ᠣᠷᠳᠣᠰ ᠤᠨ ᠶᠠᠨ ᠠᠨ ᠤ ᠵᠣᠷᠢᠭ ᠰᠠᠨᠠᠭᠠᠨ ᠤ ᠰᠤᠳᠤᠯᠭᠠᠨ ᠤ ᠨᠡᠶᠢᠭᠡᠮᠯᠢᠭ ᠤᠨ ᠲᠠᠷᠤᠭ᠎ᠠ ᠰᠦᠨ ᠱᠤ᠋ ᠬᠤᠸᠠ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠶᠣᠣ ᠵᠢᠶᠦ᠋ᠨ ᠨᠡᠷ ᠨᠠᠷᠠᠰᠤᠨ ᠪᠠᠯᠭᠠᠰᠤᠨ ᠤ ᠬᠤᠪᠢᠰᠬᠠᠯᠳᠤ ᠬᠥᠮᠦᠵᠢᠯ ᠤᠨ ᠰᠠᠭᠤᠷᠢᠨ ᠭᠠᠵᠠᠷ ᠢᠶᠠᠷ ᠪᠠᠶᠢᠴᠠᠭᠠᠨ ᠰᠤᠳᠤᠯᠤᠯᠳᠠ ᠬᠢᠪᠠ
ᠨᠡᠶᠢᠲᠡᠯᠡᠭᠰᠡᠨ ᠴᠠᠭ᠄
2023/6/13
   6 ᠰᠠᠷ᠎ᠠ ᠶᠢᠨ 7 ᠤ ᠡᠳᠦᠷ ᠂ ᠣᠷᠳᠣᠰ ᠤᠨ ᠶᠠᠨ ᠠᠨ ᠤ ᠵᠣᠷᠢᠭ ᠰᠠᠨᠠᠭᠠᠨ  ᠤ ᠰᠤᠳᠤᠯᠭᠠᠨ ᠤ ᠨᠡᠶᠢᠭᠡᠮᠯᠢᠭ ᠤᠨ ᠳᠠᠷᠤᠭ᠎ᠠ ᠰᠦᠨ ᠱᠤ᠋ ᠬᠤᠸᠠ ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠶᠣᠣ ᠵᠢᠶᠦ᠋ᠨ ᠵᠢᠴᠢ ᠬᠤᠲᠠ ᠂ ᠬᠤᠰᠢᠭᠤ ᠬᠤᠶᠠᠷ ᠱᠠᠲᠤᠨ ᠤ ᠶᠠᠨ ᠠᠨ ᠤ ᠵᠣᠷᠢᠭ ᠰᠠᠨᠠᠭᠠᠨ  ᠤ ᠰᠤᠳᠤᠯᠭᠠᠨ ᠤ ᠨᠡᠶᠢᠭᠡᠮᠯᠢᠭ ᠤᠨ ᠠᠵᠢᠯ ᠤᠨ ᠳᠤᠭᠤᠶᠢᠯᠠᠩ ᠤᠨ ᠬᠢᠨ ᠨᠠᠷᠠᠰᠤᠨ ᠪᠠᠯᠭᠠᠰᠤᠨ  ᠤ ᠬᠤᠪᠢᠰᠬᠠᠯᠳᠤ ᠬᠥᠮᠦᠵᠢᠯ ᠤᠨ ᠰᠠᠭᠤᠷᠢᠨ ᠭᠠᠵᠠᠷ ᠲᠤ ᠬᠦᠷᠴᠦ ᠪᠠᠶᠢᠴᠠᠭᠠᠨ ᠰᠤᠳᠤᠯᠤᠯᠲᠠ ᠬᠢᠪᠠ ᠃ ᠨᠠᠷᠠᠰᠤᠨ ᠪᠠᠯᠭᠠᠰᠤᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ ᠃  1 ᠳᠤᠮᠳᠠᠳᠤ ᠤᠯᠤᠰ ᠤᠨ ᠡᠪ ᠬᠠᠮᠲᠤ ᠨᠠᠮ ᠤᠨ ᠵᠡᠭᠦᠨᠭᠠᠷ ᠬᠤᠰᠢᠭᠤᠨ  ᠤ ᠠᠵᠢᠯᠯᠠᠬᠤ ᠬᠤᠷᠢᠶ᠎ᠠ ᠶᠢᠨ ᠬᠤᠪᠢᠰᠬᠠᠯ  ᠤᠨ ᠪᠠᠭᠤᠷᠢᠦᠵᠡᠭᠦᠯᠬᠡ ᠶᠢᠨ ᠣᠷᠳᠣᠨ ᠢᠶᠠᠷ ᠲᠣᠭᠤᠷᠢᠨ ᠦᠵᠡᠨ᠎ᠠ 
基层1.jpg
基层2.jpg
   ᠬᠤᠪᠢᠰᠬᠠᠯᠳᠤ ᠦᠯᠢᠭᠡᠷ  ᠢ ᠰᠣᠨᠣᠰᠴᠤ ᠂ ᠦᠨᠡᠨ ᠪᠤᠳᠠᠳᠤ ᠲᠡᠦᠬᠡ  ᠶᠢ ᠣᠶᠢᠯᠠᠭᠠᠨ᠎ᠠ
基层3.jpg
 基层4.jpg
   2 ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠯᠤᠲᠤ  ᠶᠢᠨ ᠰᠢᠯᠢ ᠶᠢᠨ ᠨᠠᠮ ᠤᠨ ᠲᠤᠭᠤᠶᠢᠯᠠᠩ ᠤᠨ ᠪᠠᠭᠤᠷᠢ︽ ᡁᠢ ᠶᠤᠸᠠᠨ ᠳᠠᠩ ︾ ᠢ ᠲᠣᠭᠤᠷᠢᠨ ᠦᠵᠡᠨ᠎ᠠ
基层5.jpg
基层6.jpg
   ᠬᠤᠯᠤᠳᠤ  ᠶᠢᠨ ᠰᠢᠯᠢ ᠶᠢᠨ ᠨᠠᠮ ᠤᠨ ᠳᠤᠭᠤᠶᠢᠯᠠᠩ ᠤᠨ ᠦᠢᠯᠡ ᠶᠠᠪᠤᠳᠠᠯ  ᠢ ᠦᠢᠯᠠᠭᠠᠨ᠎ᠠ 
基层7.jpg
   ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠲᠤᠰᠪᠤᠷᠢ ︽ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠡᠭᠦᠨᠭᠠᠷ ᠬᠤᠰᠢᠭᠤᠨ  ᠤ ᠠᠵᠢᠯᠯᠠᠬᠤ ᠬᠤᠷᠢᠶ᠎ᠠ — ᠦᠷᠡᠭᠳᠡᠭᠰᠡᠨ ᠪᠠᠭᠠᠲᠤᠷ ᠵᠠᠩ ᠮᠢᠩ ᠤᠨ ᠬᠠᠭᠤᠴᠢᠨ ᠤᠷᠤᠨ ᠰᠠᠭᠤᠴᠠ︾ ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠯᠤᠲᠤ  ᠶᠢᠨ ᠰᠢᠯᠢ ᠶᠢᠨ ᠨᠠᠮ ᠤᠨ ᠳᠤᠭᠤᠶᠢᠯᠠᠩ ᠤᠨ ᠪᠠᠭᠤᠷᠢ︾ ᠶᠢ ᠲᠣᠭᠤᠷᠢᠨ ᠦᠵᠡᠵᠦ ᠂ ᠬᠤᠪᠢᠰᠬᠠᠯ  ᠤᠨ ᠦᠢᠯᠡ ᠶᠠᠪᠤᠳᠠᠯ  ᠤᠨ ᠲᠠᠨᠢᠯᠴᠠᠭᠤᠯᠭ᠎ᠠ ᠶᠢ ᠰᠤᠨᠤᠰᠤᠨ ᠂ ᠲᠤᠬᠠᠢ ᠶᠢᠨ ᠦᠶ᠎ᠡ ᠶᠢᠨ ᠨᠡᠶᠢᠭᠡᠮ ᠤᠨ ᠲᠤᠮᠤ ᠠᠬᠤᠢ ᠪᠠᠶᠢᠳᠠᠯ ᠂ ᠬᠤᠪᠢᠰᠬᠠᠯ ᠬᠢᠬᠡᠳ ᠪᠦᠳᠦᠬᠡᠨ ᠪᠠᠶᠢᠭᠤᠯᠤᠯᠲᠠ ᠶᠢᠨ ᠪᠠᠶᠢᠳᠠᠯ ᠵᠢᠴᠢ ᠬᠤᠪᠢᠰᠬᠠᠯᠴᠢᠳ ᠤᠨ ᠦᠢᠯᠡ ᠶᠠᠪᠤᠳᠠᠯ  ᠢ ᠣᠶᠢᠯᠠᠭᠠᠪᠠ ᠃  ᠰᠦᠨ ᠱᠤ᠋ ᠬᠤᠸᠠ ᠵᠢᠠᠭᠠᠵᠦ ᠭᠠᠷᠭᠠᠬᠤ ᠳᠠᠭᠠᠨ ᠂ ᠬᠤᠪᠢᠰᠬᠠᠯᠳᠤ ᠬᠥᠮᠦᠵᠢᠯ ᠤᠨ ᠠᠴᠢ ᠬᠤᠯᠪᠣᠭᠳᠠᠯ ᠢ ᠭᠦᠨᠵᠡᠭᠡᠢ ᠲᠠᠨᠢᠵᠦ ᠂ ᠬᠤᠪᠢᠰᠬᠠᠯᠳᠤ ᠡᠬᠢ ᠪᠠᠶᠠᠯᠢᠭ ᠪᠣᠯ ᠨᠠᠮ ᠤᠨ ᠡᠷᠬᠢᠮ ᠨᠠᠨᠳᠢᠨ ᠵᠤᠷᠢᠭ ᠰᠠᠨᠠᠭᠠᠨ ᠤ ᠡᠳ᠋ ᠪᠠᠶᠠᠯᠢᠭ ᠪᠤᠯᠬᠤᠷ ᠡᠷᠬᠡᠪᠰᠢ ᠰᠠᠶᠢᠲᠤᠷ ᠬᠠᠮᠠᠭᠠᠯᠠᠵᠤ ᠂ ᠰᠠᠶᠢᠲᠤᠷ ᠠᠰᠢᠭᠯᠠᠵᠦ ᠂ ᠬᠤᠪᠢᠰᠬᠠᠯᠳᠤ ᠵᠣᠷᠢᠭ ᠰᠠᠨᠠᠭ᠎ᠠ ᠶᠢ ᠦᠶ᠎ᠡ ᠶᠢᠨ ᠦᠶ᠎ᠡ ᠪᠠᠷ ᠤᠯᠠᠮᠵᠢᠯᠠᠬᠤ ᠬᠡᠷᠡᠭᠲᠡᠢ ᠃ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠂ ᠰᠣᠶᠣᠯ ᠢ ᠠᠭᠤᠳᠠᠯᠬᠤ ᠠᠵᠢᠯ ᠢ ᠨᠢᠭᠡᠳᠦᠯᠲᠡᠢ ᠲᠦᠯᠦᠪᠵᠢᠬᠦᠯᠦᠨ ᠰᠠᠶᠢᠲᠤᠷ ᠬᠢᠵᠦ ᠂ ᠲᠤᠰ ᠭᠠᠵᠠᠷ ᠤᠷᠤᠨ  ᠤ ᠰᠣᠶᠣᠯ ᠤᠨ ᠡᠬᠢ ᠪᠠᠶᠠᠯᠢᠭ ᠢ ᠦᠷᠭᠦᠯᠵᠢᠯᠡᠨ ᠴᠤᠭᠯᠠᠭᠤᠯᠤᠨ ᠡᠮᠬᠢᠳᠭᠡᠵᠦ ᠂ ᠬᠤᠪᠢᠰᠬᠠᠯᠳᠤ ᠲᠡᠦᠬᠡ ᠶᠢ ᠲᠡᠬᠦᠯᠳᠡᠷᠵᠢᠬᠦᠯᠦᠨ ᠂ ᠲᠡᠦᠬᠡᠳᠤ ᠦᠯᠢᠭᠡᠷ ᠢ ᠰᠠᠶᠢᠲᠤᠷ ᠶᠠᠷᠢᠵᠤ ᠂ ᠬᠤᠪᠢᠰᠬᠠᠯᠳᠤ ᠰᠣᠶᠣᠯ ᠤᠨ ᠲᠡᠦᠬᠡ ᠶᠢᠨ ᠠᠭᠤᠯᠬᠤᠨ ᠢ ᠪᠠᠶᠠᠯᠢᠭᠵᠢᠭᠤᠯᠤᠨ ᠂ ᠨᠡᠶᠢᠲᠡᠯᠢᠭ ᠦᠢᠯᠡ ᠶᠠᠪᠤᠳᠠᠯ  ᠤᠨ ᠨᠦᠯᠦᠬᠡᠯᠡᠬᠦ ᠬᠦᠴᠦᠨ ᠢ ᠴᠢᠨᠠᠬᠰᠢᠳᠠ ᠴᠢᠩᠭᠠᠳᠬᠠᠬᠤ ᠬᠡᠷᠡᠭᠲᠡᠢ ᠃ ᠰᠤᠷᠭᠠᠨ ᠬᠥᠮᠦᠵᠢᠯ ᠤᠨ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠲᠠ ᠶᠢ ᠰᠠᠶᠢᠲᠤᠷ ᠲᠦᠯᠦᠪᠵᠢᠬᠦᠯᠵᠦ ᠂ ᠬᠤᠪᠢᠰᠬᠠᠯᠳᠤ ᠬᠥᠮᠦᠵᠢᠯ ᠤᠨ ᠦᠯᠢᠭᠡᠷ ᠳᠠᠭᠤᠷᠢᠶᠠᠯ ᠢ ᠴᠢᠷᠮᠠᠶᠢᠨ ᠡᠭᠦᠳᠬᠦ ᠬᠡᠷᠡᠭᠲᠡᠢ ᠬᠡᠪᠡ ᠃ 
ᠢᠷᠡᠯᠲᠡ᠄ ᠨᠠᠷᠠᠰᠤᠨ ᠨᠡᠶᠢᠲᠡᠯᠡᠯ