| ᠡᠭᠡ ᠭᠠᠵᠠᠷ ᠲᠤ ᠤᠷᠢᠬᠠᠨ ᠬᠠᠪᠤᠷ ᠰᠠᠭᠠᠳᠠᠵᠤ ᠂ ᠲᠦᠮᠡᠨ ᠪᠣᠳᠠᠰ ᠠᠮᠢᠯᠠᠨ ᠰᠡᠷᠭᠦᠨ᠎ᠠ ᠂ ᠣᠷᠳᠣᠰ ᠬᠤᠳᠠ ᠶᠢᠨ ᠵᠡᠭᠦᠨᠭᠠᠷ ᠬᠤᠰᠢᠭᠤᠨ ᠳᠤ ᠬᠠᠪᠤᠷ ᠤᠨ ᠤᠷᠢᠨ | ᠪᠤᠯᠵᠤ ᠂ ᠡᠯ᠎ᠡ ᠭᠤᠣᠯᠳᠠᠯᠭ᠎ᠠ ᠲᠠᠢ ᠲᠦᠷᠦᠯ ᠵᠦᠢᠯ ᠬᠤᠶᠢᠨ᠎ᠠ ᠬᠤᠶᠢᠨ᠎ᠠ ᠠᠴᠠ ᠪᠠᠨ ︽ ᠤᠷᠤᠭᠰᠢᠯᠠᠯᠲᠠ ᠶᠢᠨ ᠬᠡᠩᠭᠡᠷᠭᠡ ︾ ᠶᠢ ᠨᠢᠵᠢᠬᠢᠨᠡᠬᠦᠯᠤᠨ ᠂ ᠪᠦᠬᠦ | ᠬᠦᠴᠦᠨ ᠢᠶᠠᠷ ᠢᠶᠠᠨ ᠠᠬᠢᠴᠠ ᠶᠢ ᠠᠮᠵᠢᠵᠤ ᠂ ᠠᠵᠢᠯ ᠤᠨ ᠬᠤᠭᠤᠴᠠᠭ᠎ᠠ ᠶᠢ ᠵᠠᠪᠳᠤᠭᠤᠯᠤᠨ ᠂ ᠬᠠᠪᠤᠷ ᠤᠨ ᠤᠯᠠᠷᠢᠯ ᠳᠤ ᠨᠡᠭᠡᠨ ᠳᠠᠪᠠᠵᠤ ᠭᠠᠷᠬᠤ ︽ ᠬᠠᠪᠤᠷ ᠤᠨ | ᠠᠶᠠᠰ ︾ ᠢ ᠴᠢᠪᠬᠠᠳᠠᠨ᠎ᠠ ᠃ | | | | | ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ ᠤᠷᠤᠨ ᠳᠤ ᠂ ᠶᠡᠷᠦᠩᠬᠡᠢ ᠪᠡᠯᠡ ᠣᠷᠣᠭᠤᠯᠤᠯᠲᠠ ᠨᠢ 2.3 ᠳ᠋ᠦᠩᠰᠢᠭᠤᠷ ᠲᠥᠭᠦᠷᠢᠭ ᠪᠤᠯᠬᠤ ᠵᠢᠮᠢᠰ ᠤᠨ | ᠤᠶᠢᠯᠡᠰ ᠤᠨ ᠲᠥᠯᠥᠪᠯᠡᠭᠡ ᠶᠢᠨ ᠲᠦᠷᠦᠯ ᠵᠦᠢᠯ ᠤᠨ ᠪᠠᠷᠢᠯᠭ᠎ᠠ ᠶᠢᠨ ᠠᠬᠤᠢ ᠲᠠᠯᠠᠪᠠᠢ ᠳᠤ ᠂ ᠦᠢᠯᠡᠳᠪᠦᠷᠢᠯᠡᠯ ᠤᠨ ᠲᠠᠰᠤᠭ ᠂ ᠲᠦᠭᠦᠬᠡᠢ ᠮᠠᠲ᠋ᠧᠷᠢᠶᠠᠯ ᠤᠨ | ᠬᠥᠮᠥᠷᠭᠡ ᠶᠢ ᠨᠢᠭᠡᠨᠲᠡ ᠪᠠᠶᠢᠭᠤᠯᠵᠤ ᠳᠠᠭᠤᠰᠬᠠᠵᠠᠢ ᠃ ᠨᠢᠳᠤᠨᠤᠨ ᠨᠢᠭᠡ ᠵᠢᠯ ᠰᠢᠬᠠᠮ ᠤᠨ ᠪᠠᠷᠢᠯᠭ᠎ᠠ ᠶᠢᠨ ᠠᠵᠢᠯ ᠬᠢᠬᠦ ᠪᠠᠷ ᠲᠠᠮᠵᠢᠨ ᠂ ᠤᠳᠤᠬᠠᠨ ᠪᠤᠯᠬᠤ ᠳᠤ | ᠲᠦᠷᠦᠯ ᠵᠦᠢᠯ ᠤᠨ ᠨᠢᠭᠡᠳᠦᠭᠡᠷ ᠬᠤᠭᠤᠴᠠᠭᠠᠨ ᠤ ᠠᠵᠢᠯ ᠨᠢ ᠲᠤᠨᠤᠭ ᠲᠥᠬᠦᠭᠡᠷᠦᠮᠵᠢ ᠤᠭᠰᠠᠷᠠᠬᠤ ᠱᠠᠲᠤᠨ ᠳᠤ ᠪᠦᠬᠦ ᠲᠠᠯ᠎ᠠ ᠪᠠᠷ ᠣᠷᠣᠵᠠᠢ ᠃ | ︽ ᠪᠢᠳᠡ ᠡᠪᠦᠯ ᠤᠨ ᠤᠯᠠᠷᠢᠯ ᠳᠤ ᠠᠵᠢᠯ ᠵᠣᠭᠰᠣᠭᠰᠠᠨ ᠦᠭᠡᠢ ᠂ ᠶᠡᠷᠦ ᠠᠴᠠ ᠠᠵᠢᠯ ᠤᠨ ᠬᠤᠭᠤᠴᠠᠭ᠎ᠠ ᠶᠢ ᠵᠠᠪᠳᠤᠵᠤ ᠯᠠ ᠪᠠᠶᠢᠪᠠ ᠂ ᠳᠦᠷᠦᠬᠦᠦ | ᠰᠢᠢᠳᠪᠦᠷᠢᠯᠡᠬᠦ ᠲᠠᠰᠤᠭ ᠂ ᠯᠠᠵᠠᠯᠠᠨ ᠰᠠᠪᠠᠯᠠᠬᠤ ᠲᠠᠰᠤᠭ ᠂ ᠰᠢᠯᠵᠢᠭᠦᠯᠦᠨ ᠲᠣᠬᠢᠷᠠᠭᠤᠯᠬᠤ ᠲᠠᠰᠤᠭ ᠂ ᠪᠠᠺᠲ᠋ᠧᠷᠢ ᠤᠰᠠᠳᠬᠠᠬᠤ ᠲᠠᠰᠤᠭ ᠂ ᠪᠣᠭᠤᠳᠠᠯᠯᠠᠬᠤ ᠲᠠᠰᠤᠭ | ᠵᠡᠷᠭᠡ ᠲᠥᠬᠦᠭᠡᠷᠦᠮᠵᠢ ᠶᠢ ᠤᠭᠰᠠᠷᠠᠬᠤ ᠠᠵᠢᠯ ᠢ ᠪᠦᠬᠦ ᠲᠠᠯ᠎ᠠ ᠪᠠᠷ ᠡᠬᠢᠯᠡᠭᠦᠯᠵᠦ ᠂ 5 ᠰᠠᠷ᠎ᠠ ᠳᠤ ᠲᠥᠬᠦᠭᠡᠷᠦᠮᠵᠢ ᠶᠢ ᠲᠤᠷᠰᠢᠨ ᠲᠣᠬᠢᠷᠠᠭᠤᠯᠬᠤ ᠬᠤᠭᠤᠴᠠᠭᠠᠨ ᠳᠤ | ᠣᠷᠣᠭᠤᠯᠵᠤ ᠂ 6 ᠰᠠᠷ᠎ᠠ ᠳᠤ ᠲᠤᠷᠰᠢᠨ ᠦᠢᠯᠡᠳᠪᠦᠷᠢᠯᠡᠵᠦ ᠂ 7 ᠂ 8 ᠰᠠᠷ᠎ᠠ ᠳᠤ ᠦᠢᠯᠡᠳᠬᠦᠨ ᠢ ᠵᠠᠬ᠎ᠠ ᠳᠡᠯᠭᠡᠭᠦᠷ ᠲᠤ ᠭᠠᠷᠭᠠᠬᠤ ᠪᠠᠷ ᠴᠢᠷᠮᠠᠶᠢᠵᠤ ᠪᠠᠶᠢᠨ᠎ᠠ ︾ | ᠭᠡᠵᠦ ᠥᠪᠥᠷ ᠮᠣᠩᠭᠤᠯ ᠤᠨ ᠵᠢᠮᠢᠰ ᠤᠨ ᠤᠶᠢᠯᠡᠰ ᠤᠨ ᠲᠥᠯᠥᠪᠯᠡᠭᠡᠨ ᠤ ᠢᠳᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠢ | ᠳᠠᠭᠠᠭᠠᠮᠠᠯ ᠶᠦᠨ ᠲᠢᠶᠧ ᠵᠦ ᠲᠠᠨᠢᠯᠴᠠᠭᠤᠯᠤᠨ᠎ᠠ ᠃ | ᠵᠢᠮᠢᠰ ᠤᠨ ᠣᠶ ᠶᠢᠨ ᠠᠵᠤ ᠦᠢᠯᠡᠰ ᠤᠨ ᠰᠢᠨ᠎ᠡ ᠪᠦᠷᠢᠯᠳᠦᠭᠦᠨ ᠪᠣᠯᠤᠭᠰᠠᠨ ᠤ ᠬᠤᠪᠢ ᠳᠤ ᠂ ᠲᠣᠰ ᠲᠥᠷᠥᠯ ᠵᠦᠢᠯ ᠢ ᠳᠥᠷᠪᠡᠨ ᠬᠤᠭᠤᠴᠠᠭ᠎ᠠ ᠬᠤᠪᠢᠶᠠᠨ | ᠪᠦᠲᠦᠭᠡᠨ ᠪᠠᠶᠢᠭᠤᠯᠬᠤ ᠪᠠᠷ ᠲᠥᠯᠥᠪᠯᠡᠵᠦ ᠪᠠᠶᠢᠨ᠎ᠠ ᠂ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ ᠭᠤᠣᠯᠳᠠᠭᠤ ᠵᠡᠭᠦᠨᠭᠠᠷ ᠬᠤᠰᠢᠭᠤᠨ ᠤ ᠪᠣᠯᠪᠠᠰᠤᠷᠠᠩᠭᠤᠢ | ᠵᠢᠮᠢᠰ ᠤᠨ ᠣᠶ ᠶᠢᠨ ᠠᠵᠤ ᠦᠢᠯᠡᠰ ᠢᠶᠠᠷ ᠰᠠᠭᠤᠷᠢ ᠪᠣᠯᠭᠠᠨ ᠂ ᠴᠢᠴᠠᠷᠭᠠᠨ᠎ᠠ ᠂ ᠡᠸᠤ ᠯᠢ ᠵᠢᠮᠢᠰ ᠵᠢᠴᠢ ᠣᠷᠣᠨ ᠨᠤᠲᠤᠭ ᠤᠨ ᠵᠢᠮᠢᠰ ᠤᠨ ᠲᠥᠷᠥᠯ ᠢ ᠳᠠᠷᠢᠬᠤ ᠪᠠ | ᠴᠣᠯ ᠵᠢᠮᠢᠰ ᠤᠨ ᠰᠢᠭᠦᠰᠦ ᠶᠢᠨ ᠤᠮᠳᠠᠭᠠᠨ ᠢ ᠡᠳ᠋ᠰᠢᠭᠦᠯᠬᠦ ᠠᠵᠢᠯ ᠢ ᠥᠷᠨᠢᠭᠦᠯᠵᠦ ᠂ ᠴᠢᠴᠠᠷᠭᠠᠨ᠎ᠠ ᠶᠢᠨ ᠦᠷ᠎ᠡ ᠶᠢᠨ ᠲᠣᠰᠣ ᠶᠢ ᠭᠠᠷᠭᠠᠨ ᠠᠪᠬᠤ ᠂ | ᠴᠢᠴᠠᠷᠭᠠᠨ᠎ᠠ ᠶᠢᠨ ᠼᠤᠤ ᠂ ᠵᠢᠮᠢᠰ ᠤᠨ ᠼᠤᠤ ᠵᠡᠷᠭᠡ ᠲᠠᠷᠢᠶᠠᠯᠠᠩ ᠤᠨ ᠲᠤᠰᠠᠯᠠᠬᠤ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠠᠵᠢᠯ ᠢ ᠵᠡᠷᠭᠡ ᠪᠠᠷ ᠶᠠᠪᠤᠭᠳᠠᠭᠤᠯᠤᠨ᠎ᠠ ᠃ | ᠡᠭᠦᠨ ᠳᠤ ᠂ ᠤᠳᠠᠯ ᠦᠭᠡᠢ ᠪᠠᠶᠢᠭᠤᠯᠵᠤ ᠠᠰᠢᠭᠯᠠᠯᠲᠠ ᠳᠤ ᠣᠷᠣᠭᠤᠯᠬᠤ ᠪᠠᠷ ᠪᠠᠶᠢᠭ᠎ᠠ ᠲᠥᠷᠥᠯ ᠵᠦᠢᠯ ᠤᠨ ᠨᠢᠭᠡᠳᠦᠭᠡᠷ ᠬᠤᠭᠤᠴᠠᠭᠠᠨ ᠳᠤ ᠭᠤᠣᠯᠳᠠᠭᠤ ᠵᠢᠯ ᠳᠤ | 1 ᠲᠦᠮᠡᠨ ᠲᠣᠨ ᠴᠢᠴᠠᠷᠭᠠᠨ᠎ᠠ ᠶᠢᠨ ᠲᠦᠭᠦᠬᠡᠢ ᠡᠭᠡᠳᠡᠩ ᠦᠢᠯᠡᠳᠪᠦᠷᠢᠯᠡᠬᠦ ᠂ ᠵᠢᠯ ᠳᠤ 3 ᠲᠦᠮᠡᠨ ᠲᠣᠨ ᠵᠢᠮᠢᠰ ᠤᠨ ᠰᠢᠭᠦᠰᠦ ᠶᠢᠨ ᠤᠮᠳᠠᠭᠠᠨ ᠦᠢᠯᠡᠳᠪᠦᠷᠢᠯᠡᠬᠦ | ᠪᠠ ᠵᠢᠯ ᠳᠤ 3 ᠲᠦᠮᠡᠨ ᠲᠣᠨ ᠨᠡᠭᠦᠷᠡᠰᠦ ᠬᠦᠴᠢᠯ ᠤᠨ ᠤᠮᠳᠠᠭᠠᠨ ᠦᠢᠯᠡᠳᠪᠦᠷᠢᠯᠡᠬᠦ ᠭᠤᠷᠪᠠᠨ ᠦᠢᠯᠡᠳᠪᠦᠷᠢᠯᠡᠯ ᠤᠨ ᠱᠤᠭᠤᠮ ᠢ ᠪᠦᠲᠦᠭᠡᠨ ᠪᠠᠶᠢᠭᠤᠯᠬᠤ ᠶᠢᠨ | ᠬᠠᠮᠲᠤ ᠡᠩ ᠲᠡᠷᠢᠭᠦᠨ ᠳᠤ ᠵᠢᠮᠢᠰ ᠤᠨ ᠰᠢᠭᠦᠰᠦ ᠶᠢᠨ ᠤᠮᠳᠠᠭᠠᠨ ᠪᠠ ᠨᠡᠭᠦᠷᠡᠰᠦ ᠬᠦᠴᠢᠯ ᠤᠨ ᠤᠮᠳᠠᠭᠠᠨ ᠦᠢᠯᠡᠳᠪᠦᠷᠢᠯᠡᠬᠦ ᠬᠤᠶᠠᠷ ᠲᠠᠩ ᠵᠦᠢᠯ ᠤᠨ | ᠦᠢᠯᠡᠳᠬᠦᠨ ᠢ ᠭᠠᠷᠭᠠᠨ᠎ᠠ ᠃ | ᠣᠶᠢᠯᠠᠭᠠᠭᠰᠠᠨ ᠢᠶᠠᠷ ᠂ ᠲᠦᠭᠦᠬᠡᠢ ᠮᠠᠲ᠋ᠧᠷᠢᠶᠠᠯ ᠤᠨ ᠬᠠᠩᠭᠠᠯᠭ᠎ᠠ ᠶᠢ ᠪᠠᠲᠤᠯᠠᠵᠤ ᠂ ᠲᠠᠷᠢᠶᠠᠴᠢᠨ ᠡᠷᠦᠬᠡ ᠶᠢᠨ ᠣᠷᠣᠯᠭ᠎ᠠ ᠶᠢᠨ ᠨᠡᠮᠡᠭᠳᠡᠯ ᠢ ᠳᠠᠶᠢᠴᠢᠯᠠᠬᠤ ᠶᠢᠨ | ᠲᠥᠯᠥᠭᠡ ᠂ ᠣᠳᠣᠬᠠᠨ ᠳᠤ ᠺᠣᠮᠫᠠᠨᠢ ᠲᠦᠭᠦᠬᠡᠢ ᠮᠠᠲ᠋ᠧᠷᠢᠶᠠᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠶᠠᠪᠤᠳᠠᠯ ᠢ ᠡᠬᠢᠯᠡᠭᠦᠯᠵᠦ ᠂ ︽ ᠺᠣᠮᠫᠠᠨᠢ + | ᠲᠠᠷᠢᠶᠠᠴᠢᠨ ᠡᠷᠦᠬᠡ + ᠬᠤᠷᠰᠢᠶᠠᠵᠢᠯ ︾ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ᠂ ᠱᠠᠬᠳᠠᠷ ᠪᠠᠯᠭᠠᠰᠤᠨ ᠤ ᠹᠦ᠋ ᠯᠦ ᠲᠣᠰᠬᠤᠨ ᠲᠠᠢ ᠬᠠᠮᠲᠤᠷᠠᠨ ᠠᠵᠢᠯᠯᠠᠵᠤ ᠂ | ᠵᠢᠮᠢᠰ ᠤᠨ ᠮᠣᠳᠣ ᠳᠠᠷᠢᠬᠤ ᠰᠠᠭᠤᠷᠢᠨ ᠭᠠᠵᠠᠷ ᠢ ᠪᠦᠲᠦᠭᠡᠨ ᠪᠠᠶᠢᠭᠤᠯᠵᠤ ᠂ ᠮᠠᠯᠴᠢᠨ ᠲᠠᠷᠢᠶᠠᠴᠢᠨ ᠤ ᠣᠷᠣᠯᠭ᠎ᠠ ᠶᠢᠨ ᠨᠡᠮᠡᠭᠳᠡᠯ ᠢ ᠳᠠᠶᠢᠴᠢᠯᠠᠨ ᠂ ᠵᠢᠮᠢᠰ ᠤᠨ ᠣᠶ | ᠶᠢᠨ ᠠᠵᠤ ᠠᠬᠤᠢ ᠶᠢᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠬᠦ ᠪᠠᠷ ᠲᠥᠯᠥᠪᠯᠡᠵᠦ ᠪᠠᠶᠢᠨ᠎ᠠ ᠃ ᠲᠦᠷᠦᠯ ᠵᠦᠢᠯ ᠢ ᠪᠦᠬᠦᠨ ᠢ ᠪᠠᠶᠢᠭᠤᠯᠵᠤ | ᠳᠠᠭᠤᠰᠬᠠᠭᠠᠳ ᠠᠰᠢᠬᠯᠠᠯᠳᠠ ᠳᠤ ᠣᠷᠣᠭᠤᠯᠤᠬᠰᠠᠨ ᠤ ᠳᠠᠷᠠᠭ᠎ᠠ ᠂ ᠵᠢᠯ ᠳᠤ 1000 ᠲᠦᠮᠡᠨ ᠲᠥᠭᠦᠷᠢᠭ ᠤᠨ ᠠᠰᠢᠭ ᠣᠯᠵᠠᠪᠤᠷᠢ ᠶᠢᠨ ᠭᠠᠶᠢᠯᠢ ᠶᠢ ᠡᠭᠦᠳᠤᠨ ᠂ | 180 ᠠᠵᠢᠯ ᠤᠨ ᠪᠠᠶᠢᠷᠢ ᠬᠠᠩᠭᠠᠵᠤ ᠂ 1850 ᠡᠷᠦᠬᠡ ᠮᠠᠯᠴᠢᠨ ᠲᠠᠷᠢᠶᠠᠴᠢᠨ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠬᠦ ᠪᠤᠯᠤᠨ᠎ᠠ ᠃ | ︽ ᠪᠢᠳᠡ ᠶᠠᠭ ᠲᠣᠰᠬᠤᠨ ᠤ ᠠᠷᠠᠳ ᠤᠨ ᠵᠥᠪᠯᠡᠯ ᠂ ᠲᠣᠰᠬᠤᠨ ᠤ ᠬᠠᠮᠲᠤ ᠨᠡᠶᠢᠳᠡ ᠂ ᠲᠣᠰᠬᠤᠨ ᠤ ᠠᠷᠠᠳ ᠲᠠᠢ ᠭᠠᠵᠠᠷ ᠰᠢᠷᠣᠢ ᠶᠢ ᠰᠢᠯᠵᠢᠬᠦᠯᠬᠦ ᠬᠤᠯᠪᠣᠭᠳᠠᠯ | ᠪᠦᠬᠦᠢ ᠤᠴᠢᠷ ᠶᠠᠪᠤᠳᠠᠯ ᠢ ᠵᠥᠪᠳᠡᠯᠴᠡᠨ ᠂ ᠱᠠᠬᠳᠠᠷ ᠪᠠᠯᠭᠠᠰᠤᠨ ᠤ ᠹᠦ᠋ ᠯᠦ ᠲᠣᠰᠬᠤᠨ ᠳᠤ 1000 ᠮᠦ ᠵᠢᠮᠢᠰ ᠤᠨ ᠬᠦᠷᠢᠶᠡᠯᠡᠩ ᠪᠠᠶᠢᠭᠤᠯᠵᠤ ᠂ ᠠᠯᠮᠤᠷᠠᠳ ᠂ | ᠲᠤᠭᠤᠷ ᠂ ᠬᠠᠢ ᠬᠤᠩ ᠵᠢᠮᠢᠰ ᠵᠡᠷᠭᠡ ᠡᠯ᠎ᠡ ᠲᠥᠷᠥᠯ ᠤᠨ ᠲᠣᠰ ᠭᠠᠵᠠᠷ ᠤᠨ ᠵᠢᠮᠢᠰ ᠤᠨ ᠮᠣᠳᠣ ᠳᠠᠷᠢᠵᠤ ᠂ ᠠᠰᠢᠭ ᠲᠤᠰᠠ ᠶᠢᠨ ᠬᠤᠯᠪᠣᠭ᠎ᠠ ᠪᠠᠷ ᠳᠠᠮᠵᠢᠭᠤᠯᠤᠨ ᠂ | ᠲᠤᠬᠠᠢ ᠶᠢᠨ ᠭᠠᠵᠠᠷ ᠤᠨ ᠲᠣᠰᠬᠤᠨ ᠤ ᠬᠠᠮᠲᠤ ᠶᠢᠨ ᠠᠵᠤ ᠠᠬᠤᠢ ᠵᠢᠴᠢ ᠮᠠᠯᠴᠢᠨ ᠲᠠᠷᠢᠶᠠᠴᠢᠨ ᠳᠤ ᠠᠵᠤ ᠠᠬᠤᠢ ᠶᠢᠨ ᠦᠷ᠎ᠡ ᠠᠰᠢᠭ ᠣᠯᠭᠤᠵᠤ ᠂ ᠪᠠᠰᠠ | ᠵᠡᠭᠦᠨᠭᠠᠷ ᠬᠤᠰᠢᠭᠤᠨ ᠤ ᠵᠢᠮᠢᠰ ᠤᠨ ᠣᠶ ᠶᠢᠨ ᠠᠵᠤ ᠦᠢᠯᠡᠰ ᠤᠨ ᠬᠥᠭᠵᠢᠯᠲᠡ ᠳᠤ ᠬᠦᠴᠦᠨ ᠨᠡᠮᠡᠷᠢᠯᠡᠬᠦ ᠪᠠᠷ ᠲᠥᠯᠥᠪᠯᠡᠵᠦ ᠪᠠᠶᠢᠨ᠎ᠠ ︾ ᠭᠡᠮᠡᠨ ᠶᠦᠨ ᠲᠢᠶᠧ ᠵᠤ᠋ | ᠳᠠᠨᠢᠯᠴᠠᠭᠤᠯᠤᠨ᠎ᠠ ᠃ | ᠡᠶᠢᠮᠦᠷᠬᠦ ᠲᠠᠷᠢᠶᠠᠯᠠᠩ ᠤᠨ ᠲᠤᠰᠠᠯᠠᠬᠤ ᠪᠦᠲᠦᠭᠡᠭᠳᠡᠬᠦᠨ ᠢ ᠨᠠᠷᠢᠯᠢᠭ ᠪᠣᠯᠪᠠᠰᠤᠷᠠᠭᠤᠯᠵᠤ ᠡᠳ᠋ᠰᠢᠬᠦᠯᠬᠦ ᠠᠵᠤ ᠠᠬᠤᠶᠢᠯᠠᠯ ᠨᠢ ᠵᠡᠭᠦᠨᠭᠠᠷ ᠠᠵᠤ ᠠᠬᠤᠢ ᠶᠢᠨ | ᠨᠡᠭᠡᠭᠡᠯᠲᠡ ᠶᠢᠨ ᠤᠷᠤᠨ ᠳᠤ ᠠᠯᠢ ᠡᠷᠲᠡ ᠨᠡᠶᠢᠳᠡᠮ ᠨᠤᠳᠤᠬᠰᠢᠵᠠᠢ ᠃ ᠣᠯᠠᠨ ᠵᠢᠯ ᠤᠨ ᠲᠤᠷᠰᠢ ᠂ ᠬᠦᠷᠢᠶᠡᠯᠡᠩ ᠲᠣᠭᠤᠷᠢᠭ ᠨᠢ ᠵᠢᠮᠢᠰ ᠤᠨ ᠣᠶ ᠶᠢᠨ ᠠᠵᠤ | ᠦᠢᠯᠡᠰ ᠤᠨ ᠳᠠᠪᠠᠭᠤᠯᠢᠭ ᠲᠤ ᠲᠦᠰᠢᠭᠯᠡᠨ ᠂ ᠲᠠᠷᠢᠶᠠᠯᠠᠩ ᠤᠨ ᠲᠤᠰᠠᠯᠠᠬᠤ ᠪᠦᠲᠦᠭᠡᠭᠳᠡᠬᠦᠨ ᠢ ᠨᠠᠷᠢᠯᠢᠭ ᠪᠤᠯᠪᠠᠰᠤᠷᠠᠭᠤᠯᠵᠤ ᠡᠳ᠋ᠰᠢᠭᠦᠯᠬᠦ ᠠᠵᠤ ᠦᠢᠯᠡᠰ ᠢ ᠶᠡᠬᠡᠪᠡᠷ | ᠬᠥᠭᠵᠢᠭᠦᠯᠵᠦ ᠂ ᠬᠠᠢ ᠬᠤᠩ ᠵᠢᠮᠢᠰ ᠤᠨ ᠰᠢᠭᠦᠰᠦ ᠂ ᠬᠠᠢ ᠬᠤᠩ ᠵᠢᠮᠢᠰ ᠤᠨ ᠠᠷᠢᠬᠢ ᠂ ᠭᠦᠢᠯᠡᠰᠦᠨ ᠴᠥᠮ᠎ᠡ ᠶᠢᠨ ᠤᠮᠳᠠᠭᠠᠨ ᠂ ᠴᠢᠴᠠᠷᠭᠠᠨ᠎ᠠ ᠶᠢᠨ ᠤᠮᠳᠠᠭᠠᠨ | ᠵᠡᠷᠭᠡ ᠲᠥᠷᠥᠯ ᠵᠦᠢᠯ ᠤᠨ ᠨᠤᠳᠤᠬᠰᠢᠬᠤ ᠶᠢ ᠠᠬᠢᠭᠤᠯᠵᠤ ᠂ ᠵᠢᠮᠢᠰ ᠤᠨ ᠣᠶ ᠶᠢᠨ ᠠᠵᠤ ᠦᠢᠯᠡᠰ ᠤᠨ ᠣᠯᠠᠨ ᠡᠰᠢᠵᠢᠭᠰᠡᠨ ᠬᠥᠭᠵᠢᠯᠲᠡ ᠶᠢ ᠪᠡᠶᠡᠯᠡᠭᠦᠯᠵᠡᠢ ᠃ | ᠣᠳᠣᠬᠠᠨ ᠳᠤ᠂ ᠬᠦᠷᠢᠶᠡᠯᠡᠩ ᠲᠣᠭᠤᠷᠢᠭ ᠤᠨ ᠡᠯ᠎ᠡ ᠮᠠᠯ ᠠᠵᠤ ᠠᠬᠤᠢ ᠲᠠᠷᠢᠶᠠᠯᠠᠩ ᠤᠨ ᠳᠠᠭᠠᠭᠤᠯᠤᠭᠴᠢ ᠠᠵᠤ ᠠᠬᠤᠶᠢᠯᠠᠯ ᠤᠨ ᠳᠠᠭᠠᠭᠤᠯᠭ᠎ᠠ ᠪᠠᠷ ᠂ ᠵᠡᠭᠦᠨᠭᠠᠷ | ᠬᠤᠰᠢᠭᠤ ᠶᠡᠭᠡ ᠬᠡᠮᠵᠢᠶᠡᠨ ᠤ ᠠᠲᠠᠷ ᠭᠠᠵᠠᠷ ᠢ ᠨᠣᠭᠤᠭᠠᠷᠠᠭᠤᠯᠵᠤ ᠂ ᠠᠮᠢ ᠠᠬᠤᠢ ᠣᠷᠴᠢᠨ ᠲᠣᠭᠤᠷᠢᠨ ᠢ ᠰᠠᠶᠢᠵᠢᠷᠠᠭᠤᠯᠤᠨ᠂ ᠠᠭᠤᠯᠠ ᠲᠠᠯ᠎ᠠ ᠪᠠᠷ ᠳᠦᠭᠦᠷᠦᠭᠰᠡᠨ | ᠠᠮᠢ ᠠᠬᠤᠢ ᠶᠢᠨ ᠠᠵᠤ ᠠᠬᠤᠢ ᠶᠢᠨ ᠤᠢ ᠨᠢ ᠲᠤᠬᠠᠢ ᠶᠢᠨ ᠭᠠᠵᠠᠷ ᠤᠨ ᠮᠠᠯᠴᠢᠨ ᠳᠠᠷᠢᠶᠠᠴᠢᠳ ᠤᠨ︽ ᠪᠣᠬᠢᠷᠳᠤᠯ ᠦᠭᠡᠢ ᠪᠠᠩᠬᠢ ︾ ᠪᠣᠯᠵᠤ ᠂ ︽ ᠬᠥᠬᠡᠮᠳᠦᠭ | ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠦᠨ ︾ ᠭᠡᠬᠦ ᠦᠨᠡᠨ ᠶᠣᠰᠣ ᠶᠢ ᠠᠳᠡ ᠭᠦᠢᠴᠡᠳ ᠭᠡᠷᠡᠴᠢᠯᠡᠵᠡᠢ ᠃ | ᠡᠭᠦᠨ ᠤ ᠬᠠᠮᠲᠤ ᠂ ᠢᠦᠢ ᠵᠢᠩ ᠤᠨ ᠴᠢᠨᠠᠷ ᠰᠠᠶᠢᠲᠠᠢ ᠣᠨᠴᠠ ᠲᠦᠷᠦᠯ ᠤᠨ ᠰᠢᠯ ᠤᠨ ᠲᠦᠷᠦᠯ ᠵᠦᠢᠯ ᠤᠨ ᠬᠤᠶᠠᠳᠤᠭᠠᠷ ᠬᠤᠭᠤᠴᠠᠭᠠᠨ ᠤ ᠲᠦᠷᠦᠯ ᠵᠦᠢᠯ ᠂ | ᠰᠢᠩ ᠶᠠᠩ ᠳᠡᠭᠡᠳᠦ ᠰᠢᠨ᠎ᠡ ᠴᠠᠬᠢᠭᠤᠷ ᠤᠨ ᠰᠠᠭᠤᠷᠢ ᠮᠠᠲ᠋ᠧᠷᠢᠶᠠᠯ ᠤᠨ ᠲᠦᠷᠦᠯ ᠵᠦᠢᠯ ᠂ ᠨᠡᠭᠦᠷᠡᠰᠦ ᠶᠢ ᠠᠷᠢᠭᠤᠨ ᠴᠡᠪᠡᠷ ᠪᠦᠭᠡᠳ ᠥᠨᠳᠥᠷ ᠪᠦᠲᠦᠮᠵᠢᠲᠡᠢ | ᠠᠰᠢᠭᠯᠠᠬᠤ ᠵᠡᠭᠦᠨᠭᠠᠷ ᠤᠨ ᠰᠤᠳᠤᠯᠤᠨ ᠨᠡᠭᠡᠭᠡᠬᠦ ᠲᠥᠪ ᠤᠨ ᠲᠦᠷᠦᠯ ᠵᠦᠢᠯ ᠂ ᠨᠡᠭᠦᠷᠡᠰᠦ ᠶᠢ ᠠᠷᠢᠭᠤᠨ ᠴᠡᠪᠡᠷ ᠢᠶᠠᠷ ᠤᠯᠠᠷᠢᠭᠤᠯᠤᠨ ᠬᠤᠪᠢᠷᠠᠭᠤᠯᠬᠤ ᠪᠠ ᠲᠠᠬᠢᠨ | ᠡᠭᠦᠰᠴᠦ ᠪᠣᠯᠬᠤ ᠡᠨᠧᠷᠭᠢ ᠶᠢ ᠨᠡᠭᠦᠷᠡᠰᠦᠲᠥ᠋ᠷᠥᠭᠴᠢ ᠪᠠᠭ᠎ᠠ ᠭᠠᠳᠠᠬᠰᠢᠭᠤᠯᠬᠤ ᠳᠦᠷᠤᠯ ᠵᠤᠶᠢᠯ ᠲᠠᠢ ᠠᠭᠤᠰᠤᠯᠴᠠᠭᠤᠯᠬᠤ ᠪᠠᠷᠢᠯᠭ᠎ᠠ ᠶᠢᠨ ᠵᠢᠱᠢᠶ᠎ᠡ ᠦᠵᠡᠭᠦᠯᠬᠦ | ᠲᠦᠷᠦᠯ ᠵᠦᠢᠯ ᠵᠡᠷᠭᠡ ᠨᠢᠭᠡ ᠪᠦᠯᠦᠭ ᠭᠤᠣᠯᠳᠠᠯᠭ᠎ᠠ ᠲᠠᠢ ᠲᠦᠷᠦᠯ ᠵᠦᠢᠯ ᠢ ᠪᠦᠬᠦ ᠲᠠᠯ᠎ᠠ ᠪᠠᠷ ᠡᠬᠢᠯᠡᠭᠦᠯᠵᠡᠢ ᠃ ᠡᠯ᠎ᠡ ᠪᠠᠷᠢᠯᠭ᠎ᠠ ᠶᠢᠨ ᠨᠢᠭᠡᠴᠢ ᠶᠢᠨ ᠬᠢᠨ ᠪᠦᠬᠦ | ᠬᠦᠴᠦᠨ ᠢᠶᠠᠷ ᠢᠶᠠᠨ ᠴᠢᠷᠮᠠᠶᠢᠵᠤ ᠂ ᠡᠷᠴᠢ ᠵᠣᠷᠢᠭ ᠢᠶᠠᠨ ᠬᠥᠪᠴᠢᠯᠡᠨ᠂ ᠲᠦᠷᠦᠯ ᠵᠦᠢᠯ ᠢ ᠡᠷᠲᠡᠬᠡᠨ ᠪᠠᠶᠢᠭᠤᠯᠵᠤ ᠡᠷᠲᠡᠬᠡᠨ ᠦᠷ᠎ᠡ ᠪᠦᠲᠦᠮᠵᠢ ᠣᠯᠬᠤ ᠶᠢ ᠲᠦᠷᠭᠡᠨ | ᠠᠬᠢᠭᠤᠯᠵᠤ ᠂ ᠴᠢᠨᠠᠷ ᠰᠠᠶᠢᠲᠠᠢ ᠬᠥᠭᠵᠢᠯᠲᠡ ᠳᠤ ᠰᠠᠭᠤᠷᠢ ᠶᠢ ᠪᠠᠲᠤᠳᠬᠠᠵᠤ ᠂ ᠰᠢᠨ᠎ᠡ ᠬᠥᠳᠡᠯᠭᠡᠭᠦ ᠬᠦᠴᠦᠨ ᠢ ᠨᠡᠮᠡᠷᠢᠯᠡᠵᠤ ᠪᠠᠶᠢᠨ᠎ᠠ ᠃ | | | | |