| 3 ᠰᠠᠷ᠎ᠠ ᠶᠢᠨ 25 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠠᠵᠢᠯ ᠣᠯᠭᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠪᠦᠭᠦᠳᠡ ᠬᠤᠷᠠᠯ | ᠵᠢᠴᠢ ᠬᠠᠪᠤᠷ ᠤᠨ ᠤᠯᠠᠷᠢᠯ ᠤᠨ ᠲᠣᠮᠣ ᠭᠡᠯᠪᠡᠷᠢ ᠶᠢᠨ ᠠᠵᠢᠯᠲᠠᠨ ᠤᠷᠢᠵᠤ ᠡᠯᠰᠡᠭᠦ ᠬᠤᠷᠠᠯ ᠪᠤᠭᠤᠲᠤ ᠳᠤ ᠬᠤᠷᠠᠯᠳᠤᠪᠠ ᠃ | ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠴᠢ᠊ ᠪᠠᠲᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ ᠃ ᠲᠡᠷᠡ ᠂ ᠡᠯ᠎ᠡ ᠭᠠᠵᠠᠷ ᠡᠯ᠎ᠡ ᠬᠤᠯᠪᠣᠭᠳᠠᠯ | ᠪᠦᠬᠦᠢ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠶᠢᠯᠳᠤᠬᠤ | ᠪᠣᠳᠣᠯᠭ᠎ᠠ ᠶᠢ ᠬᠡᠷᠡᠭᠵᠢᠭᠦᠯᠬᠦ ᠪᠠᠷ ᠵᠢᠯᠣᠭᠤᠳᠤᠮᠵᠢ ᠪᠤᠯᠭᠠᠵᠤ ᠂ ᠴᠢᠨᠠᠷ ᠰᠠᠶᠢᠲᠠᠢ ᠭᠦᠢᠴᠡᠳ ᠠᠵᠢᠯ ᠣᠯᠭᠤᠯᠲᠠ ᠪᠠᠷ ᠬᠠᠷᠠᠯᠲᠠ ᠪᠤᠯᠭᠠᠵᠤ ᠂ ᠣᠯᠠᠨ ᠠᠷᠭ᠎ᠠ | ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠵᠢᠯ ᠣᠯᠭᠤᠯᠲᠠ ᠶᠢᠨ ᠪᠠᠶᠢᠳᠠᠯ ᠢ ᠲᠣᠭᠲᠠᠪᠤᠷᠢᠵᠢᠭᠤᠯᠬᠤ ᠬᠡᠷᠡᠭᠲᠡᠢ ᠃ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ | ᠠᠳᠬᠤᠵᠤ ᠂ ᠠᠵᠢᠯ ᠣᠯᠭᠤᠯᠲᠠ ᠶᠢᠨ ᠬᠠᠳᠠᠭᠠᠯᠠᠯᠲᠠ ᠶᠢ ᠲᠣᠭᠲᠠᠪᠤᠷᠢᠵᠢᠭᠤᠯᠬᠤ ᠭᠡᠷᠡᠭᠲᠡᠶ ︔ ᠠᠵᠢᠯ ᠤᠨ ᠪᠠᠶᠢᠷᠢ ᠶᠢ ᠠᠳᠬᠤᠨ ᠲᠠᠯᠳᠠ ᠬᠦᠴᠦᠨ ᠢ ᠠᠭᠤᠳᠠᠯᠵᠤ ᠂ | ᠠᠵᠢᠯ ᠣᠯᠭᠤᠯᠲᠠ ᠶᠢᠨ ᠨᠡᠮᠡᠭᠳᠡᠯ ᠢ ᠥᠷᠭᠡᠳᠬᠡᠬᠦ ᠭᠡᠷᠡᠭᠲᠡᠢ ︔ ᠭᠤᠣᠯᠳᠠᠯᠭ᠎ᠠ ᠲᠠᠢ ᠬᠥᠮᠥᠰ ᠢ ᠠᠳᠬᠤᠵᠤ ᠂ ᠠᠵᠢᠯ ᠣᠯᠭᠤᠯᠲᠠ ᠶᠢᠨ ᠬᠤᠷᠢᠭ᠎ᠠ ᠱᠤᠭᠤᠮ ᠢ ᠪᠠᠲᠤ | ᠰᠠᠬᠢᠬᠤ ᠭᠡᠷᠡᠭᠲᠡᠢ ︔ ᠤᠷ᠎ᠠ ᠴᠢᠳᠠᠪᠤᠷᠢ ᠶᠢᠨ ᠪᠣᠯᠪᠠᠰᠤᠷᠠᠯ ᠢ ᠠᠳᠬᠤᠵᠤ ᠂ ᠠᠵᠢᠯ ᠣᠯᠭᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠭᠦ ᠭᠡᠷᠡᠭᠲᠡᠢ ︔ ᠬᠠᠩᠭᠠᠯᠭ᠎ᠠ | ᠬᠡᠷᠡᠭᠴᠡᠭᠡ ᠶᠢ ᠵᠣᠯᠭᠠᠭᠤᠯᠬᠤ ᠶᠢ ᠠᠳᠬᠤᠵᠤ ᠂ ᠠᠵᠢᠯ ᠣᠯᠭᠤᠯᠲᠠ ᠶᠢᠨ ᠦᠢᠯᠡᠴᠢᠯᠡᠭᠡ ᠶᠢ ᠰᠢᠯᠢᠳᠡᠭᠵᠢᠭᠦᠯᠵᠦ ᠂ ᠣᠨ ᠤ ᠠᠵᠢᠯ ᠣᠯᠭᠤᠯᠲᠠ ᠶᠢᠨ ᠬᠠᠷᠠᠯᠲᠠ | ᠡᠭᠦᠷᠭᠡ ᠪᠠᠨ ᠴᠢᠨᠠᠷ ᠰᠠᠶᠢᠲᠠᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ ᠃ | ᠲᠣᠰ ᠤᠳᠠᠭ᠎ᠠ ᠶᠢᠨ ᠠᠵᠢᠯᠲᠠᠨ ᠤᠷᠢᠵᠤ ᠡᠯᠰᠡᠭᠦ ᠬᠤᠷᠠᠯ ᠳᠤ ᠪᠦᠭᠦ ᠣᠷᠣᠨ ᠤ ᠰᠦᠯᠵᠢᠶᠡᠨ ᠳᠡᠭᠡᠷ᠎ᠡ ᠪᠠ ᠪᠣᠳᠠᠲᠤ ᠴᠣᠭᠴᠠ ᠳᠤ ᠨᠡᠶᠢᠲᠡ 1093 ᠠᠵᠤ | ᠠᠬᠤᠶᠢᠯᠠᠯ ᠣᠷᠣᠯᠴᠠᠵᠤ ᠂ 5.71 ᠲᠦᠮᠡᠨ ᠠᠵᠢᠯ ᠤᠨ ᠪᠠᠶᠢᠷᠢ ᠬᠠᠩᠭᠠᠪᠠ ᠃ | ᠡᠨᠡ ᠬᠤᠭᠤᠴᠠᠭᠠᠨ ᠳᠤ ᠂ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠪᠣᠯᠣᠨ | ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠲᠢᠩᠬᠢᠮ ᠬᠤᠲᠠ ᠶᠢᠨ ᠬᠠᠮᠲᠤ ᠪᠠᠷ ᠪᠦᠲᠦᠭᠡᠨ ᠪᠠᠶᠢᠭᠤᠯᠬᠤ ᠬᠠᠮᠲᠤᠷᠠᠯᠴᠠᠭᠠᠨ ᠤ ᠵᠥᠪᠯᠡᠯᠴᠡᠭᠡᠷ | ᠲᠣᠬᠢᠷᠠᠯᠴᠠᠵᠠᠢ ᠃ | | | | | |