| ᠤᠷᠢᠬᠠᠨ ᠬᠠᠪᠤᠷ ᠤᠨ ᠡᠭᠡᠯᠢᠳᠡᠢ ᠴᠠᠭ ᠡᠷᠢᠨ ᠳᠤ ᠂ ᠪᠣᠳᠠᠲᠠᠢ ᠠᠵᠢᠯᠯᠠᠵᠤ ᠰᠢᠷᠭᠠᠭᠤ ᠠᠵᠢᠯᠯᠠᠨ᠎ᠠ ᠃ 3 ᠰᠠᠷ᠎ᠠ ᠶᠢᠨ ᠣᠷᠳᠣᠰ ᠬᠤᠳᠠ ᠶᠢᠨ ᠵᠡᠭᠦᠨᠭᠠᠷ | ᠬᠤᠰᠢᠭᠤᠨ ᠳᠤ ᠡᠪᠡᠰᠦ ᠮᠣᠳᠣ ᠨᠠᠬᠢᠶᠠᠯᠠᠨ ᠤᠷᠭᠤᠵᠤ ᠂ ᠠᠮᠢᠯᠠᠯ ᠤᠨ ᠦᠩᠭᠡ ᠪᠠᠷ ᠪᠢᠯᠬᠠᠷᠠᠨ᠎ᠠ ᠃ ᠶᠡᠷᠦᠩᠬᠡᠢ ᠪᠡᠯᠡ ᠣᠷᠣᠭᠤᠯᠤᠯᠲᠠ ᠨᠢ 100 ᠳ᠋ᠦᠩᠰᠢᠭᠤᠷ | ᠲᠥᠭᠦᠷᠢᠭ ᠪᠤᠯᠬᠤ ᠥᠪᠥᠷ ᠮᠣᠩᠭᠤᠯ ᠤᠨ ᠢᠦᠢ ᠵᠢᠩ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠴᠢᠨᠠᠷᠯᠢᠭ ᠣᠨᠴᠠ ᠲᠥᠷᠥᠯ ᠤᠨ ᠰᠢᠯ ᠵᠢᠴᠢ | ᠭᠡᠷᠡᠯ ᠴᠡᠨᠡᠭ ᠤᠨ ᠠᠷᠤ ᠬᠠᠪᠲᠠᠰᠤ ᠶᠢ ᠨᠠᠷᠢᠯᠢᠭ ᠪᠣᠯᠪᠠᠰᠤᠷᠠᠭᠤᠯᠬᠤ ᠲᠥᠷᠥᠯ ᠵᠦᠢᠯ ᠤᠨ ᠠᠬᠤᠢ ᠲᠠᠯᠠᠪᠠᠶ ᠳᠤ ᠬᠦᠷ ᠬᠥᠭᠵᠢᠶᠡᠨ ᠢᠶᠠᠷ ᠪᠢᠯᠬᠠᠵᠤ ᠂ ᠨᠢᠭᠡᠳᠦᠭᠡᠷ | ᠬᠤᠭᠤᠴᠠᠭᠠᠨ ᠤ ᠲᠦᠷᠦᠯ ᠵᠦᠢᠯ ᠢ ᠴᠢᠨᠡᠭᠡ ᠪᠠᠷ ᠢᠶᠠᠨ ᠶᠠᠪᠤᠬᠳᠠᠭᠤᠯᠤᠬᠰᠠᠨ ᠴᠤ ᠂ ᠦᠢᠯᠡᠳᠬᠦᠨ ᠤ ᠬᠠᠩᠭᠠᠯᠭ᠎ᠠ ᠨᠢ ᠬᠡᠷᠡᠭᠴᠡᠭᠡ ᠳᠡᠭᠡᠨ ᠬᠦᠷᠬᠦ ᠦᠭᠡᠢ ᠪᠠᠶᠢᠵᠤ ᠂ | ᠰᠢᠯ ᠢ ᠨᠠᠷᠢᠯᠢᠭ ᠪᠣᠯᠪᠠᠰᠤᠷᠠᠭᠤᠯᠬᠤ ᠵᠢᠴᠢ ᠢᠵᠢ ᠪᠦᠷᠢᠳᠦᠭᠦᠯᠦᠭᠰᠡᠨ ᠨᠠᠷᠢᠯᠢᠭ ᠡᠯᠡᠰᠦᠨ ᠤ ᠦᠢᠯᠡᠳᠪᠦᠷᠢ ᠶᠢᠨ ᠲᠦᠷᠦᠯ ᠵᠦᠢᠯ ᠢ ᠪᠦᠬᠦ ᠲᠠᠯ᠎ᠠ ᠪᠠᠷ ᠡᠬᠢᠯᠡᠨ | ᠪᠦᠲᠦᠭᠡᠨ ᠪᠠᠶᠢᠭᠤᠯᠵᠤ ᠂ ᠳᠡᠭᠡᠳᠦ ᠳᠣᠣᠷᠠᠳᠤ ᠭᠡᠯᠬᠢᠶᠠᠨ ᠤ ᠪᠦᠬᠦ ᠠᠵᠤ ᠦᠢᠯᠡᠰ ᠤᠨ ᠬᠡᠯᠬᠢᠶ᠎ᠡ ᠶᠢ ᠲᠦᠷᠭᠡᠳᠭᠡᠨ ᠪᠠᠶᠢᠷᠢᠯᠠᠭᠤᠯᠵᠤ ᠂ ᠴᠢᠨᠠᠷᠯᠢᠭ ᠣᠨᠴᠠ | ᠲᠦᠷᠦᠯ ᠤᠨ ᠰᠢᠯ ᠵᠢᠴᠢ ᠭᠡᠷᠡᠯ ᠴᠡᠨᠡᠭ ᠤᠨ ᠠᠷᠤ ᠬᠠᠪᠲᠠᠰᠤ ᠶᠢ ᠨᠠᠷᠢᠯᠢᠭ ᠪᠣᠯᠪᠠᠰᠤᠷᠠᠭᠤᠯᠬᠤ ᠠᠵᠤ ᠦᠢᠯᠡᠰ ᠢ ᠪᠦᠬᠦ ᠲᠠᠯ᠎ᠠ ᠪᠠᠷ ᠬᠦᠭᠵᠢᠬᠦᠯᠵᠤ ᠪᠠᠶᠢᠯ᠎ᠠ ᠃ | | | | | ᠥᠪᠥᠷ ᠮᠣᠩᠭᠤᠯ ᠤᠨ ᠢᠦᠢ ᠵᠢᠩ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠦᠢᠯᠡᠳᠪᠦᠷᠢᠯᠡᠭᠰᠡᠨ ᠰᠢᠯ ᠤᠨ ᠤᠭ ᠢᠯᠳᠠᠰᠤ ᠶᠢ ᠪᠦᠬᠦ | ᠤᠯᠤᠰ ᠤᠨ ᠡᠯ᠎ᠡ ᠭᠠᠵᠠᠷ ᠲᠤ ᠲᠠᠰᠤᠷᠠᠯᠲᠠ ᠦᠭᠡᠢ ᠪᠣᠷᠣᠯᠠᠭᠤᠯᠵᠤ ᠪᠤᠢ ᠃ | ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ ᠤᠷᠤᠨ ᠤ ᠵᠡᠭᠦᠨᠭᠠᠷ ᠠᠵᠤ ᠦᠢᠯᠡᠰ ᠤᠨ ᠬᠦᠷᠢᠶᠡᠯᠡᠩ ᠳᠤ ᠪᠠᠶᠢᠭ᠎ᠠ ᠵᠢᠯ ᠳᠤ 135 ᠲᠦᠮᠡᠨ ᠲᠣᠨ ᠬᠡᠳᠦ | ᠴᠠᠭᠠᠨ ᠭᠡᠷᠡᠯ ᠴᠡᠨᠡᠭ ᠤᠨ ᠰᠢᠯ ᠦᠢᠯᠡᠳᠪᠦᠷᠢᠯᠡᠬᠦ ᠳᠤ ᠬᠡᠷᠡᠭᠯᠡᠬᠦ ᠴᠢᠨᠠᠷᠯᠢᠭ ᠥᠭᠡᠬᠦᠨ ᠴᠢᠯᠠᠭᠤᠯᠢᠭ ᠡᠯᠡᠰᠦᠨ ᠤ ᠲᠦᠷᠦᠯ ᠵᠦᠢᠯ ᠤᠨ ᠪᠠᠷᠢᠯᠭ᠎ᠠ ᠶᠢᠨ ᠠᠬᠤᠢ | ᠲᠠᠯᠠᠪᠠᠢ ᠳᠤ ᠂ ᠪᠠᠷᠢᠯᠭ᠎ᠠ ᠶᠢᠨ ᠮᠠᠰᠢᠨ ᠤᠳ ᠨᠠᠭᠠᠰᠢ ᠴᠠᠭᠠᠰᠢ ᠰᠦᠯᠵᠢᠯᠳᠦᠨ ᠂ ᠮᠠᠯᠲᠠᠭᠤᠷ ᠮᠠᠰᠢᠨ ᠂ ᠰᠠᠪᠠᠯᠠᠬᠤ ᠮᠠᠰᠢᠨ ᠬᠦᠷᠴᠢᠬᠢᠨᠡᠨ ᠳᠤᠤᠭᠠᠷᠴᠤ ᠂ ︽ ᠴᠠᠭ ᠢ | ᠠᠮᠵᠢᠨ ᠶᠠᠭᠠᠷᠠᠯᠳᠤᠬᠤ ︾ ᠬᠦᠭᠵᠢᠶᠡᠨᠳᠤ ᠪᠠᠶᠢᠳᠠᠯ ᠢᠯᠡᠷᠡᠨ᠎ᠠ ᠃ ᠲᠣᠰ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 2 ᠳ᠋ᠦᠩᠰᠢᠭᠤᠷ ᠲᠥᠭᠦᠷᠢᠭ ᠂ | ᠶᠡᠷᠦᠩᠬᠡᠢ ᠡᠵᠡᠯᠡᠬᠦ ᠲᠠᠯᠠᠪᠠᠶ ᠨᠢ 180 ᠮᠦ ᠪᠠᠶᠢᠵᠤ ᠂ ᠥᠪᠥᠷ ᠮᠣᠩᠭᠤᠯ ᠤᠨ ᠢᠦᠢ ᠵᠢᠩ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠴᠢᠨᠠᠷᠯᠢᠭ | ᠣᠨᠴᠠ ᠲᠥᠷᠥᠯ ᠤᠨ ᠰᠢᠯ ᠢ ᠶᠡᠷᠦᠩᠬᠡᠶᠢᠯᠡᠨ ᠠᠰᠢᠭᠯᠠᠬᠤ ᠶᠢ ᠨᠢᠭᠡ ᠴᠣᠭᠴᠠᠵᠢᠭᠤᠯᠤᠭᠰᠠᠨ ᠲᠥᠷᠥᠯ ᠵᠦᠢᠯ ᠤᠨ ᠢᠵᠢ ᠪᠦᠷᠢᠳᠦᠭᠰᠡᠨ ᠲᠥᠷᠥᠯ ᠵᠦᠢᠯ ᠪᠣᠯᠣᠨ᠎ᠠ ᠂ | ᠪᠠᠶᠢᠭᠤᠯᠵᠤ ᠳᠠᠭᠤᠰᠤᠭᠰᠠᠨ ᠤ ᠳᠠᠷᠠᠭ᠎ᠠ ᠭᠤᠣᠯᠳᠠᠭᠤ ᠬᠡᠲᠦ ᠴᠠᠭᠠᠨ ᠬᠡᠷᠡᠯ ᠴᠡᠨᠡᠭ ᠤᠨ ᠴᠢᠨᠠᠷᠯᠢᠭ ᠰᠢᠯ ᠤᠶᠢᠯᠡᠳᠪᠤᠷᠢᠯᠡᠬᠦ ᠳᠤ ᠬᠡᠷᠡᠭᠯᠡᠬᠦ ᠴᠢᠨᠠᠷᠯᠢᠭ ᠥᠭᠡᠬᠦᠨ | ᠴᠢᠯᠠᠭᠤᠯᠢᠭ ᠡᠯᠡᠰᠦ ᠶᠢ ᠦᠢᠯᠡᠳᠪᠦᠷᠢᠯᠡᠨ᠎ᠡ ᠃ | | | | | ᠵᠢᠯ ᠳᠤ 135 ᠲᠦᠮᠡᠨ ᠲᠣᠨ ᠬᠡᠳᠦ ᠴᠠᠭᠠᠨ ᠭᠡᠷᠡᠯ ᠴᠡᠨᠡᠭ ᠤᠨ ᠰᠢᠯ ᠦᠢᠯᠡᠳᠪᠦᠷᠢᠯᠡᠬᠦ ᠳᠤ ᠬᠡᠷᠡᠭᠯᠡᠬᠦ ᠴᠢᠨᠠᠷᠯᠢᠭ ᠥᠭᠡᠬᠦᠨ ᠴᠢᠯᠠᠭᠤᠯᠢᠭ ᠡᠯᠡᠰᠦᠨ ᠤ | ᠲᠦᠷᠦᠯ ᠵᠦᠢᠯ ᠢ ᠶᠠᠭ ᠱᠠᠯᠠᠪᠳᠠᠨ ᠪᠠᠶᠢᠭᠤᠯᠵᠤ ᠪᠤᠢ ᠃ | ︽ ᠳᠤᠰ ᠲᠦᠷᠦᠯ ᠵᠦᠢᠯ ᠢ ᠡᠨᠡ ᠵᠢᠯ ᠤᠨ 3 ᠰᠠᠷ᠎ᠠ ᠶᠢᠨ 11 ᠤ ᠡᠳᠦᠷ ᠠᠴᠠ ᠡᠬᠢᠯᠡᠨ ᠪᠠᠷᠢᠯᠭ᠎ᠠ ᠡᠬᠢᠯᠡᠭᠦᠯᠵᠦ ᠂ 4 ᠰᠠᠷ᠎ᠠ ᠶᠢᠨ | ᠬᠤᠭᠤᠴᠠᠭ᠎ᠠ ᠲᠠᠢ ᠪᠦᠲᠦᠭᠡᠨ ᠪᠠᠶᠢᠭᠤᠯᠬᠤ ᠪᠠᠷ ᠲᠥᠯᠥᠪᠯᠡᠨ ᠂ ᠡᠨᠡ ᠵᠢᠯ ᠤᠨ 7 ᠰᠠᠷ᠎ᠠ ᠳᠤ ᠨᠢᠭᠡᠳᠦᠭᠡᠷ ᠬᠤᠭᠤᠴᠠᠭᠠᠨ ᠤ ᠪᠠᠷᠢᠯᠭ᠎ᠠ ᠶᠢ ᠠᠰᠢᠭᠯᠠᠯᠲᠠ ᠳᠤ | ᠣᠷᠣᠭᠤᠯᠤᠬᠰᠠᠨ ᠤ ᠳᠠᠷᠠᠭ᠎ᠠ ᠵᠢᠯ ᠳᠤ 135 ᠲᠦᠮᠡᠨ ᠲᠣᠨ ᠨᠠᠷᠢᠯᠢᠭ ᠡᠯᠡᠰᠦ ᠦᠢᠯᠡᠳᠪᠦᠷᠢᠯᠡᠵᠦ ᠂ ᠮᠠᠨ ᠤ ᠺᠣᠮᠫᠠᠨᠢ ᠶᠢᠨ ᠪᠦᠬᠦ 6 ᠵᠤᠤᠬ᠎ᠠ ᠵᠢᠴᠢ ᠭᠡᠷᠡᠯ | ᠴᠡᠨᠡᠭ ᠤᠨ ᠦᠢᠯᠡᠳᠪᠦᠷᠢᠯᠡᠯ ᠦᠨᠪᠦ᠋ᠬᠦᠶᠢᠯᠡ ᠱᠤᠭᠤᠮ ᠤᠨ ᠲᠦᠭᠦᠬᠡᠢ ᠮᠠᠲ᠋ᠧᠷᠢᠶᠠᠯ ᠤᠨ ᠬᠠᠩᠭᠠᠯᠭ᠎ᠠ ᠶᠢ ᠬᠠᠩᠭᠠᠨ ᠂ ᠥᠪᠡᠷ ᠢᠶᠠᠨ ᠦᠢᠯᠡᠳᠪᠦᠷᠢᠯᠡᠵᠦ ᠥᠪᠡᠷ ᠢᠶᠠᠨ | ᠬᠠᠩᠭᠠᠬᠤ ᠶᠢ ᠪᠡᠶᠡᠯᠡᠬᠦᠯᠤᠨ᠎ᠠ ᠃ ᠲᠦᠷᠦᠯ ᠵᠦᠢᠯ ᠢ ᠪᠦᠬᠦᠨ ᠢ ᠪᠠᠶᠢᠭᠤᠯᠵᠤ ᠳᠠᠭᠤᠰᠤᠭᠰᠠᠨ ᠤ ᠳᠠᠷᠠᠭ᠎ᠠ ᠂ ᠳᠡᠭᠡᠳᠦ ᠭᠡᠯᠬᠢᠶᠠᠨ ᠤ ᠲᠦᠭᠦᠬᠡᠢ ᠮᠠᠲ᠋ᠧᠷᠢᠶᠠᠯ ᠠᠴᠠ | ᠳᠣᠣᠷᠠᠳᠤ ᠭᠡᠯᠬᠢᠶᠠᠨ ᠤ ᠨᠠᠷᠢᠯᠢᠭᠪᠤᠯᠪᠠᠰᠤᠷᠠᠭᠤᠯᠬᠤ ᠬᠦᠷᠲᠡᠯ᠎ᠡ ᠂ ᠪᠦᠬᠦ ᠠᠵᠤ ᠦᠢᠯᠡᠰ ᠤᠨ ᠬᠡᠯᠬᠢᠶ᠎ᠡ ᠪᠦᠬᠦᠨ ᠢᠶᠠᠷ ᠢᠶᠠᠨ ᠨᠡᠪᠲᠡᠷᠡᠬᠦ ᠪᠤᠯᠤᠨ᠎ᠠ ︾ ᠭᠡᠵᠦ ᠥᠪᠥᠷ | ᠮᠣᠩᠭᠤᠯ ᠤᠨ ᠢᠦᠢ ᠵᠢᠩ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠵᠠᠩ ᠵᠢᠶᠠᠨ ᠪᠥᠸᠧ ᠲᠠᠨᠢᠯᠴᠠᠭᠤᠯᠤᠨ | ᠶᠠᠷᠢᠨ᠎ᠠ ᠃ | ᠬᠡᠲᠦ ᠴᠠᠭᠠᠨ ᠬᠡᠷᠡᠯ ᠴᠡᠨᠡᠭ ᠤᠨ ᠰᠢᠯ ᠳᠤ ᠬᠡᠷᠡᠭᠯᠡᠬᠦ ᠴᠢᠨᠠᠷ ᠰᠠᠶᠢᠲᠠᠢ ᠥᠭᠡᠬᠦᠨ ᠴᠢᠯᠠᠭᠤᠯᠢᠭ ᠡᠯᠡᠰᠦᠨ ᠤ ᠲᠥᠷᠥᠯ ᠵᠦᠢᠯ ᠲᠠᠢ ᠬᠥᠷᠰᠢᠯᠡᠵᠦ ᠪᠠᠶᠢᠭ᠎ᠠ ᠥᠪᠥᠷ | ᠮᠣᠩᠭᠤᠯ ᠤᠨ ᠢᠦᠢ ᠵᠢᠩ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠦᠢᠯᠡᠳᠪᠦᠷᠢᠯᠡᠯ ᠪᠠ ᠪᠦᠲᠦᠭᠡᠨ ᠪᠠᠶᠢᠭᠤᠯᠤᠯᠲᠠ ᠨᠢ ᠶᠠᠭ ᠵᠡᠷᠭᠡ ᠪᠠᠷ | ᠶᠠᠪᠤᠭᠳᠠᠵᠤ ᠪᠠᠶᠢᠨ᠎ᠠ ᠃ ᠰᠠᠶ᠋ᠢᠬᠠᠨ ᠠᠰᠢᠭᠯᠠᠯᠲᠠ ᠳᠤ ᠣᠷᠣᠭᠰᠠᠨ ᠲᠦᠷᠦᠯ ᠵᠦᠢᠯ ᠤᠨ ᠨᠢᠭᠡᠳᠦᠭᠡᠷ ᠬᠤᠭᠤᠴᠠᠭᠠᠨ ᠤ ᠦᠢᠯᠡᠳᠪᠦᠷᠢᠯᠡᠯ ᠤᠨ ᠲᠠᠰᠤᠭ ᠲᠤ ᠂ ᠨᠢᠭᠡᠨ | ᠢᠵᠢ ᠪᠦᠷᠢᠨ ᠠᠦ᠋ᠲ᠋ᠣᠴᠢᠯᠠᠭᠰᠠᠨ ᠬᠥᠪᠥᠮᠡᠯ ᠰᠢᠯ ᠤᠨ ᠦᠢᠯᠡᠳᠪᠦᠷᠢᠯᠡᠯ ᠤᠨ ᠱᠤᠭᠤᠮ ᠶᠠᠭ ᠪᠦᠬᠦ ᠬᠤᠷᠳᠤᠴᠠ ᠪᠠᠷ ᠠᠵᠢᠯᠯᠠᠵᠤ ᠂ ᠴᠢᠨᠠᠷᠯᠢᠭ ᠰᠢᠯ ᠤᠨ ᠤᠭ | ᠢᠯᠲᠠᠰᠤ ᠶᠢ ᠪᠡᠭᠡᠵᠢᠩ ᠲᠢᠶᠠᠨᠵᠢᠨ ᠾᠧᠪᠸᠢ ᠵᠢᠴᠢ ᠤᠶᠢᠷ᠎ᠠ ᠬᠠᠪᠢ ᠶᠢᠨ ᠡᠯ᠎ᠡ ᠮᠤᠵᠢ ᠬᠤᠳᠠ ᠳᠤ ᠲᠠᠰᠤᠷᠠᠯᠳᠡ ᠦᠭᠡᠢ ᠵᠥᠭᠡᠭᠡᠪᠦᠷᠢᠯᠡᠵᠦ ᠪᠤᠢ ᠃ ᠵᠠᠩ ᠵᠢᠶᠠᠨ | ᠪᠥᠸᠧ ᠰᠤᠷᠪᠤᠯᠵᠢᠯᠠᠭᠴᠢ ᠳᠤ ᠬᠡᠯᠡᠬᠦ ᠳᠡᠭᠡᠨ ᠂ ᠲᠣᠰ ᠲᠥᠷᠥᠯ ᠵᠦᠢᠯ ᠤᠨ ᠨᠢᠭᠡᠳᠦᠭᠡᠷ ᠬᠤᠭᠤᠴᠠᠭ᠎ᠠ ᠶᠢ 2 ᠳ᠋ᠤᠭᠠᠷ ᠰᠠᠷ᠎ᠠ ᠳᠤ ᠠᠰᠢᠭᠯᠠᠯᠲᠠ ᠳᠤ | ᠣᠷᠣᠭᠤᠯᠤᠭᠰᠠᠨ ᠠᠴᠠ ᠨᠠᠭᠠᠰᠢ ᠂ ᠪᠥᠬᠦ ᠱᠤᠭᠤᠮ ᠢᠶᠠᠷ ᠢᠶᠠᠨ ᠴᠢᠨᠡᠭᠡ ᠪᠠᠷ ᠢᠶᠠᠨ ᠦᠢᠯᠡᠳᠪᠦᠷᠢᠯᠡᠵᠦ ᠂ ᠣᠳᠣᠬᠠᠨ ᠳᠤ ᠡᠳᠦᠷ ᠲᠤ 1200 ᠲᠣᠨ ᠰᠢᠯ ᠤᠨ ᠤᠭ | ᠢᠯᠲᠠᠰᠤ ᠶᠢ ᠦᠢᠯᠡᠳᠪᠦᠷᠢᠯᠡᠵᠦ ᠂ ᠦᠢᠯᠡᠳᠪᠦᠷᠢᠯᠡᠵᠦ ᠪᠣᠷᠣᠯᠠᠭᠤᠯᠤᠭᠰᠠᠨ ᠨᠣᠷᠮ᠎ᠠ ᠨᠢ 100% ᠳᠤ ᠬᠦᠷᠴᠦ ᠂ ᠦᠢᠯᠡᠳᠬᠦᠨ ᠤ ᠬᠠᠩᠭᠠᠯᠭ᠎ᠠ ᠨᠢ | ᠬᠡᠷᠡᠭᠴᠡᠭᠡ ᠳᠡᠭᠡᠨ ᠬᠦᠷᠬᠦ ᠦᠭᠡᠢ ᠪᠠᠶᠢᠨ᠎ᠠ ᠭᠡᠵᠡᠢ ᠃ | | | | | ᠥᠪᠥᠷ ᠮᠣᠩᠭᠤᠯ ᠤᠨ ᠢᠦᠢ ᠵᠢᠩ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠲᠦᠷᠦᠯ ᠵᠦᠢᠯ ᠤᠨ ᠨᠢᠭᠡᠳᠦᠭᠡᠷ ᠬᠤᠭᠤᠴᠠᠭᠠᠨ ᠤ | ᠦᠢᠯᠡᠳᠪᠦᠷᠢᠯᠡᠯ ᠤᠨ ᠲᠠᠰᠤᠭ ᠲᠤ ᠂ ᠣᠳᠣᠬᠢᠴᠢᠯᠠᠭᠰᠠᠨ ᠣᠶᠤᠨᠴᠢ ᠦᠢᠯᠡᠳᠪᠦᠷᠢᠯᠡᠯ ᠤᠨ ᠱᠤᠭᠤᠮ ᠪᠦᠬᠦ ᠬᠤᠷᠳᠤᠴᠠ ᠪᠠᠷ ᠢᠶᠠᠨ ᠠᠵᠢᠯᠯᠠᠨ᠎ᠠ ᠃ | ᠨᠥᠭᠦᠭᠡ ᠲᠠᠯ᠎ᠠ ᠳᠤᠨᠢ ᠂ ᠴᠢᠨᠠᠷᠯᠢᠭ ᠣᠨᠴᠠ ᠲᠥᠷᠥᠯ ᠤᠨ ᠰᠢᠯ ᠵᠢᠴᠢ ᠬᠡᠷᠡᠯ ᠴᠡᠨᠡᠭ ᠤᠨ ᠠᠷᠤ ᠬᠠᠪᠲᠠᠰᠤ ᠶᠢ ᠨᠠᠷᠢᠯᠢᠭ ᠪᠣᠯᠪᠠᠰᠤᠷᠠᠭᠤᠯᠬᠤ ᠲᠥᠷᠥᠯ ᠵᠦᠢᠯ ᠢ | ᠨᠢᠭᠡᠨᠲᠡ ᠪᠥᠬᠦ ᠲᠠᠯ᠎ᠠ ᠪᠠᠷ ᠡᠬᠢᠯᠡᠭᠦᠯᠵᠦ ᠂ ᠠᠵᠢᠯᠴᠢᠳ ᠶᠠᠭ ᠬᠤᠭᠤᠯᠠᠢ ᠳᠡᠪᠢᠰᠬᠦ ᠂ ᠪᠣᠯᠣᠳ ᠰᠢᠷᠪᠦᠰᠦ ᠶᠢ ᠪᠠᠭᠯᠠᠬᠤ ᠵᠡᠷᠭᠡ ᠠᠵᠢᠯ ᠢ ᠶᠠᠭᠠᠷᠠᠯᠲᠠᠢ ᠬᠢᠵᠦ ᠪᠠᠶᠢᠯ᠎ᠠ ᠃ | ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ ᠂ ᠰᠢᠯ ᠤᠨ ᠤᠭ ᠢᠯᠲᠠᠰᠤ ᠶᠢ ᠬᠡᠷᠡᠯ ᠴᠡᠨᠡᠭ ᠤᠨ ᠠᠷᠤ ᠬᠠᠪᠲᠠᠰᠤ ᠂ ᠨᠢᠭᠤᠷ ᠤᠨ ᠬᠠᠪᠲᠠᠰᠤ ᠵᠢᠴᠢ Low-e | ᠰᠢᠯ ᠂ ᠪᠣᠯᠣᠳ ᠰᠢᠯ ᠂ ᠮᠠᠰᠢᠨ ᠲᠡᠷᠭᠡᠨ ᠤ ᠰᠢᠯ ᠵᠡᠷᠭᠡ ᠴᠢᠨᠠᠷᠯᠢᠭ ᠣᠨᠴᠠ ᠲᠥᠷᠥᠯ ᠤᠨ ᠰᠢᠯ ᠪᠣᠯᠭᠠᠨ ᠪᠣᠯᠪᠠᠰᠤᠷᠠᠭᠤᠯᠵᠤ ᠂ ᠦᠢᠯᠡᠳᠬᠦᠨ ᠤ ᠰᠢᠨᠵᠢᠯᠡᠬᠦ ᠤᠬᠠᠭᠠᠨ | ᠮᠡᠷᠭᠡᠵᠢᠯ ᠤᠨ ᠠᠭᠤᠯᠤᠭᠳᠠᠴᠠ ᠵᠢᠴᠢ ᠨᠡᠮᠡᠯᠲᠡ ᠥᠷᠲᠡᠭ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠪᠣᠯᠣᠨ᠎ᠠ ᠃ | | | | | ᠥᠪᠥᠷ ᠮᠣᠩᠭᠤᠯ ᠤᠨ ᠢᠦᠢ ᠵᠢᠩ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠰᠢᠯ ᠢ ᠨᠠᠷᠢᠯᠢᠭ ᠪᠤᠯᠪᠠᠰᠤᠷᠠᠭᠤᠯᠬᠤ ᠲᠦᠷᠦᠯ ᠵᠦᠢᠯ ᠪᠦᠬᠦ | ᠲᠠᠯ᠎ᠠ ᠪᠠᠷ ᠪᠠᠷᠢᠯᠭ᠎ᠠ ᠡᠬᠢᠯᠡᠭᠦᠯᠪᠡ ᠃ | ︽ ᠰᠢᠯ ᠢ ᠨᠠᠷᠢᠯᠢᠭ ᠪᠣᠯᠪᠠᠰᠤᠷᠠᠭᠤᠯᠬᠤ ᠳᠦᠷᠤᠯ ᠵᠤᠶᠢᠯ ᠢ ᠨᠢᠭᠡᠨᠲᠡ ᠡᠬᠢᠯᠡᠨ ᠪᠦᠳᠤᠭᠡᠨ ᠪᠠᠶᠢᠭᠤᠯᠵᠤ ᠂ ᠦᠢᠯᠡᠳᠪᠦᠷᠢ ᠶᠢᠨ ᠭᠡᠷ ᠪᠠᠶᠢᠰᠢᠩ ᠢ ᠬᠤᠶᠠᠷ ᠰᠠᠷ᠎ᠠ | ᠪᠠᠶᠢᠭᠤᠯᠵᠤ ᠂ ᠳᠤᠨᠤᠭ ᠲᠥᠬᠦᠭᠡᠷᠦᠮᠵᠢ ᠶᠢ ᠨᠢᠭᠡ ᠰᠠᠷ᠎ᠠ ᠤᠭᠰᠠᠷᠠᠨ ᠂ ᠮᠠᠨ ᠤ Low-e ᠰᠢᠯ ᠪᠣᠯᠣᠨ ᠨᠡᠷᠡᠨ ᠤ ᠡᠨᠧᠷᠭᠢ ᠶᠢᠨ ᠠᠷᠤ ᠬᠠᠪᠲᠠᠰᠤ ᠶᠢ ᠨᠠᠷᠢᠯᠢᠭ | ᠪᠣᠯᠪᠠᠰᠤᠷᠠᠭᠤᠯᠬᠤ ᠰᠢᠯ ᠤᠨ ᠦᠢᠯᠡᠳᠬᠦᠨ ᠢ ᠭᠤᠷᠪᠠᠨ ᠰᠠᠷ᠎ᠠ ᠶᠢᠨ ᠬᠤᠭᠤᠴᠠᠭᠠᠨ ᠳᠤ ᠤᠶᠢᠯᠡᠳᠪᠤᠷᠢᠯᠡᠨ ᠭᠠᠷᠭᠠᠵᠤ ᠪᠣᠯᠣᠨ᠎ᠠ ︾ ᠭᠡᠵᠦ ᠵᠠᠩ ᠵᠢᠶᠠᠨ ᠪᠥᠸᠧ | ᠲᠠᠨᠢᠯᠴᠠᠭᠤᠯᠤᠨ᠎ᠠ ᠃ | | | | | ᠥᠪᠥᠷ ᠮᠣᠩᠭᠤᠯ ᠤᠨ ᠢᠦᠢ ᠵᠢᠩ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠦᠢᠯᠡᠳᠪᠦᠷᠢᠯᠡᠭᠰᠡᠨ ᠰᠢᠯ ᠤᠨ ᠤᠭ ᠢᠯᠲᠠᠰᠤ ᠶᠢᠨ | ᠦᠢᠯᠡᠳᠬᠦᠨ ᠪᠡᠭᠡᠵᠢᠩ ᠲᠢᠶᠠᠨᠵᠢᠨ ᠾᠧᠪᠸᠢ ᠵᠢᠴᠢ ᠪᠠᠷᠠᠭᠤᠨ ᠬᠤᠶᠢᠲᠤ ᠭᠠᠵᠠᠷ ᠣᠷᠣᠨ ᠳᠤ ᠪᠣᠷᠣᠯᠠᠭᠤᠯᠤᠭᠳᠠᠵᠤ ᠪᠤᠢ ᠃ | ᠣᠶᠢᠯᠠᠭᠠᠭᠰᠠᠨ ᠢᠶᠠᠷ ᠂ ᠲᠣᠰ ᠺᠣᠮᠫᠠᠨᠢ ᠶᠢᠨ ᠦᠢᠯᠡᠳᠪᠦᠷᠢᠯᠡᠭᠰᠡᠨ ᠴᠢᠨᠠᠷᠯᠢᠭ ᠣᠨᠴᠠ ᠲᠥᠷᠥᠯ ᠤᠨ ᠰᠢᠯ ᠤᠶᠢᠯᠡᠳᠪᠤᠷᠢᠯᠡᠬᠦ ᠶᠠᠪᠤᠴᠠ ᠪᠤᠯ ᠄ ᠴᠢᠨᠠᠷᠯᠢᠭ ᠦᠭᠡᠬᠦᠨ | ᠴᠢᠯᠠᠭᠤᠯᠢᠭ ᠡᠯᠡᠰᠤ ᠪᠠᠷ ᠳᠦᠬᠦᠭᠡᠢ ᠮᠠᠲ᠋ᠧᠷᠢᠶᠠᠯ - ᠰᠢᠯ ᠤᠨ ᠤᠭ ᠢᠯᠳᠠᠰᠤ - ᠴᠢᠨᠠᠷᠯᠢᠭ ᠤᠨᠴᠠ ᠳᠦᠷᠤᠯ ᠤᠨ ᠰᠢᠯ ᠵᠢᠴᠢ ᠬᠡᠷᠡᠯ ᠴᠡᠨᠡᠭ ᠤᠨ ᠠᠷᠤ ᠬᠠᠪᠲᠠᠰᠤ | ᠨᠢ ᠨᠢᠭᠡᠨ ᠪᠦᠷᠢᠨ ᠪᠦᠲᠦᠨ ᠠᠵᠤ ᠦᠢᠯᠡᠰ ᠤᠨ ᠬᠡᠯᠬᠢᠶ᠎ᠡ ᠶᠢ ᠪᠦᠷᠢᠯᠳᠦᠭᠦᠯᠵᠤ ᠪᠠᠶᠢᠳᠠᠭ ᠃ ᠥᠪᠥᠷ ᠮᠣᠩᠭᠤᠯ ᠤᠨ ᠢᠦᠢ ᠵᠢᠩ ᠰᠢᠨᠵᠢᠯᠡᠬᠦ ᠤᠬᠠᠭᠠᠨ ᠮᠡᠷᠭᠡᠵᠢᠯ ᠤᠨ | ᠬᠢᠵᠠᠭᠠᠷᠲᠤ ᠺᠣᠮᠫᠠᠨᠢ 100 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ ᠂ ᠳᠥᠷᠪᠡᠨ ᠬᠤᠭᠤᠴᠠᠭ᠎ᠠ ᠬᠤᠪᠢᠶᠠᠨ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ | ᠤᠷᠤᠨ ᠳᠤ ᠴᠢᠨᠠᠷᠯᠢᠭ ᠣᠨᠴᠠ ᠲᠥᠷᠥᠯ ᠤᠨ ᠰᠢᠯ ᠢ ᠶᠡᠷᠦᠩᠬᠡᠶᠢᠯᠡᠨ ᠠᠰᠢᠭᠯᠠᠬᠤ ᠶᠢ ᠨᠢᠭᠡ ᠴᠣᠭᠴᠠᠵᠢᠭᠤᠯᠬᠤ ᠵᠢᠴᠢ ᠨᠠᠷᠢᠯᠢᠭ ᠪᠤᠯᠪᠠᠰᠤᠷᠠᠭᠤᠯᠤᠨ ᠦᠢᠯᠡᠳᠪᠦᠷᠢᠯᠡᠬᠦ | ᠰᠠᠭᠤᠷᠢᠨ ᠭᠠᠵᠠᠷ ᠤᠨ ᠲᠥᠷᠥᠯ ᠵᠦᠢᠯ ᠢ ᠪᠦᠲᠦᠭᠡᠨ ᠪᠠᠶᠢᠭᠤᠯᠵᠤ ᠂ 5 ︱ 6 ᠵᠢᠯ ᠤᠨ ᠬᠤᠭᠤᠴᠠᠭᠠᠨ ᠳᠤ ᠴᠤ᠋ ᠰᠢᠨ᠎ᠡ ᠂ ᠲᠣᠮᠣ ᠬᠡᠯᠪᠡᠷᠢ ᠶᠢᠨ ᠂ ᠳᠡᠭᠡᠳᠦ | ᠰᠢᠨᠵᠢᠯᠡᠬᠦ ᠤᠬᠠᠭᠠᠨ ᠮᠡᠷᠭᠡᠵᠢᠯ ᠂ ᠥᠨᠳᠥᠷ ᠳᠠᠭᠠᠯᠳᠠ ᠨᠡᠮᠡᠯᠲᠡ ᠥᠷᠲᠡᠭ ᠪᠦᠬᠦᠢ ᠬᠡᠷᠡᠯ ᠴᠡᠨᠡᠭ ᠤᠨ ᠠᠷᠤ ᠬᠠᠪᠲᠠᠰᠤ ᠂ ᠨᠢᠭᠤᠷ ᠤᠨ ᠬᠠᠪᠳᠠᠰᠤᠨ ᠰᠢᠯ ᠵᠢᠴᠢ | ᠴᠢᠨᠠᠷᠯᠢᠭ ᠣᠨᠴᠠ ᠲᠥᠷᠥᠯ ᠤᠨ ᠨᠠᠷᠢᠯᠢᠭ ᠪᠤᠯᠪᠠᠰᠤᠷᠠᠭᠤᠯᠤᠬᠰᠠᠨ ᠰᠢᠯ ᠤᠨ ᠦᠢᠯᠡᠳᠪᠦᠷᠢᠯᠡᠯ ᠤᠨ ᠱᠤᠭᠤᠮ ᠢ ᠪᠠᠶᠢᠭᠤᠯᠬᠤ ᠶᠢᠨ ᠬᠠᠮᠲᠤ ᠨᠠᠷᠢᠯᠢᠭ | ᠪᠤᠯᠪᠠᠰᠤᠷᠠᠭᠤᠯᠤᠬᠰᠠᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠢᠵᠢ ᠪᠦᠷᠢᠳᠦᠭᠦᠯᠦᠨ ᠪᠦᠲᠦᠭᠡᠨ ᠪᠠᠶᠢᠭᠤᠯᠵᠤ ᠂ ᠠᠵᠤ ᠦᠢᠯᠡᠰ ᠤᠨ ᠬᠡᠯᠬᠢᠶ᠎ᠡ ᠶᠢ ᠪᠣᠶ ᠪᠣᠯᠭᠠᠵᠤ | ᠳᠣᠣᠷᠠᠳᠤ ᠭᠡᠯᠬᠢᠶᠠᠨ ᠤ ᠳᠡᠭᠡᠳᠦ ᠲᠠᠰ ᠤᠨ ᠨᠠᠷᠢᠯᠢᠭ ᠪᠤᠯᠪᠠᠰᠤᠷᠠᠭᠤᠯᠬᠤ ᠵᠠᠬ᠎ᠠ ᠳᠡᠯᠭᠡᠭᠦᠷ ᠢ ᠳᠠᠶᠢᠴᠢᠯᠠᠬᠤ ᠪᠠᠷ ᠲᠥᠯᠥᠪᠯᠡᠵᠦ ᠪᠣᠶ ᠃ ᠣᠳᠣᠬᠠᠨ ᠳᠤ ᠂ ᠲᠥᠷᠥᠯ | ᠵᠦᠢᠯ ᠤᠨ ᠪᠡᠯᠡ ᠣᠷᠣᠭᠤᠯᠤᠯᠲᠠ ᠶᠢ ᠨᠢᠭᠡᠨᠲᠡ 20 ᠳ᠋ᠦᠩᠰᠢᠭᠤᠷ ᠲᠥᠭᠦᠷᠢᠭ ᠪᠡᠶᠡᠯᠡᠭᠦᠯᠵᠦ ᠂ ᠨᠢᠭᠡᠳᠦᠭᠡᠷ ᠬᠤᠭᠤᠴᠠᠭᠠᠨ ᠤ ᠲᠥᠷᠥᠯ ᠵᠦᠢᠯ ᠢ ᠤᠷᠤᠭᠰᠢᠲᠠᠢ ᠪᠠᠷ | ᠠᠰᠢᠭᠯᠠᠯᠲᠠ ᠳᠤ ᠣᠷᠣᠭᠤᠯᠵᠤ ᠂ ᠳᠡᠭᠡᠳᠦ ᠳᠣᠣᠷᠠᠳᠤ ᠭᠡᠯᠬᠢᠶᠠᠨ ᠤ ᠢᠵᠢ ᠪᠦᠷᠢᠳᠦᠭᠦᠯᠬᠦ ᠲᠥᠷᠥᠯ ᠵᠦᠢᠯ ᠢ ᠨᠢᠭᠡᠨᠲᠡ ᠪᠥᠬᠦ ᠲᠠᠯ᠎ᠠ ᠪᠠᠷ ᠠᠵᠢᠯ ᠡᠬᠢᠯᠡᠭᠦᠯᠪᠡ ᠃ | ᠲᠠᠨᠢᠯᠴᠠᠭᠤᠯᠤᠭᠰᠠᠨ ᠢᠶᠠᠷ ᠂ ᠲᠥᠷᠥᠯ ᠵᠦᠢᠯ ᠢ ᠪᠦᠬᠦᠨ ᠢ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ ᠂ ᠵᠢᠯ ᠳᠤ 4800 ᠲᠦᠮᠡᠨ ᠬᠦᠨᠳᠦ ᠶᠢᠨ ᠬᠡᠮᠵᠢᠶᠡᠨ ᠤ | ᠬᠠᠶᠢᠷᠴᠠᠬᠳᠤ ᠴᠢᠨᠠᠷᠯᠢᠭ ᠣᠨᠴᠠ ᠲᠥᠷᠥᠯ ᠤᠨ ᠰᠢᠯ ᠤᠶᠢᠯᠡᠳᠪᠤᠷᠢᠯᠡᠵᠤ ᠂ ᠬᠡᠷᠡᠯ ᠴᠡᠨᠡᠭ ᠤᠨ ᠠᠷᠤ ᠬᠠᠪᠲᠠᠰᠤ ᠂ ᠨᠢᠭᠤᠷ ᠤᠨ ᠬᠠᠪᠳᠠᠰᠤᠨ ᠤ ᠰᠢᠯ ᠂ ᠬᠡᠷᠡᠯ | ᠴᠡᠨᠡᠭ ᠤᠨ ᠬᠠᠪᠲᠠᠭᠠᠶᠢᠷᠠᠭᠤᠯᠬᠤ ᠰᠢᠯ ᠤᠨ ᠵᠢᠯ ᠤᠨ ᠦᠢᠯᠡᠳᠬᠦᠨ ᠤ ᠥᠷᠲᠡᠭ ᠨᠢ 100 ᠳ᠋ᠦᠩᠰᠢᠭᠤᠷ ᠲᠥᠭᠦᠷᠢᠭ ᠲᠤ ᠬᠦᠷᠴᠦ ᠂ ᠵᠢᠯ ᠳᠤ 11 ᠳ᠋ᠦᠩᠰᠢᠭᠤᠷ | ᠲᠥᠭᠦᠷᠢᠭ ᠤᠨ ᠠᠰᠢᠭ ᠭᠠᠶᠢᠯᠢ ᠲᠤᠰᠢᠶᠠᠵᠤ ᠂ ᠬᠤᠯᠪᠣᠭᠳᠠᠯ ᠪᠦᠬᠦᠢ ᠠᠵᠤ ᠦᠢᠯᠡᠰ ᠢ ᠳᠠᠶᠢᠴᠢᠯᠠᠨ 3000 ᠰᠢᠬᠠᠮ ᠬᠥᠮᠥᠨ ᠳᠤ ᠠᠵᠢᠯ ᠣᠯᠭᠤᠬᠤ ᠪᠣᠯᠣᠨ᠎ᠠ ᠃ | ᠺᠣᠮᠫᠠᠨᠢ ᠶᠢᠨ ᠳᠠᠶᠢᠴᠢᠯᠠᠯᠳᠠ ᠪᠠᠷ ᠂ ᠰᠢᠯ ᠵᠢᠴᠢ ᠭᠡᠷᠡᠯ ᠴᠡᠨᠡᠭ ᠤᠨ ᠠᠷᠤ ᠬᠠᠪᠲᠠᠰᠤ ᠶᠢ ᠨᠠᠷᠢᠯᠢᠭ ᠪᠣᠯᠪᠠᠰᠤᠷᠠᠭᠤᠯᠬᠤ ᠪᠦᠬᠦ ᠠᠵᠤ ᠦᠢᠯᠡᠰ ᠤᠨ ᠬᠡᠯᠬᠢᠶ᠎ᠡ ᠶᠠᠭ ᠪᠦᠬᠦ | ᠲᠠᠯ᠎ᠠ ᠪᠠᠷ ᠦᠷᠨᠢᠨ ᠬᠦᠭᠵᠢᠵᠤ ᠂ ᠵᠡᠭᠦᠨᠭᠠᠷ ᠠᠵᠤ ᠠᠬᠤᠢ ᠶᠢᠨ ᠨᠡᠭᠡᠭᠡᠯᠳᠡ ᠶᠢᠨ ᠤᠷᠤᠨ ᠤ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠥᠳᠡᠯᠭᠡᠭᠦ ᠬᠦᠴᠦᠨ | ᠬᠤᠷᠠᠮᠳᠤᠭᠤᠯᠵᠤ ᠪᠠᠶᠢᠨ᠎ᠠ ᠃ | | | |