| | ᠬᠠᠪᠤᠷ ᠤᠨ ᠲᠠᠷᠢᠶᠠᠯᠠᠬᠤ ᠤᠯᠠᠷᠢᠯ ᠳᠤ ᠂ ᠥᠪᠥᠷ ᠮᠣᠩᠭᠤᠯ ᠤᠨ ᠤᠷᠳᠤᠰ ᠬᠤᠳᠠ ᠶᠢᠨ ᠵᠡᠭᠦᠨᠭᠠᠷ ᠬᠤᠰᠢᠭᠤᠨ ᠤ ᠬᠢᠨ ᠡᠯᠳᠡᠪ ᠠᠮᠤ ᠲᠠᠷᠢᠬᠤ ᠲᠡᠭᠡᠷ᠎ᠠ | ᠠᠩᠬᠠᠷᠤᠯ ᠢᠶᠠᠨ ᠬᠠᠨᠳᠤᠭᠤᠯᠤᠨ ᠂ ᠲᠦᠮᠡᠨ ᠮᠦ ᠬᠥᠲᠥᠯ ᠢ ᠦᠷᠬᠡᠳᠬᠡᠬᠡᠳ ᠱᠠᠲᠤᠨ ᠲᠠᠷᠢᠶ᠎ᠠ ᠪᠣᠯᠭᠠᠨ ᠦᠬᠡᠷᠡᠴᠢᠯᠡᠵᠦ ᠂ ᠬᠠᠭᠤᠷᠠᠢ ᠲᠠᠷᠢᠶᠠᠯᠠᠭ᠎ᠠ ᠶᠢᠨ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠬᠡᠨ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠤᠨ ᠂ ᠲᠠᠷᠢᠶᠠᠯᠠᠩ ᠤᠨ ᠭᠠᠷᠤᠯᠳᠠ ᠶᠢᠨ ᠴᠢᠨᠠᠷᠵᠢᠯ ᠢ | ᠳᠡᠭᠡᠭᠰᠢᠯᠡᠭᠦᠯᠦᠨ ᠦᠷ᠎ᠡ ᠠᠰᠢᠭ ᠤᠨ ᠨᠡᠮᠡᠭᠳᠡᠯ ᠢ ᠠᠬᠢᠭᠤᠯᠪᠠ ᠃ | ᠤᠷᠳᠤᠰ ᠬᠤᠳᠠ ᠶᠢᠨ ᠵᠡᠭᠦᠨᠭᠠᠷ ᠬᠤᠰᠢᠭᠤᠨ ᠤ ᠱᠠᠬᠳᠠᠷ ᠪᠠᠯᠭᠠᠰᠤ ᠶᠢᠨ ᠡᠦ ᠽᠢ ᠸᠠᠨ ᠲᠣᠰᠬᠤᠨ ᠳᠤ ᠂ ᠲᠤᠮᠤ ᠬᠡᠯᠪᠡᠷᠢ ᠶᠢᠨ ᠠᠴᠢᠶᠠᠯᠠᠬᠤ ᠮᠠᠰᠢᠨ ᠂ | ᠮᠠᠯᠲᠠᠭᠤᠷ ᠮᠠᠰᠢᠨ ᠬᠦᠷᠴᠢᠬᠢᠨᠡᠨ ᠲᠤᠤᠭᠠᠷᠬᠤ ᠳᠤ ᠂ ᠬᠡᠰᠡᠭ ᠬᠡᠰᠡᠭ ᠦᠷᠬᠦᠯᠵᠢᠯᠡᠭᠰᠡᠨ ᠬᠦᠳᠦᠯ ᠤᠨ ᠲᠠᠷᠢᠶᠠᠨ ᠭᠠᠵᠠᠷ ᠨᠢ ᠤᠳᠠᠯ ᠦᠬᠡᠢ ᠬᠡᠰᠡᠭ ᠬᠡᠰᠡᠭ ᠵᠢᠭᠳᠡ | ᠱᠠᠲᠤᠨ ᠲᠠᠷᠢᠶ᠎ᠠ ᠪᠤᠯᠵᠦ ᠬᠤᠪᠢᠷᠠᠨ ᠂ ᠡᠳᠡᠭᠡᠷ ᠱᠠᠲᠤᠨ ᠲᠠᠷᠢᠶ᠎ᠠ ᠲᠠᠢ ᠪᠤᠯᠴᠢᠬᠠᠪᠠᠯ ᠂ ᠲᠣᠰᠬᠤᠨ ᠤ ᠠᠷᠠᠳ ᠲᠠᠬᠢᠵᠦ ᠭᠠᠳᠠᠬᠰᠢ ᠭᠠᠵᠠᠷ ᠢᠶᠠᠨ ᠲᠦᠷᠢᠶᠡᠰᠦᠯᠡᠬᠦ | ᠬᠡᠷᠡᠭᠴᠡᠭᠡ ᠦᠬᠡᠢ ᠪᠤᠯᠪᠠ ᠃ ᠱᠠᠬᠳᠠᠷ ᠪᠠᠯᠭᠠᠰᠤᠨ ᠤ ᠡᠦ ᠽᠢ ᠸᠠᠨ ᠲᠣᠰᠬᠤᠨ ᠤ ᠠᠷᠠᠳ ᠶᠠᠩ ᠯᠠᠢ ᠱᠢ ᠰᠤᠷᠪᠤᠯᠵᠢᠯᠠᠭᠴᠢ ᠳᠤ ᠬᠡᠯᠡᠬᠦ ᠳᠡᠭᠡᠨ ᠂ ᠥᠩᠭᠡᠷᠡᠭᠰᠡᠨ ᠳᠤ | ᠬᠦᠳᠦᠯ ᠭᠠᠵᠠᠷ ᠢ ᠬᠡᠷᠡᠭᠯᠡᠬᠦ ᠦᠬᠡᠢ ᠪᠤᠯ ᠠᠳᠠᠷᠰᠢᠳᠠᠭ ᠪᠠᠶᠢᠪᠠ ᠂ ᠦᠨᠦ ᠲᠡᠭᠰᠢᠯᠡᠭᠰᠡᠨ ᠪᠤᠯᠬᠤᠷ ᠲᠣᠰᠬᠤᠨ ᠤ ᠠᠷᠠᠳ ᠲᠠᠷᠢᠮᠠᠯ ᠲᠠᠷᠢᠵᠦ ᠪᠤᠯᠬᠤ ᠪᠤᠯᠵᠡᠢ ᠂ ᠪᠠᠭ᠎ᠠ | ᠬᠡᠮᠵᠢᠶᠠᠨ ᠤ ᠡᠯᠳᠡᠪ ᠠᠮᠤ ᠲᠠᠷᠢᠪᠠᠯ ᠠᠵᠤ ᠠᠬᠤᠢ ᠶᠢᠨ ᠣᠷᠣᠯᠭ᠎ᠠ ᠪᠠᠨ ᠴᠤ ᠨᠡᠮᠡᠭᠳᠡᠭᠦᠯᠴᠢᠬᠡᠨᠠ ᠭᠡᠪᠡ ᠃ ᠵᠡᠭᠦᠨᠭᠠᠷ ᠬᠤᠰᠢᠭᠤᠨ ᠤ ᠱᠠᠬᠳᠠᠷ ᠪᠠᠯᠭᠠᠰᠤ ᠶᠢᠨ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠠᠯᠪᠠᠨ ᠭᠡᠷ ᠤᠨ ᠬᠠᠷᠢᠭᠤᠴᠠᠯᠭᠠᠲᠠᠨ ᠶᠠᠩ ᠸᠧᠢ ᠰᠢᠶᠦ᠋ᠡᠭ ᠬᠡᠯᠡᠬᠦ ᠳᠡᠭᠡᠨ ᠂ ᠦ᠋ ᠽᠢ ᠸᠠᠨ | ᠲᠣᠰᠬᠤᠨ ᠨᠢᠬᠡᠨᠳᠠ 450 ᠮᠦ ᠣᠷᠴᠢᠮ ᠬᠦᠳᠦᠯ ᠭᠠᠵᠠᠷ ᠢ ᠲᠡᠭᠰᠢᠯᠡᠵᠦ ᠳᠠᠭᠤᠰᠬᠠᠪᠠ ᠂ ᠵᠢᠯ ᠪᠦᠷᠢ ᠶᠢᠨ 5 ᠰᠠᠷ᠎ᠠ ᠳᠤ ᠲᠠᠷᠢᠬᠤ ᠠᠴᠠ ᠡᠮᠦᠨ᠎ᠡ ᠂ ᠬᠥᠲᠥᠯ | ᠭᠠᠵᠠᠷ ᠢ ᠲᠠᠷᠢᠶᠠᠨ ᠭᠠᠵᠠᠷ ᠪᠣᠯᠭᠠᠨ ᠥᠭᠡᠷᠡᠴᠢᠯᠡᠬᠦ ᠲᠦᠷᠦᠯ ᠵᠦᠢᠯ ᠤᠨ ᠰᠢᠷᠣᠢ ᠶᠢᠨ ᠪᠠᠷᠢᠯᠭ᠎ᠠ ᠶᠢ ᠪᠦᠬᠦᠨ ᠢ ᠪᠡᠶᠡᠯᠡᠬᠦᠯᠬᠦ ᠶᠢᠨ ᠵᠡᠷᠬᠡᠪᠡᠷ ᠬᠥᠷᠥᠰᠥ ᠰᠢᠷᠣᠢ ᠶᠢ | ᠰᠢᠮᠡᠵᠢᠬᠦᠯᠦᠨ ᠰᠠᠶᠢᠵᠢᠷᠠᠭᠤᠯᠵᠤ ᠂ ᠬᠦᠷᠦᠰᠤ ᠰᠢᠷᠣᠢ ᠳᠤ ᠪᠤᠷᠳᠤᠭᠤᠷ ᠨᠡᠮᠡᠨ ᠦᠩ ᠰᠢᠮᠡᠯᠢᠭ ᠪᠤᠯᠭᠠᠵᠦ ᠂ ᠭᠠᠵᠠᠷ ᠤᠨ ᠬᠦᠴᠦ ᠶᠢ ᠨᠡᠮᠡᠭᠳᠡᠬᠦᠯᠪᠡᠯ ᠂ ᠲᠠᠷᠢᠬᠰᠠᠨ | ᠲᠠᠷᠢᠶ᠎ᠠ ᠨᠢ ᠰᠢᠨ᠎ᠡ ᠬᠥᠷᠥᠰᠥ ᠰᠢᠷᠣᠢ ᠶᠢᠨ ᠣᠷᠴᠢᠨ ᠲᠣᠭᠤᠷᠢᠨ ᠳᠤ ᠨᠥᠯᠥᠭᠡᠯᠡᠭᠳᠡᠨ ᠤᠨᠠᠯᠲᠠ ᠬᠠᠰᠤᠭᠳᠠᠬᠤ ᠦᠬᠡᠢ ᠪᠠᠶᠢᠳᠠᠭ ᠬᠡᠪᠡ ᠃ | | | | | ᠵᠢᠷᠤᠭ ᠪᠤᠯ ᠶᠠᠭ ᠰᠠᠶᠢᠬᠠᠨ ᠥᠭᠡᠷᠡᠴᠢᠯᠡᠵᠦ ᠪᠠᠶᠢᠭ᠎ᠠ ᠲᠦᠮᠡᠨ ᠮᠤ᠋ ᠶᠢᠨ ᠱᠠᠲᠤᠨ ᠲᠠᠷᠢᠶ᠎ᠠ ᠪᠤᠯᠤᠨ᠎ᠠ | ᠱᠠᠬᠳᠠᠷ ᠪᠠᠯᠭᠠᠰᠤᠨ ᠤ ᠪᠦᠷᠢᠳᠤ ᠶᠢᠨ ᠭᠤᠤ ᠲᠣᠰᠬᠤᠨ ᠳᠤ ᠂ ᠠᠭᠤᠯᠠ ᠪᠠᠷ ᠬᠦᠷᠢᠶᠡᠯᠡᠭᠳᠡᠭᠰᠡᠨ ᠱᠠᠲᠤᠨ ᠲᠠᠷᠢᠶ᠎ᠠ ᠶᠢᠨ ᠲᠡᠰ ᠳᠠᠪᠬᠤᠷᠭ᠎ᠠ ᠨᠢ ᠢᠯᠠ | ᠲᠣᠳᠣᠷᠬᠠᠢ ᠂ ᠦᠵᠡᠰᠭᠦᠯᠡᠩᠲᠦ ᠰᠠᠶᠢᠬᠠᠨ ᠦᠵᠡᠮᠦᠷᠢ ᠲᠠᠢ ᠬᠠᠷᠠᠬᠳᠠᠵᠦ ᠂ ᠲᠣᠰᠬᠤᠨ ᠤ ᠠᠷᠠᠳ ᠯᠢ ᠹᠧᠩ ᠴᠢᠩ ᠪᠣᠯ ᠡᠨᠡ ᠠᠭᠤᠯᠠᠨ ᠳᠤ ᠰᠠᠭᠤᠷᠢᠰᠢᠵᠤ ᠪᠠᠶᠢᠭ᠎ᠠ | ᠴᠤᠷ ᠤᠨ ᠭᠠᠭᠴᠠ ᠠᠶᠢᠯ ᠪᠤᠯᠤᠨ᠎ᠠ ᠂ ᠲᠡᠷᠡ ᠬᠡᠯᠡᠬᠦ ᠳᠡᠭᠡᠨ ᠂ ᠨᠢᠳᠤᠨᠤᠨ ᠥᠪᠡᠷ ᠤᠨ 100 ᠮᠦ ᠬᠦᠳᠦᠯ ᠲᠠᠷᠢᠶᠠᠨ ᠭᠠᠵᠠᠷ ᠢᠶᠠᠨ ᠱᠠᠳᠤᠨ ᠲᠠᠷᠢᠶ᠎ᠠ ᠪᠤᠯᠭᠠᠨ | ᠥᠭᠡᠷᠡᠴᠢᠯᠡᠵᠦ ᠂ ᠨᠢᠭᠡ ᠵᠢᠯ ᠬᠡᠪᠴᠢᠶᠡᠵᠢᠭᠦᠯᠦᠨ ᠲᠠᠷᠢᠬᠤ ᠪᠠᠷ ᠳᠠᠮᠵᠢᠭᠠᠳ ᠂ ᠶᠡᠬᠡᠩᠬᠢ ᠬᠡᠰᠡᠭ ᠭᠠᠵᠠᠷ ᠰᠢᠷᠣᠢ ᠶᠢ ᠥᠨᠳᠥᠷ ᠪᠦᠲᠦᠮᠵᠢᠲᠡᠢ ᠪᠠᠷ ᠠᠰᠢᠭᠯᠠᠵᠤ | ᠴᠢᠳᠠᠵᠡᠢ ᠃ ᠡᠨᠡ ᠵᠢᠯ ᠲᠡᠷᠡ ᠪᠠᠰᠠ 15 ᠮᠦ ᠬᠦᠳᠦᠯ ᠭᠠᠵᠠᠷ ᠢᠶᠠᠨ ᠱᠠᠲᠤᠨ ᠲᠠᠷᠢᠶ᠎ᠠ ᠪᠤᠯᠭᠠᠨ ᠥᠭᠡᠷᠡᠴᠢᠯᠡᠵᠦ ᠂ ᠡᠷᠳᠡᠨᠢ ᠰᠢᠰᠢ ᠂ ᠨᠠᠷᠢᠮᠤ ᠂ ᠠᠮᠤ ᠂ ᠬᠠᠷ᠎ᠠ | ᠪᠤᠷᠴᠠᠭ ᠂ ᠲᠥᠮᠥᠰᠥ ᠂ ᠰᠠᠭᠠᠭ ᠲᠠᠷᠢᠨ᠎ᠠ ᠬᠡᠵᠦ ᠪᠠᠶᠢᠪᠠ ᠃ | ᠵᠡᠭᠦᠨᠭᠠᠷ ᠬᠤᠰᠢᠭᠤᠨ ᠤ ᠱᠠᠬᠳᠠᠷ ᠪᠠᠯᠭᠠᠰᠤ ᠨᠢ ᠣᠷᠳᠣᠰ ᠤᠨ ᠥᠨᠳᠦᠷᠯᠢᠭ ᠤᠨ ᠵᠡᠭᠦᠨ ᠦᠵᠦᠭᠦᠷ ᠲᠤ ᠪᠠᠶᠢᠷᠢᠰᠢᠵᠤ ᠂ ᠳᠣᠪᠣᠷᠬᠠᠭ ᠭᠤᠤ ᠭᠠᠩᠭ᠎ᠠ ᠲᠠᠢ | ᠣᠷᠣᠨ ᠪᠠ ᠬᠢᠷ᠎ᠠ ᠲᠤᠪᠤᠴᠠᠭ ᠭᠠᠩ ᠬᠠᠭᠤᠷᠠᠶ ᠭᠠᠵᠠᠷ ᠨᠡᠯᠢᠶᠡᠳ ᠣᠯᠠᠨ ᠪᠠᠶᠢᠵᠤ ᠂ ᠠᠰᠢᠭᠯᠠᠵᠤ ᠪᠣᠯᠬᠤ ᠲᠠᠷᠢᠶᠠᠨ ᠭᠠᠵᠠᠷ ᠨᠢ ᠪᠠᠭ᠎ᠠ ᠮᠥᠷᠲᠡᠭᠡᠨ ᠠᠮᠤ ᠪᠤᠳᠠᠭᠠᠨ ᠤ | ᠤᠨᠠᠯᠲᠠ ᠨᠢ ᠴᠦ ᠳᠣᠤᠷ᠎ᠠ ᠪᠠᠶᠢᠪᠠ ᠃ ᠣᠶᠢᠷ᠎ᠠ ᠶᠢᠨ ᠬᠡᠳᠦᠨ ᠵᠢᠯ ᠳᠤ ᠂ ᠲᠤᠬᠠᠶ ᠶᠢᠨ ᠭᠠᠵᠠᠷ ᠤᠨ ᠬᠢᠨ ᠣᠲᠣ ᠦᠶ᠎ᠡ ᠶᠢᠨ ᠥᠨᠳᠥᠷ ᠪᠦᠲᠦᠮᠵᠢᠲᠡᠶ ᠴᠢᠨᠠᠷᠯᠢᠭ | ᠡᠯᠳᠡᠪ ᠠᠮᠤ ᠶᠢᠨ ᠲᠠᠷᠢᠮᠠᠯ ᠤᠨ ᠭᠤᠤᠯᠳᠠᠯᠭᠠᠳᠤ ᠣᠷᠣᠨ ᠢ ᠪᠤᠢ ᠪᠤᠯᠭᠠᠬᠤ ᠪᠠᠷ ᠬᠠᠷᠠᠯᠲᠠ ᠪᠠᠨ ᠪᠤᠯᠭᠠᠵᠦ ᠂ ᠣᠯᠠᠨ ᠡᠰᠢᠵᠢᠭᠰᠡᠨ ᠲᠠᠷᠢᠮᠠᠯ ᠤᠨ ᠬᠡᠪᠴᠢᠶ᠎ᠡ ᠶᠢ ᠬᠠᠶᠢᠨ | ᠰᠦᠪᠡᠭᠴᠢᠯᠡᠵᠦ ᠂ ᠭᠤᠷᠪᠠᠳᠤᠭᠠᠷ ᠠᠵᠤ ᠦᠢᠯᠡᠰ ᠤᠨ ᠤᠷᠤᠨᠵᠢᠭᠤᠯᠬᠤ ᠶᠢ ᠳᠠᠶᠢᠴᠢᠯᠠᠨ ᠳᠠᠭᠠᠭᠤᠯᠵᠠᠶ ᠃ ᠡᠨᠡ ᠵᠢᠯ ᠂ ᠪᠥᠬᠦ ᠪᠠᠯᠭᠠᠰᠤ ᠪᠠᠷ ᠢᠶᠠᠨ ᠤᠤᠯ ᠤᠨ | 5000 ᠮᠥ ᠱᠠᠲᠤᠨ ᠲᠠᠷᠢᠶ᠎ᠠ ᠶᠢᠨ ᠰᠠᠭᠤᠷᠢᠨ ᠳᠡᠭᠡᠷ᠎ᠡ ᠂ 10000 ᠮᠥ ᠬᠥᠲᠥᠯ ᠲᠠᠷᠢᠶᠠᠨ ᠭᠠᠵᠠᠷ ᠢ ᠦᠷᠬᠡᠳᠬᠡᠬᠦ ᠪᠠ ᠬᠥᠷᠥᠰᠥ ᠰᠢᠷᠣᠶ ᠶᠢ ᠰᠢᠮᠡᠵᠢᠬᠦᠯᠦᠨ | ᠰᠠᠶᠢᠵᠢᠷᠠᠭᠤᠯᠬᠤ ᠵᠢᠴᠢ ᠪᠣᠷᠣᠭᠠᠨ ᠤ ᠤᠰᠤ ᠶᠢ ᠬᠤᠷᠠᠮᠳᠤᠭᠤᠯᠤᠨ ᠤᠰᠤᠯᠠᠬᠤ ᠲᠥᠬᠦᠭᠡᠷᠦᠮᠵᠢ ᠶᠢ ᠢᠵᠢ ᠪᠥᠷᠢᠳᠦᠭᠦᠯᠦᠨ ᠪᠥᠲᠥᠭᠡᠨ ᠪᠠᠶᠢᠭᠤᠯᠵᠤ ᠂ ᠡᠯᠳᠡᠪ | ᠠᠮᠤ ᠶᠢ ᠪᠠᠷᠢᠮᠵᠢᠶᠠᠵᠢᠭᠤᠯᠤᠨ ᠳᠠᠷᠢᠬᠤ ᠨᠣᠷᠮ᠎ᠠ ᠶᠢ ᠨᠡᠮᠡᠭᠳᠡᠬᠦᠯᠦᠨ ᠂ ᠣᠲᠣ ᠦᠶ᠎ᠡ ᠶᠢᠨ ᠲᠠᠷᠢᠶᠠᠯᠠᠩ ᠲᠠᠢ ᠪᠦᠲᠦᠮᠵᠢᠲᠡᠶ ᠵᠣᠯᠭᠠᠭᠤᠯᠬᠤ ᠶᠢ ᠠᠬᠢᠭᠤᠯᠪᠠ ᠃ | ᠵᠡᠭᠦᠨᠭᠠᠷ ᠬᠤᠰᠢᠭᠤᠨ ᠤ ᠱᠠᠬᠳᠠᠷ ᠪᠠᠯᠭᠠᠰᠤ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠠᠯᠪᠠᠨ ᠭᠡᠷ ᠤᠨ ᠬᠠᠷᠢᠭᠤᠴᠠᠯᠭᠠᠲᠠᠨ ᠶᠠᠩ | ᠸᠧᠢ ᠰᠢᠶᠦ᠋ᠩ ᠦᠷᠭᠦᠯᠵᠢᠯᠡᠨ ᠲᠠᠨᠢᠯᠴᠠᠭᠤᠯᠬᠤ ᠳᠠᠭᠠᠨ ᠄ ︽ ᠡᠨᠡ ᠵᠢᠯ ᠤᠨ ᠡᠯᠳᠡᠪ ᠠᠮᠤ ᠶᠢᠨ ᠲᠠᠷᠢᠮᠠᠯ ᠳᠤ ᠠᠮᠤ 3000 ᠮᠥ ᠂ ᠨᠠᠷᠢᠮᠤ 5000 ᠮᠥ ᠂ ᠰᠠᠭᠠᠭ | 2000 ᠮᠥ ᠳᠠᠷᠢᠬᠤ ᠪᠠᠷ ᠲᠥᠯᠥᠪᠯᠡᠵᠦ ᠪᠠᠶᠢᠨ᠎ᠠ ᠂ ᠪᠢᠳᠡ ᠪᠠᠷᠠᠭᠤᠨ ᠬᠤᠶᠢᠲᠤ ᠶᠢᠨ ᠲᠠᠷᠢᠶᠠᠯᠠᠩ ᠣᠶ ᠰᠢᠭᠤᠶ ᠶᠢᠨ ᠶᠡᠭᠡ ᠰᠤᠷᠭᠠᠭᠤᠯᠢ ᠲᠠᠢ ᠬᠤᠷᠰᠢᠵᠦ | ᠪᠦᠷᠢᠳᠤ ᠶᠢᠨ ᠭᠤᠤ ᠲᠣᠰᠬᠤᠨ ᠳᠤ ᠲᠠᠷᠢᠶ᠎ᠠ ᠶᠢ ᠨᠢ ᠦᠵᠡᠵᠦ ᠦᠷ᠎ᠡ ᠰᠣᠩᠭᠤᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠬᠢᠵᠦ ᠂ ᠠᠷᠪᠠᠨ ᠬᠤᠶᠠᠷ | ᠲᠦᠮᠡᠨ ᠲᠥᠭᠦᠷᠢᠭ ᠤᠨ ᠪᠡᠯᠡ ᠣᠷᠣᠭᠤᠯᠵᠤ ᠪᠠᠶᠢᠭᠠᠳ ᠮᠠᠨ ᠤ ᠱᠠᠬᠳᠠᠷ ᠤᠨ ᠤᠷᠤᠨ ᠨᠤᠳᠤᠭ ᠲᠤ ᠳᠠᠷᠢᠬᠤ ᠳᠤ ᠳᠣᠭᠢᠷᠠᠮᠵᠢᠳᠡᠢ ᠨᠡᠩ ᠰᠠᠶᠢᠨ ᠦᠷ᠎ᠠ | ᠬᠦᠷᠦᠩᠬᠡ ᠶᠢ ᠰᠣᠩᠭᠤᠨ ᠭᠠᠷᠭᠠᠵᠤ ᠶᠡᠭᠡ ᠬᠡᠪᠴᠢᠶ᠎ᠡ ᠪᠠᠷ ᠳᠡᠯᠭᠡᠷᠡᠭᠦᠯᠬᠦ ᠪᠤᠯᠤᠨ᠎ᠠ ︾ ᠬᠡᠪᠡ ᠃ | |