ᠰᠡᠳᠬᠢᠯ ᠢᠶᠠᠨ ᠨᠢᠬᠡᠳᠬᠡᠵᠦ ᠬᠦᠴᠤ ᠪᠠᠨ ᠬᠠᠮᠳᠤᠳᠬᠠᠨ ᠬᠦᠭᠵᠢᠯᠳᠠ ᠶᠢ ᠰᠦᠪᠡᠭᠴᠢᠯᠠᠵᠦ ᠬᠠᠮᠳᠤᠪᠡᠷ ᠰᠠᠭᠤᠷᠢᠰᠢᠨ ᠬᠠᠮᠳᠤᠪᠡᠷ ᠪᠠᠶᠢᠭᠤᠯᠵᠦ ᠰᠢᠨ᠎ᠡ ᠠᠶᠠᠨ ᠢᠶᠠᠨ ᠡᠬᠢᠯᠡᠬᠦᠯᠦᠶ᠎ᠠ  — ᠶᠢᠩ ᠽᠧ ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠭᠤᠸᠠᠩ ᠾᠧ ᠨᠡᠶᠢᠬᠡᠮ ᠳᠤᠭᠤᠷᠢᠭ ᠤᠨ ᠨᠠᠮ ᠤᠨ ᠡᠬᠦᠷ ᠬᠠᠮᠳᠤᠪᠡᠷ ᠪᠠᠶᠢᠭᠤᠯᠬᠤ ᠨᠢᠬᠡᠴᠢ ᠲᠠᠢ ᠢᠳᠡᠪᠬᠢᠳᠡᠢ ᠰᠠᠨᠠᠭᠠᠴᠢᠯᠠᠭᠠᠳᠠᠢ ᠪᠠᠷ ᠵᠤᠯᠭᠠᠭᠤᠯᠵᠤ ᠬᠤᠤᠰᠯᠠᠬᠤ ᠬᠠᠮᠳᠤᠪᠡᠷ ᠪᠠᠶᠢᠭᠤᠯᠬᠤ ᠤᠴᠢᠷ ᠶᠠᠪᠤᠳᠠᠯ ᠢ ᠵᠦᠪᠳᠡᠯᠴᠡᠪᠠ
ᠨᠡᠶᠢᠲᠡᠯᠡᠭᠰᠡᠨ ᠴᠠᠭ᠄
2023/4/13
    ᠬᠤᠳᠠ ᠶᠢᠨ ᠦᠨᠳᠦᠰᠤᠨ ᠱᠠᠳᠤᠨ ᠤ ᠨᠠᠮ ᠤᠨ ᠪᠠᠶᠢᠭᠤᠯᠤᠯᠳᠠ ᠶᠢᠨ ᠠᠵᠢᠯ ᠢ ᠯᠠᠪᠳᠠᠭᠤᠨ ᠪᠠᠳᠤᠳᠠᠢ ᠠᠬᠢᠭᠤᠯᠵᠤ ᠂ ᠨᠠᠮ ᠤᠨ ᠵᠤᠬᠢᠶᠠᠨ ᠪᠠᠶᠢᠭᠤᠯᠤᠯᠳᠠ ᠶᠢᠨ ᠲᠠᠶᠢᠴᠢᠨ ᠪᠠᠬᠢᠯᠡᠯᠳᠡ  ᠶᠢᠨ ᠦᠢᠯᠡᠳᠦᠯ ᠢ ᠬᠦᠢᠴᠡᠳ ᠪᠠᠳᠠᠷᠠᠭᠤᠯᠵᠦ ᠂ ︽ ᠡᠬᠢ ᠪᠠᠶᠠᠯᠢᠬ ᠢ ᠬᠠᠮᠳᠤᠪᠡᠷ ᠡᠳ᠋ᠯᠡᠬᠦ ᠂ ᠳᠠᠪᠠᠭᠤᠯᠢᠬ ᠢᠶᠠᠨ ᠬᠠᠷᠢᠯᠴᠠᠨ ᠨᠦᠬᠦᠪᠦᠷᠢᠯᠡᠬᠦ ᠂ ᠬᠠᠷᠢᠯᠴᠠᠨ ᠬᠤᠯᠪᠤᠭᠠᠯᠠᠵᠦ ᠬᠠᠷᠢᠯᠴᠠᠨ ᠠᠬᠢᠭᠤᠯᠬᠤ ᠂ ᠵᠤᠬᠢᠴᠠᠩᠭᠤᠢ ᠪᠠᠷ ᠬᠦᠭᠵᠢᠬᠦᠯᠬᠦ ︾ ᠬᠤᠳᠠ ᠶᠢᠨ ᠦᠨᠳᠦᠰᠦᠨ ᠱᠠᠳᠤᠨ ᠤ ᠨᠠᠮ ᠤᠨ ᠪᠠᠶᠢᠭᠤᠯᠤᠯᠳᠠ ᠶᠢᠨ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠴᠤᠬᠴᠠᠯᠠᠬᠤ  ᠶᠢᠨ ᠲᠦᠯᠦᠬᠡ ᠂ 3 ᠰᠠᠷ᠎ᠡ ᠶᠢᠨ 31 ᠤ ᠡᠳᠦᠷ ᠤᠨ ᠦᠳᠡ ᠶᠢᠨ ᠡᠮᠦᠨ᠎ᠡ ᠠᠴᠠ ᠡᠬᠢᠯᠡᠨ ᠂ ᠶᠢᠩ ᠽᠧ ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠭᠤᠸᠠᠩ ᠾᠧ ᠨᠡᠶᠢᠬᠡᠮ ᠳᠤᠭᠤᠷᠢᠬ ᠤᠨ ᠨᠠᠮ ᠤᠨ ᠡᠬᠦᠷ ᠨᠢᠬᠡ ᠭᠠᠷᠠᠬ ᠤᠨ ᠴᠠᠬ ᠢ ᠠᠰᠢᠬᠯᠠᠨ ᠂ ᠠᠷᠡᠳ ᠳᠦᠮᠡᠨ  ᠳᠤ ᠦᠢᠯᠡᠴᠢᠯᠡᠬᠦ ᠦᠨᠡᠨᠴᠢ ᠰᠡᠳᠬᠢᠯ  ᠢᠶᠠᠷ ᠂ ᠬᠤᠰᠢᠭᠤᠨ ᠤ ᠰᠢᠭᠤᠳ ᠬᠠᠷᠢᠶ᠎ᠡ ᠰᠠᠯᠠᠭ᠎ᠠ ᠮᠦᠴᠢᠷ ᠪᠤᠯᠬᠤ ᠵᠡᠬᠦᠨᠭᠠᠷ ᠬᠤᠰᠢᠭᠤᠨ ᠤ ᠠᠷᠡᠳ ᠤᠨ ᠶᠠᠪᠤᠳᠠᠯ ᠤᠨ ᠳᠤᠪᠴᠢᠶ᠎ᠡ ᠂ ᠵᠡᠬᠦᠨᠭᠠᠷ ᠬᠤᠰᠢᠭᠤᠨ ᠤ ᠳᠠᠷᠢᠶᠠᠯᠠᠩ ᠮᠠᠯ ᠠᠵᠤ ᠠᠬᠤᠢ ᠶᠢᠨ ᠳᠤᠪᠴᠢᠶ᠎ᠡ ᠂ ᠵᠡᠬᠦᠨᠭᠠᠷ ᠬᠤᠰᠢᠭᠤᠨ ᠤ ᠡᠮ ᠡᠮᠨᠡᠯᠬᠡ ᠶᠢᠨ ᠳᠠᠭᠠᠳᠬᠠᠯ ᠤᠨ ᠦᠢᠯᠡᠴᠢᠯᠡᠬᠡᠨ ᠤ ᠳᠦᠪ ᠵᠡᠷᠬᠡ 7 ᠬᠠᠮᠳᠤᠪᠡᠷ ᠪᠠᠶᠢᠭᠤᠯᠬᠤ ᠨᠢᠬᠡᠴᠢ ᠲᠠᠢ ᠢᠳᠡᠪᠬᠢᠳᠡᠢ ᠰᠠᠨᠠᠭᠠᠴᠢᠯᠠᠭᠠᠳᠠᠢ  ᠪᠠᠷ ᠵᠤᠯᠭᠠᠭᠤᠯᠵᠤ ᠂ 7 ᠬᠤᠪᠢ ᠬᠠᠮᠳᠤᠪᠡᠷ ᠪᠠᠶᠢᠭᠤᠯᠬᠤ ᠬᠡᠯᠡᠯᠴᠡᠬᠡᠷ ᠳᠤᠬᠳᠠᠵᠤ ᠂ 8 ᠵᠦᠢᠯ ᠤᠨ ᠦᠢᠯᠡᠴᠢᠯᠡᠬᠡᠨ ᠤ ᠳᠦᠷᠦᠯ ᠵᠦᠢᠯ ᠢ ᠬᠦᠯᠢᠶᠡᠵᠦ ᠠᠪᠤᠪᠠ ᠃
基层图1.jpg
        ᠵᠤᠯᠭᠠᠭᠤᠯᠬᠤ ᠠᠵᠢᠯᠯᠠᠭ᠎ᠠ ᠳᠤᠮᠳᠠ ᠂ ᠭᠤᠸᠠᠩ ᠡᠾᠧ ᠨᠡᠶᠢᠬᠡᠮ ᠳᠤᠭᠤᠷᠢᠬ ᠨᠢ ᠡᠯ᠎ᠡ ᠬᠠᠮᠳᠤᠪᠡᠷ ᠪᠠᠶᠢᠭᠤᠯᠬᠤ ᠨᠢᠬᠡᠴᠢ ᠲᠠᠢ ᠨᠠᠮ ᠤᠨ ᠵᠤᠬᠢᠶᠠᠨ ᠪᠠᠶᠢᠭᠤᠯᠤᠯᠳᠠ ᠶᠢᠨ  ᠲᠤᠰ ᠲᠤᠰ  ᠤᠨ ᠬᠢᠨᠢ ᠳᠠᠪᠠᠭᠤᠯᠢᠬ ᠢ ᠪᠠᠳᠠᠷᠠᠭᠤᠯᠬᠤ ᠲᠠᠯ᠎ᠠ  ᠪᠠᠷ ᠬᠦᠨᠵᠡᠬᠡᠢ ᠰᠤᠳᠤᠯᠤᠨ ᠶᠠᠷᠢᠯᠴᠠᠵᠦ ᠰᠤᠯᠢᠯᠴᠠᠨ ᠂ ︽ ᠭᠤᠷᠪᠡᠨ ᠳᠦᠷᠦᠯ ᠤᠨ ᠨᠠᠷᠢᠨ ᠳᠠᠩᠰᠠ ︾ ᠶᠢᠨ ᠪᠤᠳᠠᠳᠠᠢ ᠠᠭᠤᠯᠭ᠎ᠠ ᠶᠢ ᠳᠤᠳᠤᠷᠬᠠᠶᠢᠯᠠᠵᠤ ᠂ ᠬᠤᠶᠢᠰᠢᠳᠡ  ᠶᠢᠨ ᠬᠤᠤᠰᠯᠠᠨ ᠬᠠᠮᠳᠤᠪᠡᠷ ᠪᠠᠶᠢᠭᠤᠯᠬᠤ ᠠᠵᠢᠯᠯᠠᠭ᠎ᠠ ᠦᠷᠨᠢᠬᠦᠯᠬᠦ ᠠᠷᠭ᠎ᠠ ᠬᠡᠯᠪᠡᠷᠢ ᠶᠢ ᠳᠤᠬᠳᠠᠭᠠᠵᠤ ᠂ ᠠᠵᠢᠯ ᠤᠨ ᠬᠠᠷᠡᠯᠳᠡ ᠪᠠ ᠬᠦᠭᠵᠢᠯᠳᠡ ᠶᠢᠨ ᠴᠢᠭᠯᠡᠯ ᠢ ᠳᠤᠬᠳᠠᠭᠠᠪᠠ ᠃ ᠬᠠᠮᠳᠤᠪᠡᠷ ᠪᠠᠶᠢᠭᠤᠯᠬᠤ ᠡᠯ᠎ᠡ ᠨᠢᠬᠡᠴᠢ  ᠶᠢᠨ  ᠬᠢᠨ ᠬᠤᠶᠢᠰᠢᠳᠠ  ᠶᠢᠨ ᠠᠵᠢᠯ ᠳᠤᠮᠳᠠ ᠪᠠᠨ ᠨᠡᠶᠢᠬᠡᠮ ᠳᠤᠭᠤᠷᠢᠬ ᠤᠨ ᠪᠦᠳᠦᠬᠡᠨ ᠪᠠᠶᠢᠭᠤᠯᠤᠯᠳᠠ ᠶᠢ ᠬᠠᠯᠠᠮᠵᠢᠯᠠᠨ ᠠᠩᠬᠠᠷᠴᠤ ᠂ ᠠᠵᠢᠯ ᠤᠨ ᠪᠠᠶᠢᠷᠢᠨ  ᠳᠤ ᠪᠠᠶᠢᠭ᠎ᠠ ᠨᠠᠮ ᠤᠨ ᠬᠡᠰᠢᠬᠦᠳ ᠢ ᠵᠤᠬᠢᠶᠠᠨ ᠪᠠᠶᠢᠭᠤᠯᠤᠨ ᠨᠡᠶᠢᠬᠡᠮ ᠳᠤᠭᠤᠷᠢᠬ ᠠᠴᠠ ᠦᠷᠨᠢᠬᠦᠯᠦᠭᠰᠡᠨ ᠡᠯ᠎ᠠ ᠲᠦᠷᠦᠯ ᠤᠨ ᠠᠵᠢᠯᠯᠠᠭ᠎ᠠ ᠳᠤ ᠢᠳᠡᠪᠬᠢᠳᠡᠢ ᠤᠷᠤᠯᠴᠠᠭᠤᠯᠵᠦ ᠂ ᠬᠠᠮᠳᠤᠪᠡᠷ ᠪᠠᠶᠢᠭᠤᠯᠬᠤ ᠨᠢᠬᠡᠴᠢ ᠶᠢᠨ ᠡᠬᠢ ᠪᠠᠶᠠᠯᠢᠬ ᠤᠨ ᠳᠠᠪᠠᠭᠤᠯᠢᠬ ᠢ ᠬᠦᠢᠴᠡᠳ ᠪᠠᠳᠠᠷᠠᠭᠤᠯᠵᠤ ᠂ ︽ ᠨᠡᠶᠢᠬᠡᠮ ᠳᠤᠭᠤᠷᠢᠬ  ᠠᠴᠠ ᠲᠠᠭᠤᠳᠠᠪᠠᠯ ᠰᠠᠯᠠᠭ᠎ᠠ ᠮᠦᠴᠢᠷ ᠨᠡᠷ᠎ᠡ ᠮᠡᠳᠡᠬᠦᠯᠬᠦ ︾ ᠶᠢ ᠪᠡᠶᠡᠯᠡᠬᠦᠯᠵᠤ ᠂ ᠨᠡᠶᠢᠬᠡᠮ ᠳᠤᠭᠤᠷᠢᠬ ᠢ ᠦᠨᠡᠨᠬᠦ ᠬᠠᠪᠰᠤᠷᠤᠨ ᠪᠤᠳᠠᠳᠤ ᠬᠦᠴᠢᠷᠳᠡᠯ ᠢ ᠨᠢ ᠰᠶᠢᠳᠪᠦᠷᠢᠯᠡᠨ᠎ᠡ ᠃ ᠬᠠᠮᠳᠤᠪᠡᠷ ᠪᠠᠶᠢᠭᠤᠯᠬᠤ ᠨᠢᠬᠡᠴᠢ ᠶᠢᠨ ᠨᠠᠮ ᠤᠨ ᠵᠤᠬᠢᠶᠠᠨ ᠪᠠᠶᠢᠭᠤᠯᠤᠯᠳᠠ ᠶᠢᠨ ᠰᠠᠨᠠᠭᠠᠴᠢᠯᠠᠭᠠᠳᠤ ᠴᠢᠨᠡᠷ ᠪᠠ ᠢᠳᠡᠪᠬᠢ ᠴᠢᠨᠡᠷ ᠢ ᠬᠦᠢᠴᠡᠳ ᠳᠠᠶᠢᠴᠢᠯᠡᠵᠤ ᠂ ᠠᠵᠢᠯ ᠤᠨ ᠪᠠᠶᠢᠷᠢᠨ ᠳᠤ ᠪᠠᠶᠢᠭ᠎ᠠ ᠨᠠᠮ ᠤᠨ ᠬᠡᠰᠢᠬᠦᠳ ᠤᠨ ᠨᠡᠶᠢᠬᠡᠮ ᠤᠨ ᠡᠬᠦᠷᠬᠡ ᠬᠠᠷᠢᠭᠤᠴᠠᠯᠭᠠᠳᠤ ᠰᠡᠳᠬᠢᠯᠬᠡ ᠶᠢ ᠨᠡᠮᠡᠭᠳᠡᠬᠦᠯᠦᠨ᠎ᠠ ᠬᠡᠵᠤ ᠢᠯᠡᠷᠬᠡᠶᠢᠯᠡᠪᠡ ᠃ 
基层图2.jpg
      ᠡᠶᠢᠮᠦᠷᠬᠦᠤ ᠬᠡᠯᠪᠡᠷᠢ ᠶᠢᠨ ᠵᠤᠯᠭᠠᠭᠤᠯᠬᠤ ᠠᠵᠢᠯᠯᠠᠭ᠎ᠠ ᠶᠢ ᠦᠷᠨᠢᠬᠦᠯᠬᠦ ᠪᠠᠷ ᠳᠠᠮᠵᠢᠵᠦ ᠂ ᠨᠡᠶᠢᠬᠡᠮ ᠳᠤᠭᠤᠷᠢᠬ ᠤᠨ ᠪᠦᠳᠦᠬᠡᠨ ᠪᠠᠶᠢᠭᠤᠯᠤᠯᠳᠠ ᠂ ᠤᠷᠤᠨ ᠪᠦᠰᠡᠵᠢᠭᠰᠡᠨ ᠬᠦᠭᠵᠢᠯᠳᠡ ᠳᠤ ᠪᠠᠳᠤ ᠪᠠᠬᠢ ᠰᠠᠭᠤᠷᠢ  ᠶᠢ ᠳᠠᠯᠪᠢᠵᠤ ᠂ ᠬᠠᠮᠳᠤᠪᠡᠷ ᠪᠠᠶᠢᠭᠤᠯᠬᠤ ᠡᠯ᠎ᠡ ᠨᠢᠬᠡᠴᠢ ᠪᠡ ᠨᠡᠶᠢᠬᠡᠮ ᠳᠤᠭᠤᠷᠢᠬ ᠯᠤᠭ᠎ᠠ  ᠶᠢᠨ ᠬᠠᠶᠢᠷ᠎ᠡ ᠰᠡᠳᠬᠢᠯᠬᠡ ᠶᠢ ᠵᠤᠵᠠᠭᠠᠳᠬᠠᠵᠤ ᠂ ︽ ᠨᠡᠶᠢᠬᠡᠮ ᠳᠤᠭᠤᠷᠢᠬ ᠪᠤᠯ ᠳᠤᠮᠤ ᠬᠡᠷ ᠪᠦᠯᠢ ᠂ ᠬᠠᠮᠳᠤᠪᠡᠷ ᠰᠠᠭᠤᠷᠢᠰᠢᠨ ᠬᠠᠮᠳᠤᠪᠡᠷ ᠪᠠᠶᠢᠭᠤᠯᠵᠤ ᠬᠦᠮᠦᠰ ᠤᠨ ᠰᠡᠳᠬᠢᠯ ᠢ ᠨᠢᠬᠳᠠᠷᠠᠭᠤᠯᠬᠤ ︾ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠵᠤ ᠂ ᠬᠠᠮᠳᠤᠪᠡᠷ ᠰᠠᠭᠤᠷᠢᠰᠢᠨ ᠬᠠᠮᠳᠤᠪᠡᠷ ᠪᠠᠶᠢᠭᠤᠯᠤᠨ ᠤᠯᠠᠨ ᠳᠦᠮᠡᠨ ᠳᠤ ᠦᠢᠯᠡᠴᠢᠯᠡᠵᠦ ᠂ ᠠᠷᠡᠳ  ᠲᠤ ᠪᠤᠳᠠᠳᠤ ᠶᠠᠪᠤᠳᠠᠯ ᠪᠦᠳᠦᠬᠡᠬᠦ ᠠᠮᠢᠵᠢᠷᠡᠯ ᠤᠨ ᠰᠢᠨ᠎ᠡ ᠬᠦᠴᠤᠨ ᠢ ᠬᠦᠭᠵᠢᠬᠡᠵᠦ ᠴᠢᠳᠠᠪᠠ ᠃ 
ᠢᠷᠡᠯᠲᠡ᠄ ᠵᠡᠬᠦᠨᠭᠠᠷ ᠤᠨ ᠬᠤᠰᠢᠭᠤᠴᠢ