︽ᠨᠠᠮ ᠤᠨ ᠪᠠᠶᠢᠭᠤᠯᠤᠯᠲᠠ 5+︾ ᠠᠵᠢᠯᠯᠠᠬᠤ ᠠᠷᠭ᠎ᠠ ᠨᠢ ᠨᠠᠮ ᠤᠨ ᠪᠠᠶᠢᠭᠤᠯᠤᠯᠲᠠ ᠶᠢᠨ ︽ᠰᠢᠨ᠎ᠡ︾ ᠬᠦᠴᠦᠨ ᠢ ᠨᠢᠬᠳᠠᠷᠠᠭᠤᠯᠤᠨ᠎ᠠ
ᠨᠡᠶᠢᠲᠡᠯᠡᠭᠰᠡᠨ ᠴᠠᠭ᠄
2023/4/23
     ᠸᠧᠶ ᠵᠢᠶᠠ ᠮᠤᠤ ᠪᠠᠯᠭᠠᠰᠤᠨ ᠤ ᠨᠠᠮ ᠤᠨ ᠬᠤᠷᠢᠶ᠎ᠠ ᠬᠥᠳᠡᠭᠡ ᠲᠣᠰᠬᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠰᠢᠨ᠎ᠡ ᠪᠠᠶᠢᠳᠠᠯ᠂ ᠰᠢᠨ᠎ᠡ ᠬᠤᠪᠢᠷᠠᠯᠲᠠ᠂ ᠰᠢᠨ᠎ᠡ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ︽ᠨᠠᠮ ᠤᠨ ᠪᠠᠶᠢᠭᠤᠯᠤᠯᠲᠠ 5 +︾ ᠪᠠᠷ ᠵᠠᠮᠴᠢᠯᠠᠭᠤᠯᠤᠬᠰᠠᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯᠯᠠᠬᠤ ᠠᠷᠭ᠎ᠠ ᠶᠢ ᠢᠳᠡᠪᠬᠢᠲᠡᠶ ᠬᠠᠶᠢᠨ ᠰᠦᠪᠡᠭᠴᠢᠯᠡᠵᠦ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ︽ᠰᠢᠨ᠎ᠡ︾ ᠬᠦᠴᠦᠨ ᠢ ᠪᠦᠲᠦᠮᠵᠢᠲᠡᠶ ᠨᠢᠬᠳᠠᠷᠠᠭᠤᠯᠤᠭᠠᠳ᠂ ᠬᠥᠳᠡᠭᠡ ᠲᠣᠰᠬᠤᠨ ᠤ ᠲᠠᠪᠤᠨ ᠶᠡᠭᠡ ᠬᠦᠭᠵᠢᠨ ᠮᠠᠨᠳᠤᠯᠳᠠ ᠶᠢ ᠪᠥᠬᠦ ᠲᠠᠯ᠎ᠠ ᠪᠠᠷ ᠠᠬᠢᠭᠤᠯᠪᠠ᠃          ᠨᠠᠮ ᠤᠨ ᠪᠠᠶᠢᠭᠤᠯᠤᠯᠲᠠ + ᠰᠠᠶᠢᠨ ᠪᠠᠭ ᠨᠢ ᠦᠨᠳᠦᠰᠦᠨ ᠱᠠᠲᠤᠨ ᠤ ᠪᠦᠲᠦᠭᠡᠨ ᠪᠠᠶᠢᠭᠤᠯᠤᠯᠲᠠ ᠶᠢ  ᠬᠦᠳᠦᠯᠦᠨ ᠳᠠᠭᠠᠭᠤᠯᠤᠨ᠎ᠠ      ᠡᠩᠨᠡᠭᠡᠨ ᠤ ᠪᠠᠶᠢᠭᠤᠯᠤᠯᠲᠠ ᠶᠢ ᠴᠢᠩᠭ᠎ᠠ ᠠᠳᠬᠤᠵᠤ᠂ ᠤᠯᠠᠷᠢᠯ ᠤᠨ ᠬᠢᠨᠠᠨ ᠰᠢᠯᠭᠠᠯᠲᠠ᠂ ︽ᠶᠡᠭᠡ ᠮᠦᠷᠦᠶᠢᠴᠡᠬᠡᠨ︾᠂ ᠬᠥᠳᠡᠭᠡ ᠲᠣᠰᠬᠤᠨ ᠢ ᠬᠦᠭᠵᠢᠬᠦᠯᠦᠨ ᠮᠠᠨᠳᠤᠭᠤᠯᠬᠤ ᠭᠤᠣᠯ ᠰᠡᠳᠦᠪᠲᠦ ᠪᠣᠯᠪᠠᠰᠤᠷᠠᠯ ᠵᠡᠷᠭᠡ ᠬᠡᠯᠪᠡᠷᠢ ᠪᠠᠷ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢ ᠴᠢᠨᠠᠭᠰᠢᠳᠠ  ᠪᠠᠬᠢᠵᠢᠬᠦᠯᠪᠡ᠃ ᠵᠣᠷᠢᠭᠲᠠᠢ ᠪᠠᠷ ᠬᠠᠷᠢᠭᠤᠴᠠᠯᠭ᠎ᠠ ᠡᠬᠦᠷᠬᠡᠯᠡᠬᠦ᠂ ᠵᠢᠳᠬᠦᠯ ᠴᠢᠷᠮᠠᠶᠢᠯᠭ᠎ᠠ ᠲᠠᠢ᠂ ᠤᠯᠤᠰ ᠲᠦᠷᠦ ᠶᠢ ᠡᠷᠬᠢᠮᠯᠡᠬᠦ᠂ ᠡᠷᠳᠡᠮ ᠴᠢᠳᠠᠪᠤᠷᠢ ᠲᠠᠢ ᠲᠣᠰᠬᠤᠨ ᠤ ᠱᠠᠳᠤᠨ ᠤ ᠺᠠᠳ᠋ᠷ ᠤᠨ ᠡᠩᠨᠡᠭᠡ ᠶᠢ ᠪᠠᠶᠢᠭᠤᠯᠬᠤ ᠪᠠᠷ ᠬᠦᠴᠦᠯᠡᠨ ᠴᠢᠷᠮᠠᠶᠢᠵᠦ᠂ ᠲᠣᠰᠬᠤᠨ ︵ᠰᠠᠭᠤᠭᠠᠯᠢ ᠠᠷᠠᠳ︶ ᠤ ᠡᠬᠦᠷ ᠤᠨ ᠤᠳᠤᠷᠢᠳᠬᠤ ᠪᠠᠭ ᠤᠨ ᠪᠦᠲᠦᠴᠡ ᠶᠢ ᠴᠢᠨᠠᠬᠰᠢᠳᠠ ᠰᠢᠯᠢᠳᠡᠭᠵᠢᠭᠦᠯᠵᠦ᠂ ︽  ᠨᠦᠬᠦᠴᠡᠯ ᠪᠦᠷᠢᠯᠳᠦᠬᠦᠯᠦᠨ ᠴᠢᠳᠠᠪᠤᠷᠢᠳᠠᠨ ᠤᠷᠢᠬᠤ︾ ᠲᠦᠯᠦᠪᠯᠡᠭᠡ ᠶᠢ ᠬᠡᠷᠡᠭᠵᠢᠬᠦᠯᠦᠨ᠂ ᠰᠢᠯᠢᠳᠡᠭ ᠪᠡᠯᠡᠳᠭᠡᠯ ᠺᠠᠳ᠋ᠷ ᠢ ᠨᠥᠭᠡᠴᠡᠯᠡᠵᠦ᠂ ᠨᠢᠭᠡ ᠲᠣᠰᠬᠤᠨ ᠤ 3 ᠣᠶᠤᠲᠠᠨ ᠪᠦᠬᠦ ᠪᠠᠯᠭᠠᠰᠤᠨ ᠤ ᠴᠢᠨᠠᠷ ᠰᠠᠶᠢᠲᠠᠢ ᠬᠥᠭᠵᠢᠯᠲᠡ ᠳᠤ ᠪᠠᠲᠤ ᠪᠠᠬᠢ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠨᠭ᠍ᠭᠠᠪᠠ᠃
1.jpg    
      ᠨᠠᠮ ᠤᠨ ᠪᠠᠶᠢᠭᠤᠯᠤᠯᠲᠠ + ᠰᠠᠶᠢᠨ ᠠᠵᠤ ᠦᠢᠯᠡᠰ ᠨᠢ ᠠᠵᠤ ᠠᠬᠤᠢ ᠶᠢᠨ ᠬᠦᠳᠡᠯᠬᠡᠭᠴᠢ ᠡᠨᠧᠷᠬᠢ ᠶᠢ ᠲᠦᠪᠯᠡᠷᠡᠬᠦᠯᠦᠨ᠎ᠠ      ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ᠂ ᠨᠡᠭᠦᠷᠡᠰᠦᠨ ᠠᠭᠤᠷᠬᠠᠶ ᠶᠢᠨ ᠳᠠᠬᠢᠨ ᠬᠠᠭᠠᠯᠪᠤᠷᠢᠯᠠᠬᠰᠠᠨ ᠣᠷᠣᠨ ᠤ ᠲᠠᠷᠢᠮᠠᠯ ᠢ ᠤᠷᠢᠳᠠᠪᠠᠷ ᠬᠥᠭᠵᠢᠭᠦᠯᠵᠦ᠂  ᠦᠬᠡᠷ ᠬᠤᠨᠢ ᠶᠢ ᠵᠤᠬᠢᠬᠤ ᠬᠡᠮᠵᠢᠶ᠎ᠡ ᠪᠠᠷ ᠲᠡᠵᠢᠭᠡᠨ ᠦᠷᠡᠵᠢᠭᠦᠯᠵᠦ᠂ ᠭᠤᠤᠯ ᠳᠠᠭᠠᠤ ᠠᠵᠤ ᠠᠬᠤᠶ ᠶᠢᠨ ᠣᠶ ᠪᠠ ᠲᠣᠮᠣ ᠬᠦᠯᠡᠮᠵᠢ ᠶᠢᠨ ᠳᠠᠷᠢᠮᠠᠯ ᠢ ᠣᠨᠴᠠᠯᠢᠭ ᠲᠠᠢ ᠪᠠᠷ ᠬᠥᠭᠵᠢᠭᠦᠯᠵᠦ᠂ ᠬᠥᠳᠡᠭᠡ ᠲᠣᠰᠬᠤᠨ ᠤ ᠵᠤᠭᠠᠴᠠᠯ ᠤᠨ ᠠᠵᠤ ᠠᠬᠤᠶ ᠶᠢ ᠬᠥᠭᠵᠢᠭᠦᠯᠬᠦ ᠵᠡᠷᠭᠡ ᠬᠠᠮᠲᠤ ᠶᠢᠨ ᠠᠵᠤ ᠠᠬᠤᠶ ᠶᠢᠨ ᠬᠥᠭᠵᠢᠯᠲᠡ ᠶᠢᠨ ᠣᠯᠠᠨ ᠵᠦᠢᠯ ᠤᠨ ᠵᠠᠭᠪᠤᠷ ᠢ  ᠰᠠᠨᠠᠭᠠᠴᠢᠯᠠᠪᠠ᠃ ︽ᠨᠢᠭᠡ ᠲᠣᠰᠬᠤᠨ ᠨᠢᠭᠡ ᠲᠦᠷᠦᠯ ᠲᠡᠮᠳᠡᠭ︾  ᠤᠨ ᠠᠵᠤ ᠦᠢᠯᠡᠰ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠤᠭᠰᠠᠨ ᠰᠠᠭᠤᠷᠢᠨ ᠳᠡᠭᠡᠷ᠎ᠡ᠂ ︽ᠬᠠᠮᠲᠤ ᠶᠢᠨ ᠲᠤᠮᠤ ᠠᠵᠤ ᠠᠬᠤᠶ︾ ᠶᠢᠨ ᠬᠥᠭᠵᠢᠯᠲᠡ ᠶᠢᠨ ᠵᠠᠭᠪᠤᠷ ᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠠᠵᠤ ᠦᠢᠯᠡᠰᠵᠢᠯᠲᠡ ᠶᠢᠨ ᠬᠤᠯᠪᠣᠭᠠᠲᠤ ᠴᠣᠭᠴᠠ ᠶᠢ ᠪᠤᠶᠢᠵᠢᠭᠤᠯᠤᠨ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭᠲᠦ ᠶᠢ ᠪᠣᠶ ᠪᠣᠯᠭᠠᠵᠤ᠂ ᠲᠠᠷᠢᠶᠠᠯᠠᠩ ᠵᠤᠭᠠᠴᠠᠯ ᠢ ᠠᠭᠤᠰᠤᠯᠴᠠᠭᠤᠯᠬᠤ᠂ ᠰᠣᠶᠣᠯ ᠵᠤᠭᠠᠴᠠᠯ ᠢ ᠠᠭᠤᠰᠤᠯᠴᠠᠭᠤᠯᠬᠤ ᠠᠯᠬᠤᠴᠠ ᠶᠢ ᠲᠦᠷᠭᠡᠳᠭᠡᠨ᠂ ᠳᠠᠷᠢᠬᠤ ᠳᠤ ᠳᠣᠭᠢᠷᠠᠪᠠᠯ ᠳᠠᠷᠢᠵᠤ᠂ ᠠᠷᠠᠴᠢᠯᠠᠬᠤ ᠳᠤ ᠳᠣᠭᠢᠷᠠᠪᠠᠯ ᠠᠷᠠᠴᠢᠯᠠᠵᠤ᠂ ᠵᠤᠭᠠᠴᠠᠬᠤ ᠳᠤ ᠳᠣᠭᠢᠷᠠᠪᠠᠯ ᠵᠤᠭᠠᠴᠠᠨ ᠲᠣᠭᠤᠷᠢᠬᠤ ᠠᠵᠤ ᠦᠢᠯᠡᠰ ᠤᠨ ᠬᠥᠭᠵᠢᠯᠲᠡ ᠶᠢᠨ ᠪᠠᠶᠢᠷᠢᠰᠢᠯᠠᠭᠤᠯᠤᠯᠳᠠ ᠶᠢ ᠴᠢᠨᠠᠬᠰᠢᠳᠠ ᠰᠢᠯᠢᠳᠡᠭᠵᠢᠬᠦᠯᠪᠠ᠃ 2022 ᠣᠨ ᠳᠤ ᠪᠥᠬᠦ ᠪᠠᠯᠭᠠᠰᠤᠨ ᠤ 8 ᠲᠣᠰᠬᠤᠨ ᠤ ᠬᠠᠮᠲᠤ ᠶᠢᠨ ᠠᠵᠤ ᠠᠬᠤᠶ ᠶᠢᠨ ᠡᠵᠡᠩᠨᠡᠯᠲᠡ ᠶᠢᠨ ᠴᠢᠨᠠᠷᠲᠠᠶ ᠣᠷᠣᠯᠭ᠎ᠠ ᠨᠢ ᠪᠦᠬᠦᠨ ᠢᠶᠠᠷ ᠢᠶᠠᠨ 30 ᠲᠦᠮᠡᠨ ᠲᠥᠭᠦᠷᠢᠭ ᠢ ᠳᠠᠪᠠᠪᠠ᠃ ᠡᠭᠦᠨ ᠳᠤ ᠤᠷᠤᠯᠭ᠎ᠠ ᠨᠢ 100 ᠲᠦᠮᠡᠨ ᠲᠥᠭᠦᠷᠢᠭ ᠠᠴᠠ 200 ᠲᠦᠮᠡᠨ ᠲᠥᠭᠦᠷᠢᠭ ᠤᠨ ᠲᠤᠰᠬᠤᠨ 1᠂ 200 ᠲᠦᠮᠡᠨ ᠲᠥᠭᠦᠷᠢᠭ ᠠᠴᠠ 300 ᠲᠦᠮᠡᠨ ᠲᠥᠭᠦᠷᠢᠭ ᠤᠨ ᠲᠤᠰᠬᠤᠨ 1᠂ 300 ᠲᠦᠮᠡᠨ ᠲᠥᠭᠦᠷᠢᠭ ᠠᠴᠠ ᠳᠡᠭᠡᠭᠰᠢᠬᠢ ᠲᠤᠰᠬᠤᠨ 2 ᠪᠠᠶᠢᠨ᠎ᠠ᠃
2.jpg
      ᠨᠠᠮ ᠤᠨ ᠪᠠᠶᠢᠭᠤᠯᠤᠯᠲᠠ + ᠰᠠᠶᠢᠲᠤᠷ ᠦᠢᠯᠡᠴᠢᠯᠡᠭᠡ ᠨᠢ ᠠᠷᠠᠳ ᠲᠦᠮᠡᠨ ᠤ ᠲᠦᠯᠦᠬᠡ ᠪᠠᠶᠢᠬᠤ ᠤᠭ ᠰᠠᠨᠠᠭ᠎ᠠ ᠶᠢ ᠪᠠᠳᠤ ᠰᠠᠬᠢᠨ᠎ᠠ      ᠨᠠᠮ ᠤᠨ ᠭᠡᠰᠢᠭᠦᠨ ᠤᠯᠠᠨ ᠲᠦᠮᠡᠨ ᠲᠠᠢ ᠬᠠᠷᠢᠯᠴᠠᠵᠦ ᠤᠯᠠᠨ ᠲᠦᠮᠡᠨ ᠳᠤ ᠦᠢᠯᠡᠴᠢᠯᠡᠬᠦ ︽ᠵᠢᠷᠭᠤᠭᠠᠨ ᠨᠢᠭᠡ︾ ᠶᠢᠨ ᠤᠷᠳᠤ ᠬᠤᠭᠤᠴᠠᠭᠠᠨ ᠤ ᠲᠣᠭᠲᠠᠴᠠ ᠶᠢ ᠭᠦᠨᠵᠡᠭᠡᠶᠢᠷᠡᠭᠦᠯᠵᠦ᠂ ᠨᠠᠮ ᠤᠨ ᠭᠡᠰᠢᠭᠦᠨ ᠭᠠᠷᠠᠭ ᠪᠦᠷᠢ ᠳᠤ ᠤᠯᠠᠨ ᠲᠦᠮᠡᠨ ᠲᠠᠢ ᠨᠢᠭᠡ ᠤᠳᠠᠭ᠎ᠠ ᠬᠠᠷᠢᠯᠴᠠᠵᠤ᠂ ᠰᠠᠷ᠎ᠠ ᠪᠦᠷᠢ ᠳᠤ ᠤᠯᠠᠨ ᠲᠦᠮᠡᠨ ᠲᠠᠢ ᠨᠢᠭᠡ ᠤᠳᠠᠭ᠎ᠠ ᠠᠭᠤᠯᠵᠠᠵᠤ᠂ ︽ᠨᠠᠮ ᠪᠠ ᠤᠯᠠᠨ ᠲᠦᠮᠡᠨ ᠤ ᠰᠡᠳᠭᠢᠯ ᠢ ᠬᠤᠯᠪᠤᠬᠤ ᠬᠥᠭᠦᠷᠭᠡ︾ ᠪᠠᠷ ᠲᠠᠮᠵᠢᠨ᠂ ᠨᠠᠮ ᠤᠨ ᠭᠡᠰᠢᠭᠦᠨ ᠤᠯᠠᠨ ᠲᠦᠮᠡᠨ ᠲᠠᠢ ᠬᠠᠷᠢᠯᠴᠠᠬᠤ᠂ ᠤᠯᠠᠨ ᠲᠦᠮᠡᠨ ᠨᠠᠮ ᠤᠨ ᠭᠡᠰᠢᠭᠦᠨ ᠲᠠᠢ ᠬᠠᠷᠢᠯᠴᠠᠬᠤ ᠰᠢᠨ᠎ᠡ ᠬᠥᠭᠦᠷᠭᠡ ᠬᠤᠯᠪᠤᠭᠠᠰᠤ ᠶᠢ ᠪᠤᠢ ᠪᠤᠯᠭᠠᠵᠦ᠂ ᠪᠠᠯᠭᠠᠰᠤ ᠲᠣᠰᠬᠤᠨ ᠳᠤ ᠪᠠᠶᠢᠡᠭᠭᠤ ᠰᠠᠭᠤᠭ᠎ᠠ ᠪᠦᠬᠦ ᠡᠷᠦᠭᠡ ᠶᠢ ᠪᠦᠷᠬᠦᠬᠦᠯᠵᠡᠢ᠃ 2022 ᠣᠨ ᠳᠤ᠂ ᠪᠥᠬᠦ ᠪᠠᠯᠭᠠᠰᠤᠨ ᠤ 197 ᠨᠠᠮ ᠤᠨ ᠭᠡᠰᠢᠭᠦᠨ 2083 ᠡᠷᠦᠬᠡ ᠣᠯᠠᠨ ᠲᠦᠮᠡᠨ ᠲᠠᠢ ᠬᠠᠷᠢᠯᠴᠠᠵᠤ᠂ ᠣᠯᠠᠨ ᠲᠦᠮᠡᠨ ᠳᠤ 298 ᠪᠣᠳᠠᠳᠤ ᠶᠠᠪᠤᠳᠠᠯ  ᠪᠦᠳᠦᠬᠡᠵᠦ ᠥᠭᠴᠡᠶ᠃ ᠪᠠᠯᠭᠠᠰᠤᠨ ᠤ ᠨᠠᠮ ᠤᠨ ᠬᠤᠷᠢᠶ᠎ᠠ ᠨᠢ ᠠᠷᠠᠳ ᠤᠯᠠᠨ ᠤ ᠬᠦᠴᠢᠷᠳᠡᠯ ᠢ 12 ᠤᠳᠠᠭ᠎ᠠ ᠰᠤᠳᠤᠯᠤᠨ ᠰᠢᠢᠳᠪᠤᠷᠢᠯᠡᠵᠦ᠂ ᠠᠷᠠᠳ ᠤᠯᠠᠨ ᠤ ᠠᠰᠠᠭᠤᠳᠠᠯ ᠢ  21ᠰᠢᠢᠳᠪᠤᠷᠢᠯᠡᠪᠡ︔ ᠲᠤᠰᠬᠤᠨ ᠤ ᠨᠠᠮ ᠤᠨ ᠡᠭᠦᠷ ᠨᠢ ᠠᠷᠠᠳ ᠤᠯᠠᠨ ᠤ ᠬᠦᠴᠢᠷᠳᠡᠯ ᠢ 310 ᠤᠳᠠᠭ᠎ᠠ ᠰᠤᠳᠤᠯᠤᠨ ᠰᠢᠢᠳᠪᠦᠷᠢᠯᠡᠵᠦ᠂  ᠠᠷᠠᠳ ᠤᠯᠠᠨ ᠤ ᠠᠰᠠᠭᠤᠳᠠᠯ ᠢ 288 ᠰᠢᠢᠳᠪᠦᠷᠢᠯᠡᠪᠡ᠃ ᠨᠠᠮ ᠤᠨ ᠭᠡᠰᠢᠭᠦᠨ ᠤ ᠠᠮᠠᠯᠳᠠᠬᠰᠠᠨ ᠢᠶᠠᠨ ᠪᠡᠶᠡᠯᠡᠭᠦᠯᠬᠦ ᠶᠢ ᠪᠠᠶᠢᠡᠭᠭᠤᠵᠢᠭᠤᠯᠤᠨ ᠠᠬᠢᠭᠤᠯᠵᠦ᠂ ᠠᠵᠢᠯ ᠤᠨ ᠪᠠᠶᠢᠷᠢ ᠭᠠᠷᠭᠠᠵᠤ ᠬᠠᠷᠢᠭᠤᠴᠠᠯᠭ᠎ᠠ ᠲᠣᠭᠲᠠᠭᠠᠨ᠂ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠬᠠᠮᠲᠤ ᠨᠠᠮ ᠤᠨ ᠭᠡᠰᠢᠭᠦᠨ ᠤ ᠤᠯᠠᠨ ᠲᠦᠮᠡᠨ ᠲᠠᠢ ᠬᠠᠷᠢᠯᠴᠠᠬᠤ ᠪᠠ ᠬᠦᠮᠦᠨ ᠠᠷᠠᠳ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠵᠠᠰᠠᠬᠤ᠂ ᠵᠥᠷᠢᠴᠡᠯ ᠢ ᠨᠠᠮᠳᠠᠭᠤᠯᠬᠤ ᠶᠢ ᠲᠤᠤᠷᠵᠢᠯ ᠲᠠᠢ ᠤᠶᠠᠯᠳᠤᠭᠤᠯᠵᠤ᠂ ᠠᠵᠢᠯᠳᠠᠨ ᠪᠠ ᠡᠬᠢ ᠪᠠᠶᠠᠯᠢᠭ ᠢ ᠨᠢᠬᠡᠳᠬᠡᠨ᠂ ︽ᠭᠤᠷᠪᠠᠨ ᠲᠣᠣᠷᠵᠢᠯ ᠢ ᠨᠢᠭᠡᠳᠭᠡᠬᠦ︾ ᠶᠢ ᠪᠡᠶᠡᠯᠡᠭᠦᠯᠪᠡ᠃
3.jpg
     ᠨᠠᠮ ᠤᠨ ᠪᠠᠶᠢᠭᠤᠯᠤᠯᠲᠠ +  ᠨᠤᠳᠤᠭ ᠤᠨ ᠰᠠᠶᠢᠨ ᠬᠡᠪ ᠰᠤᠷᠲᠠᠯ ᠢᠶᠠᠷ ᠦᠨᠳᠦᠰᠦᠨ ᠱᠠᠲᠤᠨ ᠤ ᠵᠠᠰᠠᠯᠲᠠ ᠶᠢ  ᠬᠦᠨᠵᠡᠬᠡᠶᠢᠷᠡᠬᠦᠯᠦᠨ᠎ᠠ     ᠨᠠᠮ ᠤᠨ ᠰᠤᠷᠲᠠᠯ ᠢᠶᠠᠷ ᠠᠷᠠᠳ ᠤᠨ ᠰᠤᠷᠲᠠᠯ ᠢ ᠠᠬᠢᠭᠤᠯᠵᠤ᠂ ︽ᠠᠷᠪᠠᠨ ᠤᠳᠤᠨ ᠳᠡᠰ ᠤᠨ ᠪᠣᠯᠪᠠᠰᠤᠨ ᠡᠷᠦᠬᠡ︾᠂ ︽ᠥᠭᠡᠳᠡᠯᠡᠨ ᠲᠠᠪᠰᠢᠬᠰᠠᠨ ᠰᠠᠶᠢᠨ ᠵᠠᠯᠠᠭᠤᠴᠤᠳ︾᠂ ︽ᠬᠠᠮᠤᠭ ᠤᠨ ᠴᠡᠪᠡᠷ ᠴᠡᠮᠴᠡᠬᠡᠷ ᠬᠦᠷᠢᠶ᠎ᠠ ᠬᠠᠰᠢᠶ᠎ᠠ︾᠂ ︽ᠬᠠᠮᠤᠭ ᠰᠠᠶᠢᠬᠠᠨ ᠭᠡᠷ ᠪᠦᠯᠢ︾ ᠵᠡᠷᠭᠡ ᠡᠯ᠎ᠡ ᠲᠦᠷᠦᠯ ᠤᠨ ᠶᠣᠰᠣ ᠰᠤᠷᠲᠠᠬᠤᠨ ᠤ ᠦᠯᠢᠭᠡᠷ ᠳᠠᠭᠤᠷᠢᠶᠠᠯ ᠢ ᠱᠤᠭᠤᠬᠤ ᠪᠠ ᠪᠣᠯᠪᠠᠰᠤᠨ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠦᠷᠨᠢᠬᠦᠯᠪᠠ᠃ ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢ ᠠᠬᠢᠭᠤᠯᠵᠤ᠂ ᠥᠪᠡᠷᠲᠡᠭᠡᠨ ᠵᠠᠰᠠᠬᠤ᠂ ᠬᠠᠤᠯᠢ ᠪᠠᠷ ᠵᠠᠰᠠᠬᠤ᠂ ᠶᠣᠰᠣ ᠮᠤᠷᠠᠯ ᠢᠶᠠᠷ ᠵᠠᠰᠠᠬᠤ ︽ᠭᠤᠷᠪᠠᠨ ᠵᠠᠰᠠᠯᠳᠠ︾ ᠶᠢ ᠠᠭᠤᠰᠤᠯᠴᠠᠭᠤᠯᠤᠭᠰᠠᠨ ᠬᠥᠳᠡᠭᠡ ᠲᠣᠰᠬᠤᠨ ᠤ ᠵᠠᠰᠠᠯᠲᠠ ᠶᠢᠨ ᠲᠤᠬᠳᠠᠯᠴᠠᠭ᠎ᠠ ᠶᠢ ᠬᠦᠴᠦᠯᠡᠨ ᠪᠠᠶᠢᠭᠤᠯᠪᠠ᠃ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠣᠣᠷᠵᠢᠯᠲᠠ ᠶᠢ ᠲᠦᠷᠢᠮᠵᠢᠬᠦᠯᠵᠦ᠂ ᠨᠠᠮ ᠤᠨ ᠭᠡᠰᠢᠭᠦᠨ  ᠤ ᠤᠯᠠᠨ ᠲᠦᠮᠡᠨ ᠲᠠᠢ ᠬᠠᠷᠢᠯᠴᠠᠬᠤ᠂ ᠵᠥᠷᠢᠴᠡᠯ ᠵᠢᠭᠤᠷᠠᠯᠳᠤᠭᠠᠨ ᠢ ᠨᠠᠮᠳᠠᠭᠤᠯᠬᠤ  ᠂ ᠬᠦᠮᠦᠨ ᠠᠷᠠᠳ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠨᠢᠭᠡᠳᠦᠮᠡᠯ ᠹᠷᠣᠨᠲ᠂ ᠦᠨᠳᠦᠰᠦᠲᠡᠨ ᠱᠠᠰᠢᠨ ᠰᠤᠷᠲᠠᠬᠤᠨ ᠵᠡᠷᠭᠡ ᠠᠵᠢᠯ ᠢ ᠪᠦᠬᠦᠨ ᠢ ᠲᠣᠣᠷᠵᠢᠭᠤᠯᠤᠬᠰᠠᠨ ᠬᠠᠮᠢᠶᠠᠷᠤᠯᠲᠠ ᠳᠤ ᠣᠷᠣᠭᠤᠯᠵᠤ᠂ ᠮᠠᠨ ᠤ ᠪᠠᠯᠭᠠᠰᠤ ᠪᠣᠳᠠᠲᠤ ᠪᠠᠶᠢᠳᠠᠯ ᠢᠶᠠᠨ ᠦᠨᠳᠦᠰᠦᠯᠡᠨ᠂ ᠨᠢᠭᠡᠳᠦᠭᠡᠷ ᠳᠡᠰ ᠤᠨ ᠲᠤᠤᠷᠯᠠᠯᠳᠠ ᠶᠢ 1᠂ ᠬᠤᠶᠠᠳᠤᠭᠠᠷ ᠳᠡᠰ ᠤᠨ ᠲᠤᠤᠷᠯᠠᠯᠳᠠ ᠶᠢ 9᠂ ᠭᠤᠷᠪᠠᠳᠤᠭᠠᠷ ᠳᠡᠰ ᠤᠨ ᠲᠤᠤᠷᠯᠠᠯᠳᠠ ᠶᠢ 90 ᠬᠤᠪᠢᠶᠠᠷᠢᠯᠠᠵᠤ᠂ ︽ᠤᠯᠠᠨ ᠲᠤᠤᠷᠵᠢᠯ ᠢ ᠨᠢᠭᠡᠳᠭᠡᠵᠦ᠂ ᠨᠢᠭᠡ ᠲᠤᠤᠷ ᠢᠶᠠᠷ ᠪᠦᠬᠦᠨ ᠢ ᠬᠠᠮᠢᠶᠠᠷᠬᠤ︾ ᠶᠢ ᠪᠡᠶᠡᠯᠡᠭᠦᠯᠵᠡᠢ᠃
4.jpg
      ᠨᠠᠮ ᠤᠨ ᠪᠠᠶᠢᠭᠤᠯᠤᠯᠲᠠ + ᠰᠠᠶᠢᠨ ᠠᠮᠢ ᠠᠬᠤᠶ ᠪᠠᠷ ᠨᠣᠭᠤᠭᠠᠨ ᠥᠩᠭᠡ ᠶᠢᠨ ᠬᠠᠭᠤᠳᠠᠰᠤ ᠶᠢ ᠵᠢᠷᠤᠭᠯᠠᠨ᠎ᠠ      ᠬᠦᠮᠦᠨ ᠠᠷᠠᠳ ᠤᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠰᠠᠨ ᠦᠷ᠎ᠡ ᠪᠦᠲᠦᠮᠵᠢ ᠶᠢ ᠦᠷᠭᠦᠯᠵᠢᠯᠡᠨ ᠪᠠᠳᠤᠳᠬᠠᠵᠦ᠂ ᠬᠤᠷᠰᠢᠶ᠎ᠠ ᠪᠠᠷ ᠨᠢᠭᠡᠴᠢ ᠪᠣᠯᠭᠠᠬᠤ ᠪᠤᠶᠤ ᠬᠤᠷᠰᠢᠶ᠎ᠠ ᠶᠢᠨ ᠲᠤᠳᠤᠷ᠎ᠠ ᠪᠠᠨ ᠲᠤᠤᠷᠯᠠᠯᠳᠠ ᠶᠢ ᠬᠤᠪᠢᠶᠠᠷᠢᠯᠠᠵᠤ᠂ ᠰᠢᠶᠠᠩ ᠪᠠᠯᠭᠠᠰᠤᠨ ᠤ ᠺᠠᠳ᠋ᠷ ᠪᠠ ᠲᠣᠰᠬᠤᠨ ᠤ ︽ᠭᠤᠷᠪᠠᠨ ᠵᠥᠪᠯᠡᠯ ︾ ᠨᠢ ᠬᠤᠷᠰᠢᠶ᠎ᠠ ᠶᠢ ᠳᠠᠭᠠᠭᠠᠴᠢᠯᠠᠬᠤ᠂ ᠲᠤᠤᠷ ᠤᠨ ᠳᠠᠷᠤᠭ᠎ᠠ ᠪᠣᠳᠠᠲᠠᠢ ᠬᠠᠷᠢᠭᠤᠴᠠᠵᠦ᠂ ᠲᠤᠤᠷ ᠤᠨ ᠠᠵᠢᠯᠲᠠᠨ ᠪᠠ ᠬᠢᠨᠠᠯᠲᠠ ᠲᠠᠯᠪᠢᠭᠴᠢ ᠱᠠᠯᠠᠪᠳᠠᠭᠤᠯᠤᠨ ᠪᠠᠶᠢᠴᠠᠭᠠᠵᠦ᠂ ᠲᠠᠷᠢᠶᠠᠴᠢᠨ ᠡᠷᠦᠬᠡ ᠶᠢᠨ ︽ᠭᠤᠷᠪᠠ ᠶᠢ ᠳᠠᠭᠠᠭᠠᠴᠢᠯᠠᠬᠤ︾ ᠶᠢ ᠴᠡᠭᠴᠡᠯᠡᠨ ᠵᠠᠰᠠᠬᠤ ᠲᠤᠤᠷᠵᠢᠭᠤᠯᠤᠬᠰᠠᠨ ᠬᠠᠮᠢᠶᠠᠷᠤᠯᠲᠠ ᠶᠢᠨ ᠠᠵᠢᠯᠯᠠᠭᠠᠨ ᠤ ᠪᠠᠶᠢᠷᠢᠰᠢᠯ ᠢ ᠪᠦᠷᠢᠯᠳᠦᠭᠦᠯᠪᠡ︔ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠤᠯᠤᠰ ᠤᠨ ᠲᠠᠰ ᠤᠨ ᠪᠣᠬᠢᠷᠲᠤᠯ ᠥᠬᠡᠶ ᠠᠭᠤᠷᠬᠠᠶ ᠶᠢ 2᠂ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠬᠢᠷᠲᠤᠯ ᠥᠬᠡᠶ ᠠᠭᠤᠷᠬᠠᠶ ᠶᠢ 2 ᠪᠠᠶᠢᠭᠤᠯᠪᠠ︔ ᠠᠭᠤᠷᠬᠠᠶ ᠶᠢᠨ ᠣᠷᠣᠨ ᠢ ᠳᠠᠬᠢᠨ ᠬᠠᠭᠠᠯᠪᠤᠷᠢᠯᠠᠵᠤ ᠨᠣᠭᠤᠭᠠᠷᠠᠭᠤᠯᠬᠤ ᠶᠢ ᠨᠠᠶᠢᠳᠠᠪᠤᠷᠢᠵᠢᠭᠤᠯᠵᠤ᠂ ᠬᠤᠸᠠ ᠨᠧᠩ ᠬᠡᠷᠡᠯ  ᠴᠡᠨᠡᠭ ᠤᠨ ᠠᠵᠤ ᠦᠢᠯᠡᠰ + ᠬᠡᠯᠬᠢᠶ᠎ᠠ ᠬᠤᠪᠢᠷᠠᠭᠠᠬᠤ ᠠᠭᠤᠷᠬᠠᠶ ᠶᠢᠨ ᠺᠠᠷᠲ ᠶᠢ ᠨᠢᠭᠡ ᠴᠤᠭᠴᠠᠵᠢᠭᠤᠯᠤᠭᠰᠠᠨ ᠬᠡᠷ ᠤᠨ ᠣᠷᠣᠶ ᠲᠡᠭᠡᠷᠡᠬᠢ ᠲᠠᠷᠬᠠᠯᠲᠠ ᠶᠢᠨ ᠬᠡᠯᠪᠡᠷᠢ ᠶᠢᠨ ᠬᠡᠷᠡᠯ ᠴᠡᠨᠡᠭ ᠤᠨ ᠲᠥᠷᠥᠯ ᠵᠦᠢᠯ᠂ ᠲᠦᠷᠪᠡᠳᠡᠭᠴᠢ ᠮᠣᠯᠧᠺᠦ᠋ᠯ ᠤᠨ ᠲᠣᠰᠬᠤᠨ ᠤ ᠪᠤᠬᠢᠷᠳᠦᠯ ᠦᠬᠡᠢ ᠴᠠᠬᠢᠯᠭᠠᠨ + ᠴᠡᠪᠡᠷ ᠡᠨᠧᠷᠭᠢ ᠪᠠᠷ ᠳᠤᠯᠠᠭᠠᠯᠠᠬᠤ ᠲᠥᠷᠥᠯ ᠵᠦᠢᠯ ᠤᠨ  ᠬᠡᠷᠡᠭᠵᠢᠬᠦᠯᠦᠯᠳᠠ ᠶᠢ ᠠᠬᠢᠭᠤᠯᠪᠠ︔ ᠠᠮᠢ ᠠᠬᠤᠶ ᠶᠢᠨ ᠵᠤᠭᠠᠴᠠᠯ ᠢ ᠬᠥᠭᠵᠢᠭᠦᠯᠵᠦ᠂ ᠬᠠᠲᠤᠨ ᠭᠤᠤᠯ ᠤᠨ ᠶᠡᠭᠡ ᠬᠠᠪᠴᠢᠯ ᠤᠨ ᠵᠤᠭᠠᠴᠠᠯ ᠤᠨ ᠦᠵᠡᠮᠵᠢ ᠶᠢᠨ ᠣᠷᠣᠨ ᠳᠤ ᠲᠦᠰᠢᠭᠯᠡᠨ᠂ ᠳ᠋ᠦ᠋ ᠵᠢᠶᠠ ᠮᠤᠤ ᠶᠢᠨ ᠬᠠᠪᠴᠢᠯ ᠤᠨ ᠬᠦᠷᠢᠶ᠎ᠡ ᠬᠠᠰᠢᠶ᠎ᠠ᠂ ᠸᠧᠶ ᠵᠢᠶᠠ ᠮᠤᠤ ᠶᠢᠨ ᠬᠤᠪᠢᠰᠬᠠᠯᠳᠤ ᠦᠵᠡᠰᠭᠦᠯᠡᠩ ᠤᠨ ᠣᠷᠳᠣᠨ ᠤ ᠬᠤᠪᠢᠰᠬᠠᠯᠳᠤ ᠵᠤᠭᠠᠴᠠᠯ ᠵᠡᠷᠭᠡ ᠬᠥᠳᠡᠭᠡ ᠲᠣᠰᠬᠤᠨ ᠤ ᠵᠤᠭᠠᠴᠠᠯ ᠤᠨ ᠦᠢᠯᠡᠰ ᠢ ᠬᠡᠷᠡᠭᠵᠢᠭᠦᠯᠵᠦ᠂ ᠠᠵᠤ ᠠᠬᠤᠶ ᠶᠢᠨ ᠰᠢᠨ᠎ᠡ ᠨᠡᠮᠡᠭᠳᠡᠯ ᠴᠡᠭ ᠢ ᠴᠢᠨᠠᠬᠰᠢᠳᠠ ᠬᠠᠶᠢᠨ ᠰᠦᠪᠡᠭᠴᠢᠯᠡᠪᠠ᠃
ᠢᠷᠡᠯᠲᠡ᠄ ᠵᠠᠬᠦᠨᠭᠠᠷ ᠤᠨ ᠬᠤᠰᠢᠭᠤᠴᠢ