᠠᠭᠤᠷᠠᠭᠤᠯᠬᠤ ᠦᠷᠳᠡᠭᠡ ᠶᠢ ᠴᠦ ᠪᠦᠬᠦ ᠲᠠᠯ᠎ᠠ ᠪᠠᠷ | ᠡᠬᠢᠯᠡᠨ ᠪᠠᠶᠢᠭᠤᠯᠵᠤ ᠪᠠᠶᠢᠨ᠎ᠠ ᠃ 6 ᠰᠠᠷ᠎ᠠ ᠶᠢᠨ ᠰᠡᠭᠦᠯᠴᠢ ᠪᠠᠷ ᠳᠦᠷᠦᠬᠦᠦ ᠪᠦᠯᠦᠭ ᠲᠥᠬᠦᠭᠡᠷᠦᠮᠵᠢ ᠶᠢᠨ ᠰᠢᠲᠠᠮᠠᠬᠠᠢ ᠬᠡᠢ ᠤᠶᠢᠯᠡᠳᠪᠤᠷᠢᠯᠡᠬᠦ ᠨᠥᠬᠦᠴᠡᠯ ᠢ | ᠪᠦᠷᠢᠳᠦᠭᠦᠯᠵᠦ ᠂ 10 ᠰᠠᠷ᠎ᠠ ᠶᠢᠨ ᠰᠡᠭᠦᠯᠴᠢ ᠪᠠᠷ ᠠᠰᠢᠭᠯᠠᠯᠲᠠ ᠳᠤ ᠣᠷᠣᠭᠤᠯᠬᠤ ᠨᠥᠬᠦᠴᠡᠯ ᠢ ᠪᠦᠷᠢᠳᠦᠭᠦᠯᠬᠦ ᠪᠠᠷ ᠲᠥᠯᠥᠪᠯᠡᠵᠦ ᠪᠣᠶ ︾ ᠭᠡᠵᠦ ᠨᠠᠷᠠᠰᠤᠨ ᠤ ᠬᠡᠷᠡᠯ | ᠴᠡᠨᠡᠭ ᠢᠶᠠᠷ ᠤᠰᠤᠲᠥ᠋ᠷᠥᠭᠴᠢ ᠤᠶᠢᠯᠡᠳᠪᠤᠷᠢᠯᠡᠬᠦ ᠠᠵᠤ ᠤᠶᠢᠯᠡᠰ ᠤᠨ ᠵᠢᠱᠢᠶ᠎ᠠ ᠦᠵᠡᠬᠦᠯᠬᠦ ᠳᠦᠷᠤᠯ ᠵᠤᠶᠢᠯ ᠤᠨ ᠪᠠᠷᠢᠯᠭ᠎ᠠ ᠬᠢᠵᠤ ᠪᠠᠶᠢᠭ᠎ᠠ ᠬᠠᠷᠢᠭᠤᠴᠠᠯᠭᠠᠲᠠᠨ ᠹᠠᠨ | ᠰᠢ ᠲᠠᠨᠢᠯᠴᠠᠭᠤᠯᠤᠨ᠎ᠠ ᠃ | | | ᠨᠠᠷᠠᠰᠤᠨ ᠤ ᠬᠡᠷᠡᠯ ᠴᠡᠨᠡᠭ ᠢᠶᠠᠷ ᠤᠰᠤᠲᠥ᠋ᠷᠥᠭᠴᠢ ᠦᠶᠯᠡᠳᠪᠤᠷᠢᠯᠡᠬᠦ ᠠᠵᠤ ᠦᠢᠯᠡᠰ ᠤᠨ ᠵᠢᠱᠢᠶ᠎ᠡ ᠦᠵᠡᠭᠦᠯᠬᠦ ᠲᠥᠷᠥᠯ ᠵᠦᠢᠯ ᠪᠣᠯ ᠥᠪᠡᠷᠲᠡᠭᠡᠨ ᠵᠠᠰᠠᠬᠤ | ᠣᠷᠣᠨ ᠤ ᠡᠨᠧᠷᠭᠢ ᠶᠢᠨ ᠲᠣᠪᠴᠢᠶ᠎ᠠ ᠠᠴᠠ ᠵᠣᠬᠢᠶᠠᠨ ᠪᠠᠶᠢᠭᠤᠯᠵᠤ ᠦᠨᠡᠯᠡᠨ ᠵᠢᠱᠢᠭᠰᠡᠨ ᠪᠥᠭᠡᠳ ᠰᠢᠯᠢᠳᠡᠭᠴᠢᠯᠡᠨ ᠰᠣᠩᠭᠤᠭᠰᠠᠨᠰᠠᠯᠬᠢ ᠭᠡᠷᠡᠯ ᠴᠡᠨᠡᠭ ᠢ ᠨᠢᠭᠡ | ᠴᠣᠭᠴᠠᠵᠢᠭᠤᠯᠤᠭᠰᠠᠨ ᠤᠰᠤᠲᠥ᠋ᠷᠥᠭᠴᠢ ᠦᠶᠯᠡᠳᠪᠤᠷᠢᠯᠡᠬᠦ 7 ᠵᠢᠱᠢᠶ᠎ᠡ ᠦᠵᠡᠭᠦᠯᠬᠦ ᠲᠥᠷᠥᠯ ᠵᠦᠢᠯ ᠤᠨ ᠨᠢᠭᠡ ᠨᠢ ᠪᠣᠯᠣᠨ᠎ᠠ ᠂ ᠭᠤᠷᠪᠠᠨ ᠬᠠᠪᠴᠢᠯ ᠤᠨ | ᠡᠨᠧᠷᠭᠢ ᠶᠢᠨ ᠪᠦᠯᠦᠭᠯᠡᠯ ᠲᠦᠷᠦᠭᠦᠯᠡᠨ 23 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ ᠂ ᠨᠠᠷᠠᠰᠤᠨ ᠪᠠᠯᠭᠠᠰᠤᠨ ᠤ ᠬᠡᠷᠡᠯ ᠴᠡᠨᠡᠭ ᠤᠨ ᠦᠢᠯᠡᠳᠪᠦᠷᠢ ᠶᠢᠨ | ᠲᠣᠭᠤᠷᠢᠭ ᠪᠠ ᠵᠡᠭᠦᠨᠭᠠᠷ ᠤᠨ ᠠᠵᠤ ᠦᠢᠯᠡᠰ ᠤᠨ ᠬᠦᠷᠢᠶᠡᠯᠡᠩ ᠳᠤᠭᠤᠷᠢᠭ ᠤᠨ ᠤᠰᠤᠲᠥ᠋ᠷᠥᠭᠴᠢ ᠦᠶᠯᠡᠳᠪᠤᠷᠢᠯᠡᠬᠦ ᠦᠢᠯᠡᠳᠪᠦᠷᠢ ᠶᠢᠨ ᠲᠣᠭᠤᠷᠢᠭ ᠭᠡᠵᠦ | ᠬᠤᠪᠢᠶᠠᠨ᠎ᠠ ᠃ ᠭᠤᠣᠯᠳᠠᠭᠤ ᠭᠡᠷᠡᠯ ᠴᠡᠨᠡᠭ ᠤᠨ ᠴᠠᠬᠢᠯᠭᠠᠨ ᠵᠠᠳᠠᠯᠤᠯ ᠤᠨ ᠤᠰᠤ ᠪᠠᠷ ᠤᠰᠤᠲᠥ᠋ᠷᠥᠭᠴᠢ ᠦᠢᠯᠡᠳᠪᠤᠷᠢᠯᠡᠬᠦ ᠮᠡᠷᠭᠡᠵᠢᠯ ᠢ ᠬᠡᠷᠡᠭᠯᠡᠵᠦ ᠂ 80% ᠠᠴᠠ | ᠪᠠᠭ᠎ᠠ ᠦᠭᠡᠢ ᠴᠠᠬᠢᠯᠭᠠᠨ ᠭᠠᠷᠭᠠᠬᠤ ᠬᠡᠮᠵᠢᠶ᠎ᠡ ᠪᠠᠷ ︽ ᠲᠡᠩᠴᠡᠭᠦᠦ ᠳᠤᠭᠠᠨ ᠤ ᠴᠠᠬᠢᠯᠭᠠᠨ ᠬᠡᠮᠵᠢᠶ᠎ᠡ ᠪᠠᠷ ᠰᠣᠯᠢᠯᠴᠠᠬᠤ ︾ ᠬᠡᠯᠪᠡᠷᠢ ᠪᠠᠷ ᠤᠰᠤᠲᠥ᠋ᠷᠥᠭᠴᠢ ᠶᠢ | ᠦᠢᠯᠡᠳᠪᠤᠷᠢᠯᠡᠳᠡᠭ ᠪᠠᠶᠢᠨ᠎ᠠ᠃ | | | | | ᠹᠠᠨ ᠰᠢ ᠄ ︽ ᠨᠠᠷᠠᠰᠤᠨ ᠪᠠᠯᠭᠠᠰᠤᠨ ᠳᠤ ᠨᠡᠭᠦᠷᠡᠰᠦ ᠮᠠᠯᠲᠠᠵᠤ ᠪᠤᠴᠠᠭᠠᠨ ᠪᠥᠭᠯᠡᠬᠦ ᠲᠣᠭᠤᠷᠢᠭ ᠢ ᠠᠰᠢᠭᠯᠠᠨ ᠭᠡᠷᠡᠯ ᠴᠡᠨᠡᠭ ᠤᠨ ᠦᠢᠯᠡᠳᠪᠦᠷᠢ ᠶᠢᠨ ᠲᠣᠭᠤᠷᠢᠭ | ᠪᠠᠶᠢᠭᠤᠯᠵᠤ ᠂ 220 ᠺᠢᠯᠤᠸᠤᠯᠲ ᠤᠨ ᠬᠦᠴᠦᠳᠡᠯ ᠨᠡᠮᠡᠭᠳᠡᠬᠦᠯᠬᠦ ᠦᠷᠳᠡᠭᠡ ᠵᠢᠴᠢ 220 ᠺᠢᠯᠤᠸᠤᠯᠲ ᠤᠨ ᠴᠠᠬᠢᠯᠭᠠᠨ ᠬᠦᠷᠭᠡᠬᠦ ᠱᠤᠭᠤᠮ ᠢᠶᠠᠷ ᠳᠠᠮᠵᠢᠭᠤᠯᠵᠤ | ᠵᠡᠭᠦᠨᠭᠠᠷ ᠠᠵᠤ ᠦᠢᠯᠡᠰ ᠤᠨ ᠬᠦᠷᠢᠶᠡᠯᠡᠩ ᠳᠤᠭᠤᠷᠢᠭ ᠤᠨ ᠤᠰᠤᠲᠥ᠋ᠷᠥᠭᠴᠢ ᠦᠢᠯᠡᠳᠪᠤᠷᠢᠯᠡᠬᠦ ᠲᠠᠯᠠᠪᠠᠢ ᠶᠢᠨ ᠲᠣᠭᠤᠷᠢᠭ ᠲᠤ ᠬᠦᠷᠭᠡᠵᠦ ᠂ 220 ᠺᠢᠯᠤᠸᠤᠯᠲ ᠤᠨ | ᠬᠦᠴᠦᠳᠡᠯ ᠪᠠᠭᠤᠷᠠᠭᠤᠯᠬᠤ ᠦᠷᠳᠡᠭᠡ ᠪᠠᠷ ᠳᠠᠮᠵᠢᠭᠤᠯᠤᠨ ᠂ ᠤᠰᠤᠲᠥ᠋ᠷᠥᠭᠴᠢ ᠶᠢ ᠤᠶᠢᠯᠡᠳᠪᠤᠷᠢᠯᠡᠬᠦ ᠳᠤ ᠬᠡᠷᠡᠭᠰᠡᠬᠦ ᠴᠠᠬᠢᠯᠭᠠᠨ ᠬᠦᠴᠦᠳᠡᠯ ᠪᠣᠯᠭᠠᠵᠤ ᠂ ᠲᠠᠬᠢᠨ | ᠴᠠᠬᠢᠯᠭᠠᠨ ᠵᠠᠳᠠᠯᠤᠯ ᠤᠨ ᠤᠰᠤ ᠪᠠᠷ ᠤᠰᠤᠲᠥ᠋ᠷᠥᠭᠴᠢ ᠪᠠ ᠬᠦᠴᠢᠯᠲᠥ᠋ᠷᠥᠭᠴᠢ ᠶᠢ ᠡᠭᠦᠰᠬᠡᠨ᠎ᠡ᠃ ᠪᠢᠳᠠ 15 ᠲᠥᠬᠦᠭᠡᠷᠦᠮᠵᠢ ᠭᠠᠷᠭᠠᠨ ᠂ ᠴᠠᠭ ᠪᠦᠷᠢ ᠳᠤ ᠨᠢᠭᠡ | ᠳᠦᠬᠦᠭᠡᠷᠤᠮᠵᠢ ᠨᠢ 1000 ᠪᠠᠷᠢᠮᠵᠢᠶᠠᠳᠤ ᠪᠤᠰᠤᠭ᠎ᠠ ᠳᠥᠷᠪᠡᠯᠵᠢᠨ ᠮᠧᠲᠷ ᠤᠨ ᠤᠰᠤᠲᠥ᠋ᠷᠥᠭᠴᠢ ᠬᠡᠢ ᠶᠢ ᠦᠢᠯᠡᠳᠪᠦᠷᠢᠯᠡᠵᠦ ᠂ ᠵᠢᠯ ᠳᠤ 1 ᠲᠦᠮᠡᠨ ᠲᠣᠨ | ᠤᠰᠤᠲᠥ᠋ᠷᠥᠭᠴᠢ ᠬᠡᠢ ᠶᠢ ᠦᠢᠯᠡᠳᠪᠦᠷᠢᠯᠡᠨ ᠂ 8.7 ᠲᠦᠮᠡᠨ ᠲᠣᠨ ᠬᠦᠴᠢᠯᠲᠥ᠋ᠷᠥᠭᠴᠢ ᠬᠡᠢ ᠶᠢ ᠳᠠᠭᠠᠯᠳᠤᠭᠤᠯᠤᠨ ᠦᠢᠯᠡᠳᠪᠦᠷᠢᠯᠡᠬᠦ ᠪᠠᠷ ᠲᠥᠯᠥᠪᠯᠡᠵᠦ ᠪᠠᠶᠢᠨ᠎ᠠ᠃ | ᠡᠨᠡ ᠬᠦ ᠶᠠᠪᠤᠴᠠ ᠳᠤ ᠴᠥᠮ ᠪᠤᠬᠢᠷᠳᠤᠯ ᠦᠭᠡᠢ ᠡᠨᠧᠷᠭᠢ ᠶᠢ ᠬᠡᠷᠡᠭᠯᠡᠵᠦ ᠂ ᠤᠶᠢᠯᠡᠳᠪᠤᠷᠢᠯᠡᠭᠰᠡᠨ ᠤᠰᠤᠲᠥ᠋ᠷᠥᠭᠴᠢ ᠪᠣᠯᠣᠨ ᠬᠦᠴᠢᠯᠲᠥ᠋ᠷᠥᠭᠴᠢ ᠨᠢ ᠴᠤ ᠪᠤᠬᠢᠷᠳᠤᠯ | ᠦᠭᠡᠢ ᠡᠨᠧᠷᠭᠢ ᠪᠣᠯᠣᠨ᠎ᠠ︾ ᠭᠡᠨ᠎ᠠ᠃ | ᠣᠶᠢᠯᠠᠭᠠᠭᠰᠠᠨ ᠢᠶᠠᠷ ᠂ ᠲᠣᠰ ᠲᠥᠷᠥᠯ ᠵᠦᠢᠯ ᠪᠣᠯ ᠭᠤᠷᠪᠠᠨ ᠬᠠᠪᠴᠢᠯ ᠤᠨ ᠡᠨᠧᠷᠭᠢ ᠶᠢᠨ ᠪᠦᠯᠦᠭᠯᠡᠯ ᠤᠨ ᠤᠰᠤᠲᠥ᠋ᠷᠥᠭᠴᠢ ᠶᠢᠨ ᠡᠨᠧᠷᠭᠢ ᠶᠢᠨ | ᠬᠦᠷᠢᠶᠡᠨ ᠳᠠᠬᠢ ᠠᠩᠬᠠᠳᠠᠭᠴᠢ ᠲᠥᠷᠥᠯ ᠵᠦᠢᠯ ᠪᠠᠶᠢᠵᠤ ᠂ ᠤᠰᠤᠲᠥ᠋ᠷᠥᠭᠴᠢ ᠡᠨᠧᠷᠭᠢ ᠶᠢ ᠦᠢᠯᠡᠳᠪᠦᠷᠢᠯᠡᠬᠦ ᠂ ᠬᠠᠳᠠᠭᠠᠯᠠᠬᠤ ᠂ ᠬᠡᠷᠡᠭᠯᠡᠬᠦ ᠵᠡᠷᠭᠡ ᠵᠠᠩᠭᠢᠯᠠᠭ᠎ᠠ ᠶᠢᠨ | ᠮᠡᠷᠭᠡᠵᠢᠯ ᠤᠨ ᠰᠤᠳᠤᠯᠤᠨ ᠨᠡᠭᠡᠭᠡᠬᠦ ᠪᠤᠭᠤᠮᠳᠠ ᠰᠢᠪᠳᠤᠯᠬᠤ ᠪᠠᠷ ᠴᠢᠷᠮᠠᠶᠢᠵᠤ ᠪᠠᠶᠢᠨ᠎ᠠ ᠃ ᠲᠦᠷᠦᠯ ᠵᠦᠢᠯ ᠢ ᠪᠠᠶᠢᠭᠤᠯᠤᠭᠰᠠᠨ ᠤ ᠲᠠᠷᠠᠭ᠎ᠠ᠂ ᠵᠢᠯ ᠪᠦᠷᠢ ᠴᠠᠬᠢᠯᠭᠠᠨ | ᠲᠣᠣᠷ ᠲᠤ ᠳᠤᠮᠳᠠᠴᠢ ᠪᠠᠷ ᠴᠠᠭ ᠲᠤ 74361.46 ᠲᠦᠮᠡᠨ ᠺᠢᠯᠣᠸᠠᠲ ᠴᠠᠬᠢᠯᠭᠠᠨ ᠢ ᠬᠠᠩᠭᠠᠵᠤ ᠂ ᠴᠠᠬᠢᠯᠭᠠᠨ ᠭᠠᠷᠭᠠᠬᠤ ᠠᠳᠠᠯᠢ ᠬᠡᠮᠵᠢᠶ᠎ᠡ ᠲᠠᠢ ᠢᠯᠴᠢ ᠶᠢᠨ | ᠴᠠᠬᠢᠯᠭᠠᠨ ᠲᠠᠢ ᠬᠠᠷᠢᠴᠠᠭᠤᠯᠪᠠᠯ ᠂ ᠵᠢᠯ ᠪᠦᠷᠢ ᠪᠠᠷᠢᠮᠵᠢᠶᠠᠲᠤ ᠨᠡᠭᠦᠷᠡᠰᠦ ᠶᠢ 226728.08 ᠲᠣᠨ ᠠᠷᠪᠢᠯᠠᠵᠤ ᠂ ᠵᠢᠯ ᠪᠦᠷᠢ ᠤᠯᠠᠨ ᠲᠦᠷᠦᠯ ᠤᠨ ᠠᠭᠠᠷ | ᠮᠠᠨᠳᠠᠯ ᠤᠨ ᠪᠣᠬᠢᠷᠳᠤᠯ ᠪᠣᠳᠠᠰ ᠤᠨ ᠭᠠᠳᠠᠭᠰᠢᠯᠠᠭᠤᠯᠤᠯᠲᠠ ᠶᠢ ᠪᠠᠭᠠᠰᠬᠠᠵᠤ ᠪᠣᠯᠣᠨ᠎ᠠ᠂ ᠡᠭᠦᠨ ᠳᠤ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠪᠠᠷᠤᠭ | 594027.56 ᠲᠣᠨ᠂ ᠬᠦᠬᠦᠷ ᠤᠨ ᠳᠠᠪᠬᠤᠷ ᠢᠰᠦᠯ ᠢ ᠪᠠᠷᠤᠭ 118.98 ᠲᠣᠨ᠂ ᠠᠽᠣᠲ ᠤᠨ ᠢᠰᠦᠮᠡᠭ ᠢ ᠪᠠᠷᠤᠭ 133.11 ᠲᠣᠨ ᠪᠠᠭᠠᠰᠬᠠᠨ᠎ᠠ᠃ | ᠬᠤᠶᠢᠰᠢᠳᠠ ᠂ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ ᠣᠷᠣᠨ ᠵᠢᠴᠢ ᠤᠶᠢᠷ᠎ᠠ ᠬᠠᠪᠢ ᠶᠢᠨ ᠭᠠᠵᠠᠷ ᠣᠷᠣᠨ ᠤ ᠬᠢᠮᠢ ᠶᠢᠨ ᠠᠵᠤ ᠦᠢᠯᠡᠳᠪᠦᠷᠢ ᠶᠢᠨ ᠠᠵᠤ | ᠠᠬᠤᠶᠢᠯᠠᠯ ᠪᠣᠯᠣᠨ ᠠᠭᠤᠷᠬᠠᠢ ᠶᠢᠨ ᠣᠷᠣᠨ ᠤ ᠤᠰᠤᠲᠥ᠋ᠷᠥᠭᠴᠢ ᠲᠦᠯᠡᠰᠢᠨ ᠤ ᠴᠠᠬᠢᠯᠭᠠᠨ ᠴᠡᠨᠡᠭ ᠤᠨ ᠬᠦᠨᠳᠦ ᠠᠴᠢᠶᠠᠨ ᠤ ᠮᠠᠰᠢᠨ ᠢᠶᠠᠷ ᠤᠤᠯ ᠤᠨ | ᠰᠢᠲᠠᠭᠠᠯᠭ᠎ᠠ ᠶᠢᠨ ᠳᠤᠰᠤ ᠳᠦᠯᠡᠳᠡᠭ ᠬᠦᠨᠳᠦ ᠠᠴᠢᠶᠠᠨ ᠤ ᠮᠠᠰᠢᠨ ᠢ ᠣᠷᠣᠯᠠᠭᠤᠯᠬᠤ ᠪᠣᠯ ᠤᠰᠤᠲᠥ᠋ᠷᠥᠭᠴᠢ ᠡᠨᠧᠷᠭᠢ ᠶᠢᠨ ᠭᠤᠣᠯ ᠭᠡᠷᠡᠭᠯᠡᠬᠦ ᠦᠵᠡᠭᠳᠡᠯ ᠪᠣᠯᠬᠤ | ᠪᠥᠭᠡᠳ ᠤᠯᠠᠮᠵᠢᠯᠠᠯᠲᠤ ᠠᠵᠤ ᠦᠢᠯᠡᠰ ᠤᠨ ᠪᠣᠬᠢᠷᠳᠤᠯ ᠦᠭᠡᠢ ᠡᠨᠧᠷᠭᠢ ᠠᠷᠪᠢᠯᠠᠬᠤ ᠴᠢᠭᠯᠡᠯ ᠳᠡᠶᠢᠰᠢ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠂ ︽ ᠬᠤᠣᠰ | ᠨᠡᠭᠦᠷᠡᠰᠦᠲᠥ᠋ᠷᠥᠭᠴᠢ ︾ ᠶᠢᠨ ᠬᠠᠷᠠᠯᠲᠠ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠬᠦ ᠨᠢᠭᠡ ᠠᠷᠭ᠎ᠠ ᠵᠠᠮ ᠪᠣᠯᠣᠨ᠎ᠠ ᠃ | |