| ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠳᠤ ᠠᠷᠠᠳ ᠤᠨ ᠪᠠᠶᠢᠳᠠᠯ ᠠᠷᠠᠳ ᠤᠨ ᠰᠠᠨᠠᠭ᠎ᠠ ᠠᠬᠤᠭᠤᠯᠤᠬᠳᠠᠵᠦ ᠂ ᠠᠷᠠᠳ ᠣᠯᠠᠨ ᠤ ᠵᠣᠯ ᠵᠢᠷᠭᠠᠯᠲᠤ ᠰᠠᠶᠢᠨ | ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠠᠴᠢᠶᠠᠯᠠᠬᠳᠠᠵᠦ ᠪᠠᠶᠢᠳᠠᠭ ᠃ 2022 ᠣᠨ ᠳᠤ ᠂ ᠵᠡᠭᠦᠨᠭᠠᠷ ᠵᠤᠤ ᠪᠠᠯᠭᠠᠰᠤ ᠤᠯᠠᠨ ᠲᠦᠮᠡᠨ ᠤ ︽ ᠪᠠᠴᠢᠮ ᠬᠦᠴᠢᠷ | ᠵᠣᠪᠠᠨᠢᠯ ᠡᠷᠡᠮᠡᠯᠵᠡᠯ ︾ ᠤᠨ ᠠᠰᠠᠭᠤᠳᠠᠯ ᠢ ᠰᠢᠢᠳᠪᠦᠷᠢᠯᠡᠬᠦ ᠠᠴᠠ ᠭᠠᠷᠳᠠᠵᠤ ᠂ ︽ ᠡᠭᠦᠳᠡ ᠪᠠᠨ ᠨᠡᠭᠡᠭᠡᠵᠦ ᠰᠠᠨᠠᠯ ᠬᠤᠷᠢᠶᠠᠬᠤ ︾ ᠪᠠᠷ ᠳᠠᠮᠵᠢᠨ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠤᠨ ᠨᠠᠷᠢᠨ ᠲᠠᠩᠰᠠ ᠶᠢ ᠲᠣᠭᠲᠠᠭᠠᠵᠤ ᠂ ᠶᠡᠷᠦᠩᠬᠡᠢ ᠪᠡᠯᠡ ᠣᠷᠣᠭᠤᠯᠤᠯᠲᠠ ᠨᠢ 3760 ᠲᠦᠮᠡᠨ ᠲᠥᠭᠦᠷᠢᠭ ᠲᠤ ᠬᠦᠷᠴᠦ ᠂ ᠵᠠᠮ | ᠬᠠᠷᠢᠯᠴᠠᠭ᠎ᠠ ᠂ ᠡᠷᠡᠭᠦᠯ ᠮᠡᠨᠳᠦ ᠂ ᠡᠮ ᠡᠮᠨᠡᠯᠭᠡ ᠡᠷᠡᠭᠦᠯ ᠬᠠᠮᠠᠭᠠᠯᠠᠯ ᠳᠤ ᠬᠤᠯᠪᠣᠭᠳᠠᠭᠰᠠᠨ ᠤᠯᠠᠨ ᠵᠦᠢᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ | ᠲᠦᠷᠦᠯ ᠵᠦᠢᠯ ᠢ ᠨᠠᠶᠢᠳᠠᠪᠤᠷᠢᠵᠢᠭᠤᠯᠵᠠᠢ ᠃ | ᠵᠡᠭᠦᠨᠭᠠᠷ ᠵᠤᠤ ᠪᠠᠯᠭᠠᠰᠤᠨ ᠤ ᠬᠤᠸᠠᠲᠡᠮᠡᠬᠡᠳᠤ ᠲᠣᠰᠬᠤᠨ ᠤ ᠯᠦᠩ ᠬᠤᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠳᠤ ᠂ ᠦᠢᠯᠡᠳᠪᠦᠷᠢ ᠶᠢᠨ ᠪᠠᠶᠢᠰᠢᠩ | ᠲᠡᠷᠢ ᠲᠡᠭᠰᠢ ᠵᠢᠭᠳᠡᠷᠡᠵᠦ ᠂ ᠦᠢᠯᠡᠳᠪᠤᠷᠢ ᠶᠢᠨ ᠳᠣᠲᠣᠷ᠎ᠠ ᠮᠠᠰᠢᠨ ᠮᠧᠬᠠᠨᠢᠭ ᠬᠦᠷᠴᠢᠬᠢᠨᠡᠨ ᠂ ᠠᠵᠢᠯᠲᠠᠳ ᠪᠣᠯᠪᠠᠰᠤᠷᠠᠩᠭᠤᠢ ᠪᠠᠷ ᠡᠳᠦᠷ ᠲᠤᠳᠤᠮ ᠤᠨ ᠲᠣᠭᠤᠷᠢᠨ | ᠪᠠᠶᠢᠴᠠᠭᠠᠯᠲᠠ ᠪᠠᠨ ᠬᠢᠵᠦ ᠂ ᠲᠡᠳᠡᠬᠡᠷ ᠬᠤᠳᠠᠯᠳᠤᠭᠠᠨ ᠤ ᠫᠦᠰᠡ ᠂ ᠲᠣᠰᠬᠤᠨ ᠤ ᠠᠷᠠᠳ ᠤᠨ ᠡᠳᠦᠷ ᠲᠤᠳᠤᠮ ᠤᠨ ᠬᠡᠷᠡᠭᠯᠡᠭᠡᠨ ᠠᠴᠠ ᠢᠷᠡᠭᠰᠡᠨ ᠪᠣᠬᠢᠷ ᠤᠰᠤ ᠶᠢ | ᠪᠦᠳᠦᠭᠦᠯᠢᠭ ᠬᠠᠨᠠᠯᠵᠢᠨ ᠬᠡᠷᠡᠰᠭᠡ ᠂ ᠤᠰᠤ ᠬᠤᠷᠠᠮᠳᠤᠭᠤᠯᠬᠤ ᠬᠤᠳᠳᠤᠭ ᠂ ᠳᠤᠬᠢᠷᠠᠭᠤᠯᠭ᠎ᠠ ᠶᠢᠨ ᠲᠠᠲᠠᠭᠠᠯ ᠂ ᠬᠦᠴᠢᠯᠲᠥ᠋ᠷᠥᠭᠴᠢ ᠴᠡᠬᠡᠷᠰᠡᠭ ᠲᠠᠲᠠᠭᠠᠯ ᠵᠡᠷᠭᠡ ᠭᠠᠷ | ᠤᠷᠠᠯᠠᠯ ᠢᠶᠠᠷ ᠳᠠᠮᠵᠢᠭᠤᠯᠤᠭᠠᠳ ᠪᠤᠴᠠᠭᠠᠨ ᠬᠡᠷᠡᠭᠯᠡᠬᠦ ᠲᠠᠲᠠᠭᠠᠯ ᠳᠤ ᠣᠷᠣᠭᠤᠯᠵᠤ ᠂ ᠬᠠᠮᠤᠭ ᠡᠴᠦᠰ ᠲᠤ ᠴᠡᠴᠡᠷᠯᠢᠭ ᠤᠨ ᠨᠣᠭᠤᠭᠠᠷᠠᠭᠤᠯᠤᠯᠲᠠ ᠳᠤ ᠬᠡᠷᠡᠭᠯᠡᠪᠠ ᠃ | ᠥᠪᠥᠷ ᠮᠣᠩᠭᠤᠯ ᠤᠨ ᠯᠠᠨ ᠲᠢᠶᠠᠨ ᠪᠢ ᠱᠦᠢ ᠣᠷᠴᠢᠨ ᠲᠣᠭᠤᠷᠢᠨ ᠤ ᠰᠢᠨᠵᠢᠯᠡᠬᠦ ᠤᠬᠠᠭᠠᠨ ᠮᠡᠷᠭᠡᠵᠢᠯ ᠤᠨ ᠪᠠᠷᠢᠯᠭ᠎ᠠ ᠶᠢᠨ ᠬᠢᠵᠠᠭᠠᠷᠲᠤ ᠺᠣᠮᠫᠠᠨᠢ ᠶᠢᠨ | ᠲᠣᠭᠤᠷᠢᠨ ᠪᠠᠶᠢᠴᠠᠭᠠᠭᠴᠢ ᠪᠠᠶ ᡁᠢ ᠸᠧᠶ ᠬᠡᠯᠡᠬᠦ ᠳᠡᠭᠡᠨ ᠂ ᠪᠣᠬᠢᠷ ᠤᠰᠤ ᠶᠢ ᠰᠢᠢᠳᠪᠦᠷᠢᠯᠡᠬᠦ ᠤᠷᠠᠯᠠᠯ ᠪᠣᠯ ᠣᠯᠠᠨ ᠲᠠᠰ ᠤᠨ AO ᠭᠠᠷ ᠤᠷᠠᠯᠠᠯ ᠤᠨ ᠡᠯᠡᠰᠦ ᠨᠡᠮᠡᠬᠦ | ᠱᠦᠭᠦᠭᠦᠷ ᠬᠤᠭᠤᠯᠠᠶ ᠪᠠᠷ ᠤᠰᠤ ᠭᠠᠷᠭᠠᠨ ᠱᠦᠬᠦᠵᠦ ᠂ ᠬᠠᠮᠤᠭ ᠡᠴᠦᠰ ᠲᠤ ᠡᠨᠡ ᠬᠦ ᠵᠠᠪᠰᠠᠷ ᠤᠨ ᠤᠰᠤ ᠶᠢ ᠪᠤᠭᠤᠳᠤ ᠠᠴᠠ ᠹᠦ᠋ ᠬᠦ᠋ ᠬᠦᠷᠬᠦ ᠵᠠᠰᠠᠮᠠᠯ ᠵᠠᠮ | ᠳᠤᠮᠳᠠᠬᠢ ᠨᠣᠭᠤᠭᠠᠷᠠᠭᠤᠯᠤᠯᠲᠠ ᠶᠢᠨ ᠭᠠᠵᠠᠷ ᠢ ᠤᠰᠤᠯᠠᠬᠤ ᠳᠤ ᠬᠡᠷᠡᠭᠯᠡᠵᠦ ᠂ ᠠᠴᠢᠶᠠᠨ ᠲᠡᠷᠭᠡᠨ ᠤ ᠵᠢᠯᠣᠭᠤᠴᠢ ᠳᠤ ᠤᠰᠤ ᠨᠡᠮᠡᠵᠦ ᠦᠭᠳᠡᠭ ᠃ ᠯᠦᠩ ᠬᠤᠤ ᠪᠣᠬᠢᠷ | ᠤᠰᠤ ᠰᠢᠢᠳᠪᠦᠷᠢᠯᠡᠬᠦ ᠦᠢᠯᠡᠳᠪᠦᠷᠢ ᠡᠳᠦᠷ ᠪᠦᠷᠢ ᠳᠤᠮᠳᠠᠴᠢ ᠪᠠᠷ 150~170 ︵ ᠺᠦᠪ ︶ ᠣᠷᠴᠢᠮ ᠤᠨ ᠪᠣᠬᠢᠷ ᠤᠰᠤ ᠶᠢ ᠰᠢᠢᠳᠪᠦᠷᠢᠯᠡᠵᠦ ᠂ ᠬᠠᠮᠤᠭ ᠤᠨ | ᠶᠡᠭᠡ ᠰᠢᠢᠳᠪᠦᠷᠢᠯᠡᠬᠦ ᠬᠡᠮᠵᠢᠶ᠎ᠡ ᠨᠢ 200 ᠺᠦᠪ ᠲᠤ ᠬᠦᠷᠳᠡᠭ ᠬᠡᠪᠡ ᠃ | | | | | ᠵᠡᠭᠦᠨᠭᠠᠷ ᠵᠣᠣ ᠪᠠᠯᠭᠠᠰᠤᠨ ᠤ ᠹᠦ᠋ ᠶᠤᠸᠠᠨ ᠲᠣᠰᠣ ᠨᠡᠮᠡᠬᠦ ᠥᠷᠲᠡᠭᠡᠨ ᠤ ᠲᠣᠨᠣᠯᠵᠢᠨ ᠵᠠᠮ ᠪᠣᠯ ᠪᠠᠯᠭᠠᠰᠤᠨ ᠲᠣᠭᠤᠷᠢᠭ ᠲᠤ ᠣᠷᠣᠵᠤ ᠂ ᠡᠯ᠎ᠡ ᠲᠣᠮᠣ | ᠨᠡᠭᠦᠷᠡᠰᠦᠨ ᠠᠭᠤᠷᠬᠠᠶ ᠳᠤ ᠨᠡᠪᠲᠡᠷᠡᠳᠡᠭ ᠭᠤᠤᠯ ᠵᠠᠮ ᠪᠣᠯᠤᠨ᠎ᠠ ᠂ ᠲᠡᠷᠭᠡᠨ ᠤ ᠤᠷᠤᠰᠬᠠᠯ ᠤᠨ ᠬᠡᠮᠵᠢᠶ᠎ᠡ ᠶᠡᠭᠡ ᠪᠣᠯᠬᠤᠷ ᠵᠠᠮ ᠬᠠᠷᠢᠯᠴᠠᠭ᠎ᠠ ᠨᠢ ᠠᠮᠠᠷᠬᠠᠨ | ᠲᠦᠭᠵᠢᠷᠡᠳᠡᠭ ᠃ 2022 ᠣᠨ ᠳᠤ ᠂ ᠵᠡᠭᠦᠨᠭᠠᠷ ᠵᠤᠤ ᠪᠠᠯᠭᠠᠰᠤ 150 ᠲᠦᠮᠡᠨ ᠲᠥᠭᠦᠷᠢᠭ ᠤᠨ ᠪᠡᠯᠡ ᠣᠷᠣᠭᠤᠯᠵᠤ ᠠᠷᠠᠯ ᠲᠣᠭᠤᠷᠢᠭᠰᠠᠨ ᠪᠦᠲᠦᠭᠡᠨ | ᠪᠠᠶᠢᠭᠤᠯᠤᠯᠲᠠ ᠶᠢᠨ ᠲᠦᠷᠦᠯ ᠵᠦᠢᠯ ᠢ ᠥᠷᠨᠢᠭᠦᠯᠵᠦ ᠂ ᠪᠠᠯᠭᠠᠰᠤᠨ ᠲᠣᠭᠤᠷᠢᠭ ᠤᠨ ᠵᠠᠮ ᠤᠨ ᠰᠠᠭᠤᠷᠢ ᠶᠢ ᠲᠡᠭᠦᠯᠳᠡᠷᠵᠢᠭᠦᠯᠦᠨ ᠲᠥᠬᠦᠭᠡᠷᠦᠮᠵᠢ ᠶᠢ ᠢᠵᠢ | ᠪᠦᠷᠢᠳᠦᠭᠦᠯᠪᠡ ᠃ ᠬᠥᠮᠦᠰ ᠤᠨ ᠣᠷᠣᠰᠢᠨ ᠰᠠᠭᠤᠬᠤ ᠣᠷᠴᠢᠨ ᠲᠤᠭᠤᠷᠢᠨ ᠢ ᠰᠠᠶᠢᠵᠢᠷᠠᠭᠤᠯᠬᠤ ᠶᠢᠨ ᠬᠠᠮᠳᠤ ᠪᠠᠰᠠ ᠪᠣᠯᠪᠠᠰᠤᠨ ᠳᠦᠷᠢ ᠲᠥᠷᠬᠦ ᠶᠢ | ᠳᠡᠭᠡᠭᠰᠢᠯᠡᠭᠦᠯᠵᠡᠢ ᠃ | | | | | 2023 ᠣᠨ ᠳᠤ ᠂ ᠵᠡᠭᠦᠨᠭᠠᠷ ᠵᠤᠤ ᠪᠠᠯᠭᠠᠰᠤ ᠦᠷᠭᠦᠯᠵᠢᠯᠡᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ | ᠲᠤᠭᠤᠰᠢᠯᠠᠭᠤᠯᠬᠤ ᠶᠢ ᠪᠣᠳᠠᠲᠤ ᠪᠠᠶᠢᠳᠠᠯ ᠢ ᠨᠠᠷᠢᠨ ᠠᠵᠢᠭᠯᠠᠵᠦ ᠂ ᠠᠰᠠᠭᠤᠳᠠᠯ ᠢ ᠰᠢᠢᠳᠪᠦᠷᠢᠯᠡᠨ ᠂ ᠳᠤᠲᠠᠭᠤᠳᠠᠯ ᠢᠶᠠᠨ ᠨᠥᠬᠦᠪᠥᠷᠢᠯᠡᠵᠦ ᠂ ᠠᠵᠢᠯ ᠢ ᠠᠬᠢᠭᠤᠯᠬᠤ ᠲᠠᠢ | ᠤᠶᠠᠯᠳᠤᠭᠤᠯᠵᠤ ᠂ ︽ ᠪᠢ ᠤᠯᠠᠨ ᠲᠦᠮᠡᠨ ᠳᠤ ᠪᠣᠳᠠᠳᠤ ᠶᠠᠪᠤᠳᠠᠯ ᠬᠢᠬᠦ ︾ ᠦᠢᠯᠡᠳᠦᠯᠭᠡ ᠶᠢᠨ ᠠᠵᠢᠯᠯᠠᠭ᠎ᠠ ᠶᠢ ᠪᠣᠳᠠᠲᠠᠢ ᠨᠠᠶᠢᠳᠠᠪᠤᠷᠢᠵᠢᠭᠤᠯᠤᠨ | ᠨᠠᠷᠢᠯᠢᠬᠵᠢᠭᠤᠯᠬᠤ ᠶᠢ ᠢᠳᠡᠪᠬᠢᠲᠡᠢ ᠠᠬᠢᠭᠤᠯᠵᠤ ᠂ ᠤᠯᠠᠨ ᠲᠦᠮᠡᠨ ᠤ ᠰᠡᠳᠭᠢᠯ ᠵᠣᠪᠠᠨᠢᠬᠤ ᠶᠠᠪᠤᠳᠠᠯ ᠢ ᠲᠦᠢᠯᠪᠤᠷᠢᠲᠠᠢ ᠰᠢᠢᠳᠪᠤᠷᠢᠯᠡᠬᠦ ᠪᠠᠷ ᠪᠤᠢ ᠃ | |