ᠴᠠᠶᠢᠵᠠ ᠶᠢᠨ ᠳᠡᠭᠡᠷᠡᠬᠢ ᠪᠠᠭᠤᠷᠢ
ᠨᠡᠶᠢᠲᠡᠯᠡᠭᠰᠡᠨ ᠴᠠᠭ᠄
2023/4/26
      ᠴᠠᠶᠢᠵᠠ ᠶᠢᠨ ᠳᠡᠭᠡᠷᠡᠬᠢ ᠪᠠᠭᠤᠷᠢ ᠨᠢ ᠰᠢᠤᠸᠠᠢ ᠵᠢᠶᠠ ᠸᠠᠨ ᠪᠠᠯᠭᠠᠰᠤᠨ ᠤ ᠪᠠᠢ ᠼᠤᠤ ᠲᠠ ᠲᠣᠰᠬᠤᠨ ᠳᠤ ᠪᠠᠶᠢᠷᠢᠯᠠᠵᠤ᠂ ᠪᠠᠭᠤᠷᠢ ᠶᠢᠨ ᠭᠠᠵᠠᠷ ᠤᠨ ᠪᠠᠶᠢᠴᠠ  ᠶᠢᠨ ᠵᠡᠬᠦᠨᠳᠡᠬᠢ ᠨᠢ ᠥᠨᠳᠥᠷ ᠪᠠᠷᠠᠭᠤᠨᠳᠡᠬᠢ ᠨᠢ ᠪᠤᠭᠤᠨᠢ ᠠᠭᠤᠯᠠᠨ ᠬᠥᠲᠥᠯ ᠳᠤ ᠪᠠᠶᠢᠵᠤ᠂ ᠭᠠᠵᠠᠷ  ᠳᠡᠭᠡᠷ᠎ᠠ ᠶᠡᠭᠡ ᠬᠡᠮᠵᠢᠶᠡᠨ ᠤ ᠸᠠᠭᠠᠷ ᠤᠨ ᠬᠡᠯᠲᠡᠷᠬᠡᠢ ᠲᠠᠢ᠂ ᠣᠯᠠᠩᠬᠢ ᠨᠢ ᠰᠢᠪᠠᠷᠯᠢᠭ ᠦᠨᠡᠰᠦᠨ ᠸᠠᠭᠠᠷ ᠪᠠᠶᠢᠵᠤ᠂ ᠰᠠᠪᠠ ᠶᠢᠨ ᠬᠡᠯᠪᠡᠷᠢ ᠨᠢ ᠠᠮᠠᠨ ᠢᠷᠮᠡᠭ ᠪᠠ ᠰᠠᠪᠠ ᠶᠢᠨ ᠢᠷᠤᠭᠠᠷ ᠲᠠᠢ᠂ ᠬᠡ ᠤᠭᠠᠯᠵᠠ ᠨᠢ ᠳᠡᠭᠡᠰᠦᠨ ᠤ ᠬᠡ ᠂ ᠬᠥᠪᠴᠢ ᠶᠢᠨ ᠬᠡ ᠵᠡᠷᠭᠡ ᠲᠠᠢ ᠪᠠᠶᠢᠳᠠᠭ᠃ ᠪᠠᠭᠤᠷᠢ ᠶᠢ ᠨᠢᠭᠡᠨᠲᠡ ᠲᠠᠷᠢᠶᠠᠨ ᠭᠠᠵᠠᠷ ᠪᠣᠯᠭᠠᠨ ᠨᠡᠭᠡᠭᠡᠵᠡᠢ᠃ ᠴᠠᠶᠢᠵᠠ ᠶᠢᠨ ᠳᠡᠭᠡᠷᠡᠬᠢ ᠪᠠᠭᠤᠷᠢ ᠶᠢ ᠥᠪᠥᠷ ᠮᠣᠩᠭᠤᠯ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠭᠤᠴᠢ ᠰᠤᠳᠤᠯᠤᠯ ᠤᠨ ᠰᠤᠳᠤᠯᠭᠠᠨ ᠤ ᠭᠠᠵᠠᠷ ᠠᠴᠠ ᠹᠧᠩᠵᠧᠨ ᠠᠴᠠ ᠵᠡᠬᠦᠠᠭᠠᠷ ᠬᠦᠷᠬᠦ ᠲᠡᠮᠦᠷ ᠵᠠᠮ ᠤᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠲᠠᠢ ᠬᠠᠮᠵᠢᠯᠴᠠᠨ 1990 ᠣᠨ ᠤ 5 ︱ 6 ᠰᠠᠷ᠎ᠠ ᠶᠢᠨ ᠬᠤᠭᠤᠷᠣᠨᠳᠤ ᠨᠡᠭᠡᠭᠡᠨ ᠮᠠᠯᠲᠠᠭᠰᠠᠨ ᠪᠥᠭᠡᠳ ᠵᠣᠬᠢᠬᠤ ᠨᠡᠭᠡᠭᠡᠨ ᠮᠠᠯᠲᠠᠭᠰᠠᠨ ᠮᠡᠳᠡᠭᠦᠯᠦᠯᠲᠡ ᠶᠢ ᠨᠡᠶᠢᠲᠡᠯᠡᠭᠰᠡᠨ ᠪᠠᠶᠢᠨ᠎ᠠ᠃ ︽ᠣᠷᠳᠣᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠭᠤᠴᠢ ᠰᠤᠳᠤᠯᠤᠯ ᠤᠨ ᠵᠣᠬᠢᠶᠠᠯ ᠤᠨ ᠲᠡᠭᠦᠪᠦᠷᠢ︾ ᠳᠤ ᠲᠣᠰ ᠨᠡᠭᠡᠭᠡᠨ ᠮᠠᠯᠲᠠᠵᠤ ᠨᠡᠷ᠎ᠡ ᠮᠡᠳᠡᠭᠦᠯᠦᠭᠰᠡᠨ ᠠᠭᠤᠯᠭ᠎ᠠ ᠶᠢ ᠣᠷᠣᠭᠤᠯᠤᠭᠰᠠᠨ ᠪᠠᠶᠢᠨ᠎ᠠ᠃ ᠦᠯᠢᠭᠡᠷ ᠴᠤᠭᠯᠠᠭᠤᠯᠬᠤ ᠣᠨᠴᠠᠯᠢᠭ ᠪᠠ ᠬᠤᠯᠪᠣᠭᠳᠠᠯ ᠪᠦᠬᠦᠢ ᠮᠠᠲ᠋ᠧᠷᠢᠶᠠᠯ ᠤᠨ ᠲᠡᠮᠳᠡᠭᠯᠡᠯ ᠢ ᠦᠨᠳᠦᠰᠦᠯᠡᠨ᠂ ᠲᠤᠰ ᠪᠠᠭᠤᠷᠢ  ᠶᠢ ᠰᠢᠨ᠎ᠡ ᠴᠢᠯᠠᠭᠤᠨ ᠵᠡᠪᠰᠡᠭ ᠤᠨ ᠦᠶ᠎ᠡ᠂ ᠪᠠᠶᠢᠯᠳᠤᠭᠠᠨᠲᠤ ᠤᠯᠤᠰ ᠤᠨ ᠦᠶ᠎ᠡ ᠶᠢᠨ ᠪᠠᠭᠤᠷᠢ ᠭᠡᠵᠦ ᠠᠩᠬ᠎ᠠ ᠠᠯᠬᠤᠮ ᠮᠠᠭᠠᠳᠯᠠᠪᠠ᠃
ᠢᠷᠡᠯᠲᠡ᠄ ᠲᠤᠰ ᠰᠦᠯᠵᠢᠶ᠎ᠡ