| ᠣᠶᠢᠷ᠎ᠠ ᠳᠤ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ︽ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠰᠦᠯᠵᠢᠶᠡᠨ ᠠᠴᠠ ᠭᠠᠳᠠᠭᠤᠷ ︿ ᠪᠥᠬᠦ ᠣᠷᠣᠨ ᠳᠤ ᠨᠡᠶᠢᠳᠡᠮ ᠭᠦᠢᠴᠡᠳᠬᠡᠬᠦ ﹀ ᠵᠦᠢᠯᠡᠰ ᠤᠨ ᠨᠠᠷᠢᠨ ᠬᠠᠭᠤᠳᠠᠰᠤ ︵ 156 ᠵᠦᠢᠯ ︶ | ︾ ︵ ᠥᠪᠥᠷ ᠵᠠᠰᠠᠭ ᠠᠯᠪᠠᠨ ᠲᠠᠷᠬᠠᠭᠠᠭᠰᠠᠨ ︹2023︺ 39 ᠳ᠋ᠦ᠋ᠭᠡᠷ ᠲᠣᠭᠠᠲᠤ ᠂ ᠳᠣᠷᠣᠭᠰᠢ ︽ ᠨᠡᠶᠢᠳᠡᠮ ᠭᠦᠢᠴᠡᠳᠬᠡᠬᠦ ᠨᠠᠷᠢᠨ ᠬᠠᠭᠤᠳᠠᠰᠤ ︾ ᠭᠡᠵᠦ | ᠲᠣᠪᠴᠢᠯᠠᠨ᠎ᠠ ︶ ᠶᠢ ᠳᠠᠷᠤᠮᠠᠯᠯᠠᠨ ᠲᠠᠷᠬᠠᠭᠠᠪᠠ ᠃ ᠨᠡᠶᠢᠭᠡᠮ ᠨᠡᠶᠢᠲᠡ ᠶᠢᠨ ᠬᠢᠨ ᠤ ︽ ᠨᠡᠶᠢᠳᠡᠮ ᠭᠦᠢᠴᠡᠳᠬᠡᠬᠦ ᠨᠠᠷᠢᠨ ᠬᠠᠭᠤᠳᠠᠰᠤ ︾ ᠶᠢᠨ ᠬᠠᠮᠢᠶ᠎ᠠ ᠪᠦᠬᠦᠢ | ᠠᠭᠤᠯᠭ᠎ᠠ ᠶᠢ ᠥᠷᠭᠡᠨ ᠢᠶᠠᠷ ᠮᠡᠳᠡᠬᠦ ᠪᠠ ᠵᠥᠪ ᠣᠨᠣᠪᠴᠢᠲᠠᠶ ᠣᠶᠢᠯᠠᠭᠠᠬᠤ ᠳᠤ ᠲᠥᠬᠦᠮ ᠦᠵᠡᠭᠦᠯᠵᠦ ᠂ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ | ᠰᠠᠶᠢᠲᠤᠷ ᠠᠳᠬᠤᠬᠤ ᠶᠢᠨ ᠲᠤᠰᠠᠳᠠ ᠂ ᠡᠳᠦᠭᠡ ᠳᠣᠣᠷᠠᠬᠢ ᠮᠡᠲᠦ ᠲᠠᠶᠢᠯᠤᠮᠵᠢ ᠬᠢᠪᠡ ᠃ | ᠨᠢᠭᠡ ᠂ ᠨᠡᠶᠢᠲᠡᠯᠡᠭᠰᠡᠨ ᠠᠬᠤᠢ ᠪᠠᠶᠢᠳᠠᠯ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶᠢᠷᠡᠭᠦᠯᠦᠨ | ᠨᠠᠶᠢᠳᠠᠪᠤᠷᠢᠵᠢᠭᠤᠯᠬᠤ ᠶᠢᠨ ᠲᠤᠰᠠᠳᠠ ᠂ 2023 ᠣᠨ ᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠱᠠᠭᠠᠷᠳᠠᠯᠭ᠎ᠠ ᠶᠢ | ᠦᠨᠳᠦᠰᠦᠯᠡᠵᠦ ᠂ ︽ ᠮᠤᠵᠢ ᠠᠯᠤᠰᠯᠠᠨ ᠨᠡᠶᠢᠳᠡᠮ ᠭᠦᠢᠴᠡᠳᠬᠡᠬᠦ ︾ ᠠᠵᠢᠯ ᠲᠠᠢ ᠤᠶᠠᠯᠳᠤᠭᠤᠯᠤᠨ ᠂ ᠲᠦᠷ ᠴᠠᠭ ᠤᠨ ᠪᠡᠶ᠎ᠡ ᠶᠢᠨ ᠦᠨᠡᠮᠯᠡᠯ ᠂ ᠨᠠᠰᠤᠵᠢᠯ ᠤᠨ | ᠠᠰᠠᠷᠠᠮᠵᠢ ᠶᠢᠨ ᠳᠠᠭᠠᠳᠬᠠᠯ ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠵᠡᠷᠭᠡ ᠥᠨᠳᠥᠷ ᠳᠠᠪᠲᠠᠮᠵᠢᠲᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠵᠦᠢᠯᠡᠰ ᠤᠨ ᠲᠣᠭᠤᠷᠢᠨ ᠳᠤ ᠂ ︽ ᠨᠡᠶᠢᠳᠡᠮ ᠭᠦᠢᠴᠡᠳᠬᠡᠬᠦ ᠨᠠᠷᠢᠨ ᠬᠠᠭᠤᠳᠠᠰᠤ ︾ ᠶᠢ ᠲᠣᠭᠲᠠᠭᠠᠵᠤ ᠂ ᠠᠷᠠᠳ ᠲᠦᠮᠡᠨ ᠢᠶᠠᠷ ᠭᠤᠣᠯ ᠪᠣᠯᠭᠠᠬᠤ | ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠨ ᠂ ᠠᠵᠢᠯ ᠶᠠᠪᠤᠳᠠᠯ ᠭᠦᠢᠴᠡᠳᠬᠡᠬᠦ ᠬᠠᠷᠢᠶ᠎ᠠ ᠭᠠᠵᠠᠷ ᠤᠨ ᠬᠢᠵᠠᠭᠠᠷᠯᠠᠯ ᠢ ᠡᠪᠳᠡᠵᠦ ᠂ ᠠᠵᠤ ᠠᠬᠤᠶᠢᠯᠠᠯ ᠪᠠ ᠣᠯᠠᠨ | ᠲᠦᠮᠡᠨ ᠳᠤ ᠴᠢᠨᠠᠷ ᠰᠠᠶᠢᠲᠠᠢ ᠂ ᠥᠨᠳᠥᠷ ᠦᠷ᠎ᠡ ᠪᠦᠲᠦᠮᠵᠢᠲᠡᠶ ᠂ ᠳᠥᠭᠦᠮ ᠳᠥᠲᠡ ᠢᠯᠭᠠᠭ᠎ᠠ ᠵᠥᠷᠢᠶ᠎ᠡ ᠦᠭᠡᠢ ︽ ᠪᠥᠬᠦ ᠣᠷᠣᠨ ᠳᠤ ᠨᠡᠶᠢᠳᠡᠮ ᠭᠦᠢᠴᠡᠳᠬᠡᠬᠦ ︾ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠢ ᠬᠠᠩᠭᠠᠨ᠎ᠠ ᠃ | ᠬᠤᠶᠠᠷ ᠂ ᠭᠤᠣᠯ ᠠᠭᠤᠯᠭ᠎ᠠ | ︵ ᠨᠢᠭᠡ ︶ ᠰᠦᠯᠵᠢᠶᠡᠨ ᠠᠴᠠ ᠭᠠᠳᠠᠭᠤᠷ ︽ ᠪᠥᠬᠦ ᠣᠷᠣᠨ ᠳᠤ ᠨᠡᠶᠢᠳᠡᠮ ᠭᠦᠢᠴᠡᠳᠬᠡᠬᠦ ︾ ᠵᠦᠢᠯᠡᠰ ᠢ ᠲᠥᠷᠥᠯ ᠬᠤᠪᠢᠶᠠᠨ ᠬᠡᠷᠡᠭᠵᠢᠭᠦᠯᠬᠦ ᠶᠢ ᠠᠬᠢᠭᠤᠯᠤᠨ᠎ᠠ ᠃ | ᠡᠷᠦᠬᠡ ᠠᠮᠠ ᠶᠢᠨ ᠬᠠᠷᠢᠶᠠᠯᠠᠯ ᠤᠨ ᠭᠡᠷᠡᠴᠢ ᠭᠠᠷᠭᠠᠬᠤ ᠂ ᠡᠷᠦᠬᠡ ᠠᠮᠠ ᠰᠢᠯᠵᠢᠭᠦᠯᠬᠦ ᠂ ᠲᠦᠷ ᠴᠠᠭ ᠤᠨ ᠪᠡᠶ᠎ᠡ ᠶᠢᠨ ᠦᠨᠡᠮᠯᠡᠯ ᠭᠦᠢᠴᠡᠳᠬᠡᠬᠦ ᠵᠡᠷᠭᠡ ᠳᠤ | ᠬᠤᠯᠪᠣᠭᠳᠠᠭᠰᠠᠨ 24 ᠵᠦᠢᠯ ᠤᠨ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠨ ᠰᠦᠯᠵᠢᠶᠡᠨ ᠠᠴᠠ ᠭᠠᠳᠠᠭᠤᠷ ︽ ᠪᠥᠬᠦ ᠣᠷᠣᠨ ᠳᠤ ᠨᠡᠶᠢᠳᠡᠮ | ᠭᠦᠢᠴᠡᠳᠬᠡᠬᠦ ︾ ᠵᠦᠢᠯᠡᠰ ᠢ ᠨᠠᠭᠦᠯᠭᠡᠵᠦ ᠣᠷᠣᠭᠤᠯᠬᠤ ᠭᠠᠵᠠᠷ ᠤᠨ ᠲᠣᠮᠢᠯᠠᠭᠰᠠᠨ ᠰᠠᠯᠪᠤᠷᠢ ᠳᠤ ᠭᠦᠢᠴᠡᠳᠬᠡᠨ᠎ᠡ ᠃ ᠪᠤᠰᠤᠳ 132 ᠵᠦᠢᠯ ᠤᠨ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠣᠶᠢᠷ᠎ᠠ ᠬᠠᠪᠢ ᠳᠤ ᠪᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ︽ ᠪᠥᠬᠦ ᠣᠷᠣᠨ ᠳᠤ ᠨᠡᠶᠢᠳᠡᠮ | ᠭᠦᠢᠴᠡᠳᠬᠡᠬᠦ ︾ ᠴᠣᠩᠬᠤᠪᠴᠢ ᠶᠢ ᠰᠣᠩᠭᠤᠨ ᠭᠦᠢᠴᠡᠳᠬᠡᠵᠦ ᠪᠣᠯᠣᠨ᠎ᠠ ᠃ | ︵ ᠬᠤᠶᠠᠷ ︶ ᠰᠦᠯᠵᠢᠶᠡᠨ ᠠᠴᠠ ᠭᠠᠳᠠᠭᠤᠷ ︽ ᠪᠥᠬᠦ ᠣᠷᠣᠨ ᠳᠤ ᠨᠡᠶᠢᠳᠡᠮ ᠭᠦᠢᠴᠡᠳᠬᠡᠬᠦ ︾ ᠴᠣᠩᠬᠤᠪᠴᠢ ᠶᠢᠨ ᠲᠤᠯᠭᠠᠭᠤᠷᠢᠯᠠᠯ ᠶᠢ ᠴᠢᠩᠭᠠᠳᠬᠠᠨ᠎ᠠ ᠃ ᠰᠢᠶᠠᠨ ᠤ | ᠱᠠᠲᠤᠨ ᠠᠴᠠ ᠳᠡᠭᠡᠭᠰᠢᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠠᠴᠠ ︽ ᠪᠥᠬᠦ ᠣᠷᠣᠨ ᠳᠤ ᠨᠡᠶᠢᠳᠡᠮ ᠭᠦᠢᠴᠡᠳᠬᠡᠬᠦ ︾ ᠦᠢᠯᠡᠴᠢᠯᠡᠭᠡᠨ ᠤ ᠲᠤᠰᠬᠠᠢ | ᠴᠣᠩᠬᠤᠪᠴᠢ ᠲᠣᠬᠢᠷᠠᠭᠤᠯᠵᠤ ᠂ ︽ ᠪᠥᠬᠦ ᠣᠷᠣᠨ ᠳᠤ ᠨᠡᠶᠢᠳᠡᠮ ᠭᠦᠢᠴᠡᠳᠬᠡᠬᠦ ︾ ᠴᠢᠳᠠᠮᠵᠢ ᠶᠢᠨ ᠬᠡᠰᠡᠭ ᠢᠶᠠᠷ ᠳᠠᠮᠵᠢᠭᠤᠯᠤᠨ ᠂ ᠮᠠᠲ᠋ᠧᠷᠢᠶᠠᠯ ᠢ ᠣᠨᠳᠣᠣ ᠭᠠᠵᠠᠷ ᠲᠤ | ᠣᠷᠣᠯᠠᠨ ᠬᠤᠷᠢᠶᠠᠵᠤ ᠂ ᠰᠦᠯᠵᠢᠶᠡᠨ ᠳᠡᠭᠡᠷ᠎ᠡ ᠬᠠᠨᠳᠤᠯᠭ᠎ᠠ ᠲᠠᠢ ᠪᠠᠷ ᠰᠢᠯᠵᠢᠭᠦᠯᠬᠦ ︽ ᠨᠢᠭᠡ ᠥᠷᠲᠡᠭᠡᠴᠢᠯᠡᠭᠰᠡᠨ ᠮᠠᠶ᠋ᠢᠭ ︾ ᠤᠨ ᠦᠢᠯᠡᠴᠢᠯᠡᠭᠡ ᠶᠢ ᠬᠡᠷᠡᠭᠵᠢᠭᠦᠯᠦᠨ᠎ᠡ ᠃ | ︵ ᠭᠤᠷᠪᠠ ︶ ᠰᠦᠯᠵᠢᠶᠡᠨ ᠠᠴᠠ ᠭᠠᠳᠠᠭᠤᠷ ︽ ᠪᠥᠬᠦ ᠣᠷᠣᠨ ᠳᠤ ᠨᠡᠶᠢᠳᠡᠮ ᠭᠦᠢᠴᠡᠳᠬᠡᠬᠦ ︾ ᠵᠦᠢᠯᠡᠰ ᠢ ᠵᠣᠯᠭᠠᠭᠤᠯᠬᠤ ᠶᠢ ᠲᠦᠷᠭᠡᠳᠬᠡᠨ᠎ᠡ ᠃ ᠰᠦᠯᠵᠢᠶᠡᠨ ᠠᠴᠠ | ᠭᠠᠳᠠᠭᠤᠷ ︽ ᠪᠥᠬᠦ ᠣᠷᠣᠨ ᠳᠤ ᠨᠡᠶᠢᠳᠡᠮ ᠭᠦᠢᠴᠡᠳᠬᠡᠬᠦ ︾ ᠵᠦᠢᠯᠡᠰ ᠤᠨ ᠨᠡᠷᠡᠶᠢᠳᠦᠯ ᠂ ᠭᠠᠷᠴᠠᠭ ᠳ᠋ᠤᠭᠠᠷᠯᠠᠯ ᠂ ᠭᠤᠶᠤᠴᠢᠯᠠᠬᠤ ᠮᠠᠲ᠋ᠧᠷᠢᠶᠠᠯ ᠂ ᠭᠦᠢᠴᠡᠳᠬᠡᠬᠦ | ᠴᠠᠭ ᠤᠨ ᠬᠢᠵᠠᠭᠠᠷ ᠵᠡᠷᠭᠡ ᠮᠡᠳᠡᠭᠡ ᠵᠠᠩᠭᠢ ᠶᠢᠨ ᠡᠯᠧᠮᠧᠨ᠋ᠲ ᠢ ᠨᠠᠶᠢᠷᠠᠭᠤᠯᠤᠨ ᠵᠣᠬᠢᠶᠠᠬᠤ ᠪᠠ ᠰᠢᠨᠡᠳᠬᠡᠬᠦ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠵᠦ ᠂ | ᠲᠤᠬᠠᠶᠢᠯᠠᠭᠰᠠᠨ ᠠᠵᠢᠯ ᠤᠨ ᠪᠥᠬᠦ ᠴᠤᠪᠤᠷᠠᠯ ᠤᠨ ︽ ᠵᠥᠷᠢᠶ᠎ᠡ ᠦᠭᠡᠢ ︾ ᠭᠦᠢᠴᠡᠳᠬᠡᠬᠦ ᠶᠢ ᠪᠠᠷᠢᠮᠵᠢᠶᠠᠵᠢᠭᠤᠯᠬᠤ ᠶᠢ ᠪᠡᠶᠡᠯᠡᠭᠦᠯᠦᠨ᠎ᠡ ᠃ | ︵ ᠳᠥᠷᠪᠡ ︶ ᠰᠦᠯᠵᠢᠶᠡᠨ ᠠᠴᠠ ᠭᠠᠳᠠᠭᠤᠷ ︽ ᠪᠥᠬᠦ ᠣᠷᠣᠨ ᠳᠤ ᠨᠡᠶᠢᠳᠡᠮ ᠭᠦᠢᠴᠡᠳᠬᠡᠬᠦ ︾ ᠰᠢᠯᠵᠢᠭᠦᠯᠦᠨ ᠭᠦᠢᠴᠡᠳᠬᠡᠬᠦ ᠴᠠᠭ ᠤᠨ ᠬᠢᠵᠠᠭᠠᠷ ᠢ ᠴᠢᠩᠳᠠᠯᠠᠨ᠎ᠠ ᠃ | ᠭᠥᠯᠢᠶᠡᠨ ᠠᠪᠬᠤ ᠭᠠᠵᠠᠷ ᠂ ᠭᠦᠢᠴᠡᠳᠬᠡᠬᠦ ᠭᠠᠵᠠᠷ ᠤᠨ ︽ ᠪᠥᠬᠦ ᠣᠷᠣᠨ ᠳᠤ ᠨᠡᠶᠢᠳᠡᠮ ᠭᠦᠢᠴᠡᠳᠬᠡᠬᠦ ︾ ᠴᠣᠩᠬᠤᠪᠴᠢ ᠨᠢ ᠲᠣᠰ ᠲᠣᠰ 1 ᠠᠵᠢᠯᠯᠠᠬᠤ ᠡᠳᠦᠷ ᠤᠨ | ᠳᠣᠲᠣᠷ᠎ᠠ ᠭᠥᠯᠢᠶᠡᠨ ᠠᠪᠬᠤ ᠶᠢᠨ ᠬᠠᠮᠲᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠲᠤ ᠰᠢᠯᠵᠢᠭᠦᠯᠦᠨ ᠭᠦᠢᠴᠡᠳᠬᠡᠯᠭᠡᠵᠦ ᠂ ᠬᠢᠨᠠᠨ ᠵᠥᠪᠰᠢᠶᠡᠷᠡᠬᠦ ᠰᠠᠯᠠᠭ᠎ᠠ | ᠮᠥᠴᠢᠷ ᠠᠴᠠ ᠴᠠᠭ ᠲᠤᠬᠠᠢ ᠳᠤ ᠨᠢ ᠭᠦᠢᠴᠡᠳᠬᠡᠵᠦ ᠳᠠᠭᠤᠰᠬᠠᠬᠤ ᠶᠢᠨ ᠬᠠᠮᠲᠤ 1 ᠠᠵᠢᠯᠯᠠᠬᠤ ᠡᠳᠦᠷ ᠤᠨ ᠳᠣᠲᠣᠷ᠎ᠠ ᠢᠯᠡᠭᠡᠨ᠎ᠡ ᠃ ᠴᠠᠭᠠᠰᠤᠨ ᠮᠠᠲ᠋ᠧᠷᠢᠶᠠᠯ ᠢ | ᠦᠯᠡᠳᠡᠭᠡᠨ ᠬᠠᠳᠠᠭᠠᠯᠠᠬᠤ ᠴᠢᠬᠤᠯᠠ ᠲᠠᠢ ᠶᠢ ᠨᠢ 2 ᠠᠵᠢᠯᠯᠠᠬᠤ ᠡᠳᠦᠷ ᠤᠨ ᠳᠣᠲᠣᠷ᠎ᠠ ᠢᠯᠡᠭᠡᠨ᠎ᠡ ᠃ | ︵ ᠲᠠᠪᠤ ︶ ᠰᠠᠯᠠᠭ᠎ᠠ ᠮᠥᠴᠢᠷ ᠤᠳ ᠤᠨ ᠬᠤᠭᠤᠷᠣᠨᠳᠣᠬᠢ ᠨᠡᠪᠲᠡᠷᠡᠯᠴᠡᠨ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ ᠃ ᠨᠡᠶᠢᠳᠡᠮ ᠭᠦᠢᠴᠡᠳᠬᠡᠬᠦ | ᠲᠣᠭᠲᠠᠴᠠ ᠶᠢ ᠪᠠᠶᠢᠭᠤᠯᠵᠤ ᠂ ᠬᠠᠷᠢᠶ᠎ᠠ ᠭᠠᠵᠠᠷ ᠤᠨ ᠰᠠᠯᠠᠭ᠎ᠠ ᠮᠥᠴᠢᠷ ᠪᠠ ᠣᠨᠳᠣᠣ ᠭᠠᠵᠠᠷ ᠤᠨ ᠰᠠᠯᠠᠭ᠎ᠠ ᠮᠥᠴᠢᠷ ᠢ ᠨᠡᠪᠲᠡᠷᠡᠯᠴᠡᠭᠦᠯᠦᠨ ᠵᠣᠯᠭᠠᠭᠤᠯᠬᠤ ᠶᠢ | ᠴᠢᠩᠭᠠᠳᠬᠠᠨ ᠂ ᠨᠢᠭᠲᠠ ᠮᠥᠷᠲᠡᠭᠡᠨ ᠣᠨᠣᠴᠠᠲᠠᠢ ᠪᠠᠷ ᠵᠣᠯᠭᠠᠭᠤᠯᠬᠤ ᠶᠢ ᠪᠡᠶᠡᠯᠡᠭᠦᠯᠵᠦ ᠂ ᠬᠡᠷᠡᠭ ᠶᠠᠪᠤᠳᠠᠯ ᠭᠦᠢᠴᠡᠳᠬᠡᠬᠦ ᠴᠤᠪᠤᠷᠠᠯ ᠤᠨ ᠪᠢᠲᠡᠭᠦᠦ ᠴᠠᠭᠠᠷᠢᠭ ᠢ ᠪᠣᠶ | ᠪᠣᠯᠭᠠᠨ᠎ᠠ ᠃ | ︵ ᠵᠢᠷᠭᠤᠭ᠎ᠠ ︶ ᠰᠦᠯᠵᠢᠶᠡᠨ ᠠᠴᠠ ᠭᠠᠳᠠᠭᠤᠷ ︽ ᠪᠥᠬᠦ ᠣᠷᠣᠨ ᠳᠤ ᠨᠡᠶᠢᠳᠡᠮ ᠭᠦᠢᠴᠡᠳᠬᠡᠬᠦ ︾ ᠶᠢᠨ ᠰᠢᠯᠭᠠᠨ ᠬᠢᠨᠠᠵᠤ ᠰᠢᠮᠳᠠᠭᠤᠯᠤᠨ ᠪᠠᠶᠢᠴᠠᠭᠠᠬᠤ ᠶᠢ | ᠴᠢᠩᠭᠠᠳᠬᠠᠨ᠎ᠠ ᠃ ᠰᠦᠯᠵᠢᠶᠡᠨ ᠠᠴᠠ ᠭᠠᠳᠠᠭᠤᠷ ︽ ᠪᠥᠬᠦ ᠣᠷᠣᠨ ᠳᠤ ᠨᠡᠶᠢᠳᠡᠮ ᠭᠦᠢᠴᠡᠳᠬᠡᠬᠦ ︾ ᠶᠢ ᠬᠠᠷᠠᠯᠲᠠᠲᠤ ᠰᠢᠯᠭᠠᠨ ᠬᠢᠨᠠᠯᠲᠠ ᠪᠠ ᠲᠤᠰᠬᠠᠢ ᠰᠢᠮᠳᠠᠭᠤᠯᠤᠨ | ᠪᠠᠶᠢᠴᠠᠭᠠᠯᠲᠠ ᠶᠢᠨ ᠠᠭᠤᠯᠭ᠎ᠠ ᠳᠤ ᠣᠷᠣᠭᠤᠯᠬᠤ ᠶᠢ ᠠᠬᠢᠭᠤᠯᠵᠤ ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ ᠪᠥᠬᠦ ᠣᠷᠣᠨ ᠳᠤ ᠨᠡᠶᠢᠳᠡᠮ ᠭᠦᠢᠴᠡᠳᠬᠡᠬᠦ ︾ | ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠪᠥᠬᠦ ᠲᠠᠯ᠎ᠠ ᠪᠠᠷ ᠠᠬᠢᠭᠤᠯᠤᠨ᠎ᠠ ᠃ | ᠭᠤᠷᠪᠠ ᠂ ᠣᠨᠴᠠᠯᠢᠭ ᠪᠠ ᠭᠢᠯᠠᠰ ᠴᠡᠭ | ︽ ᠨᠡᠶᠢᠳᠡᠮ ᠭᠦᠢᠴᠡᠳᠬᠡᠬᠦ ᠨᠠᠷᠢᠨ ᠬᠠᠭᠤᠳᠠᠰᠤ ︾ ᠨᠢ ᠠᠵᠤ ᠠᠬᠤᠶᠢᠯᠠᠯ ᠪᠣᠯᠣᠨ ᠣᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ ᠂ ᠬᠠᠮᠤᠭ ᠤᠨ | ᠰᠢᠭᠤᠳ ᠂ ᠬᠠᠮᠤᠭ ᠤᠨ ᠪᠣᠳᠠᠲᠠᠢ ᠠᠰᠢᠭ ᠲᠤᠰᠠ ᠶᠢᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ ᠂ ᠥᠪᠡᠷᠲᠡᠭᠡᠨ ᠵᠠᠰᠠᠬᠤ ᠣᠷᠣᠨ ᠤ ᠳᠠᠪᠬᠤᠷᠭ᠎ᠠ ᠠᠴᠠ | ᠪᠠᠷᠢᠮᠵᠢᠶ᠎ᠠ ᠶᠢ ᠵᠢᠷᠤᠮᠵᠢᠭᠤᠯᠤᠨ ᠂ ᠲᠤᠯᠭᠠᠭᠤᠷᠢᠯᠠᠯ ᠢ ᠳᠡᠭᠡᠭᠰᠢᠯᠡᠭᠦᠯᠵᠦ ᠂ ᠪᠥᠬᠦ ᠣᠷᠣᠨ ᠤ ᠪᠠᠷᠢᠮᠵᠢᠶ᠎ᠠ ᠶᠢ ᠨᠢᠭᠡᠳᠦᠭᠦᠯᠬᠦ ᠂ ᠣᠨᠳᠣᠣ ᠭᠠᠵᠠᠷ ᠲᠤ ᠭᠥᠯᠢᠶᠡᠨ ᠠᠪᠴᠤ | ᠰᠢᠢᠳᠪᠦᠷᠢᠯᠡᠬᠦ ᠂ ᠰᠦᠯᠵᠢᠶᠡᠨ ᠳᠡᠭᠡᠷ᠎ᠡ ᠬᠠᠨᠳᠤᠯᠭ᠎ᠠ ᠲᠠᠢ ᠪᠠᠷ ᠰᠢᠯᠵᠢᠭᠦᠯᠬᠦ ᠂ ᠰᠠᠯᠠᠭ᠎ᠠ ᠮᠥᠴᠢᠷ ᠤᠳ ᠬᠤᠯᠪᠣᠭᠠᠯᠠᠨ ᠬᠥᠳᠡᠯᠦᠯᠴᠡᠬᠦ ᠠᠷᠭ᠎ᠠ ᠮᠠᠶ᠋ᠢᠭ ᠢ ᠬᠡᠷᠡᠭᠯᠡᠨ | ᠪᠢᠲᠡᠭᠦᠦ ᠴᠠᠭᠠᠷᠢᠭ ᠢᠶᠠᠷ ᠭᠦᠢᠴᠡᠳᠬᠡᠬᠦ ᠵᠠᠭᠪᠤᠷ ᠢ ᠪᠣᠶ ᠪᠣᠯᠭᠠᠭᠰᠠᠨ ᠨᠢ ᠣᠨᠳᠣᠣ ᠭᠠᠵᠠᠷ ᠲᠤ ᠠᠵᠢᠯ ᠶᠠᠪᠤᠳᠠᠯ ᠭᠦᠢᠴᠡᠳᠬᠡᠬᠦ ᠳᠤ ︽ ᠣᠯᠠᠨ ᠭᠠᠵᠠᠷ ᠲᠤ ᠣᠴᠢᠬᠤ ︾ | ︽ ᠨᠠᠭᠠᠰᠢ ᠴᠠᠭᠠᠰᠢ ᠭᠦᠶᠦᠬᠦ ︾ ᠠᠰᠠᠭᠤᠳᠠᠯ ᠢ ᠰᠢᠢᠳᠪᠦᠷᠢᠯᠡᠨ ᠂ ᠣᠯᠠᠨ ᠲᠦᠮᠡᠨ ᠤ ᠣᠨᠳᠣᠣ ᠭᠠᠵᠠᠷ ᠲᠤ ᠠᠵᠢᠯᠯᠠᠵᠤ ᠠᠮᠢᠳᠤᠷᠠᠬᠤ ᠳᠤ ᠲᠥᠬᠦᠮ | ᠦᠵᠡᠭᠦᠯᠦᠭᠰᠡᠨ ᠢᠶᠠᠷ ᠪᠠᠷᠠᠬᠤ ᠦᠭᠡᠢ ᠵᠠᠮ ᠬᠠᠷᠢᠯᠴᠠᠭᠠᠨ ᠤ ᠵᠠᠷᠤᠳᠠᠯ ᠪᠠ ᠴᠠᠭ ᠬᠤᠭᠤᠴᠠᠭᠠᠨ ᠤ ᠥᠪᠡᠷ ᠤᠨ ᠥᠷᠲᠡᠭ ᠢ ᠠᠷᠪᠢᠯᠠᠪᠠ ᠃ | | | |