︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠳᠤᠭᠡᠨ ᠪᠠᠶᠢᠭᠤᠯᠤᠶ᠎ᠠ
ᠨᠡᠶᠢᠲᠡᠯᠡᠭᠰᠡᠨ ᠴᠠᠭ᠄
2023/4/28
     ᠳ᠋ᠠ ᠯᠤ᠋ ᠪᠠᠯᠭᠠᠰᠤ ︽ᠭᠤᠷᠪᠠ ᠶᠢ ᠴᠢᠩᠭᠠᠳᠬᠠᠬᠤ︾ ᠠᠵᠢᠯ ᠤᠨ ᠠᠷᠭ᠎ᠠ ᠪᠠᠷ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠳᠤᠭᠡᠨ ᠪᠠᠶᠢᠭᠤᠯᠬᠤ ᠠᠵᠢᠯ  ᠢ ᠠᠬᠢᠭᠤᠯᠤᠨ ᠳᠤᠮᠳᠠᠳᠤ ᠶᠢᠨ ᠦᠨᠳᠤᠰᠤᠳᠡᠨ ᠤ ᠬᠠᠮᠳᠤ ᠶᠢᠨ ᠴᠤᠬᠴᠠ ᠶᠢᠨ ᠤᠬᠠᠮᠰᠠᠷ ᠢ ᠪᠠᠳᠤᠳᠬᠠᠨ ᠪᠤᠳᠠᠳᠠᠶᠢᠵᠢᠭᠤᠯᠵᠤ ᠪᠠᠶᠢᠨ᠎ᠠ      ᠡᠨᠡ ᠵᠢᠯ ᠠᠴᠠ ᠨᠠᠭᠠᠰᠢ᠂ ᠳ᠋ᠠ ᠯᠦ ᠪᠠᠯᠭᠠᠰᠤ  ︽ᠭᠤᠷᠪᠠ ᠶᠢ ᠴᠢᠩᠭᠠᠳᠬᠠᠬᠤ︾ ᠠᠵᠢᠯ ᠤᠨ ᠠᠷᠭ᠎ᠠ ᠪᠠᠷ  ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠡᠯ᠎ᠡ ᠵᠦᠢᠯ ᠤᠨ ᠡᠭᠦᠷᠭᠡ ᠶᠢ ᠪᠡᠶᠡᠯᠡᠬᠦᠯᠬᠦ  ᠶᠢ ᠠᠬᠢᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠨ ᠪᠤᠳᠠᠳᠠᠶᠢᠵᠢᠭᠤᠯᠵᠤ᠂ ᠦᠨᠳᠦᠰᠦᠲᠡᠨ ᠨᠦᠭᠦᠳ ᠤᠨ ᠬᠠᠮᠲᠤ ᠶᠢᠨ ᠣᠶᠤᠨ ᠰᠠᠨᠠᠭᠠᠨ ᠤ ᠭᠡᠷ ᠣᠷᠣᠨ ᠢ ᠴᠢᠷᠮᠠᠶᠢᠨ ᠴᠣᠭᠴᠠᠯᠠᠵᠤ ᠪᠠᠶᠢᠨ᠎ᠠ᠃                       ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ ︽ᠵᠢᠱᠢᠶᠡᠴᠢ ᠥᠪᠡᠷᠲᠡᠭᠡᠨ ᠵᠠᠰᠠᠬᠤ ᠣᠷᠣᠨ︾             ᠢ  ᠪᠦᠲᠦᠭᠡᠨ  ᠪᠠᠶᠢᠭᠤᠯᠬᠤ   ᠦᠨᠳᠦᠰᠦᠨ  ᠱᠠᠲᠤᠨ  ᠤ   ᠰᠠᠭᠤᠷᠢ   ᠶᠢ   ᠪᠠᠬᠢᠵᠢᠭᠦᠯᠪᠠ
                 大路1.jpg  
      ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠬᠴᠠᠯᠠᠬᠤ ︽ᠠᠷᠪᠠ ᠶᠢ ᠣᠷᠣᠭᠤᠯᠬᠤ︾ ᠱᠠᠭᠠᠷᠳᠠᠯᠭ᠎ᠠ ᠶᠣᠰᠣᠭᠠᠷ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠠᠵᠢᠯ ᠢ ᠪᠠᠯᠭᠠᠰᠤᠨ ᠤ ᠨᠠᠮ ᠤᠨ ᠬᠤᠷᠢᠶ᠎ᠠ ᠶᠢᠨ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ ᠪᠠ ᠲᠣᠰᠬᠤᠨ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠪᠠᠷ ᠨᠢᠭᠡᠳᠦᠭᠡᠷ ᠬᠠᠷᠢᠭᠤᠴᠠᠯᠭᠠᠲᠠᠨ ᠪᠣᠯᠭᠠᠵᠤ᠂ ᠨᠠᠮ ᠤᠨ ᠤᠳᠤᠷᠢᠳᠤᠯᠭ᠎ᠠ ᠶᠢ ᠦᠨᠡᠨᠬᠦ ᠴᠢᠩᠭᠠᠳᠬᠠᠵᠤ ᠪᠠᠶᠢᠨ᠎ᠠ᠃ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠢ ᠴᠠᠭ ᠲᠤᠬᠠᠢ ᠳᠤᠨᠢ ᠬᠤᠷᠠᠯᠳᠤᠭᠤᠯᠵᠤ᠂ ᠠᠵᠢᠯ ᠤᠨ ᠲᠥᠰᠥᠯ ᠲᠣᠭᠲᠠᠭᠠᠨ᠂ ᠦᠵᠡᠯ ᠰᠠᠨᠠᠭ᠎ᠠ ᠲᠠᠨᠢᠯᠲᠠ ᠪᠠᠨ ᠤᠯᠠᠮ  ᠴᠢᠨᠠᠬᠰᠢᠳᠠ ᠨᠢᠭᠡᠳᠬᠡᠵᠦ᠂ ᠤᠯᠤᠰ ᠲᠦᠷᠦ ᠶᠢᠨ ᠵᠣᠭᠰᠣᠴᠠ ᠪᠠᠨ ᠪᠠᠳᠤᠳᠬᠠᠨ᠂ ᠪᠣᠳᠠᠲᠠᠢ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠪᠠᠯᠭᠠᠰᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠬᠤᠪᠢᠳᠠᠨ ᠬᠠᠮᠢᠶᠠᠷᠴᠤ ᠨᠢᠭᠡᠳᠦᠮᠡᠯ ᠹᠷᠣᠨᠲ ᠤᠨ ᠭᠡᠰᠢᠭᠦᠨ ᠭᠤᠣᠯᠯᠠᠨ ᠠᠳᠬᠤᠬᠤ ᠶᠢ ᠲᠣᠳᠣᠷᠬᠠᠶᠢᠯᠠᠵᠤ᠂ 2 ᠱᠠᠲᠤᠨ ᠤ ᠵᠣᠬᠢᠶᠠᠨ ᠪᠠᠶᠢᠭᠤᠯᠤᠯᠲᠠ᠂ 4 ᠡᠩᠨᠡᠭᠡ ᠶᠢ ᠵᠣᠬᠢᠶᠠᠨ ᠪᠠᠶᠢᠭᠤᠯᠵᠤ᠂ 16 ᠬᠤᠯᠪᠣᠭᠠᠴᠢᠨ᠂ 154  ᠳᠤᠤᠷᠵᠢᠭᠤᠯᠤᠬᠰᠠᠨ ᠬᠠᠮᠢᠶᠠᠷᠤᠯᠳᠠ ᠶᠢᠨ ᠠᠵᠢᠯᠲᠠᠨ ᠢ ᠰᠣᠩᠭᠤᠨ ᠲᠣᠬᠢᠷᠠᠭᠤᠯᠵᠤ᠂ ︽ᠪᠠᠭ᠎ᠠ ᠳᠤᠤᠷᠵᠢᠯ᠂ ᠶᠡᠭᠡ ᠨᠢᠭᠡᠳᠦᠮᠡᠯ ᠹᠷᠣᠨᠲ︾  ᠤᠨ ᠠᠵᠢᠯ ᠤᠨ ᠪᠠᠶᠢᠷᠢᠰᠢᠯ ᠢ ᠬᠦᠴᠦᠯᠡᠨ ᠪᠠᠶᠢᠭᠤᠯᠬᠤ ᠪᠠᠷ ᠲᠣᠭᠲᠠᠪᠠ᠃ ᠪᠠᠯᠭᠠᠰᠤᠨ ᠤ ᠲᠠᠰ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠦᠢᠯᠡᠳᠦᠯᠭᠡ ᠶᠢᠨ ᠭᠠᠵᠠᠷ ᠪᠠ ᠲᠣᠰᠬᠤᠨ ᠨᠡᠶᠢᠭᠡᠮ ᠲᠣᠭᠤᠷᠢᠭ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ  ᠤᠬᠠᠮᠰᠠᠷ ᠤᠨ ᠬᠥᠮᠦᠵᠢᠯ ᠦᠢᠯᠡᠳᠦᠯᠭᠡ ᠶᠢᠨ ᠥᠷᠲᠡᠭᠡ  ᠭᠡᠬᠦ ᠬᠤᠶᠠᠷ ᠱᠠᠲᠤᠨ ᠤ ᠲᠠᠪᠴᠠᠩ ᠢ ᠨᠡᠶᠢᠲᠡ 16 ᠪᠠᠶᠢᠭᠤᠯᠵᠤ᠂  ᠬᠠᠷᠢᠶ᠎ᠠ ᠭᠠᠵᠠᠷ ᠣᠷᠣᠨ ᠤ ᠦᠨᠳᠦᠰᠦᠲᠡᠨ ᠨᠦᠭᠦᠳ ᠤᠨ ᠠᠷᠠᠳ ᠣᠯᠠᠨ ᠤ ᠰᠤᠷᠤᠯᠴᠠᠵᠤ ᠰᠣᠯᠢᠯᠴᠠᠬᠤ᠂ ᠰᠢᠨ᠎ᠡ ᠶᠢ ᠡᠭᠦᠳᠬᠦ ᠦᠢᠯᠡᠴᠢᠯᠡᠭᠡ ᠳᠤ ᠵᠢᠭᠰᠠᠭᠠᠯ ᠤᠨ ᠭᠠᠵᠠᠷ ᠤᠨ ᠪᠠᠲᠤᠯᠠᠭ᠎ᠠ ᠬᠠᠩᠭᠠᠪᠠ᠃                          ᠰᠤᠷᠤᠯᠴᠠᠯᠭ᠎ᠠ ᠤᠬᠠᠭᠤᠯᠭ᠎ᠠ  ᠶᠢ ᠴᠢᠩᠭᠠᠳᠬᠠᠵᠤ ︽ᠵᠢᠱᠢᠶᠡᠴᠢ ᠥᠪᠡᠷᠲᠡᠭᠡᠨ ᠵᠠᠰᠠᠬᠤ ᠣᠷᠣᠨ︾              ᠢ  ᠪᠦᠲᠦᠭᠡᠨ  ᠪᠠᠶᠢᠭᠤᠯᠬᠤ  ᠴᠢᠳᠠᠪᠤᠷᠢ  ᠶᠢᠨ   ᠬᠢᠷᠢ   ᠲᠦᠪᠰᠢᠨ   ᠢ ᠳᠡᠭᠡᠭᠰᠢᠯᠡᠭᠦᠯᠪᠠ

大路2.jpg

 

      ᠨᠢᠭᠡ ᠳᠤ ᠤᠳᠤᠷᠢᠳᠬᠤ ᠪᠠᠭ ᠳᠦᠷᠦᠬᠦᠯᠡᠨ ᠰᠤᠷᠤᠯᠴᠠᠵᠤ ᠰᠤᠷᠤᠯᠴᠠᠯᠭ᠎ᠠ ᠶᠢ ᠠᠬᠢᠭᠤᠯᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠲᠦᠷᠦᠭᠦᠯᠡᠨ

ᠰᠤᠷᠤᠯᠴᠠᠵᠤ᠂ ᠲᠦᠷᠦᠭᠦᠯᠡᠨ ᠰᠡᠳᠬᠢᠵᠦ᠂ ᠲᠦᠷᠦᠭᠦᠯᠡᠨ ᠨᠠᠶᠢᠳᠠᠪᠤᠷᠢᠵᠢᠭᠤᠯᠵᠤ᠂ ᠡᠩ ᠲᠡᠷᠢᠭᠦᠨ ᠳᠤ ᠳ᠋ᠡ ᠯᠦ ᠪᠠᠯᠭᠠᠰᠤ ᠶᠢᠨ ᠨᠠᠮ ᠤᠨ ᠬᠤᠷᠢᠶ᠎ᠠ ᠶᠢᠨ ᠤᠨᠤᠯ ᠤᠨ

ᠰᠤᠷᠤᠯᠴᠠᠯᠭ᠎ᠠ ᠶᠢᠨ ᠭᠤᠣᠯ ᠳᠤᠭᠤᠶᠢᠯᠠᠩ ᠤᠨ ᠲᠤᠰᠬᠠᠢ ᠰᠡᠳᠦᠪᠲᠦ ᠬᠤᠷᠠᠯ ᠪᠣᠯᠣᠨ 2023 ᠣᠨ ᠤ ᠨᠢᠭᠡᠳᠦᠮᠡᠯ ᠹᠷᠣᠨᠲ ᠤᠨ ᠠᠵᠢᠯ ᠢ ᠠᠬᠢᠭᠤᠯᠬᠤ ᠬᠤᠷᠠᠯ ᠢ

ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠡᠯ᠎ᠡ ᠱᠠᠲᠤᠨ ᠤ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ︽ᠵᠢᠱᠢᠶᠡᠴᠢ ᠥᠪᠡᠷᠲᠡᠭᠡᠨ

ᠵᠠᠰᠠᠬᠤ ᠣᠷᠣᠨ︾  ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠬᠴᠠᠯᠠᠬᠤ

ᠠᠵᠢᠯ ᠤᠨ ᠭᠤᠣᠯᠳᠠᠯᠭ᠎ᠠ ᠲᠠᠢ ᠡᠭᠦᠷᠭᠡ ᠶᠢ ᠪᠠᠶᠢᠷᠢᠯᠠᠭᠤᠯᠪᠠ᠃

      ᠬᠤᠶᠠᠷ ᠲᠤ ᠺᠠᠳ᠋ᠷᠴᠤᠳ ᠢ ᠵᠣᠬᠢᠶᠠᠨ ᠪᠠᠶᠢᠭᠤᠯᠵᠤ ᠬᠤᠯᠪᠣᠭᠳᠠᠯ ᠪᠦᠬᠦᠢ ᠤᠨᠤᠯ ᠤᠨ ᠮᠡᠳᠡᠯᠭᠡ ᠪᠠ ᠲᠦᠷᠦ ᠶᠢᠨ ᠪᠣᠳᠣᠯᠭ᠎ᠠ ᠬᠠᠤᠯᠢ ᠲᠣᠭᠲᠠᠭᠠᠯ ᠢ

ᠰᠤᠷᠤᠯᠴᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ  ᠴᠤᠬᠴᠠᠯᠠᠬᠤ ᠲᠤᠰᠬᠠᠢ ᠰᠡᠳᠦᠪᠲᠦ ᠤᠬᠠᠭᠤᠯᠤᠨ

ᠲᠠᠶᠢᠯᠪᠤᠷᠢᠯᠠᠬᠤ ᠬᠤᠷᠠᠯ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ  ᠴᠤᠬᠴᠠᠯᠠᠬᠤ ᠰᠢᠷᠢᠰ ᠠᠵᠢᠯᠯᠠᠭ᠎ᠠ ᠶᠢ 11 ᠤᠳᠠᠭ᠎ᠠ

ᠥᠷᠨᠢᠭᠦᠯᠵᠦ᠂ ᠰᠣᠷᠣᠭᠰᠠᠨ ᠢᠶᠠᠨ ᠬᠡᠷᠡᠭᠯᠡᠵᠦ᠂ ᠴᠢᠳᠠᠪᠤᠷᠢ ᠪᠠᠨ ᠳᠡᠭᠡᠭᠰᠢᠯᠡᠭᠦᠯᠵᠦ᠂ ᠠᠵᠢᠯ ᠤᠨ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠤ ᠪᠠᠲᠤ ᠪᠠᠬᠢ

ᠤᠨᠤᠯ ᠤᠨ ᠰᠠᠭᠤᠷᠢ ᠶᠢ ᠲᠠᠯᠪᠢᠪᠠ᠃

     ᠭᠤᠷᠪᠠ ᠳᠤ ᠭᠤᠣᠯ ᠳᠤᠭᠤᠶᠢᠯᠠᠩ᠂ ᠪᠠᠶᠢᠭᠤᠯᠭ᠎ᠠ ᠶᠢᠨ ᠨᠠᠮ ᠤᠨ ᠵᠣᠬᠢᠶᠠᠨ ᠪᠠᠶᠢᠭᠤᠯᠤᠯᠲᠠ᠂ ᠰᠠᠭᠤᠷᠢ ᠵᠣᠬᠢᠶᠠᠨ ᠪᠠᠶᠢᠭᠤᠯᠤᠯᠲᠠ᠂ ᠲᠣᠰᠬᠤᠨ ᠳᠤ ᠰᠠᠭᠤᠭ᠎ᠠ

ᠤᠬᠠᠭᠤᠯᠤᠨ ᠲᠠᠶᠢᠯᠪᠤᠷᠢᠯᠠᠬᠤ ᠠᠩᠭᠢ ᠵᠡᠷᠭᠡ ᠪᠠᠯᠭᠠᠰᠤᠨ ᠤ ᠳᠡᠰ ᠤᠨ 4  ᠤᠬᠠᠭᠤᠯᠤᠨ ᠲᠠᠶᠢᠯᠪᠤᠷᠢᠯᠠᠬᠤ ᠡᠩᠨᠡᠭᠡ ᠵᠢᠴᠢ ᠲᠣᠰᠬᠤᠨ᠂ ᠨᠡᠶᠢᠭᠡᠮ ᠲᠣᠭᠤᠷᠢᠭ ᠤᠨ 32

ᠤᠬᠠᠭᠤᠯᠤᠨ ᠲᠠᠶᠢᠯᠪᠤᠷᠢᠯᠠᠬᠤ ᠡᠩᠨᠡᠭᠡ ᠶᠢ ᠪᠠᠶᠢᠭᠤᠯᠵᠤ᠂ ︽ᠨᠢᠭᠡᠳᠦᠮᠡᠯ ᠹᠷᠣᠨᠲ ᠤᠨ ᠭᠡᠷ︾᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ

ᠤᠬᠠᠮᠰᠠᠷ ᠤᠨ ᠦᠢᠯᠡᠳᠦᠯᠭᠡ ᠬᠥᠮᠦᠵᠢᠯ ᠤᠨ ᠭᠠᠵᠠᠷ ︵ᠦᠷᠲᠡᠭᠡ︶ ᠵᠡᠷᠭᠡ ᠵᠢᠭᠰᠠᠭᠠᠯ ᠤᠨ ᠭᠠᠵᠠᠷ ᠲᠤ ︽ᠠᠨᠠᠷ ᠤᠨ ᠦᠷ᠎ᠡ︾ ᠶᠢᠨ ᠴᠣᠩᠬᠤ  ᠭᠠᠷᠭᠠᠵᠤ᠂  ︽

ᠨᠠᠮ ᠤᠨ ᠦᠭᠡ ᠶᠢ ᠰᠣᠨᠣᠰᠴᠤ᠂ ᠨᠠᠮ ᠤᠨ ᠠᠴᠢ ᠶᠢ ᠮᠡᠳᠡᠷᠡᠨ᠂ ᠨᠠᠮ ᠢᠶᠠᠨ ᠲᠠᠭᠠᠬᠤ︾ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ

ᠤᠬᠠᠮᠰᠠᠷ ᠤᠨ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠦᠨᠳᠦᠰᠦᠲᠡᠨ ᠤ ᠪᠦᠯᠬᠦᠮᠳᠡᠯ ᠤᠨ ᠴᠢᠬᠤᠯᠠ

ᠴᠢᠨᠠᠷ ᠢ ᠭᠦᠨᠵᠡᠭᠡᠢ ᠤᠬᠠᠭᠤᠯᠪᠠ᠃

      ᠳᠥᠷᠪᠡ ᠳᠤ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ  ᠪᠠᠷ ᠪᠦᠲᠦᠭᠡᠨ ᠪᠠᠶᠢᠭᠤᠯᠬᠤ ᠠᠵᠢᠯ ᠤᠨ ᠵᠢᠭᠠᠪᠤᠷᠢ ᠶᠢᠨ ᠵᠣᠷᠢᠭ ᠰᠠᠨᠠᠭ᠎ᠠ  ᠶᠢ

ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠤᠯᠤᠰ ᠤᠨ ᠰᠢᠶᠠᠨ ᠤ ᠱᠠᠲᠤᠨ ᠤ ᠪᠣᠯᠪᠠᠰᠤᠨ ᠬᠤᠲᠠ᠂ ᠪᠥᠬᠦ ᠤᠯᠤᠰ ᠤᠨ ᠪᠣᠯᠪᠠᠰᠤᠨ ᠲᠣᠰᠬᠤᠨ ᠪᠠᠯᠭᠠᠰᠤ ᠶᠢ

ᠡᠭᠦᠳᠦᠨ ᠪᠠᠶᠢᠭᠤᠯᠬᠤ ᠠᠵᠢᠯᠯᠠᠭ᠎ᠠ ᠲᠠᠢ ᠤᠶᠠᠯᠳᠤᠭᠤᠯᠤᠨ᠂ ᠬᠠᠷᠢᠶ᠎ᠠ ᠭᠠᠵᠠᠷ ᠣᠷᠣᠨ ᠤ ᠡᠯᠧᠺᠲᠷᠣᠨ ᠳᠡᠯᠭᠡᠴᠡ᠂ ᠤᠬᠠᠭᠤᠯᠭ᠎ᠠ ᠶᠢᠨ ᠪᠤᠯᠤᠩ᠂ ᠡᠯ᠎ᠡ ᠲᠥᠷᠥᠯ ᠤᠨ

ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠢ ᠭᠦᠢᠴᠡᠳ ᠠᠰᠢᠭᠯᠠᠨ ᠤᠬᠠᠭᠤᠯᠤᠨ ᠲᠠᠶᠢᠯᠪᠤᠷᠢᠯᠠᠵᠤ ᠂ 120 ᠭᠠᠷᠤᠢ ᠡᠯᠭᠦᠭᠡ ᠪᠢᠴᠢᠭᠡᠰᠦ ᠡᠯᠭᠦᠨ ᠮᠡᠳᠡᠭᠳᠡᠯ ᠨᠠᠭᠠᠵᠤ᠂

200 ᠭᠠᠷᠤᠢ ᠬᠤᠪᠢ ᠤᠬᠠᠭᠤᠯᠭ᠎ᠠ ᠶᠢᠨ ᠮᠠᠲ᠋ᠧᠷᠢᠶᠠᠯ᠂ ᠤᠬᠠᠭᠤᠯᠭ᠎ᠠ ᠶᠢᠨ  ᠡᠳ᠋ ᠪᠤᠳᠠᠰ ᠲᠠᠷᠬᠠᠭᠠᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ

ᠪᠦᠳᠤᠭᠡᠨ ᠪᠠᠶᠢᠭᠤᠯᠬᠤ ᠶᠢ ᠰᠤᠷᠤᠯᠴᠠᠨ ᠤᠬᠠᠭᠤᠯᠬᠤ ᠬᠠᠯᠠᠭᠤᠨ ᠥᠷᠨᠢᠯᠲᠡ ᠶᠢ ᠥᠷᠭᠡᠨ ᠢᠶᠠᠷ ᠪᠣᠶ ᠪᠣᠯᠭᠠᠪᠠ᠃

               

                 ᠰᠡᠳᠬᠢᠯ  ᠢ ᠳᠤᠯᠠᠭᠠᠴᠠᠭᠤᠯᠬᠤ ᠤᠶᠢᠯᠡᠴᠢᠯᠡᠭᠡ ᠶᠢ ᠴᠢᠩᠭᠠᠳᠬᠠᠵᠤ ︽ᠵᠢᠱᠢᠶᠡᠴᠢ ᠥᠪᠡᠷᠲᠡᠭᠡᠨ ᠵᠠᠰᠠᠬᠤ  

                 ᠣᠷᠣᠨ︾  ᠢ  ᠪᠦᠳᠤᠭᠡᠨ  ᠪᠠᠶᠢᠭᠤᠯᠬᠤ  ᠰᠠᠶᠢᠨ  ᠰᠠᠶᠢᠬᠠᠨ  ᠠᠭᠤᠷ  ᠠᠮᠢᠰᠬᠤᠯ  ᠢ ᠪᠤᠢ ᠪᠤᠯᠭᠠᠪᠠ

大路3.jpg

      ᠨᠢᠭᠡ ᠳᠤ᠂ ︽ᠠᠨᠠᠷ ᠤᠨ ᠦᠷ᠎ᠡ + ᠰᠡᠳᠬᠢᠯ ᠢ ᠳᠤᠯᠠᠭᠠᠴᠠᠭᠤᠯᠬᠤ ᠦᠢᠯᠡᠴᠢᠯᠡᠭᠡ︾ ᠶᠢᠨ ᠠᠵᠢᠯ ᠤᠨ ᠵᠠᠭᠪᠤᠷ ᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ

᠂ ︽ᠨᠢᠭᠡᠳᠦᠮᠡᠯ ᠹᠷᠣᠨᠲ ᠤᠨ ᠭᠡᠷ︾  ᠤᠨ ᠵᠢᠭᠰᠠᠭᠠᠯ ᠤᠨ ᠭᠠᠵᠠᠷ ᠤᠨ ᠳᠠᠪᠠᠭᠤᠯᠢᠭ ᠢ ᠭᠦᠢᠴᠡᠳ ᠪᠠᠳᠠᠷᠠᠭᠤᠯᠤᠨ᠂ ︽ᠲᠣᠰᠬᠤᠨ ᠨᠡᠶᠢᠭᠡᠮ ᠲᠣᠭᠤᠷᠢᠭ ᠤᠨ

ᠰᠡᠳᠬᠢᠯ ᠢ ᠳᠤᠯᠠᠭᠠᠴᠠᠭᠤᠯᠬᠤ ᠶᠠᠪᠤᠳᠠᠯ︾ ᠢ ᠥᠷᠭᠡᠨ ᠢᠶᠠᠷ ᠬᠡᠷᠡᠭᠵᠢᠭᠦᠯᠵᠦ᠂ ᠴᠠᠭᠠᠨ ᠰᠠᠷ᠎ᠠ ᠪᠠ ᠯᠧᠢ ᠹᠧᠩ ᠠᠴᠠ ᠰᠤᠷᠤᠯᠴᠠᠬᠤ ᠰᠠᠷ᠎ᠠ ᠶᠢᠨ ᠲᠠᠰᠢᠷᠠᠮ ᠳᠤ᠂ ᠡᠯ᠎ᠡ

ᠲᠣᠰᠬᠤᠨ᠂ ᠨᠡᠶᠢᠭᠡᠮ ᠲᠣᠭᠤᠷᠢᠭ ᠤᠨ ︽ᠰᠡᠳᠬᠢᠯ ᠢ ᠳᠤᠯᠠᠭᠠᠴᠠᠭᠤᠯᠬᠤ ᠦᠢᠯᠡᠴᠢᠯᠡᠭᠡᠨ ᠤ ᠰᠠᠯᠪᠤᠷᠢ ᠪᠠᠭ᠎ᠠ ᠠᠩᠭᠢ︾ ᠲᠣᠬᠤᠨᠢᠭᠤᠯᠬᠤ᠂ ᠡᠷᠡᠭᠦᠯ ᠮᠡᠨᠳᠦ ᠶᠢᠨ

ᠪᠣᠭᠤᠳᠠᠯ ᠬᠦᠷᠭᠡᠬᠦ᠂ ᠲᠥᠷᠥ ᠶᠢᠨ ᠪᠣᠳᠣᠯᠭ᠎ᠠ ᠬᠦᠷᠭᠡᠬᠦ ᠵᠡᠷᠭᠡ ᠦᠢᠯᠡᠴᠢᠯᠡᠭᠡ ᠶᠢ 48 ᠤᠳᠠᠭ᠎ᠠ ᠥᠷᠨᠢᠭᠦᠯᠵᠦ᠂ ᠪᠥᠬᠦ ᠵᠢᠯ ᠳᠤ ᠣᠯᠠᠨ ᠲᠦᠮᠡᠨ ᠤ  ᠪᠠᠴᠢᠮᠳᠠᠵᠤ

ᠬᠦᠴᠢᠷᠳᠡᠵᠤ ᠰᠠᠨᠠᠭᠠᠰᠢᠷᠠᠵᠤ ᠬᠦᠰᠡᠵᠤ ᠪᠠᠶᠢᠭ᠎ᠠ 120 ᠵᠦᠢᠯ ᠤᠨ ᠠᠰᠠᠭᠤᠳᠠᠯ ᠢ ᠳᠦᠪᠯᠡᠷᠡᠬᠦᠯᠤᠨ ᠰᠢᠢᠳᠪᠦᠷᠢᠯᠡᠪᠡ᠃

      ᠬᠤᠶᠠᠷ ᠲᠤ᠂ ᠣᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ︽ᠰᠢᠨ᠎ᠡ ᠶᠢ ᠡᠭᠦᠳᠦᠨ ᠦᠢᠯᠡᠰ ᠪᠤᠰᠬᠠᠬᠤ᠂ ᠨᠡᠶᠢᠳᠡᠮ

ᠠᠰᠢᠭ ᠬᠦᠷᠲᠡᠭᠡᠵᠤ ᠠᠵᠢᠯ ᠣᠯᠭᠤᠬᠤ︾ ᠤᠷ᠎ᠠ ᠴᠢᠳᠠᠪᠤᠷᠢ ᠶᠢᠨ ᠪᠣᠯᠪᠠᠰᠤᠷᠠᠯ ᠢ 8 ᠬᠤᠭᠤᠴᠠᠭ᠎ᠠ ᠥᠷᠨᠢᠭᠦᠯᠵᠦ᠂ ᠬᠤᠰᠢᠭᠤ᠂ ᠪᠠᠯᠭᠠᠰᠤ᠂ ᠨᠡᠶᠢᠭᠡᠮ ᠲᠣᠭᠤᠷᠢᠭ

ᠭᠤᠷᠪᠠᠨ ᠱᠠᠲᠤᠨ ᠤ ᠨᠠᠰᠤᠲᠠᠶᠢᠴᠤᠳ ᠲᠤ ᠦᠢᠯᠡᠴᠢᠯᠡᠬᠦ ᠲᠥᠪ ᠢ ᠰᠠᠶᠢᠲᠤᠷ ᠡᠵᠡᠩᠨᠡᠵᠤ᠂ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠬᠤ ᠪᠠ ᠬᠥᠳᠡᠭᠡ

ᠲᠣᠰᠬᠤᠨ ᠤ ᠡᠮᠴᠢᠯᠡᠭᠡᠨ ᠤ ᠦᠢᠯᠡᠴᠢᠯᠡᠭᠡ ᠶᠢ ᠭᠦᠨᠵᠡᠭᠡᠶᠢᠷᠡᠭᠦᠯᠦᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠳᠬ᠎ᠠ ᠤᠷᠠᠯᠢᠭ ᠤᠨ ᠤᠬᠠᠭᠤᠯᠭ᠎ᠠ ᠶᠢᠨ

ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠦᠯᠬᠦᠮᠳᠡᠨ ᠳᠠᠪᠰᠢᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃

      ᠭᠤᠷᠪᠠ ᠳᠤ᠂ ᠲᠣᠰᠬᠤᠨ ᠨᠡᠶᠢᠭᠡᠮ ᠲᠣᠭᠤᠷᠢᠭ ᠤᠨ ᠵᠢᠭᠰᠠᠭᠠᠯ ᠤᠨ ᠭᠠᠵᠠᠷ ᠤᠨ ᠳᠠᠪᠠᠭᠤᠯᠢᠭ᠂ ᠠᠵᠢᠯᠯᠠᠭᠠᠨ ᠤ ᠳᠠᠪᠠᠭᠤᠯᠢᠭ  ᠢ ᠠᠰᠢᠭᠯᠠᠨ ᠨᠠᠮ ᠤᠨ

ᠭᠠᠳᠠᠨᠠᠬᠢ ᠲᠥᠯᠥᠭᠡᠯᠡᠭᠴᠢ ᠬᠥᠮᠥᠰ ᠪᠣᠯᠣᠨ‌ᠨᠡᠶᠢᠭᠡᠮ ᠤᠨ ᠰᠢᠨ᠎ᠡ‌‍ᠲ᠋ᠠᠪᠬᠤᠷᠭ᠎ᠠ ᠶᠢᠨ ᠬᠥᠮᠥᠰ ᠲᠠᠢ ᠬᠤᠯᠪᠣᠭᠠᠯᠠᠵᠤ᠂ ᠵᠢᠷᠤᠮ ᠤᠨ ᠡᠮᠴᠢᠯᠡᠭᠡ ᠵᠢᠷᠤᠮ ᠤᠨ ᠬᠠᠶᠢᠴᠢᠯᠠᠮᠠᠯ᠂

ᠭᠤᠣᠯ ᠰᠡᠳᠦᠪᠲᠦ ᠲᠣᠭᠯᠠᠯᠲᠠ᠂ ᠭᠠᠷ ᠦᠢᠯᠡᠳᠬᠡᠯ ᠤᠨ ᠪᠣᠯᠪᠠᠰᠤᠷᠠᠯ ᠵᠡᠷᠭᠡ ᠠᠵᠢᠯᠯᠠᠭ᠎ᠠ ᠶᠢ ᠥᠷᠭᠡᠨ ᠳᠡᠯᠭᠡᠷᠡᠩᠭᠦᠢ ᠥᠷᠨᠢᠭᠦᠯᠵᠦ᠂ ᠲᠣᠰᠬᠤᠨ ᠨᠡᠶᠢᠭᠡᠮ

ᠲᠣᠭᠤᠷᠢᠭ ᠤᠨ ᠨᠢᠭᠡᠳᠦᠮᠡᠯ ᠹᠷᠣᠨᠲ ᠤᠨ ᠠᠵᠢᠯ ᠤᠨ︽ᠬᠤᠣᠰ ᠴᠢᠭᠯᠡᠯᠳᠤ ᠦᠢᠯᠡᠴᠢᠯᠡᠭᠡ︾ ᠶᠢ ᠲᠡᠰ ᠳᠡᠪᠰᠢᠭᠦᠯᠬᠦ ᠶᠢ ᠢᠳᠡᠪᠬᠢᠲᠡᠢ ᠠᠬᠢᠭᠤᠯᠵᠤ᠂ ᠨᠢᠭᠡᠳᠦᠮᠡᠯ

ᠹᠷᠣᠨᠲ ᠤᠨ ᠭᠡᠷ ᠪᠣᠯᠣᠨ ᠨᠢᠭᠡᠳᠦᠮᠡᠯ ᠹᠷᠣᠨᠲ ᠤᠨ ᠠᠵᠢᠯᠲᠠᠳ ᠤᠨ ᠬᠠᠶᠢᠷ᠎ᠠ ᠰᠡᠳᠬᠢᠯᠭᠡ ᠪᠠᠨ ᠤᠶᠢᠯᠠᠭᠠᠯᠴᠠᠬᠤ᠂ ᠬᠠᠷᠢᠯᠴᠠᠵᠤ ᠨᠥᠬᠦᠷᠯᠡᠯ  ᠪᠠᠶᠢᠭᠤᠯᠬᠤ᠂

ᠬᠥᠮᠥᠰ ᠤᠨ ᠰᠡᠳᠬᠢᠯ ᠢ ᠨᠢᠭᠲᠠᠷᠠᠭᠤᠯᠬᠤ ᠬᠥᠭᠦᠷᠭᠡ ᠬᠤᠯᠪᠤᠭᠠᠰᠤ ᠶᠢ ᠪᠠᠶᠢᠭᠤᠯᠤᠨ᠂ ᠦᠨᠳᠦᠰᠦᠨ ᠱᠠᠲᠤᠨ ᠤ ᠨᠢᠭᠡᠳᠦᠮᠡᠯ ᠹᠷᠣᠨᠲ ᠤᠨ ᠲᠥᠪᠯᠡᠩᠭᠦᠢ ᠬᠦᠴᠦᠨ ᠢ

ᠨᠢᠭᠲᠠᠷᠠᠭᠤᠯᠵᠤ᠂ ᠬᠥᠭᠵᠢᠯᠲᠡ ᠶᠢ ᠬᠠᠮᠲᠤᠪᠠᠷ ᠰᠦᠪᠡᠭᠴᠢᠯᠡᠬᠦ ︽ᠢᠵᠢᠯ ᠲᠥᠪᠲᠦ ᠲᠣᠭᠤᠷᠢᠭ︾ ᠢ ᠰᠠᠶᠢᠲᠤᠷ ᠵᠢᠷᠤᠭᠯᠠᠪᠠ᠃

      ᠳᠠᠷᠠᠭᠠᠴᠢ ᠶᠢᠨ ᠠᠯᠬᠤᠮ ᠳᠤ᠂ ᠳ᠋ᠠ ᠯᠦ ᠪᠠᠯᠭᠠᠰᠤ ᠵᠢᠴᠢ ᠡᠯ᠎ᠡ ᠲᠣᠰᠬᠤᠨ᠂ ᠨᠡᠶᠢᠭᠡᠮ ᠲᠣᠭᠤᠷᠢᠭ  ᠤᠯᠠᠨ ᠬᠡᠯᠪᠡᠷᠢ ᠶᠢᠨ ᠤᠬᠠᠭᠤᠯᠤᠨ ᠲᠠᠶᠢᠯᠪᠤᠷᠢᠯᠠᠬᠤ᠂

ᠤᠬᠠᠭᠤᠯᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠤᠯᠠᠨ ᠲᠦᠮᠡᠨ ᠤ ᠦᠨᠳᠦᠰᠦᠲᠡᠨ ᠤ ᠪᠦᠯᠬᠦᠮᠳᠡᠯ ᠢ ᠤᠬᠠᠮᠰᠠᠷ ᠠᠴᠠ ᠪᠠᠨ ᠬᠠᠮᠠᠭᠠᠯᠠᠬᠤ᠂

ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠦᠢᠯᠡᠳᠦᠯᠭᠡᠵᠢᠭᠦᠯᠬᠦ ᠤᠬᠠᠮᠰᠠᠷ ᠢ ᠳᠡᠭᠡᠭᠰᠢᠯᠡᠭᠦᠯᠵᠦ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ

ᠴᠣᠭᠴᠠ ᠶᠢᠨ ᠤᠬᠠᠮᠰᠠᠷ ᠢ ᠪᠠᠳᠤ ᠴᠤᠬᠴᠠᠯᠠᠬᠤ︾ ᠤᠬᠠᠭᠤᠯᠭ᠎ᠠ ᠬᠥᠮᠦᠵᠢᠯ ᠢ  ᠭᠡᠯᠪᠡᠷᠢ ᠮᠠᠶ᠋ᠢᠭ ᠲᠠᠢ᠂ ᠲᠥᠷᠥᠭᠳᠡᠯ ᠲᠠᠢ᠂ ᠪᠦᠲᠦᠮᠵᠢᠲᠡᠢ ᠥᠷᠨᠢᠭᠦᠯᠬᠦ ᠶᠢ

ᠦᠷᠭᠦᠯᠵᠢᠯᠡᠨ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠦᠨᠡᠨᠬᠦ ᠲᠠᠷᠢᠬᠢᠨ ᠳᠤ ᠬᠠᠳᠠᠩᠰᠢᠭᠤᠯᠵᠤ᠂ ᠰᠡᠳᠬᠢᠯ ᠳᠤ

ᠬᠠᠳᠠᠩᠰᠢᠭᠤᠯᠤᠨ᠎ᠠ᠃ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠠᠵᠢᠯ ᠤᠨ ᠳᠤᠮᠳᠠ ᠰᠢᠨ᠎ᠡ ᠡᠭᠦᠷᠭᠡᠯᠡᠯ᠂ ᠰᠢᠨ᠎ᠡ

ᠵᠢᠳᠬᠦᠯ ᠴᠢᠷᠮᠠᠶᠢᠯᠭ᠎ᠠ ᠪᠠᠨ ᠭᠠᠷᠭᠠᠨ᠎ᠠ᠃

 

ᠢᠷᠡᠯᠲᠡ᠄ ︽ᠵᠡᠭᠦᠨᠭᠠᠷ ᠬᠤᠰᠢᠭᠤᠨ ᠤ ᠳ᠋ᠠ ᠯᠦ ᠪᠠᠯᠭᠠᠰᠤᠨ ᠤ ᠨᠡᠶᠢᠲᠡᠯᠡᠯ︾ ᠳᠠᠪᠴᠠᠩ