| ᠰᠤ᠋ ᠰᠢᠨ ᠶᠠ ᠱᠦᠵᠢ ᠨᠠᠷ ᠤᠨ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ ᠄ ᠠᠵᠤ ᠠᠬᠤᠶᠢᠯᠠᠯ ᠪᠠ ᠣᠷᠣᠨ ᠨᠤᠲᠤᠭ ᠬᠠᠮᠲᠤ ᠪᠠᠷ | ᠪᠠᠶᠢᠭᠤᠯᠬᠤ ᠠᠵᠢᠯᠯᠠᠭ᠎ᠠ ᠪᠠᠷ ᠭᠠᠷᠳᠠᠴᠠ ᠪᠣᠯᠭᠠᠵᠤ ᠠᠵᠤ ᠠᠬᠤᠶᠢᠯᠠᠯ ᠪᠠ ᠣᠷᠣᠨ ᠨᠤᠲᠤᠭ ᠤᠨ ᠡᠶ᠎ᠡ ᠵᠣᠬᠢᠴᠠᠯ ᠲᠠᠢ ᠬᠠᠷᠢᠴᠠᠭ᠎ᠠ ᠶᠢ ᠪᠠᠶᠢᠭᠤᠯᠤᠨ ᠬᠥᠭᠵᠢᠯᠲᠡ ᠶᠢᠨ | ᠪᠦᠬᠦᠯᠢ ᠴᠣᠭᠴᠠ ᠶᠢᠨ ᠣᠷᠴᠢᠨ ᠠᠬᠤᠢ ᠶᠢ ᠰᠠᠶᠢᠵᠢᠷᠠᠭᠤᠯᠵᠤ ᠠᠵᠤ ᠠᠬᠤᠶᠢᠯᠠᠯ ᠢ ᠬᠦᠴᠦᠷᠬᠡᠭᠵᠢᠭᠦᠯᠤᠨ ᠠᠷᠠᠳ ᠢ ᠪᠠᠶᠠᠵᠢᠭᠤᠯᠬᠤ ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠲᠦᠷᠭᠡᠳᠭᠡᠨ ᠪᠡᠶᠡᠯᠡᠭᠦᠯᠬᠦ ᠭᠡᠷᠡᠭᠳᠡᠢ ᠭᠡᠪᠡ ᠃ | | | | 5 ᠰᠠᠷ᠎ᠠ ᠶᠢᠨ 15 ᠤ ᠡᠳᠦᠷ ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠤ᠋ | ᠰᠢᠨ ᠶᠠ 2023 ᠣᠨ ᠤ 8 ᠳ᠋ᠤᠭᠠᠷ ᠤᠳᠠᠭ᠎ᠠ ᠶᠢᠨ ᠱᠦᠵᠢ ᠨᠠᠷ ᠤᠨ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ ᠂ ᠠᠵᠤ ᠠᠬᠤᠶᠢᠯᠠᠯ ᠪᠠ | ᠣᠷᠣᠨ ᠨᠤᠲᠤᠭ ᠬᠠᠮᠲᠤ ᠪᠠᠷ ᠪᠠᠶᠢᠭᠤᠯᠬᠤ ᠠᠵᠢᠯᠯᠠᠭ᠎ᠠ ᠪᠠᠷ ᠭᠠᠷᠳᠠᠴᠠ ᠪᠣᠯᠭᠠᠨ ᠂ ᠠᠵᠤ ᠠᠬᠤᠶᠢᠯᠠᠯ ᠪᠠ ᠣᠷᠣᠨ ᠨᠤᠲᠤᠭ ᠤᠨ ᠡᠶ᠎ᠡ ᠵᠣᠬᠢᠴᠠᠯ ᠲᠠᠢ ᠬᠠᠷᠢᠴᠠᠭ᠎ᠠ ᠶᠢ | ᠪᠠᠶᠢᠭᠤᠯᠵᠤ ᠂ ᠬᠥᠭᠵᠢᠯᠲᠡ ᠶᠢᠨ ᠪᠦᠬᠦᠯᠢ ᠴᠣᠭᠴᠠ ᠶᠢᠨ ᠣᠷᠴᠢᠨ ᠠᠬᠤᠢ ᠶᠢ ᠰᠠᠶᠢᠵᠢᠷᠠᠭᠤᠯᠵᠤ ᠂ ᠠᠵᠤ ᠠᠬᠤᠶᠢᠯᠠᠯ ᠢ ᠬᠦᠴᠦᠷᠬᠡᠭᠵᠢᠭᠦᠯᠦᠨ ᠠᠷᠠᠳ ᠢ | ᠪᠠᠶᠠᠵᠢᠭᠤᠯᠬᠤ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠲᠦᠷᠭᠡᠳᠭᠡᠨ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ ᠃ | ᠰᠤᠷᠪᠤᠯᠵᠢᠯᠠᠭᠴᠢ ᠶᠤᠸᠠᠢ ᠴᠧᠨ ᠶᠠᠨ ᠰᠡᠭᠦᠳᠡᠷᠯᠡᠪᠡ | 5 ᠰᠠᠷ᠎ᠠ ᠶᠢᠨ 15 ᠤ ᠡᠳᠦᠷ ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠤ᠋ | ᠰᠢᠨ ᠶᠠ 2023 ᠣᠨ ᠤ 8 ᠳ᠋ᠤᠭᠠᠷ ᠤᠳᠠᠭ᠎ᠠ ᠶᠢᠨ ᠱᠦᠵᠢ ᠨᠠᠷ ᠤᠨ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ ᠂ ᠠᠵᠤ ᠠᠬᠤᠶᠢᠯᠠᠯ ᠪᠠ | ᠣᠷᠣᠨ ᠨᠤᠲᠤᠭ ᠬᠠᠮᠲᠤ ᠪᠠᠷ ᠪᠠᠶᠢᠭᠤᠯᠬᠤ ᠠᠵᠢᠯᠯᠠᠭ᠎ᠠ ᠪᠠᠷ ᠭᠠᠷᠳᠠᠴᠠ ᠪᠣᠯᠭᠠᠵᠤ ᠂ ᠠᠵᠤ ᠠᠬᠤᠶᠢᠯᠠᠯ ᠪᠠ ᠣᠷᠣᠨ ᠨᠤᠲᠤᠭ ᠤᠨ ᠡᠶ᠎ᠡ ᠵᠣᠬᠢᠴᠠᠯ ᠲᠠᠢ | ᠬᠠᠷᠢᠴᠠᠭ᠎ᠠ ᠶᠢ ᠪᠠᠶᠢᠭᠤᠯᠤᠨ ᠂ ᠬᠥᠭᠵᠢᠯᠲᠡ ᠶᠢᠨ ᠪᠦᠬᠦᠯᠢ ᠴᠣᠭᠴᠠ ᠶᠢᠨ ᠣᠷᠴᠢᠨ ᠠᠬᠤᠢ ᠶᠢ ᠰᠠᠶᠢᠵᠢᠷᠠᠭᠤᠯᠵᠤ ᠂ ᠠᠵᠤ ᠠᠬᠤᠶᠢᠯᠠᠯ ᠢ ᠬᠦᠴᠦᠷᠬᠡᠭᠵᠢᠭᠦᠯᠦᠨ | ᠠᠷᠠᠳ ᠢ ᠪᠠᠶᠠᠵᠢᠭᠤᠯᠬᠤ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠲᠦᠷᠭᠡᠳᠭᠡᠨ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ ᠃ | ᠬᠤᠷᠠᠯ ᠠᠴᠠ︽ᠠᠵᠤ ᠠᠬᠤᠶᠢᠯᠠᠯ ᠪᠠ ᠣᠷᠣᠨ ᠨᠤᠲᠤᠭ ᠠᠵᠤ ᠠᠬᠤᠶᠢᠯᠠᠯ ᠪᠠ ᠠᠷᠠᠳ ᠤᠯᠠᠨ ᠭᠠᠷ ᠬᠤᠯᠪᠣᠯᠴᠠᠨ ᠰᠠᠶᠢᠨ ᠰᠠᠶᠢᠬᠠᠨ ᠠᠮᠢᠳᠤᠷᠠᠯ ᠢ ᠬᠠᠮᠲᠤᠪᠠᠷ | ᠪᠠᠶᠢᠭᠤᠯᠬᠤ ︾ ᠲᠤᠰᠬᠠᠢ ᠠᠵᠢᠯᠯᠠᠭ᠎ᠠ ᠶᠢᠨ ᠪᠦᠬᠦᠯᠢ ᠴᠣᠭᠴᠠ ᠶᠢᠨ ᠠᠵᠢᠯ ᠤᠨ ᠪᠠᠶᠢᠳᠠᠯ ᠪᠣᠯᠣᠨ 14 ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠠᠵᠢᠯ ᠢ | ᠥᠷᠨᠢᠭᠦᠯᠦᠭᠰᠡᠨ ᠪᠠᠶᠢᠳᠠᠯ ᠢ ᠰᠣᠨᠣᠰᠴᠤ ᠂ ᠬᠤᠯᠪᠤᠬᠳᠠᠯ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ ᠃ | ᠰᠤ᠋ ᠰᠢᠨ ᠶᠠ ᠬᠡᠯᠡᠬᠦ ᠳᠡᠭᠡᠨ ᠂ ᠠᠵᠤ ᠠᠬᠤᠶᠢᠯᠠᠯ ᠪᠠ ᠣᠷᠣᠨ ᠨᠤᠲᠤᠭ ᠬᠠᠮᠲᠤ ᠪᠠᠷ ᠪᠠᠶᠢᠭᠤᠯᠬᠤ ᠶᠢ ᠠᠬᠢᠭᠤᠯᠬᠤ ᠨᠢ ᠦᠨᠳᠦᠰᠦᠨ ᠱᠠᠲᠤᠨ ᠤ ᠵᠠᠰᠠᠯᠲᠠ ᠶᠢ | ᠭᠦᠨᠵᠡᠭᠡᠶᠢᠷᠡᠭᠦᠯᠵᠤ ᠂ ᠠᠵᠤ ᠠᠬᠤᠶᠢᠯᠠᠯ ᠪᠠ ᠠᠷᠠᠳ ᠤᠯᠠᠨ ᠤ ᠬᠤᠭᠤᠷᠣᠨᠳᠣᠬᠢ ᠡᠶ᠎ᠡ ᠵᠣᠬᠢᠴᠠᠯ ᠲᠠᠢ ᠬᠠᠷᠢᠴᠠᠭ᠎ᠠ ᠶᠢ ᠪᠠᠶᠢᠭᠤᠯᠬᠤ ᠳᠤ ᠴᠢᠬᠤᠯᠠ ᠠᠴᠢ | ᠬᠤᠯᠪᠣᠭᠳᠠᠯ ᠲᠠᠢ ᠪᠥᠭᠡᠳ ᠪᠠᠰᠠ ᠴᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠬᠠᠮᠲᠤ ᠪᠠᠷ ᠪᠠᠶᠠᠵᠢᠬᠤ ᠶᠢ ᠪᠡᠶᠡᠯᠡᠭᠦᠯᠬᠦ ᠴᠢᠬᠤᠯᠠ ᠶᠡᠭᠡ ᠠᠷᠭ᠎ᠠ | ᠬᠡᠮᠵᠢᠶ᠎ᠡ ᠮᠥᠨ ᠃ | ᠠᠵᠤ ᠦᠢᠯᠡᠰ ᠢ ᠬᠥᠭᠵᠢᠭᠦᠯᠦᠨ ᠮᠠᠨᠳᠤᠭᠤᠯᠵᠤ ᠂ ᠲᠠᠷᠢᠶᠠᠴᠢᠳ ᠢ ᠴᠢᠨᠡᠭᠡᠯᠢᠭᠵᠢᠭᠦᠯᠬᠦ ᠬᠠᠷᠠᠯᠲᠠ ᠲᠠᠢ ᠤᠶᠠᠯᠳᠤᠭᠤᠯᠤᠨ᠂ ᠠᠵᠤ ᠠᠬᠤᠶᠢᠯᠠᠯ ᠪᠠ ᠭᠠᠵᠠᠷ ᠣᠷᠣᠨ | ᠬᠠᠮᠲᠤ ᠪᠠᠷ ᠪᠠᠶᠢᠭᠤᠯᠬᠤ ᠳᠤ ᠶᠠᠭᠤ ᠶᠢ ᠠᠳᠬᠤᠬᠤ ᠂ ᠬᠡᠨ ᠠᠳᠬᠤᠬᠤ ᠂ ᠬᠡᠷᠬᠢᠨ ᠠᠳᠬᠤᠬᠤ ᠂ ᠶᠠᠮᠠᠷ ᠦᠷ᠎ᠡ ᠪᠦᠲᠦᠮᠵᠢ ᠭᠠᠷᠭᠠᠬᠤ ᠵᠡᠷᠭᠡ ᠠᠯᠢ ᠤᠯᠠᠨ | ᠠᠰᠠᠭᠤᠳᠠᠯ ᠢ ᠲᠣᠳᠣᠷᠬᠠᠢ ᠣᠶᠢᠯᠠᠭᠠᠵᠤ ᠂ ᠠᠵᠤ ᠠᠬᠤᠶᠢᠯᠠᠯ ᠪᠠ ᠣᠷᠣᠨ ᠨᠤᠳᠤᠭ ᠬᠠᠮᠲᠤ ᠪᠠᠷ ᠪᠠᠶᠢᠭᠤᠯᠬᠤ ᠶᠢᠨ ᠬᠦᠴᠦᠯᠡᠬᠦ ᠴᠡᠭ᠂ ᠠᠰᠢᠭ ᠲᠤᠰᠠ ᠶᠢᠨ | ᠬᠤᠯᠪᠣᠯᠳᠤᠬᠤ ᠴᠡᠭ ᠢ ᠣᠨᠣᠪᠴᠢᠲᠠᠢ ᠡᠷᠢᠨ ᠣᠯᠵᠤ ᠂ ᠪᠠᠲᠤ ᠪᠠᠬᠢ ᠠᠰᠢᠭ ᠲᠤᠰᠠ ᠶᠢᠨ ᠬᠤᠯᠪᠣᠯᠳᠤᠬᠤ ᠲᠣᠭᠲᠠᠴᠠ ᠶᠢ ᠪᠠᠶᠢᠭᠤᠯᠵᠤ ᠂ ᠠᠵᠤ ᠠᠬᠤᠶᠢᠯᠠᠯ ᠪᠠ | ᠣᠷᠣᠨ ᠨᠤᠳᠤᠭ ᠢ ᠬᠠᠮᠲᠤ ᠪᠠᠷ ᠬᠥᠭᠵᠢᠭᠦᠯᠤᠨ ᠂ ᠠᠵᠤ ᠠᠬᠤᠶᠢᠯᠠᠯ ᠪᠠ ᠠᠷᠠᠳ ᠤᠯᠠᠨ ᠳᠤ ᠬᠠᠮᠲᠤ ᠪᠠᠷ ᠠᠰᠢᠭ ᠲᠤᠰᠠ ᠬᠦᠷᠲᠡᠭᠡᠬᠦ ᠬᠡᠷᠡᠭᠲᠡᠢ᠃ | ᠤᠯᠠᠮᠵᠢᠯᠠᠯᠲᠤ ︽ ᠴᠢᠰᠤ ᠶᠡᠭᠦᠯᠡᠬᠦ ︾ ᠶᠢ ᠰᠠᠨᠠᠭᠠᠴᠢᠯᠠᠭ᠎ᠠ ᠠᠴᠠ ᠪᠠᠨ ︽ ᠴᠢᠰᠤ ᠪᠦᠲᠦᠭᠡᠬᠦ ︾ ᠪᠣᠯᠭᠠᠨ ᠬᠤᠪᠢᠷᠠᠭᠤᠯᠵᠤ ᠂ ᠠᠵᠤ ᠠᠬᠤᠶᠢᠯᠠᠯ ᠪᠠ ᠣᠷᠣᠨ | ᠨᠤᠳᠤᠭ ᠬᠠᠮᠲᠤᠪᠠᠷ ᠪᠠᠶᠢᠭᠤᠯᠬᠤ ᠭᠤᠣᠯ ᠠᠷᠭ᠎ᠠ ᠬᠡᠯᠪᠡᠷᠢ ᠂ ᠬᠡᠷᠡᠭᠵᠢᠭᠦᠯᠬᠦ ᠱᠠᠲᠤ ᠦᠶ᠎ᠡ ᠶᠢ ᠲᠣᠳᠣᠷᠬᠠᠶᠢᠯᠠᠵᠤ ᠂ ᠠᠵᠤ ᠦᠢᠯᠡᠰ ᠤᠨ ᠬᠥᠭᠵᠢᠯᠲᠡ ᠶᠢᠨ | ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ ᠂ ᠠᠵᠤ ᠠᠬᠤᠶᠢᠯᠠᠯ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠣᠷᠣᠯᠴᠠᠬᠤ ᠲᠥᠷᠥ ᠶᠢᠨ | ᠪᠣᠳᠣᠯᠭ᠎ᠠ ᠶᠢ ᠲᠣᠭᠲᠠᠭᠠᠵᠤ ᠂ ᠵᠦᠢ ᠵᠣᠬᠢᠰᠲᠠᠢ ᠠᠰᠢᠭ ᠲᠤᠰᠠ ᠶᠢᠨ ᠬᠤᠪᠢᠶᠠᠷᠢᠯᠠᠯᠲᠠ ᠶᠢᠨ ᠲᠣᠭᠲᠠᠴᠠ ᠶᠢ ᠪᠠᠶᠢᠭᠤᠯᠤᠨ ᠂ ᠠᠵᠤ ᠦᠢᠯᠡᠳᠪᠦᠷᠢᠵᠢᠯᠲᠡ ᠶᠢᠨ | ᠰᠡᠳᠬᠢᠬᠦᠢ ᠪᠠᠷ ᠪᠠᠶᠠᠵᠢᠬᠤ ᠠᠷᠭ᠎ᠠ ᠵᠠᠮ ᠢ ᠰᠦᠪᠡᠭᠴᠢᠯᠡᠬᠦ ᠬᠡᠷᠡᠭᠲᠡᠢ ᠃ | ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ ᠂ ᠠᠵᠤ ᠠᠬᠤᠶᠢᠯᠠᠯ ᠪᠠ ᠣᠷᠣᠨ ᠨᠤᠲᠤᠭ ᠬᠠᠮᠲᠤ ᠪᠠᠷ ᠪᠠᠶᠢᠭᠤᠯᠬᠤ ᠠᠵᠢᠯᠯᠠᠭᠠᠨ ᠤ | ᠲᠠᠪᠴᠠᠩ ᠂ ᠰᠠᠭᠤᠷᠢ ᠮᠥᠩᠭᠦᠨ ᠤ ᠲᠠᠪᠴᠠᠩ ᠂ ᠵᠠᠬ᠎ᠠ ᠳᠡᠯᠭᠡᠭᠦᠷ ᠤᠨ ᠲᠠᠪᠴᠠᠩ ᠪᠠ ᠵᠣᠬᠢᠶᠠᠨ ᠪᠠᠶᠢᠭᠤᠯᠤᠯᠲᠠ ᠶᠢᠨ ᠲᠠᠪᠴᠠᠩ ᠤᠨ ᠪᠠᠶᠢᠭᠤᠯᠤᠯᠲᠠ ᠶᠢ | ᠴᠢᠩᠭᠠᠳᠬᠠᠵᠤ ᠂ ᠬᠤᠰᠢᠭᠤᠨ ᠤ ᠲᠠᠰ ᠤᠨ ᠤᠯᠤᠰ ᠤᠨ ᠥᠮᠴᠢᠯᠡᠯᠳᠤ ᠠᠵᠤ ᠠᠬᠤᠶᠢᠯᠠᠯ ᠤᠨ ᠨᠢᠭᠡᠳᠦᠯᠲᠡᠢ ᠵᠢᠯᠣᠭᠤᠳᠤᠯᠭ᠎ᠠ ᠳᠣᠣᠷᠠᠬᠢ ᠲᠣᠰᠬᠤᠨ ᠪᠠᠯᠭᠠᠰᠤ ᠶᠢᠨ | ᠠᠵᠤ ᠠᠬᠤᠶᠢᠯᠠᠯ ᠢ ᠶᠡᠬᠡᠪᠡᠷ ᠬᠥᠭᠵᠢᠭᠦᠯᠵᠦ ᠂ ᠠᠵᠤ ᠠᠬᠤᠶᠢᠯᠠᠯ ᠪᠠ ᠣᠷᠣᠨ ᠨᠤᠲᠤᠭ ᠬᠠᠮᠲᠤ ᠪᠠᠷ ᠪᠠᠶᠢᠭᠤᠯᠬᠤ ᠲᠥᠷᠥᠯ ᠵᠦᠢᠯ ᠢ ᠨᠠᠷᠠᠲᠤ ᠲᠡᠮᠳᠡᠭᠵᠢᠭᠦᠯᠦᠨ | ᠪᠠᠶᠢᠭᠤᠯᠵᠤ ᠂ ᠳᠦᠷᠢᠮᠵᠢᠬᠦᠯᠤᠨ ᠠᠵᠢᠯᠯᠠᠭᠤᠯᠬᠤ ᠶᠢ ᠠᠬᠢᠭᠤᠯᠵᠤ ᠂ ᠠᠵᠤ ᠠᠬᠤᠶᠢᠯᠠᠯ ᠪᠠ ᠣᠷᠣᠨ ᠨᠤᠲᠤᠭ ᠬᠠᠮᠲᠤ ᠪᠠᠷ ᠪᠠᠶᠢᠭᠤᠯᠬᠤ ᠠᠵᠢᠯᠯᠠᠭ᠎ᠠ ᠦᠨᠡᠨ ᠪᠣᠳᠠᠲᠠᠢ | ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠪᠡ ᠃ | ᠬᠤᠰᠢᠭᠤᠨ ᠤ ᠤᠳᠤᠷᠢᠳᠤᠯᠭ᠎ᠠ ᠴᠢᠦᠢ ᠱᠤ᠋ ᠴᠢᠩ ᠂ ᠲᠠᠩ ᠲᠠᠯᠠᠢ ᠂ ᠯᠢ ᠶᠣᠣ ᠵᠢᠶᠦ᠋ᠨ ᠂ ᠸᠠᠩ ᠢᠦᠢ ᠵᠢᠶᠧ ᠂ ᠸᠠᠩ ᠵᠢᠩ ᠯᠦᠩ ᠂ ᠯᠢᠦ ᠢᠦᠢ ᠴᠧᠩ | ᠬᠤᠷᠠᠯ ᠳᠤ ᠣᠷᠣᠯᠴᠠᠵᠠᠢ ᠃ | | | |