| ᠲᠦᠷᠦᠭᠦᠬᠡᠨ ᠂ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ︽ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ | ᠠᠷᠪᠠᠨ ᠵᠢᠷᠭᠤᠭᠠᠨ ᠵᠦᠢᠯ ᠤᠨ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠲᠤᠬᠠᠢ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠠᠯᠪᠠᠨ ᠭᠡᠷ ᠤᠨ | ᠮᠡᠳᠡᠭᠳᠡᠯ ︾ ︵ ᠡᠮᠴᠢᠯᠡᠭᠡ ᠪᠠᠲᠤᠯᠠᠭ᠎ᠠ ᠠᠯᠪᠠᠨ ᠲᠠᠷᠬᠠᠭᠠᠭᠰᠠᠨ ︹2023︺ 16 ᠳ᠋ᠤᠭᠠᠷ ᠲᠣᠭᠠᠲᠤ ᠂ ᠳᠣᠷᠣᠭᠰᠢ ︽ ᠮᠡᠳᠡᠭᠳᠡᠯ ︾ ᠭᠡᠵᠦ ᠲᠣᠪᠴᠢᠯᠠᠨ᠎ᠠ︶ ᠢ | ᠳᠠᠷᠤᠮᠠᠯᠯᠠᠨ ᠲᠠᠷᠬᠠᠭᠠᠪᠠ ᠃ ᠡᠳᠦᠭᠡ ᠬᠤᠯᠪᠣᠭᠳᠠᠯ ᠪᠦᠬᠦᠢ ᠠᠭᠤᠯᠭ᠎ᠠ ᠶᠢᠨ ᠲᠤᠬᠠᠢ ᠳᠣᠣᠷᠠᠬᠢ ᠮᠡᠲᠦ ᠲᠠᠶᠢᠯᠤᠮᠵᠢ ᠬᠢᠪᠡ᠄ | ᠨᠢᠭᠡ ᠂ ︽ ᠮᠡᠳᠡᠭᠳᠡᠯ ︾ ᠢ ᠨᠡᠶᠢᠲᠡᠯᠡᠭᠰᠡᠨ ᠠᠬᠤᠢ ᠪᠠᠶᠢᠳᠠᠯ | ᠨᠠᠮ ᠤᠨ ᠲᠥᠪ ᠬᠤᠷᠢᠶ᠎ᠠ ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠡᠮᠴᠢᠯᠡᠭᠡᠨ ᠤ ᠪᠠᠲᠤᠯᠠᠭ᠎ᠠ ᠶᠢᠨ ᠬᠦᠷᠢᠶᠡᠨ ᠳᠠᠬᠢ ᠠᠷᠠᠳ ᠲᠤ ᠲᠥᠬᠦᠮ ᠦᠵᠡᠭᠦᠯᠬᠦ | ᠦᠢᠯᠡᠴᠢᠯᠡᠭᠡᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ 2020 ᠣᠨ ᠳᠤ ︽ ᠡᠮᠴᠢᠯᠡᠭᠡᠨ ᠤ ᠪᠠᠲᠤᠯᠠᠭ᠎ᠠ ᠶᠢᠨ ᠳᠦᠷᠢᠮ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ ︾ ᠢ ᠳᠠᠷᠤᠮᠠᠯᠯᠠᠨ | ᠲᠠᠷᠬᠠᠭᠠᠵᠤ ᠂ ᠡᠮᠴᠢᠯᠡᠭᠡᠨ ᠤ ᠪᠠᠲᠤᠯᠠᠭ᠎ᠠ ᠶᠢᠨ ᠣᠯᠠᠨ ᠨᠡᠶᠢᠲᠡ ᠶᠢᠨ ᠦᠢᠯᠡᠴᠢᠯᠡᠭᠡ ᠶᠢ ᠰᠢᠯᠢᠳᠡᠭᠵᠢᠭᠦᠯᠬᠦ ᠬᠡᠷᠡᠭᠲᠡᠢ ᠭᠡᠵᠦ ᠲᠣᠳᠣᠷᠬᠠᠢ ᠳᠤᠷᠠᠳᠪᠠ ᠃ ᠤᠯᠤᠰ ᠤᠨ | ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠨᠠᠮ ᠤᠨ ᠲᠥᠪ ᠬᠤᠷᠢᠶ᠎ᠠ ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ 2021 ᠣᠨ ᠳᠤ ︽ ᠡᠮᠴᠢᠯᠡᠭᠡᠨ ᠤ ᠪᠠᠲᠤᠯᠠᠭ᠎ᠠ ᠶᠢᠨ ᠬᠦᠷᠢᠶᠡᠨ ᠳᠠᠬᠢ ᠠᠷᠠᠳ ᠲᠤ | ᠲᠥᠬᠦᠮ ᠦᠵᠡᠭᠦᠯᠬᠦ ᠦᠢᠯᠡᠴᠢᠯᠡᠭᠡ ᠶᠢ ᠰᠢᠯᠢᠳᠡᠭᠵᠢᠭᠦᠯᠬᠦ ᠲᠤᠬᠠᠢ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠰᠠᠨᠠᠯ ︾ ᠢ ᠳᠠᠷᠤᠮᠠᠯᠯᠠᠨ | ᠲᠠᠷᠬᠠᠭᠠᠵᠤ ᠂ ᠡᠮᠴᠢᠯᠡᠭᠡᠨ ᠤ ᠪᠠᠲᠤᠯᠠᠭ᠎ᠠ ᠶᠢᠨ ᠬᠦᠷᠢᠶᠡᠨ ᠳᠠᠬᠢ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠶᠢ ᠰᠢᠯᠢᠳᠡᠭᠵᠢᠭᠦᠯᠬᠦ ᠶᠡᠷᠦᠩᠬᠡᠢ ᠬᠠᠷᠠᠯᠲᠠ ᠶᠢ | ᠲᠣᠳᠣᠷᠬᠠᠶᠢᠯᠠᠪᠠ ᠃ ᠣᠶᠢᠷ᠎ᠠ ᠳᠤ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ | ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠵᠦ ᠂ ᠠᠷᠠᠳ ᠲᠦᠮᠡᠨ ᠢ ᠳᠡᠭᠡᠳᠦᠯᠡᠬᠦ ᠬᠥᠭᠵᠢᠯᠲᠡ ᠶᠢᠨ ᠣᠨᠣᠯᠵᠢᠬᠤᠨ ᠢ | ᠡᠮᠴᠢᠯᠡᠭᠡᠨ ᠤ ᠪᠠᠲᠤᠯᠠᠭ᠎ᠠ ᠶᠢᠨ ᠠᠷᠠᠳ ᠲᠤ ᠠᠰᠢᠭ ᠬᠦᠷᠲᠡᠭᠡᠬᠦ ᠪᠣᠳᠠᠲᠤ ᠦᠷ᠎ᠡ ᠪᠦᠲᠦᠮᠵᠢ ᠪᠣᠯᠭᠠᠨ ᠤᠯᠠᠷᠢᠭᠤᠯᠬᠤ ᠶᠢᠨ ᠲᠤᠰᠠᠳᠠ ᠂ ᠤᠯᠤᠰ ᠤᠨ ᠡᠮᠴᠢᠯᠡᠭᠡᠨ ᠤ | ᠪᠠᠲᠤᠯᠠᠭ᠎ᠠ ᠶᠢᠨ ᠲᠣᠪᠴᠢᠶ᠎ᠠ ︽ ᠮᠡᠳᠡᠭᠳᠡᠯ ︾ ᠨᠡᠶᠢᠲᠡᠯᠡᠵᠦ ᠂ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠠᠷᠠᠳ ᠲᠤ ᠲᠦᠬᠦᠮ ᠦᠵᠡᠭᠦᠯᠬᠦ ᠠᠩᠬᠠᠳᠠᠭᠴᠢ | ᠪᠦᠯᠦᠭ ᠠᠷᠪᠠᠨ ᠵᠢᠷᠭᠤᠭᠠᠨ ᠵᠦᠢᠯ ᠤᠨ ᠠᠷᠭ᠎ᠠ ᠬᠡᠮᠵᠢᠶ᠎ᠡ ᠶᠢ ᠨᠡᠶᠢᠲᠡᠯᠡᠵᠦ ᠂ ᠭᠠᠷᠳᠠᠮ ᠢ ᠳᠥᠭᠦᠮᠴᠢᠯᠡᠬᠦ ᠂ ᠮᠠᠲ᠋ᠧᠷᠢᠶᠠᠯ ᠢ ᠴᠣᠮᠬᠠᠳᠬᠠᠬᠤ ᠂ ᠴᠠᠭ ᠤᠨ ᠬᠢᠵᠠᠭᠠᠷ ᠢ | ᠪᠣᠳᠣᠨᠢᠰᠬᠠᠬᠤ ᠪᠠ ᠦᠢᠯᠡᠴᠢᠯᠡᠭᠡᠨ ᠤ ᠵᠠᠭᠪᠤᠷ ᠢ ᠰᠢᠨᠡᠴᠢᠯᠡᠵᠦ ᠂ ᠤᠯᠠᠨ ᠲᠦᠮᠡᠨ ᠳᠤ ᠨᠡᠩ ᠳᠥᠭᠦᠮ ᠳᠥᠲᠡ ᠂ ᠨᠡᠩ ᠴᠢᠨᠠᠷ ᠰᠠᠶᠢᠲᠠᠢ ᠂ ᠨᠡᠩ ᠥᠨᠳᠥᠷ | ᠪᠦᠲᠦᠮᠵᠢᠲᠡᠢ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡ ᠬᠠᠩᠭᠠᠵᠤ ᠂ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ ᠂ ᠵᠣᠯ ᠵᠢᠷᠭᠠᠯᠲᠤ ᠲᠥᠷᠥᠭᠳᠡᠯ ᠂ ᠠᠮᠤᠷ | ᠲᠦᠪᠰᠢᠨ ᠤ ᠲᠥᠷᠥᠭᠳᠡᠯ ᠢ ᠦᠨᠡᠨ ᠬᠦ ᠨᠡᠮᠡᠭᠳᠡᠭᠦᠯᠵᠦ ᠪᠠᠶᠢᠨ᠎ᠠ ᠃ | ᠬᠤᠶᠠᠷ ᠂ ︽ ᠮᠡᠳᠡᠭᠳᠡᠯ ︾ ᠤᠨ ᠭᠤᠣᠯ ᠪᠣᠳᠣᠯᠬᠢᠯᠠᠯ | ︽ ᠮᠡᠳᠡᠭᠳᠡᠯ ︾ ᠳᠤ ᠠᠷᠠᠳ ᠣᠯᠠᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠮᠵᠢᠯᠡᠵᠦ ᠪᠠᠶᠢᠭ᠎ᠠ ᠪᠣᠳᠠᠲᠠᠢ ᠠᠰᠠᠭᠤᠳᠠᠯ ᠪᠠ ᠡᠮᠴᠢᠯᠡᠭᠡᠨ ᠤ ᠪᠠᠲᠤᠯᠠᠭ᠎ᠠ ᠶᠢᠨ | ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ ᠂ | ᠳᠣᠣᠷᠠᠬᠢ ᠲᠠᠪᠤᠨ ᠲᠠᠯ᠎ᠠ ᠠᠴᠠ ᠪᠣᠳᠣᠯᠬᠢᠯᠠᠵᠤ ᠂ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠠᠷᠪᠠᠨ ᠵᠢᠷᠭᠤᠭᠠᠨ | ᠵᠦᠢᠯ ᠤᠨ ᠠᠷᠭ᠎ᠠ ᠬᠡᠮᠵᠢᠶ᠎ᠡ ᠶᠢ ᠨᠡᠶᠢᠲᠡᠯᠡᠨ ᠬᠡᠷᠡᠭᠵᠢᠭᠦᠯᠵᠦ ᠂ ᠣᠳᠣᠬᠠᠨ ᠤ ᠲᠦᠭᠵᠢᠷᠡᠯ ᠤᠨ ᠠᠰᠠᠭᠤᠳᠠᠯ ᠢ ᠨᠢᠭᠡᠳ ᠨᠢᠭᠡ ᠪᠠᠷ ᠰᠢᠢᠳᠪᠦᠷᠢᠯᠡᠵᠦ ᠂ ᠦᠢᠯᠡᠴᠢᠯᠡᠭᠡᠨ ᠤ | ᠴᠢᠨᠠᠷ ᠴᠢᠨᠰᠠᠭ᠎ᠠ ᠦᠷ᠎ᠡ ᠪᠦᠲᠦᠮᠵᠢ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠪᠡ ᠃ ᠨᠢᠭᠡ ᠳᠤ ᠂ ᠭᠤᠭᠴᠤᠭ᠎ᠠ ᠶᠢ ᠪᠠᠭᠠᠰᠬᠠᠵᠤ ᠂ ᠡᠮᠴᠢᠯᠡᠭᠡᠨ ᠤ ᠪᠠᠲᠤᠯᠠᠭ᠎ᠠ ᠶᠢ | ᠰᠢᠯᠵᠢᠭᠦᠯᠵᠦ ᠦᠷᠭᠦᠯᠵᠢᠯᠡᠭᠦᠯᠬᠦ ᠠᠵᠢᠯ ᠢ ᠲᠦᠷᠭᠡᠳᠬᠡᠪᠡ ᠃ ᠣᠯᠠᠨ ᠲᠦᠮᠡᠨ ᠤ ᠲᠤᠰᠬᠠᠯ ᠢᠶᠠᠷ ᠴᠢᠩᠭ᠎ᠠ ᠪᠠᠶᠢᠭ᠎ᠠ ᠰᠢᠯᠵᠢᠭᠦᠯᠵᠦ ᠦᠷᠭᠦᠯᠵᠢᠯᠡᠭᠦᠯᠬᠦ ᠭᠠᠷᠳᠠᠮ ᠢ | ᠭᠦᠢᠴᠡᠳᠬᠡᠬᠦ ᠨᠢ ᠤᠳᠠᠭᠠᠨ ᠪᠠᠶᠢᠬᠤ ᠠᠰᠠᠭᠤᠳᠠᠯ ᠳᠤ ᠴᠢᠭᠯᠡᠭᠦᠯᠦᠨ ᠂ ᠭᠦᠢᠴᠡᠳᠬᠡᠬᠦ ᠮᠠᠲ᠋ᠧᠷᠢᠶᠠᠯ ᠢ ᠴᠣᠮᠬᠠᠳᠬᠠᠵᠤ ᠂ ᠰᠢᠯᠵᠢᠭᠦᠯᠦᠨ ᠭᠠᠷᠭᠠᠬᠤ ᠭᠠᠵᠠᠷ ᠠᠴᠠ ︽ | ᠳᠠᠭᠠᠳᠬᠠᠯ ᠳᠤ ᠣᠷᠣᠯᠴᠠᠭᠰᠠᠨ ᠭᠡᠷᠡᠴᠢ ︾ ᠭᠠᠷᠭᠠᠬᠤ ᠪᠠ ᠰᠢᠯᠵᠢᠭᠦᠯᠦᠨ ᠣᠷᠣᠭᠤᠯᠬᠤ ᠭᠠᠵᠠᠷ ᠠᠴᠠ ︽ ᠬᠠᠷᠢᠯᠴᠠᠬᠤ ᠵᠠᠬᠢᠳᠠᠯ ︾ ᠭᠠᠷᠭᠠᠬᠤ ᠡᠨᠡ ᠬᠤᠶᠠᠷ | ᠭᠦᠢᠴᠡᠳᠬᠡᠬᠦ ᠭᠤᠭᠴᠤᠭ᠎ᠠ ᠶᠢ ᠬᠦᠴᠦᠨ ᠦᠭᠡᠢ ᠪᠣᠯᠭᠠᠵᠤ ᠂ ᠤᠤᠯ ᠤᠨ 45 ᠠᠵᠢᠯ ᠤᠨ ᠡᠳᠦᠷ ᠢ 15 ᠠᠵᠢᠯ ᠤᠨ ᠡᠳᠦᠷ ᠪᠣᠯᠭᠠᠨ ᠪᠣᠭᠤᠨᠢᠰᠬᠠᠵᠤ ᠂ | ᠡᠮᠴᠢᠯᠡᠭᠡᠨ ᠤ ᠪᠠᠲᠤᠯᠠᠭ᠎ᠠ ᠶᠢᠨ ᠬᠠᠷᠢᠴᠠᠭ᠎ᠠ ᠶᠢ ᠰᠢᠯᠵᠢᠭᠦᠯᠦᠨ ᠦᠷᠭᠦᠯᠵᠢᠯᠡᠭᠦᠯᠬᠦ ᠶᠢ ︽ ᠮᠤᠵᠢ ᠠᠯᠤᠰᠯᠠᠨ ᠨᠡᠶᠢᠳᠡᠮ ᠭᠦᠢᠴᠡᠳᠬᠡᠬᠦ ︾ ᠦᠢᠯᠡᠴᠢᠯᠡᠭᠡ ᠶᠢ | ᠨᠠᠪᠲᠠᠷᠡᠭᠦᠯᠵᠦ ᠂ ᠣᠯᠠᠨ ᠲᠦᠮᠡᠨ ᠤ ᠰᠦᠯᠵᠢᠶᠡᠨ ᠳᠡᠭᠡᠷ᠎ᠡ ᠭᠤᠶᠤᠴᠢᠯᠠᠬᠤ ᠪᠠ ᠭᠦᠢᠴᠡᠳᠬᠡᠬᠦ ᠠᠬᠢᠴᠠ ᠶᠢ ᠪᠠᠶᠢᠴᠠᠭᠠᠨ ᠯᠠᠪᠯᠠᠬᠤ ᠳᠤ ᠲᠥᠬᠦᠮ ᠦᠵᠡᠭᠦᠯᠪᠡ ᠃ | ᠬᠤᠶᠠᠷ ᠲᠤ ᠂ ᠴᠤᠪᠤᠷᠠᠯ ᠢ ᠰᠢᠯᠢᠳᠡᠭᠵᠢᠭᠦᠯᠵᠦ ᠂ ᠣᠨᠳᠣᠣ ᠭᠠᠵᠠᠷ ᠲᠤ ᠡᠮᠴᠢᠯᠡᠭᠦᠯᠬᠦ ᠪᠠᠷ ᠳᠠᠩᠰᠠᠯᠠᠭᠤᠯᠬᠤ ᠳᠤ ᠲᠥᠬᠦᠮ ᠦᠵᠡᠭᠦᠯᠪᠡ ᠃ ᠤᠯᠤᠰ ᠤᠨ ᠡᠮᠴᠢᠯᠡᠭᠡᠨ ᠤ | ᠪᠠᠲᠤᠯᠠᠭ᠎ᠠ ᠶᠢᠨ ᠦᠢᠯᠡᠴᠢᠯᠡᠭᠡᠨ ᠤ ᠲᠠᠪᠴᠠᠩ ᠤᠨ APP ᠂ ᠤᠯᠤᠰ ᠤᠨ ᠣᠨᠳᠣᠣ ᠭᠠᠵᠠᠷ ᠲᠤ ᠡᠮᠴᠢᠯᠡᠭᠦᠯᠬᠦ ᠪᠠᠷ ᠳᠠᠩᠰᠠᠯᠠᠭᠤᠯᠬᠤ ᠵᠢᠵᠢᠭ ᠫᠷᠣᠭ᠍ᠷᠡᠮ ᠳᠤ | ᠲᠦᠰᠢᠭᠯᠡᠨ ᠂ ᠳᠠᠭᠠᠳᠬᠠᠯ ᠳᠤ ᠣᠷᠣᠯᠴᠠᠭᠰᠠᠳ ᠤᠨ ᠰᠦᠯᠵᠢᠶᠡᠨ ᠳᠡᠭᠡᠷ᠎ᠡ ᠣᠨᠳᠣᠣ ᠭᠠᠵᠠᠷ ᠲᠤ ᠳᠠᠩᠰᠠᠯᠠᠭᠤᠯᠬᠤ ᠶᠢ ᠭᠦᠢᠴᠡᠳᠬᠡᠬᠦ ᠳᠤ ᠲᠥᠬᠦᠮ ᠦᠵᠡᠭᠦᠯᠪᠡ ︔ | ᠨᠥᠬᠦᠨ ᠭᠦᠢᠴᠡᠳᠬᠡᠵᠦ ᠳᠠᠩᠰᠠᠯᠠᠭᠤᠯᠬᠤ ᠦᠢᠯᠡᠴᠢᠯᠡᠭᠡ ᠶᠢ ᠰᠢᠯᠢᠳᠡᠭᠵᠢᠭᠦᠯᠵᠦ ᠂ ᠣᠨᠳᠣᠣ ᠭᠠᠵᠠᠷ ᠲᠤ ᠡᠮᠴᠢᠯᠡᠭᠦᠯᠬᠦ ᠣᠯᠠᠨ ᠲᠦᠮᠡᠨ ᠤ ᠡᠮᠴᠢᠯᠡᠭᠡᠨ ᠤ | ᠪᠠᠲᠤᠯᠠᠭ᠎ᠠ ᠶᠢᠨ ᠬᠠᠷᠠᠭᠠᠯᠵᠠᠯ ᠢ ᠬᠡᠪ ᠤᠨ ᠶᠣᠰᠣᠭᠠᠷ ᠭᠥᠷᠳᠡᠬᠦ ᠶᠢ ᠪᠠᠲᠤᠯᠠᠪᠠ ︔ ᠳᠠᠩᠰᠠᠯᠠᠭᠤᠯᠬᠤ ᠬᠡᠪᠴᠢᠶ᠎ᠡ ᠶᠢ ᠴᠢᠰᠤᠨ ᠳᠠᠷᠤᠯᠲᠠ ᠥᠨᠳᠥᠷ ᠂ ᠰᠢᠬᠢᠷ ᠰᠢᠵᠢᠩ | ᠡᠪᠡᠳᠴᠢᠨ ᠵᠡᠷᠭᠡ ᠡᠭᠦᠳᠡᠨ ᠡᠮᠨᠡᠯᠭᠡ ᠶᠢᠨ 5 ᠵᠦᠢᠯ ᠤᠨ ᠤᠳᠠᠭᠠᠨ ᠴᠢᠨᠠᠷᠲᠠᠢ ᠣᠨᠴᠠ ᠡᠪᠡᠳᠴᠢᠲᠡᠨ ᠬᠦᠷᠲᠡᠯ᠎ᠡ ᠥᠷᠭᠡᠳᠬᠡᠪᠡ ︔ ᠣᠨᠳᠣᠣ ᠭᠠᠵᠠᠷ ᠲᠤ ᠦᠯᠦ | ᠳᠠᠩᠰᠠᠯᠠᠭᠤᠯᠤᠭᠰᠠᠨ ᠲᠦᠷᠭᠡᠨ ᠡᠮᠨᠡᠯᠭᠡ ᠳᠤ ᠪᠠᠴᠢᠮ ᠠᠪᠤᠷᠠᠬᠤ ᠳᠠᠭᠠᠳᠬᠠᠯ ᠳᠤ ᠣᠷᠣᠯᠴᠠᠭᠰᠠᠳ ᠢ ᠳᠠᠩᠰᠠᠯᠠᠭᠤᠯᠤᠭᠰᠠᠨ ᠡᠪᠡᠳᠴᠢᠲᠡᠨ ᠲᠠᠢ ᠠᠳᠠᠯᠢ ᠪᠠᠷ ᠦᠵᠡᠵᠦ | ᠪᠣᠯᠣᠨ᠎ᠠ ︔ ᠣᠷᠳᠣ ᠬᠤᠭᠤᠴᠠᠭ᠎ᠠ ᠪᠠᠷ ᠮᠤᠵᠢ ᠠᠯᠰᠤᠯᠠᠨ ᠰᠠᠭᠤᠷᠢᠰᠢᠭᠴᠢ ᠶᠢᠨ ᠳᠠᠩᠰᠠᠯᠠᠭᠤᠯᠤᠭᠰᠠᠨ ᠭᠠᠵᠠᠷ ᠪᠠ ᠳᠠᠭᠠᠳᠬᠠᠯ ᠳᠤ ᠣᠷᠣᠯᠴᠠᠭᠰᠠᠨ ᠭᠠᠵᠠᠷ ᠲᠤ ᠪᠠᠨ | ᠬᠤᠣᠰ ᠴᠢᠭᠯᠡᠯ ᠢᠶᠠᠷ ᠬᠠᠷᠠᠭᠠᠯᠵᠠᠯ ᠭᠥᠷᠳᠡᠬᠦ ᠶᠢ ᠵᠥᠪᠰᠢᠶᠡᠷᠡᠨ᠎ᠡ ᠃ ᠭᠤᠷᠪᠠ ᠳᠤ ᠂ ᠦᠢᠯᠡᠴᠢᠯᠡᠭᠡ ᠶᠢ ᠰᠢᠯᠢᠳᠡᠭᠵᠢᠭᠦᠯᠵᠦ ᠂ ᠣᠯᠠᠨ ᠲᠦᠮᠡᠨ ᠤ ᠡᠮᠴᠢᠯᠡᠭᠡᠨ ᠤ | ᠪᠠᠲᠤᠯᠠᠭ᠎ᠠ ᠶᠢᠨ ᠮᠡᠳᠡᠭᠡ ᠵᠠᠩᠭᠢ ᠪᠠᠨ ᠯᠠᠪᠯᠠᠬᠤ ᠳᠤ ᠳᠥᠭᠦᠮ ᠦᠵᠡᠭᠦᠯᠪᠡ ᠃ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠲᠠᠪᠴᠠᠩ ᠤᠨ | APP ᠂ ᠰᠦᠯᠵᠢᠶᠡᠨ ᠤ ᠲᠠᠩᠬᠢᠮ ᠪᠤᠶᠤ ᠣᠷᠣᠨ ᠨᠤᠲᠤᠭ ᠤᠨ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠲᠠᠪᠴᠠᠩ ᠵᠡᠷᠭᠡ ᠣᠯᠠᠨ ᠵᠦᠢᠯ ᠤᠨ ᠯᠠᠪᠯᠠᠬᠤ | ᠠᠷᠭ᠎ᠠ ᠵᠠᠮ ᠢ ᠨᠡᠭᠡᠭᠡᠵᠦ ᠂ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠬᠡᠬᠦ ᠲᠢᠩᠬᠢᠮ ᠪᠠ ᠨᠥᠬᠦᠴᠡᠯ ᠲᠠᠢ ᠪᠠᠩᠬᠢ ᠶᠢᠨ ᠡᠵᠡᠩᠨᠡᠯᠲᠡ ᠶᠢᠨ ᠲᠣᠣᠷ ᠴᠡᠭ ᠂ | ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠲᠥᠪ ᠂ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠵᠡᠷᠭᠡ ᠲᠠᠯᠠᠪᠤᠷ ᠭᠠᠵᠠᠷ ᠲᠤ ᠡᠮᠴᠢᠯᠡᠭᠡᠨ ᠤ | ᠳᠠᠭᠠᠳᠬᠠᠯ ᠤᠨ ᠥᠪᠡᠰᠦᠪᠡᠨ ᠦᠢᠯᠡᠴᠢᠯᠡᠬᠦ ᠲᠣᠭᠤᠷᠢᠭ ᠭᠠᠷᠭᠠᠵᠤ ᠂ ᠣᠯᠠᠨ ᠲᠦᠮᠡᠨ ᠤ ᠥᠪᠡᠷ ᠤᠨ ᠰᠦᠢᠳᠬᠡᠯ ᠲᠤᠰᠢᠶᠠᠭᠰᠠᠨ ᠲᠡᠮᠳᠡᠭᠯᠡᠯ ᠂ ᠡᠮᠴᠢᠯᠡᠭᠡᠨ ᠤ | ᠳᠠᠭᠠᠳᠬᠠᠯ ᠤᠨ ᠲᠠᠩᠰᠠᠨ ᠡᠷᠦᠬᠡ ᠂ ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯ ᠤᠨ ᠭᠠᠷᠴᠠᠭ ᠵᠡᠷᠭᠡ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠳᠤ ᠲᠥᠬᠦᠮ | ᠦᠵᠡᠭᠦᠯᠪᠡ ᠃ ᠳᠥᠷᠪᠡ ᠳᠤ ᠂ ᠨᠢᠭᠡ ᠯᠡ ᠥᠷᠲᠡᠭᠡᠨ ᠳᠤ ᠭᠦᠢᠴᠡᠳᠬᠡᠵᠦ ᠂ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡ ᠶᠢ ︽ ᠨᠢᠭᠡ ᠯᠡ ᠴᠣᠩᠬᠤᠪᠴᠢ ᠪᠠᠷ | ᠨᠡᠶᠢᠳᠡᠮ ᠭᠦᠢᠴᠡᠳᠬᠡᠬᠦ ︾ ᠶᠢ ᠬᠡᠷᠡᠭᠵᠢᠭᠦᠯᠪᠡ ᠃ ᠤᠯᠠᠮᠵᠢᠯᠠᠯᠲᠤ ᠦᠢᠯᠡᠴᠢᠯᠡᠭᠡᠨ ᠤ ᠴᠣᠩᠬᠤᠪᠴᠢ ᠶᠢᠨ ᠡᠭᠦᠷᠭᠡ ᠴᠢᠳᠠᠪᠬᠢ ᠨᠢ ᠲᠠᠩ ᠴᠤᠯᠭᠤᠢ ᠂ ᠤᠯᠠᠷᠢᠯ ᠤᠨ | ᠴᠢᠨᠠᠷᠲᠠᠢ ᠠᠵᠢᠯ ᠶᠠᠪᠤᠳᠠᠯ ᠭᠦᠢᠴᠡᠳᠬᠡᠬᠦ ᠳᠤ ᠰᠢᠬᠠᠯᠳᠤᠬᠤ ᠂ ᠣᠯᠠᠨ ᠲᠦᠮᠡᠨ ᠣᠯᠠᠨ ᠭᠠᠵᠠᠷ ᠲᠤ ᠭᠦᠶᠦᠬᠦ ᠵᠡᠷᠭᠡ ᠳᠤᠲᠠᠭᠳᠠᠯ ᠲᠠᠢ ᠲᠠᠯ᠎ᠠ ᠳᠤ ᠴᠢᠭᠯᠡᠭᠦᠯᠦᠨ ᠂ | ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠬᠡᠬᠦ ᠦᠢᠯᠡᠴᠢᠯᠡᠭᠡᠨ ᠤ ᠴᠣᠩᠬᠤᠪᠴᠢ ᠶᠢᠨ ︽ ᠶᠡᠷᠦᠩᠬᠡᠶᠢᠯᠡᠭᠰᠡᠨ ᠦᠢᠯᠡᠴᠢᠯᠡᠭᠡᠨ ᠤ ᠳᠦᠷᠢᠮ ︾ ᠢ ᠠᠬᠢᠭᠤᠯᠵᠤ ᠂ | ᠴᠣᠩᠬᠤᠪᠴᠢ ᠳᠤ ᠳᠠᠭᠠᠳᠬᠠᠯ ᠤᠨ ᠲᠥᠷᠥᠯ ᠵᠦᠢᠯ ᠢᠯᠭᠠᠬᠤ ᠦᠭᠡᠢ ᠂ ᠤᠴᠢᠷ ᠶᠠᠪᠤᠳᠠᠯ ᠢᠯᠭᠠᠬᠤ ᠦᠭᠡᠢ ᠂ ᠨᠢᠭᠡ ᠴᠣᠩᠬᠤᠪᠴᠢ ᠪᠠᠷ ᠰᠢᠢᠳᠪᠦᠷᠢᠯᠡᠬᠦ ᠂ ᠨᠢᠭᠡ | ᠥᠷᠲᠡᠭᠡᠨ ᠤ ᠮᠠᠶ᠋ᠢᠭ ᠢᠶᠠᠷ ᠦᠢᠯᠡᠴᠢᠯᠡᠬᠦ ᠶᠢ ᠭᠦᠢᠴᠡᠳᠬᠡᠵᠦ ᠂ ᠠᠷᠤ ᠲᠠᠪᠴᠠᠩ ᠳᠤ ᠬᠤᠪᠢᠶᠠᠨ ᠭᠦᠢᠴᠡᠳᠬᠡᠵᠦ ᠬᠤᠯᠪᠤᠭᠠᠯᠠᠨ ᠭᠦᠢᠴᠡᠳᠬᠡᠵᠦ ᠲᠦᠷᠭᠡᠨ | ᠭᠦᠢᠴᠡᠳᠬᠡᠬᠦ ᠶᠢ ᠠᠬᠢᠭᠤᠯᠪᠠ ᠃ ᠲᠠᠪᠤ ᠳᠤ ᠂ ᠭᠦᠶᠦᠯᠭᠡᠬᠦ ᠶᠢ ᠪᠠᠭᠠᠰᠬᠠᠵᠤ ᠂ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡ ᠶᠢ ︽ ᠰᠦᠯᠵᠢᠶᠡᠨ ᠳᠡᠭᠡᠷ᠎ᠡ | ᠭᠦᠢᠴᠡᠳᠬᠡᠬᠦ ︾ ᠶᠢ ᠠᠬᠢᠭᠤᠯᠪᠠ ᠃ ᠭᠠᠷᠲᠠᠨ ᠭᠦᠢᠴᠡᠳᠬᠡᠬᠦ ᠶᠢ ᠲᠣᠭᠠᠵᠢᠭᠤᠯᠤᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ ᠂ ᠡᠮᠴᠢᠯᠡᠭᠡᠨ ᠤ ᠪᠠᠲᠤᠯᠠᠭ᠎ᠠ ᠶᠢᠨ | ᠦᠢᠯᠡᠴᠢᠯᠡᠭᠡᠨ ᠤ ᠲᠠᠪᠴᠠᠩ ᠤᠨ ︽ ᠬᠤᠪᠢ ᠬᠥᠮᠥᠨ ᠤ ᠰᠦᠯᠵᠢᠶᠡᠨ ᠲᠠᠩᠬᠢᠮ ︾ ︽ ᠨᠢᠭᠡᠴᠢ ᠶᠢᠨ ᠰᠦᠯᠵᠢᠶᠡᠨ ᠲᠢᠩᠬᠢᠮ ︾ ᠳᠤ ᠲᠦᠰᠢᠭᠯᠡᠨ ᠂ ᠳᠠᠭᠠᠳᠬᠠᠯ ᠳᠤ | ᠣᠷᠣᠯᠴᠠᠭᠰᠠᠨ ᠢ ᠯᠠᠪᠯᠠᠬᠤ ᠂ ᠳᠠᠭᠠᠳᠬᠠᠯ ᠳᠤ ᠣᠷᠣᠯᠴᠠᠭᠰᠠᠨ ᠮᠡᠳᠡᠭᠡ ᠵᠠᠩᠭᠢ ᠶᠢ ᠬᠤᠪᠢᠷᠠᠭᠤᠯᠬᠤ ᠵᠡᠷᠭᠡ ᠥᠨᠳᠥᠷ ᠳᠠᠪᠲᠠᠮᠵᠢᠲᠤ ᠵᠦᠢᠯᠡᠰ ᠢ ︽ ᠰᠦᠯᠵᠢᠶᠡᠨ | ᠳᠡᠭᠡᠷ᠎ᠡ ᠭᠦᠢᠴᠡᠳᠬᠡᠬᠦ ︾ ᠶᠢ ᠪᠡᠶᠡᠯᠡᠭᠦᠯᠵᠦ ᠂ ︽ ᠣᠯᠠᠨ ᠲᠦᠮᠡᠨ ᠢ ᠭᠦᠶᠦᠯᠭᠡᠬᠦ ︾ ᠠᠴᠠ ︽ ᠲᠤᠭ᠎ᠠ ᠪᠠᠷᠢᠮᠲᠠ ᠶᠢ ᠭᠦᠶᠦᠯᠭᠡᠬᠦ ︾ ᠪᠣᠯᠭᠠᠨ ᠬᠤᠪᠢᠷᠠᠭᠤᠯᠪᠠ ᠃ | ᠳ᠋ᠠᠶᠢᠲ᠋ᠠ ᠳᠤ ᠬᠦᠴᠦᠨ ᠣᠯᠭᠤᠬᠤ ᠳᠤ ᠲᠦᠰᠢᠭᠯᠡᠨ ᠂ ᠡᠮᠴᠢᠯᠡᠭᠡᠨ ᠤ ᠳᠠᠭᠠᠳᠬᠠᠯ ᠤᠨ ᠡᠯᠧᠺᠳ᠋ᠷᠣᠨ ᠪᠠᠷᠢᠮᠲᠠ ᠶᠢ ᠪᠥᠬᠦ ᠴᠤᠪᠤᠷᠠᠯ ᠳᠤ ᠬᠡᠷᠡᠭᠯᠡᠬᠦ ᠶᠢ ᠠᠬᠢᠭᠤᠯᠤᠨ ᠂ | ᠣᠯᠠᠨ ᠲᠦᠮᠡᠨ ᠤ ︽ ᠺᠣᠳ᠋ ︾ ᠢᠶᠠᠷ ᠡᠪᠡᠳᠴᠢᠨ ᠦᠵᠡᠭᠦᠯᠵᠦ ᠡᠮ ᠵᠠᠯᠠᠬᠤ ᠳᠤ ᠲᠥᠬᠦᠮ ᠦᠵᠡᠭᠦᠯᠪᠡ ᠃ | ᠭᠤᠷᠪᠠ ᠂ ︽ ᠮᠡᠳᠡᠭᠳᠡᠯ ︾ ᠢ ᠰᠠᠶᠢᠲᠤᠷ ᠨᠠᠶᠢᠳᠠᠪᠤᠷᠢᠵᠢᠭᠤᠯᠤᠨ᠎ᠠ | ᠲᠠᠷᠠᠭᠠᠴᠢ ᠶᠢᠨ ᠠᠯᠬᠤᠮ ᠳᠤ ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠤᠮᠵᠢ ᠪᠣᠯᠭᠠᠬᠤ ᠶᠢ ᠪᠠᠷᠢᠮᠲᠠᠯᠠᠵᠤ ᠂ ᠡᠮᠴᠢᠯᠡᠭᠡᠨ ᠤ ᠪᠠᠲᠤᠯᠠᠭ᠎ᠠ ᠶᠢᠨ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡ ᠶᠢ ᠦᠷᠭᠦᠯᠵᠢᠯᠡᠨ | ᠰᠢᠯᠢᠳᠡᠭᠵᠢᠭᠦᠯᠵᠦ ᠂ ᠡᠮᠴᠢᠯᠡᠭᠡᠨ ᠤ ᠪᠠᠲᠤᠯᠠᠭ᠎ᠠ ᠶᠢᠨ ᠤᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠮᠵᠢ ᠶᠢ ᠪᠦᠲᠦᠮᠵᠢᠲᠡᠢ ᠳᠡᠭᠡᠭᠰᠢᠯᠡᠭᠦᠯᠦᠨ᠎ᠡ ᠃ ᠨᠢᠭᠡ ᠳᠤ ᠂ | ᠬᠢᠨᠠᠮᠠᠭᠠᠢ ᠮᠥᠷᠳᠡᠵᠦ ᠂ ᠶᠡᠷᠦᠩᠬᠡᠶᠢᠯᠡᠨ ᠬᠦᠴᠦᠯᠡᠵᠦ ᠂ ᠠᠷᠠᠳ ᠲᠤ ᠲᠥᠬᠦᠮ ᠦᠵᠡᠭᠦᠯᠬᠦ ᠠᠷᠪᠠᠨ ᠵᠢᠷᠭᠤᠭᠠᠨ ᠵᠦᠢᠯ ᠤᠨ ᠠᠷᠭ᠎ᠠ ᠬᠡᠮᠵᠢᠶ᠎ᠡ ᠶᠢ 2023 ᠣᠨ ᠤ | ᠡᠮᠴᠢᠯᠡᠭᠡᠨ ᠤ ᠪᠠᠲᠤᠯᠠᠭ᠎ᠠ ᠶᠢᠨ ᠭᠠᠷᠲᠠᠨ ᠭᠦᠢᠴᠡᠳᠬᠡᠬᠦ ᠦᠢᠯᠡᠴᠢᠯᠡᠭᠡᠨ ᠤ ᠵᠢᠷᠤᠮᠵᠢᠭᠰᠠᠨ ᠪᠠᠶᠢᠭᠤᠯᠤᠯᠲᠠ ᠶᠢᠨ ᠠᠭᠤᠯᠭ᠎ᠠ ᠳᠤ ᠣᠷᠣᠭᠤᠯᠵᠤ ᠂ | ᠨᠠᠶᠢᠳᠠᠪᠤᠷᠢᠵᠢᠭᠤᠯᠤᠭᠰᠠᠨ ᠪᠠᠶᠢᠳᠠᠯ ᠢᠶᠠᠷ ᠭᠠᠷᠲᠠᠨ ᠭᠦᠢᠴᠡᠳᠬᠡᠬᠦ ᠬᠠᠮᠢᠶᠠᠷᠤᠯᠲᠠ ᠦᠢᠯᠡᠴᠢᠯᠡᠭᠡᠨ ᠤ ᠦᠨᠡᠯᠡᠨ ᠵᠢᠱᠢᠬᠦ ᠴᠢᠬᠤᠯᠠ ᠭᠦᠢᠴᠡᠳᠬᠡᠯ ᠲᠤᠭ᠎ᠠ ᠪᠣᠯᠭᠠᠵᠤ ᠂ | ᠡᠮᠴᠢᠯᠡᠭᠡᠨ ᠤ ᠪᠠᠲᠤᠯᠠᠭ᠎ᠠ ᠶᠢᠨ ᠠᠷᠠᠳ ᠲᠤ ᠲᠥᠬᠦᠮ ᠦᠵᠡᠭᠦᠯᠬᠦ ᠠᠩᠬᠠᠳᠠᠭᠴᠢ ᠪᠦᠯᠦᠭ ᠠᠷᠪᠠᠨ ᠵᠢᠷᠭᠤᠭᠠᠨ ᠵᠦᠢᠯ ᠤᠨ ᠠᠷᠭ᠎ᠠ ᠬᠡᠮᠵᠢᠶ᠎ᠡ ᠶᠢ ᠡᠯ᠎ᠡ ᠭᠠᠵᠠᠷ ᠲᠤ | ᠲᠦᠷᠭᠡᠬᠡᠨ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠨ᠎ᠠ ᠃ ᠬᠤᠶᠠᠷ ᠲᠤ ᠂ ᠡᠯ᠎ᠡ ᠭᠠᠵᠠᠷ ᠠᠴᠠ ᠡᠮᠴᠢᠯᠡᠭᠡᠨ ᠤ ᠪᠠᠲᠤᠯᠠᠭ᠎ᠠ ᠶᠢᠨ | ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠨᠡᠶᠢᠲᠡᠯᠢᠭ ᠠᠷᠭ᠎ᠠ ᠬᠢᠳᠡᠯ ᠪᠠ ᠲᠤᠷᠰᠢᠯᠭ᠎ᠠ ᠶᠢ ᠴᠤᠭᠯᠠᠭᠤᠯᠵᠤ ᠂ ᠡᠯ᠎ᠡ ᠭᠠᠵᠠᠷ ᠤᠨ ᠣᠨᠴᠠᠯᠢᠭᠲᠤ ᠠᠷᠭ᠎ᠠ | ᠬᠢᠳᠡᠯ ᠂ ᠲᠤᠷᠰᠢᠯᠭ᠎ᠠ ᠦᠷ᠎ᠡ ᠪᠦᠲᠦᠮᠵᠢ ᠶᠢ ᠳ᠋ᠦᠩᠨᠡᠵᠦ ᠂ ᠪᠥᠬᠦ ᠤᠯᠤᠰ ᠤᠨ ᠬᠡᠪᠴᠢᠶᠡᠨ ᠳᠤ ᠳᠡᠯᠭᠡᠷᠡᠭᠦᠯᠦᠨ᠎ᠡ ᠃ ᠭᠤᠷᠪᠠ ᠳᠤ ᠂ ᠦᠨᠳᠦᠰᠦᠨ ᠱᠠᠲᠤᠨ ᠤ | ᠪᠠᠶᠢᠴᠠᠭᠠᠨ ᠰᠤᠳᠤᠯᠤᠯᠲᠠ ᠪᠠ ᠰᠦᠯᠵᠢᠶᠡᠨ ᠤ ᠢᠷᠭᠡᠳ ᠤᠨ ᠰᠠᠨᠠᠭᠤᠯᠭ᠎ᠠ ᠶᠢ ᠦᠨᠳᠦᠰᠦᠯᠡᠨ ᠡᠮᠴᠢᠯᠡᠭᠡᠨ ᠤ ᠪᠠᠲᠤᠯᠠᠭ᠎ᠠ ᠶᠢᠨ ᠠᠷᠠᠳ ᠲᠤ ᠲᠥᠬᠦᠮ ᠦᠵᠡᠭᠦᠯᠬᠦ | ᠦᠢᠯᠡᠴᠢᠯᠡᠭᠡᠨ ᠤ ᠪᠢᠴᠢᠯ ᠥᠭᠡᠷᠡᠴᠢᠯᠡᠯᠲᠡ ᠪᠢᠴᠢᠯ ᠰᠢᠨᠡᠴᠢᠯᠡᠯᠲᠡ ᠬᠢᠬᠦ ᠨᠢᠭᠡ ᠪᠦᠯᠦᠭ ᠲᠤᠷᠰᠢᠯᠲᠠ ᠶᠢ ᠥᠷᠨᠢᠭᠦᠯᠵᠦ ᠂ ᠦᠢᠯᠡᠴᠢᠯᠡᠭᠡᠨ ᠤ ᠵᠠᠭᠪᠤᠷ ᠲᠤ ᠰᠢᠨ᠎ᠡ ᠶᠢ | ᠡᠭᠦᠳᠴᠦ ᠂ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠠᠷᠠᠳ ᠲᠤ ᠳᠥᠭᠦᠮ ᠦᠵᠡᠭᠦᠯᠬᠦ ᠠᠷᠭ᠎ᠠ ᠬᠡᠮᠵᠢᠶ᠎ᠡ ᠶᠢ ᠦᠷᠭᠦᠯᠵᠢᠯᠡᠨ ᠬᠡᠷᠡᠭᠵᠢᠭᠦᠯᠦᠨ᠎ᠡ ᠃ | | | |