| 2022 ᠤᠨ ᠠᠴᠠ ᠡᠬᠢᠯᠡᠨ ᠂ ᠵᠡᠬᠦᠡᠭᠠᠷ ᠬᠤᠰᠢᠭᠤ ᠡᠮ ᠡᠮᠨᠡᠯᠬᠡ ᠶᠢᠨ ᠳᠠᠭᠠᠳᠬᠠᠯ ᠤᠨ ᠭᠠᠷᠳᠡᠨ ᠬᠦᠢᠴᠡᠳᠬᠡᠬᠦ ᠳᠤᠬᠠᠶᠢᠯᠠᠬᠰᠠᠨ ᠠᠵᠢᠯ ᠢ ᠦᠨᠳᠦᠰᠦᠨ | ᠱᠠᠳᠤᠨ ᠳᠤ ᠪᠠᠭᠤᠯᠭᠠᠵᠤ ᠂ ᠡᠮ ᠡᠮᠨᠡᠯᠬᠡ ᠶᠢᠨ ᠳᠠᠭᠠᠳᠬᠠᠯ ᠤᠨ ᠭᠠᠷᠳᠡᠨ ᠬᠦᠢᠴᠡᠳᠬᠡᠬᠦ ᠵᠠᠷᠢᠮ ᠳᠤᠬᠠᠶᠢᠯᠠᠬᠰᠠᠨ ᠠᠵᠢᠯ ᠢ ᠰᠤᠮᠤ ᠰᠢᠶᠠᠩ ᠪᠠᠯᠭᠠᠰᠤ ᠂ ᠵᠡᠬᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠪᠠᠭᠤᠯᠭᠠᠨ ᠂ ᠡᠮ ᠡᠮᠨᠡᠯᠬᠡ ᠶᠢᠨ ᠪᠠᠳᠤᠯᠠᠭ᠎ᠠ ᠶᠢᠨ ᠦᠢᠯᠡᠴᠢᠯᠡᠭᠡ ᠶᠢ ᠤᠯᠠᠨ ᠳᠦᠮᠡᠨ ᠤ ᠳᠡᠷᠬᠡᠳᠡ ᠬᠦᠷᠬᠡᠵᠤ ᠂ ᠡᠮ | ᠡᠮᠨᠡᠯᠬᠡ ᠶᠢᠨ ᠳᠠᠭᠠᠳᠬᠠᠯ ᠤᠨ ᠦᠨᠳᠦᠰᠤᠨ ᠱᠠᠳᠤᠨ ᠳᠤ ᠦᠢᠯᠡᠴᠢᠯᠡᠬᠦ ︽ ᠬᠠᠮᠤᠭ ᠡᠴᠦᠰ ᠤᠨ ᠨᠢᠬᠡ ᠺᠢᠯᠤᠮᠧᠲᠷ ︾ ᠢ ᠦᠨᠡᠨᠬᠦ ᠨᠡᠪᠳᠡᠷᠡᠬᠦᠯᠪᠡ ᠃ | | | | | ᠵᠡᠬᠦᠡᠭᠠᠷ ᠬᠤᠰᠢᠭᠤᠨ ᠤ ᠳ᠋ᠠ ᠯᠤ᠋ ᠪᠠᠯᠭᠠᠰᠤ ᠶᠢᠨ ᠠᠷᠡᠳ ᠲᠤ ᠳᠦᠬᠦᠮ ᠦᠵᠡᠬᠦᠯᠬᠦ ᠦᠢᠯᠡᠴᠢᠯᠡᠬᠡᠨ ᠤ ᠳᠦᠪ ᠲᠤ ᠂ ᠰᠤᠷᠪᠤᠯᠵᠢᠯᠠᠬᠴᠢ ᠠᠷᠬᠠᠬ ᠡᠪᠡᠳᠴᠢᠨ ᠤ | ᠦᠨᠡᠮᠯᠡᠯ ᠤᠨ ᠭᠠᠷ ᠬᠦᠢᠴᠡᠳᠬᠡᠯ ᠢ ᠬᠢᠬᠦ ᠪᠠᠷ ᠢᠷᠡᠭᠰᠡᠨ ᠰᠠᠭᠤᠭᠠᠯᠢ ᠠᠷᠡᠳ ᠯᠠᠨ ᠯᠤᠤ ᠴᠢᠩ ᠭᠤᠶᠤᠴᠢᠯᠡᠬᠤ ᠬᠦᠰᠦᠨᠦᠭ ᠳᠠᠬᠯᠠᠵᠦ ᠂ ᠮᠠᠲ᠋ᠧᠷᠢᠶᠠᠯ ᠢᠶᠠᠨ ᠳᠤᠰᠢᠶᠠᠨ ᠂ | ᠤᠬᠤᠷᠬᠠᠨ ᠬᠡᠳᠦᠨ ᠮᠢᠨᠦ᠋ᠲ ᠲᠤ ᠬᠦᠢᠴᠡᠳᠬᠡᠵᠤ ᠳᠠᠭᠤᠰᠬᠤ ᠶᠢ ᠤᠯᠵᠦ ᠬᠠᠷᠠᠨ᠎ᠠ ᠃ ︽ ᠡᠮ ᠡᠮᠨᠡᠯᠬᠡ ᠶᠢᠨ ᠳᠤᠬᠠᠶᠢᠯᠠᠬᠰᠠᠨ ᠠᠵᠢᠯ ᠢ ᠦᠨᠳᠦᠰᠦᠨ ᠱᠠᠳᠤᠨ ᠳᠤ | ᠪᠠᠭᠤᠯᠭᠠᠬᠰᠠᠨ ᠨᠢ ᠪᠢᠳᠡᠨ ᠳᠤ ᠦᠨᠡᠬᠡᠷ ᠳᠦᠬᠦᠮ ᠪᠤᠯᠵᠡᠢ ᠃ ᠤᠤᠯ ᠳᠠᠭᠠᠨ ᠠᠷᠪᠠᠨ ᠬᠡᠳᠦᠨ ᠭᠠᠵᠠᠷ ᠤᠨ ᠵᠠᠮ ᠶᠠᠪᠤᠵᠤ ᠶᠠᠩ ᠰᠧ ᠭᠧ ᠼᠦᠢ ᠳᠤ ᠬᠦᠷᠴᠤ | ᠬᠦᠢᠴᠡᠳᠬᠡᠳᠡᠭ ᠪᠠᠶᠢᠬᠰᠠᠨ ᠪᠤᠯ ᠤᠳᠤ ᠠᠷᠪᠠᠭᠠᠳ ᠮᠢᠨᠦ᠋ᠲ ᠤᠨ ᠲᠤᠳᠤᠷ᠎ᠠ ᠬᠦᠢᠴᠡᠳᠬᠡᠬᠡᠳ ᠲᠠᠭᠤᠰᠬᠠᠴᠢᠬᠠᠨ᠎ᠠ ᠂ ᠡᠬᠦᠳᠡᠨ ᠲᠡᠭᠡᠷ᠎ᠠ ᠬᠦᠷᠬᠡᠵᠦ ᠢᠷᠡᠭᠰᠡᠨ ᠢᠶᠠᠷ | ᠠᠮᠠᠷᠬᠠᠨ ᠪᠡᠶᠡᠯᠡᠬᠦᠯᠵᠤ ᠂ ᠪᠢᠳᠠᠨ ᠳᠤ ᠶᠡᠭᠡ ᠲᠦᠬᠦᠮ ᠦᠵᠡᠬᠦᠯᠵᠡᠢ ︾ ᠬᠡᠵᠤ ᠯᠠᠨ ᠯᠤᠤ ᠴᠢᠩ ᠪᠠᠶᠠᠷᠳᠡᠢ ᠶᠠᠷᠢᠨ᠎ᠡ ᠃ | | | | | | ᠦᠨᠳᠦᠰᠤᠨ ᠱᠠᠳᠤᠨ ᠤ ᠡᠮ ᠡᠮᠨᠡᠯᠬᠡ ᠶᠢᠨ ᠳᠠᠭᠠᠳᠬᠠᠯ ᠤᠨ ᠦᠢᠯᠡᠴᠢᠯᠡᠬᠡᠨ ᠤ ᠦᠷᠳᠡᠭᠡ ᠪᠠᠶᠢᠭᠤᠯᠤᠬᠳᠠᠬᠰᠠᠨ ᠨᠢ ᠤᠤᠯ ᠤᠨ ᠲᠡᠷᠡᠬᠦ ︽ ᠤᠷᠤᠯᠠᠨ ᠬᠤᠷᠢᠶᠠᠬᠤ ᠂ | ᠤᠷᠤᠯᠠᠨ ᠬᠦᠷᠬᠡᠬᠦ ᠂ ᠤᠷᠤᠯᠠᠨ ᠮᠡᠳᠡᠬᠦᠯᠬᠦ ︾ ᠤᠯᠠᠨ ᠳᠦᠮᠡᠨ ᠤ ᠡᠮ ᠡᠮᠨᠡᠯᠬᠡ ᠶᠢᠨ ᠳᠠᠭᠠᠳᠬᠠᠯ ᠤᠨ ᠲᠠᠩᠰᠡᠨ ᠠᠴᠠ ᠳᠠᠶᠢᠯᠬᠤ ᠬᠡᠯᠪᠡᠷᠢ ᠶᠢ ᠳᠤᠬᠠᠢ ᠶᠢᠨ | ᠳᠠᠯᠠᠪᠤᠷ ᠲᠤ ᠲᠠᠩᠰᠠᠨ ᠠᠴᠠ ᠳᠠᠶᠢᠯᠬᠤ ᠪᠤᠯᠭᠠᠨ ᠬᠤᠪᠢᠷᠠᠭᠤᠯᠵᠤ ᠂ ᠤᠯᠠᠨ ᠳᠦᠮᠡᠨ ᠤ ᠡᠮᠨᠡᠯᠬᠡ ᠶᠢᠨ ᠵᠠᠷᠤᠳᠡᠯ ᠤᠨ ᠲᠠᠩᠰᠡᠨ ᠠᠴᠠ ᠳᠠᠶᠢᠯᠬᠤ ᠵᠠᠮ ᠬᠤᠯᠠ ᠂ | ᠴᠠᠬ ᠨᠢ ᠤᠳᠠᠭᠠᠨ ᠂ ᠮᠦᠡᠭᠬᠦ ᠪᠠᠨ ᠤᠷᠤᠯᠠᠨ ᠲᠤᠰᠢᠶᠠᠬᠤ ᠲᠠᠷᠤᠭᠠᠰᠤ ᠶᠡᠭᠡ ᠵᠡᠷᠬᠡ ᠠᠰᠠᠭᠤᠳᠠᠯ ᠢ ᠪᠦᠳᠦᠮᠵᠢᠳᠡᠢ ᠰᠶᠢᠳᠪᠦᠷᠢᠯᠡᠵᠤ ᠦᠭᠪᠡ ᠃ ᠶᠢᠩ ᠽᠧ ᠵᠡᠬᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠡᠮ ᠡᠮᠨᠡᠯᠬᠡ ᠶᠢᠨ ᠳᠠᠭᠠᠳᠬᠠᠯ ᠤᠨ ᠦᠢᠯᠡᠴᠢᠯᠡᠬᠦ ᠡᠳᠡᠬᠡᠳ 698 ᠬᠦᠮᠦᠨ ᠪᠠᠶᠢᠵᠤ ᠂ ᠨᠢᠳᠤᠨᠤᠨ ᠤ 9 ᠰᠠᠷ᠎ᠡ ᠳᠤ | ᠡᠮ ᠡᠮᠨᠡᠯᠬᠡ ᠶᠢᠨ ᠳᠠᠭᠠᠳᠬᠠᠯ ᠤᠨ ᠳᠤᠬᠠᠶᠢᠯᠠᠬᠰᠠᠨ ᠠᠵᠢᠯ ᠢ ᠦᠨᠳᠦᠰᠦᠨ ᠱᠠᠳᠤᠨ ᠳᠤ ᠪᠠᠭᠤᠯᠭᠠᠬᠰᠠᠨ ᠤ ᠳᠠᠷᠠᠭ᠎ᠠ ᠂ ᠳᠠᠭᠠᠳᠬᠠᠯ ᠳᠤ ᠤᠷᠤᠯᠴᠠᠬᠰᠠᠨ ᠠᠷᠠᠳ | ᠤᠯᠠᠨ ᠡᠮ ᠡᠮᠨᠡᠯᠬᠡ ᠶᠢᠨ ᠳᠠᠭᠠᠳᠬᠠᠯ ᠤᠨ ᠴᠡᠪᠡᠷ ᠠᠰᠢᠬ ᠢ ᠲᠡᠷᠡ ᠳᠠᠷᠤᠢ ᠳᠤᠨᠢ ᠬᠦᠷᠳᠡᠭᠰᠡᠨ ᠪᠠᠶᠢᠨ᠎ᠠ ᠃ ᠵᠡᠭᠦᠨᠭᠠᠷ ᠬᠤᠰᠢᠭᠤᠨ ᠤ ᠶᠢᠩ ᠽᠧ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠳᠡᠳ᠋ ᠡᠷᠬᠢᠯᠡᠭᠴᠢ ᠨᠢᠶᠧ ᠯᠢ ᠰᠢᠶᠠ ᠬᠡᠯᠡᠬᠦ ᠳᠡᠭᠡᠨ ᠄ ︽ ᠡᠮ ᠡᠮᠨᠡᠯᠭᠡ ᠶᠢᠨ ᠳᠠᠭᠠᠳᠬᠠᠯ ᠤᠨ ᠲᠤᠬᠠᠶᠢᠯᠠᠭᠰᠠᠨ ᠠᠵᠢᠯ ᠢ | ᠦᠨᠳᠦᠰᠤᠨ ᠱᠠᠳᠤᠨ ᠳᠤ ᠪᠠᠭᠤᠯᠭᠠᠬᠰᠠᠨ ᠨᠢ ᠬᠠᠷᠢᠶᠠᠳᠤ ᠤᠷᠤᠨ ᠤ ᠠᠷᠠᠳ ᠲᠤ ᠮᠠᠰᠢ ᠶᠡᠭᠡ ᠲᠦᠬᠦᠮ ᠦᠵᠡᠭᠦᠯᠵᠦ ᠂ ᠣᠶᠢᠷ᠎ᠠ ᠬᠠᠪᠢ ᠳᠠᠭᠠᠨ ᠬᠦᠢᠴᠡᠳᠬᠡᠬᠦ ᠂ | ᠰᠠᠨᠠᠭ᠎ᠠ ᠪᠠᠷ ᠢᠶᠠᠨ ᠬᠦᠢᠴᠡᠳᠬᠡᠬᠦ ᠂ ᠤᠷᠳᠤᠳᠬᠠᠵᠦ ᠬᠦᠢᠴᠡᠳᠬᠡᠬᠦ ᠶᠢ ᠪᠡᠶᠡᠯᠡᠭᠦᠯᠵᠦ ᠂ ᠣᠯᠠᠨ ᠲᠦᠮᠡᠨ ᠳᠤ ᠦᠢᠯᠡᠴᠢᠯᠡᠬᠦ ᠬᠠᠮᠤᠭ ᠡᠴᠦᠰ ᠤᠨ ᠨᠢᠭᠡ ᠮᠧᠲᠷ ᠤᠨ | ᠦᠢᠯᠡᠴᠢᠯᠡᠭᠡ ᠶᠢ ᠨᠡᠪᠳᠡᠷᠡᠬᠦᠯᠦᠨ ᠂ ᠣᠯᠠᠨ ᠲᠦᠮᠡᠨ ᠢ ᠭᠡᠷ ᠤᠨ ᠡᠭᠦᠳᠡᠨ ᠲᠡᠭᠡᠷ᠎ᠠ ᠪᠠᠨ ᠡᠮᠴᠢᠯᠡᠭᠡᠨ ᠤ ᠳᠠᠭᠠᠳᠬᠠᠯ ᠤᠨ ᠲᠤᠬᠠᠶᠢᠯᠠᠭᠰᠠᠨ ᠠᠵᠢᠯ ᠤᠨ ᠭᠠᠷ | ᠬᠦᠢᠴᠡᠳᠬᠡᠯ ᠢ ᠬᠢᠯᠬᠡᠭᠰᠡᠨ ᠢᠶᠠᠷ ᠬᠠᠷᠢᠶᠠᠲᠤ ᠣᠷᠣᠨ ᠤ ᠣᠯᠠᠨ ᠲᠦᠮᠡᠨ ᠤ ᠰᠠᠶᠢᠨ ᠦᠨᠡᠯᠡᠯᠲᠡ ᠶᠢ ᠣᠯᠵᠠᠢ ︾ ᠬᠡᠪᠡ ᠃ | ᠤᠳᠤᠬᠠᠨ ᠳᠤ ᠂ ᠵᠡᠬᠦᠡᠭᠠᠷ ᠬᠤᠰᠢᠭᠤ 10 ᠰᠤᠮᠤ ᠰᠢᠶᠠᠩ ᠪᠠᠯᠭᠠᠰᠤ ᠂ 4 ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠠᠷᠡᠳ ᠲᠤ ᠳᠦᠬᠦᠮ | ᠦᠵᠡᠬᠦᠯᠬᠦ ᠦᠢᠯᠡᠴᠢᠯᠡᠬᠡᠨ ᠤ ᠳᠦᠪ ᠲᠤ ᠡᠮ ᠡᠮᠨᠡᠯᠬᠡ ᠶᠢᠨ ᠳᠠᠭᠠᠳᠬᠠᠯ ᠤᠨ ᠦᠢᠯᠡᠴᠢᠯᠡᠬᠡᠨ ᠤ ᠴᠤᠩᠬᠤᠪᠴᠢ ᠭᠠᠷᠭᠠᠵᠤ ᠂ ᠡᠮ ᠡᠮᠨᠡᠯᠬᠡ ᠶᠢᠨ ᠳᠠᠭᠠᠳᠬᠠᠯ ᠤᠨ | ᠲᠤᠰᠬᠠᠢ ᠠᠵᠢᠯᠳᠡᠨ ᠳᠤᠬᠢᠷᠠᠭᠤᠯᠤᠨ ᠂ ᠡᠮ ᠡᠮᠨᠡᠯᠬᠡ ᠶᠢᠨ ᠳᠠᠭᠠᠳᠬᠠᠯ ᠤᠨ ᠳᠤᠰᠬᠠᠢ ᠰᠦᠯᠵᠢᠶ᠎ᠡ ᠨᠡᠬᠡᠬᠡᠵᠤ ᠂ ᠳᠠᠭᠠᠳᠬᠠᠯ ᠳᠤ ᠤᠷᠤᠯᠴᠠᠬᠰᠠᠨ ᠠᠷᠠᠳ ᠤᠯᠠᠨ ᠤ | ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠂ ᠰᠢᠶᠠᠩ ᠪᠠᠯᠭᠠᠰᠤ ᠶᠢᠨ ᠨᠠᠮ ᠪᠠ ᠤᠯᠠᠨ ᠳᠦᠮᠡᠨ ᠤ ᠦᠢᠯᠡᠴᠢᠯᠡᠬᠡᠨ ᠤ ᠳᠦᠪ ᠲᠤ ᠬᠤᠳᠠ ᠬᠦᠳᠡᠭᠡ ᠶᠢᠨ | ᠰᠠᠭᠤᠭᠠᠯᠢ ᠠᠷᠡᠳ ᠤᠨ ᠳᠠᠭᠠᠳᠬᠠᠯ ᠳᠤ ᠤᠷᠤᠯᠴᠠᠬᠤ ᠳᠠᠩᠰᠠᠯᠠᠯᠳᠠ ᠬᠢᠬᠦ ᠂ ᠬᠤᠳᠠ ᠬᠦᠳᠡᠭᠡ ᠶᠢᠨ ᠰᠠᠭᠤᠭᠠᠯᠢ ᠠᠷᠡᠳ ᠤᠨ ᠳᠠᠭᠠᠳᠬᠠᠯ ᠳᠤ ᠤᠷᠤᠯᠴᠠᠬᠰᠠᠨ | ᠮᠡᠳᠡᠭᠡ ᠵᠠᠩᠬᠢ ᠪᠠᠨ ᠬᠤᠪᠢᠷᠠᠭᠤᠯᠤᠨ ᠳᠠᠩᠰᠠᠯᠠᠬᠤ ᠂ ᠠᠮᠢᠳᠤᠯᠢᠭ ᠠᠵᠢᠯ ᠤᠯᠤᠬᠰᠠᠳ ᠢ ᠳᠠᠩᠰᠠᠯᠠᠬᠤ ᠂ ᠳᠠᠭᠠᠳᠬᠠᠯ ᠳᠤ ᠤᠷᠤᠯᠴᠠᠬᠰᠠᠨ ᠬᠦᠮᠦᠰ ᠤᠨ | ᠳᠠᠭᠠᠳᠬᠠᠯ ᠳᠤ ᠤᠷᠤᠯᠴᠠᠬᠰᠠᠨ ᠮᠡᠳᠡᠭᠡ ᠵᠠᠩᠬᠢ ᠶᠢ ᠪᠠᠶᠢᠴᠠᠭᠠᠬᠤ ᠵᠡᠷᠬᠡ 17 ᠳᠦᠷᠦᠯ ᠤᠨ ᠡᠮ ᠡᠮᠨᠡᠯᠬᠡ ᠶᠢᠨ ᠳᠠᠭᠠᠳᠬᠠᠯ ᠤᠨ ᠭᠠᠷᠳᠡᠨ ᠬᠦᠢᠴᠡᠳᠬᠡᠬᠦ | ᠳᠤᠬᠠᠶᠢᠯᠠᠬᠰᠠᠨ ᠠᠵᠢᠯ ᠪᠠ ᠡᠮ ᠡᠮᠨᠡᠯᠬᠡ ᠶᠢᠨ ᠳᠠᠭᠠᠳᠬᠠᠯ ᠤᠨ ᠳᠦᠷᠦ ᠶᠢᠨ ᠪᠤᠳᠤᠯᠭ᠎ᠠ ᠶᠢᠨ ᠯᠠᠪᠯᠠᠭ᠎ᠠ ᠬᠠᠨᠭ᠍ᠭᠠᠬᠤ ᠶᠢ ᠪᠡᠶᠡᠯᠡᠬᠦᠯᠵᠤ ᠂ ᠡᠮ ᠡᠮᠨᠡᠯᠬᠡ ᠶᠢᠨ | ᠳᠠᠭᠠᠳᠬᠠᠯ ᠤᠨ ᠳᠤᠬᠠᠶᠢᠯᠠᠬᠰᠠᠨ ᠠᠵᠢᠯ ᠤᠨ ᠭᠠᠷᠳᠡᠨ ᠬᠦᠢᠴᠡᠳᠬᠡᠬᠦ ᠦᠷ᠎ᠡ ᠪᠦᠳᠦᠮᠵᠢ ᠪᠠ ᠦᠢᠯᠡᠴᠢᠯᠡᠬᠡᠨ ᠤ ᠴᠢᠨᠠᠷᠵᠢᠯ ᠢ ᠤᠯᠠᠮ ᠨᠢᠬᠡ ᠠᠯᠬᠤᠮ ᠳᠡᠭᠡᠭᠰᠢᠯᠡᠬᠦᠯᠪᠡ ᠃ | | | | | | | ᠡᠬᠦᠨ ᠠᠴᠠ ᠭᠠᠳᠠᠨ᠎ᠠ ᠂ ᠵᠡᠬᠦᠡᠭᠠᠷ ᠬᠤᠰᠢᠭᠤ ᠪᠠᠰᠠ ᠡᠬᠦᠳᠡᠨ ᠡᠮᠨᠡᠯᠬᠡ ᠶᠢᠨ ᠠᠷᠬᠠᠬ ᠡᠪᠡᠳᠴᠢᠨ ᠢ ᠤᠨᠤᠰᠢᠯᠠᠨ ᠳᠤᠬᠳᠠᠭᠠᠬᠤ ᠠᠵᠢᠯ ᠢ ᠡᠯ᠎ᠡ ᠳᠤᠬᠳᠠᠬᠰᠠᠨ | ᠴᠡᠭ ᠤᠨ ᠡᠮᠴᠢᠯᠡᠬᠡᠨ ᠤ ᠪᠠᠶᠢᠭᠤᠯᠤᠮᠵᠢ ᠳᠤ ᠪᠠᠭᠤᠯᠭᠠᠵᠤ ᠂ ᠪᠤᠶᠢᠳᠡ ᠪᠦᠭᠯᠡᠬᠦᠦ ᠰᠠᠭᠤᠷᠢᠰᠢᠵᠤ ᠪᠠᠶᠢᠭ᠎ᠠ ᠳᠠᠭᠠᠳᠬᠠᠯ ᠳᠤ ᠤᠷᠤᠯᠴᠠᠬᠰᠠᠳ ᠲᠤ ᠨᠡᠩ ᠳᠦᠬᠦᠮ | ᠳᠦᠳᠡ ᠦᠢᠯᠡᠴᠢᠯᠡᠭᠡ ᠬᠠᠨᠭ᠍ᠭᠠᠵᠤ ᠂ ᠵᠠᠷᠢᠮ ᠡᠷᠡᠬᠦᠯ ᠬᠠᠮᠠᠭᠠᠯᠠᠯ ᠤᠨ ᠬᠤᠷᠢᠶ᠎ᠡ ᠳᠤ ᠨᠠᠶᠢᠳᠠᠵᠤ ᠡᠮᠴᠢᠯᠡᠬᠡᠨ ᠤ ᠵᠠᠷᠤᠳᠡᠯ ᠤᠨ ᠬᠠᠷᠠᠭᠠᠯᠵᠠᠯ ᠢ ᠰᠢᠭᠤᠳ ᠳᠠᠰᠤᠯᠤᠨ | ᠪᠤᠳᠤᠬᠤ ᠳᠤᠬᠠᠶᠢᠯᠠᠬᠰᠠᠨ ᠠᠵᠢᠯ ᠢ ᠤᠷᠤᠯᠠᠨ ᠬᠦᠢᠴᠡᠳᠬᠡᠬᠦᠯᠪᠠ ᠃ ︽ ᠬᠠᠪᠰᠤᠷᠤᠨ ᠬᠦᠢᠴᠡᠳᠬᠡᠬᠦ ᠤᠷᠤᠯᠠᠨ ᠬᠦᠢᠴᠡᠳᠬᠡᠬᠦ ︾ ᠦᠢᠯᠡᠴᠢᠯᠡᠭᠡ ᠶᠢ ᠬᠡᠷᠡᠭᠵᠢᠬᠦᠯᠵᠤ ᠂ | ᠡᠮ ᠡᠮᠨᠡᠯᠬᠡ ᠶᠢᠨ ᠳᠠᠭᠠᠳᠬᠠᠯ ᠤᠨ ︽ ᠠᠷᠪᠠᠨ ᠳᠠᠪᠤᠨ ᠮᠢᠨᠦ᠋ᠲ ᠤᠨ ᠦᠢᠯᠡᠴᠢᠯᠡᠬᠡᠨ ᠤ ᠴᠠᠭᠠᠷᠢᠭ ︾ ᠢ ᠪᠠᠶᠢᠭᠤᠯᠵᠤ ᠂ ᠡᠮ ᠡᠮᠨᠡᠯᠬᠡ ᠶᠢᠨ ᠳᠠᠭᠠᠳᠬᠠᠯ ᠤᠨ | ᠦᠢᠯᠡᠴᠢᠯᠡᠬᠡᠨ ᠤ ︽ ᠬᠠᠮᠤᠭ ᠡᠴᠦᠰ ᠤᠨ ᠨᠢᠬᠡ ᠺᠢᠯᠤᠮᠧᠲᠷ ︾ ᠢ ᠨᠡᠪᠳᠡᠷᠡᠬᠦᠯᠪᠠ ᠃ ᠡᠨᠡ ᠵᠢᠯ ᠤᠨ 11 ᠰᠠᠷ᠎ᠡ ᠶᠢᠨ ᠰᠡᠬᠦᠯᠴᠢ ᠠᠴᠠ ᠡᠮᠦᠨ᠎ᠡ ᠂ ᠪᠦᠬᠦ | ᠬᠤᠰᠢᠭᠤᠨ ᠤ 158 ᠭᠠᠴᠠᠭ᠎ᠠ ᠳᠤᠰᠬᠤᠨ ᠪᠠ 42 ᠨᠡᠶᠢᠬᠡᠮ ᠳᠤᠭᠤᠷᠢᠬ ︵ ᠰᠠᠭᠤᠭᠠᠯᠢ ᠠᠷᠡᠳ ᠤᠨ ᠵᠦᠪᠯᠡᠯ ︶ ᠲᠤ ︽ ᠦᠨᠳᠦᠰᠤᠨ ᠱᠠᠳᠤᠨ ᠤ ᠡᠮ | ᠡᠮᠨᠡᠯᠬᠡ ᠶᠢᠨ ᠳᠠᠭᠠᠳᠬᠠᠯ ᠤᠨ ᠦᠢᠯᠡᠴᠢᠯᠡᠬᠡᠨ ᠤ ᠴᠡᠭ ︾ ᠢ ᠪᠠᠶᠢᠭᠤᠯᠵᠤ ᠂ ᠡᠮ ᠡᠮᠨᠡᠯᠬᠡ ᠶᠢᠨ ᠳᠠᠭᠠᠳᠬᠠᠯ ᠤᠨ ᠳᠤᠰᠢᠶᠠᠯ ᠬᠠᠪᠰᠤᠷᠭᠠᠬᠰᠠᠨ ᠠᠵᠢᠯᠳᠡᠨ ᠪᠠ | ᠬᠠᠪᠰᠤᠷᠤᠨ ᠬᠦᠢᠴᠡᠳᠬᠡᠵᠦ ᠤᠷᠤᠯᠠᠨ ᠬᠦᠢᠴᠡᠳᠬᠡᠬᠦ ᠠᠵᠢᠯᠳᠠᠨ ᠢ ᠪᠦᠷᠢᠨᠰᠢᠬᠦᠯᠵᠦ ᠂ ᠡᠮ ᠡᠮᠨᠡᠯᠬᠡ ᠶᠢᠨ ᠳᠠᠭᠠᠳᠬᠠᠯ ᠤᠨ ᠦᠢᠯᠡᠴᠢᠯᠡᠭᠡ ᠶᠢ 100% ᠪᠠᠷ | ᠪᠦᠷᠬᠦᠬᠦᠯᠬᠦ ᠪᠤᠯᠤᠨ᠎ᠠ ᠃ | ᠵᠡᠬᠦᠡᠭᠠᠷ ᠬᠤᠰᠢᠭᠤᠨ ᠤ ᠡᠮ ᠡᠮᠨᠡᠯᠬᠡ ᠶᠢᠨ ᠳᠠᠭᠠᠳᠬᠠᠯ ᠤᠨ ᠦᠢᠯᠡᠴᠢᠯᠡᠬᠡᠨ ᠤ ᠳᠦᠪ ᠤᠨ ᠡᠷᠬᠢᠯᠡᠭᠴᠢ ᠵᠸᠦ ᠵᠢᠶᠦ᠋ᠨ ᠫᠢᠡᠭ ᠶᠠᠷᠢᠬᠤ ᠳᠠᠭᠠᠨ ᠄ ︽ ᠦᠨᠳᠦᠰᠦᠨ | ᠱᠠᠳᠤᠨ ᠤ ᠡᠮ ᠡᠮᠨᠡᠯᠬᠡ ᠶᠢᠨ ᠳᠠᠭᠠᠳᠬᠠᠯ ᠤᠨ ᠦᠢᠯᠡᠴᠢᠯᠡᠬᠡᠨ ᠤ ᠳᠦᠪ ᠢ ᠪᠠᠶᠢᠭᠤᠯᠤᠬᠰᠠᠨ ᠨᠢ ᠡᠮ ᠡᠮᠨᠡᠯᠬᠡ ᠶᠢᠨ ᠳᠠᠭᠠᠳᠬᠠᠯ ᠤᠨ ᠦᠢᠯᠡᠴᠢᠯᠡᠭᠡ ᠶᠢ ︿ ᠮᠤᠬᠤᠷ | ᠦᠵᠦᠬᠦᠷ ﹀ ᠲᠤ ᠬᠦᠷᠳᠡᠯ᠎ᠡ ᠤᠷᠳᠤᠳᠬᠠᠵᠤ ᠂ ᠦᠨᠳᠦᠰᠤᠨ ᠱᠠᠳᠤᠨ ᠤ ᠳᠠᠭᠠᠳᠬᠠᠯ ᠳᠤ ᠤᠷᠤᠯᠴᠠᠬᠰᠠᠨ ᠤᠯᠠᠨ ᠳᠦᠮᠡᠨ ᠤ ᠤᠯᠠᠨ ᠠᠷᠭ᠎ᠠ ᠵᠠᠮ ᠢᠶᠠᠷ ᠡᠮ | ᠡᠮᠨᠡᠯᠬᠡ ᠶᠢᠨ ᠪᠠᠳᠤᠯᠠᠭ᠎ᠠ ᠶᠢᠨ ᠦᠢᠯᠡᠴᠢᠯᠡᠭᠡ ᠬᠦᠷᠳᠡᠬᠦ ᠶᠢ ᠳᠠᠰᠤᠷᠡᠯᠳᠡ ᠦᠬᠡᠢ ᠬᠠᠨᠭ᠍ᠭᠠᠵᠤ ᠂ ᠦᠢᠯᠡᠴᠢᠯᠡᠭᠡ ᠪᠠᠨ ᠴᠢᠩᠭᠠᠳᠬᠠᠵᠦ ᠂ ᠦᠢᠷ᠎ᠠ ᠬᠠᠪᠢ ᠳᠠᠭᠠᠨ | ᠬᠦᠢᠴᠡᠳᠬᠡᠵᠦ ᠂ ᠪᠦᠬᠦᠨ ᠢ ᠬᠠᠮᠤᠷᠤᠭᠤᠯᠤᠨ ᠂ ᠠᠷᠡᠳ ᠤᠨ ᠠᠮᠢᠳᠤᠷᠡᠯ ᠢ ᠪᠠᠳᠤᠯᠠᠬᠤ ᠶᠢ ᠦᠨᠡᠨᠬᠦ ᠪᠡᠶᠡᠯᠡᠬᠦᠯᠵᠤ ᠴᠢᠳᠠᠵᠦ ᠪᠠᠶᠢᠨ᠎ᠠ ︾ ᠬᠡᠪᠡ ᠃ | |