| | ᠨᠠᠮ ᠤᠨ ᠲᠥᠪ ᠬᠤᠷᠢᠶ᠎ᠠ ᠶᠢᠨ ᠨᠠᠮ ᠤᠨ ᠲᠡᠦᠬᠡ ᠪᠠ ᠲᠤᠯᠭᠤᠷ ᠪᠢᠴᠢᠭ ᠤᠨ ᠰᠤᠳᠤᠯᠭᠠᠨ ᠤ ᠬᠦᠷᠢᠶᠡᠯᠡᠩ ᠤᠨ ᠨᠠᠶᠢᠷᠠᠭᠤᠯᠤᠭᠰᠠᠨ ︽ ᠰᠢ ᠶᠢᠨ ᠫᠢᠩ ᠤᠨ | ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠲᠤᠬᠠᠢ ᠥᠭᠦᠯᠡᠯᠲᠡ ᠶᠢᠨ ᠲᠡᠭᠦᠪᠦᠷᠢ ︾ ᠭᠡᠬᠦ ᠨᠣᠮ ᠢ ᠣᠶᠢᠷ᠎ᠠ ᠳᠤ ᠲᠥᠪ ᠤᠨ ᠲᠤᠯᠭᠤᠷ ᠪᠢᠴᠢᠭ ᠤᠨ | ᠬᠡᠪᠯᠡᠯ ᠤᠨ ᠬᠤᠷᠢᠶ᠎ᠠ ᠠᠴᠠ ᠬᠡᠪᠯᠡᠭᠦᠯᠵᠦ ᠂ ᠪᠦᠭᠦ ᠤᠯᠤᠰ ᠲᠤ ᠲᠠᠷᠬᠠᠭᠠᠪᠠ ᠃ | ᠠᠮᠤ ᠪᠤᠳᠠᠭᠠᠨ ᠤ ᠠᠮᠤᠷ ᠲᠦᠪᠰᠢᠨ ᠪᠣᠯ ︽ ᠤᠯᠤᠰ ᠤᠨ ᠶᠡᠭᠡ ᠶᠠᠪᠤᠳᠠᠯ ︾ ᠮᠥᠨ ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠂ ᠰᠢ ᠶᠢᠨ | ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ | ᠠᠷᠪᠠᠨ ᠬᠡᠳᠦᠨ ᠳ᠋ᠦᠩᠰᠢᠭᠤᠷ ᠬᠥᠮᠥᠨ ᠠᠮᠠ ᠶᠢᠨ ᠠᠮᠤ ᠬᠦᠨᠡᠰᠦᠨ ᠤ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠶᠢ ᠢᠮᠠᠭᠲᠠ ᠲᠥᠷᠥ ᠶᠢ ᠵᠠᠰᠠᠵᠤ ᠵᠠᠰᠠᠭ ᠢ | ᠡᠷᠭᠢᠯᠡᠭᠦ ᠶᠢᠨ ᠲᠡᠷᠢᠭᠦᠨ ᠴᠢᠬᠤᠯᠠ ᠶᠠᠪᠤᠳᠠᠯ ᠪᠤᠯᠭᠠᠵᠤ ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠵᠤ ᠂ | ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ ᠂ ᠲᠠᠷᠢᠶᠠᠨ ᠭᠠᠵᠠᠷ ᠤᠨ ᠠᠮᠤ ᠪᠤᠳᠠᠭᠠᠨ ᠤ ᠦᠢᠯᠡᠳᠪᠦᠷᠢᠯᠡᠯ ᠤᠨ | ᠴᠢᠳᠠᠪᠤᠷᠢ ᠶᠢ ᠪᠠᠲᠤᠯᠠᠵᠤ ᠂ ᠮᠡᠷᠭᠡᠵᠢᠯ ᠢᠶᠠᠷ ᠠᠮᠤ ᠪᠤᠳᠠᠭᠠᠨ ᠤ ᠤᠨᠠᠯᠳᠠ ᠶᠢ ᠨᠡᠮᠡᠭᠳᠡᠭᠦᠯᠬᠦ ᠶᠢ ᠪᠠᠷᠢᠮᠲᠠᠯᠠᠵᠤ ᠂ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ | ᠳᠦᠷᠢᠮ ᠢ ᠬᠡᠷᠡᠭᠵᠢᠭᠦᠯᠵᠦ ᠂ ᠦᠷ᠎ᠡ ᠶᠢᠨ ᠦᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠂ ᠦᠷ᠎ᠡ ᠶᠢᠨ ᠡᠬᠢ | ᠰᠤᠷᠪᠤᠯᠵᠢ ᠶᠢᠨ ᠪᠡᠶ᠎ᠡ ᠪᠠᠨ ᠳᠠᠭᠠᠭᠠᠵᠤ ᠡᠵᠡᠮᠳᠡᠵᠦ ᠪᠤᠯᠬᠤ ᠶᠢ ᠠᠬᠢᠭᠤᠯᠵᠤ ᠂ ᠮᠠᠨ ᠤ ᠤᠯᠤᠰ ᠤᠨ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ | ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ ᠂ ᠠᠮᠤ ᠪᠤᠳᠠᠭᠠᠨ ᠤ ᠶᠡᠷᠦᠩᠬᠡᠢ ᠤᠨᠠᠯᠳᠠ ᠳᠡᠯᠡᠬᠡᠢ ᠶᠢᠨ ᠲᠡᠷᠢᠭᠦᠨ ᠳᠤ ᠣᠷᠣᠬᠤ ᠶᠢ ᠪᠠᠲᠤᠯᠠᠵᠤ ᠂ ᠠᠷᠪᠠᠨ | ᠲᠦᠷᠪᠡᠨ ᠳ᠋ᠦᠩᠰᠢᠭᠤᠷ ᠭᠠᠷᠤᠢ ᠬᠥᠮᠥᠨ ᠤ ᠠᠮᠤ ᠪᠤᠳᠠᠭᠠᠨ ᠤ ᠠᠮᠤᠷ ᠲᠦᠪᠰᠢᠨ ᠢ ᠪᠦᠲᠦᠮᠵᠢᠲᠡᠢ ᠪᠠᠲᠤᠯᠠᠪᠠ ᠃ ᠰᠢ ᠶᠢᠨ ᠫᠢᠩ ᠨᠥᠬᠦᠷ ᠤᠯᠤᠰ ᠤᠨ ᠠᠮᠤ | ᠪᠤᠳᠠᠭᠠᠨ ᠤ ᠠᠮᠤᠷ ᠲᠦᠪᠰᠢᠨ ᠤ ᠲᠣᠭᠤᠷᠢᠨ ᠳᠤ ᠠᠯᠢ ᠣᠯᠠᠨ ᠴᠢᠬᠤᠯᠠ ᠥᠭᠦᠯᠡᠯᠲᠡ ᠨᠡᠶᠢᠲᠡᠯᠡᠵᠦ ᠂ ᠤᠳᠬ᠎ᠠ ᠰᠠᠨᠠᠭ᠎ᠠ ᠠᠯᠤᠰ ᠭᠡᠲᠦ ᠶᠢᠨ ᠂ ᠠᠭᠤᠯᠤᠭᠳᠠᠬᠤᠨ | ᠡᠯᠪᠡᠭ ᠪᠠᠶᠠᠯᠢᠭ ᠂ ᠦᠵᠡᠯ ᠰᠠᠨᠠᠭ᠎ᠠ ᠭᠦᠨ ᠭᠦᠨᠵᠡᠭᠡᠢ ᠪᠠᠶᠢᠵᠤ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠭᠦ ᠲᠠᠯ᠎ᠠ ᠪᠠᠷ ᠠᠬᠢᠭᠤᠯᠬᠤ ᠂ ᠬᠥᠳᠡᠭᠡ | ᠠᠵᠤ ᠠᠬᠤᠢ ᠶᠢᠨ ᠬᠦᠴᠦᠷᠬᠡᠭ ᠤᠯᠤᠰ ᠢ ᠲᠦᠷᠭᠡᠳᠬᠡᠨ ᠪᠦᠲᠦᠭᠡᠨ ᠪᠠᠶᠢᠭᠤᠯᠬᠤ ᠂ ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠶᠢ ᠪᠦᠭᠦ ᠲᠠᠯ᠎ᠠ ᠪᠠᠷ | ᠪᠠᠬᠢᠵᠢᠭᠦᠯᠬᠦ ᠂ ᠠᠮᠤ ᠪᠤᠳᠠᠭᠠᠨ ᠤ ᠠᠮᠤᠷ ᠲᠦᠪᠰᠢᠨ ᠳᠤ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ ᠂ | ᠳᠤᠮᠳᠠᠳᠤᠴᠤᠳ ᠪᠤᠳᠠᠭᠠᠨ ᠠᠶᠠᠭ᠎ᠠ ᠪᠠᠨ ᠥᠪᠡᠷ ᠤᠨ ᠭᠠᠷ ᠲᠠᠭᠠᠨ ᠴᠢᠩᠭ᠎ᠠ ᠠᠳᠬᠤᠬᠤ ᠶᠢ ᠪᠠᠲᠤᠯᠠᠬᠤ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ ᠃ | | ︽ ᠥᠭᠦᠯᠡᠯᠲᠡ ᠶᠢᠨ ᠲᠡᠭᠦᠪᠦᠷᠢ ︾ ᠨᠢ 8 ᠲᠤᠰᠬᠠᠢ ᠰᠡᠳᠦᠪ ᠬᠤᠪᠢᠶᠠᠵᠤ ᠂ ᠨᠡᠶᠢᠳᠡ 240 ᠬᠡᠰᠡᠭ ᠥᠭᠦᠯᠡᠯᠲᠡ ᠪᠠᠶᠢᠵᠤ ᠂ ᠰᠢ ᠶᠢᠨ ᠫᠢᠩ ᠨᠥᠬᠦᠷ ᠤᠨ | 2012 ᠣᠨ ᠤ 12 ᠰᠠᠷ᠎ᠠ ᠶᠢᠨ 15 ᠤ ᠡᠳᠦᠷ ᠠᠴᠠ 2022 ᠣᠨ ᠤ 12 ᠰᠠᠷ᠎ᠠ ᠶᠢᠨ 23 ᠤ ᠡᠳᠦᠷ ᠪᠤᠯᠲᠠᠯᠠᠭᠢ ᠬᠤᠭᠤᠴᠠᠭᠠᠨ ᠳᠠᠬᠢ ᠮᠡᠳᠡᠭᠦᠯᠦᠯᠲᠡ ᠂ | ᠶᠠᠷᠢᠶ᠎ᠠ ᠂ ᠶᠠᠷᠢᠶ᠎ᠠ ᠢᠯᠡᠳᠬᠡᠯ ᠂ ᠶᠠᠷᠢᠯᠴᠠᠭ᠎ᠠ ᠂ ᠪᠠᠶᠠᠷ ᠤᠨ ᠵᠠᠬᠢᠳᠠᠯ ᠂ ᠵᠢᠭᠠᠪᠤᠷᠢ ᠂ ᠴᠣᠬᠤᠯᠠᠪᠤᠷᠢ ᠵᠡᠷᠭᠡ 80 ᠭᠠᠷᠤᠢ ᠴᠢᠬᠤᠯᠠ ᠲᠤᠯᠭᠤᠷ ᠪᠢᠴᠢᠭ ᠠᠴᠠ ᠰᠣᠩᠭᠤᠨ | ᠠᠪᠤᠪᠠ ᠃ ᠡᠭᠦᠨ ᠳᠤ ᠬᠡᠰᠡᠭ ᠥᠭᠦᠯᠡᠯᠲᠡ ᠶᠢ ᠨᠢ ᠠᠩᠬ᠎ᠠ ᠤᠳᠠᠭ᠎ᠠ ᠢᠯᠡ ᠪᠠᠷ ᠨᠡᠶᠢᠲᠡᠯᠡᠵᠦ ᠪᠠᠶᠢᠨ᠎ᠠ ᠃ | | |