| ᠨᠢᠭᠡ ᠂ ᠠᠬᠤᠢ ᠪᠠᠶᠢᠳᠠᠯ ᠵᠢᠴᠢ ᠦᠨᠳᠦᠰᠦᠯᠡᠯ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ | ᠭᠤᠣᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠬᠦ ᠶᠢᠨ ᠲᠤᠰᠠᠳᠠ ᠂ ︽ ᠦᠷᠡᠵᠢᠯ ᠤᠨ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠦᠨ ᠬᠥᠮᠥᠨ ᠠᠮᠠ ᠶᠢᠨ ᠣᠷᠳᠣ | ᠬᠤᠭᠤᠴᠠᠭᠠᠨ ᠤ ᠲᠡᠩᠴᠡᠭᠦᠷᠢᠲᠡᠢ ᠬᠥᠭᠵᠢᠯᠲᠡ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠲᠣᠭᠲᠠᠭᠠᠯ ︾ ᠪᠠ ︽ ᠭᠤᠷᠪᠠᠨ ᠬᠡᠦᠬᠡᠳ ᠠᠪᠬᠤ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ ᠦᠷᠡᠵᠢᠯ ᠤᠨ ᠳᠠᠭᠠᠳᠬᠠᠯ ᠤᠨ ᠠᠵᠢᠯ ᠢ ᠰᠠᠶᠢᠲᠤᠷ ᠬᠢᠬᠦ | ᠲᠤᠬᠠᠢ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠠᠯᠪᠠᠨ ᠭᠡᠷ ᠤᠨ ᠮᠡᠳᠡᠭᠳᠡᠯ ︾ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ | ᠦᠨᠳᠦᠰᠦᠯᠡᠨ ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠪᠣᠳᠠᠲᠠᠢ ᠲᠠᠢ ᠤᠶᠠᠯᠳᠤᠭᠤᠯᠤᠭᠠᠳ ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ | ᠦᠷᠡᠵᠢᠯ ᠤᠨ ᠳᠠᠭᠠᠳᠬᠠᠯ ᠤᠨ ᠡᠮᠴᠢᠯᠡᠭᠡᠨ ᠤ ᠬᠠᠷᠠᠭᠠᠯᠵᠠᠯ ᠳᠤ ᠲᠣᠬᠢᠷᠠᠭᠤᠯᠤᠯᠲᠠ ᠬᠢᠪᠡ ᠃ | ᠬᠤᠶᠠᠷ ᠂ ᠭᠤᠣᠯ ᠠᠭᠤᠯᠭ᠎ᠠ | ︵ ᠨᠢᠭᠡ ︶ ︽ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠦᠷᠡᠵᠢᠯ ᠤᠨ ᠳᠠᠭᠠᠳᠬᠠᠯ ᠤᠨ ᠡᠮᠴᠢᠯᠡᠭᠡᠨ ᠤ ᠬᠠᠷᠠᠭᠠᠯᠵᠠᠯ ᠳᠤ ᠲᠣᠬᠢᠷᠠᠭᠤᠯᠤᠯᠲᠠ ᠬᠢᠬᠦ | ᠲᠤᠬᠠᠢ ᠮᠡᠳᠡᠭᠳᠡᠯ ︾ ᠨᠢ ᠨᠡᠶᠢᠲᠡ ᠭᠤᠷᠪᠠᠨ ᠬᠡᠰᠡᠭ ᠢᠶᠠᠷ ᠪᠦᠷᠢᠯᠳᠦᠵᠡᠢ ᠃ ᠲᠣᠰ ᠠᠷᠭ᠎ᠠ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ | ᠱᠠᠲᠤᠨ ᠤ ᠳᠠᠭᠠᠳᠬᠠᠯ ᠳᠤ ᠣᠷᠣᠯᠴᠠᠭᠰᠠᠨ ᠡᠯ᠎ᠡ ᠨᠢᠭᠡᠴᠢ ᠂ ᠳᠠᠭᠠᠳᠬᠠᠯ ᠳᠤ ᠣᠷᠣᠯᠴᠠᠭᠰᠠᠨ ᠬᠥᠮᠥᠰ ᠲᠤ ᠬᠡᠷᠡᠭᠵᠢᠭᠦᠯᠬᠦ ᠳᠤ ᠳᠣᠬᠢᠷᠠᠨ᠎ᠠ ᠃ | ︵ ᠬᠤᠶᠠᠷ ︶ ᠡᠮᠨᠡᠯᠭᠡ ᠳᠤ ᠰᠠᠭᠤᠬᠤ ᠃ ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠤ ᠬᠥᠩᠭᠡᠵᠢᠬᠦ ᠂ ᠣᠷᠤᠭ ᠤᠨᠠᠭᠠᠬᠤ ᠂ ᠦᠷᠡᠵᠢᠯ ᠢ ᠬᠢᠵᠠᠭᠠᠷᠯᠠᠬᠤ | ᠪᠤᠶᠤ ᠦᠷᠡᠵᠢᠯ ᠢ ᠲᠠᠰᠤᠯᠬᠤ ᠮᠡᠰᠡ ᠵᠠᠰᠠᠯ ᠠᠴᠠ ᠡᠭᠦᠰᠦᠭᠰᠡᠨ ᠡᠮᠴᠢᠯᠡᠭᠡᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠬᠤᠯᠪᠣᠭᠳᠠᠯ | ᠪᠦᠬᠦᠢ ᠲᠣᠭᠲᠠᠭᠠᠯ ᠳᠤ ᠨᠡᠶᠢᠴᠡᠬᠦ ᠡᠮᠨᠡᠯᠭᠡ ᠳᠤ ᠰᠠᠭᠤᠭᠰᠠᠨ ᠡᠮᠴᠢᠯᠡᠭᠡᠨ ᠤ ᠵᠠᠷᠤᠳᠠᠯ ᠳᠤ ᠬᠠᠷᠠᠭᠠᠯᠵᠠᠯ ᠤᠨ ᠬᠤᠪᠢ ᠬᠦᠮᠦᠨ ᠤ ᠡᠭᠦᠷᠭᠡᠯᠡᠬᠦ ᠵᠠᠷᠤᠳᠠᠯ ᠤᠨ ᠬᠢᠵᠠᠭᠠᠷ | ᠳᠤᠬᠢᠷᠠᠭᠤᠯᠬᠤ ᠦᠭᠡᠢ ᠂ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠦᠩᠭᠦᠨ ᠠᠴᠠ ᠪᠣᠳᠠᠲᠤ ᠪᠠᠷᠢᠮᠲᠠ ᠶᠢ ᠦᠨᠳᠦᠰᠦᠯᠡᠨ ᠲᠥᠯᠥᠨ᠎ᠡ ᠃ | ︵ ᠭᠤᠷᠪᠠ ︶ ᠡᠭᠦᠳᠡᠨ ᠡᠮᠨᠡᠯᠭᠡ ᠳᠤ ᠡᠮᠨᠡᠭᠦᠯᠬᠦ ᠃ ᠨᠢᠭᠡ ᠳᠤ ᠂ ᠡᠮᠡᠭᠲᠡᠢ ᠠᠵᠢᠯᠲᠠᠨ ᠠᠵᠢᠯᠴᠢᠨ ᠤ ᠵᠢᠷᠮᠦᠰᠦᠯᠡᠭᠰᠡᠨ ᠬᠤᠭᠤᠴᠠᠭ᠎ᠠ ᠂ ᠬᠥᠩᠭᠡᠵᠢᠬᠦ ᠬᠤᠭᠤᠴᠠᠭ᠎ᠠ ᠂ | ᠨᠢᠷᠠᠶᠢᠯᠠᠬᠤ ᠬᠤᠭᠤᠴᠠᠭᠠᠨ ᠳᠤ ᠡᠭᠦᠰᠦᠭᠰᠡᠨ ᠡᠮᠴᠢᠯᠡᠭᠡᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠬᠤᠯᠪᠣᠭᠳᠠᠯ ᠪᠦᠬᠦᠢ ᠲᠣᠭᠲᠠᠭᠠᠯ ᠳᠤ | ᠨᠡᠶᠢᠴᠡᠬᠦ ᠡᠭᠦᠳᠡᠨ ᠡᠮᠨᠡᠯᠭᠡ ᠳᠤ ᠬᠢᠯᠭᠡᠭᠰᠡᠨ ᠬᠥᠩᠭᠡᠵᠢᠬᠦ ᠠᠴᠠ ᠡᠮᠦᠨᠡᠬᠢ ᠪᠠᠶᠢᠴᠠᠭᠠᠯᠲᠠ ᠶᠢᠨ ᠵᠠᠷᠤᠳᠠᠯ ᠳᠤ ᠬᠠᠷᠠᠭᠠᠯᠵᠠᠯ ᠤᠨ ᠬᠤᠪᠢ ᠬᠦᠮᠦᠨ ᠤ ᠡᠭᠦᠷᠭᠡᠯᠡᠬᠦ | ᠵᠠᠷᠤᠳᠠᠯ ᠤᠨ ᠬᠢᠵᠠᠭᠠᠷ ᠪᠠ ᠡᠮᠴᠢᠯᠡᠭᠡᠨ ᠤ ᠳᠠᠭᠠᠳᠬᠠᠯ ᠤᠨ ᠰᠠᠭᠤᠷᠢ ᠮᠦᠩᠭᠦᠨ ᠠᠴᠠ ᠲᠥᠯᠦᠬᠦ ᠳᠡᠭᠡᠳᠦ ᠬᠢᠵᠠᠭᠠᠷ ᠳᠣᠬᠢᠷᠠᠭᠤᠯᠬᠤ ᠦᠭᠡᠢ ᠂ ᠦᠨᠳᠦᠰᠦᠨ | ᠡᠮᠴᠢᠯᠡᠭᠡᠨ ᠤ ᠳᠠᠭᠠᠳᠬᠠᠯ ᠤᠨ ᠰᠠᠭᠤᠷᠢ ᠮᠦᠩᠭᠦᠨ ᠠᠴᠠ ᠪᠣᠳᠠᠲᠤ ᠪᠠᠷᠢᠮᠲᠠ ᠶᠢ ᠦᠨᠳᠦᠰᠦᠯᠡᠨ ᠲᠥᠯᠥᠨ᠎ᠡ ᠃ ᠬᠤᠶᠠᠷ ᠲᠤ ᠂ ᠡᠭᠦᠳᠡᠨ ᠡᠮᠨᠡᠯᠭᠡ ᠳᠤ ᠣᠷᠤᠭ | ᠤᠨᠠᠭᠠᠭᠰᠠᠨ ᠪᠤᠶᠤ ᠦᠷᠡᠵᠢᠯ ᠢ ᠬᠢᠵᠠᠭᠠᠷᠯᠠᠬᠤ ᠮᠡᠰᠡ ᠵᠠᠰᠠᠯ ᠬᠢᠯᠭᠡᠭᠰᠡᠨ ᠪᠠᠶᠢᠪᠠᠯ ᠂ ᠬᠠᠷᠠᠭᠠᠯᠵᠠᠯ ᠤᠨ ᠬᠤᠪᠢ ᠬᠦᠮᠦᠨ ᠤ ᠡᠭᠦᠷᠭᠡᠯᠡᠬᠦ ᠵᠠᠷᠤᠳᠠᠯ ᠤᠨ ᠬᠢᠵᠠᠭᠠᠷ | ᠳᠤᠬᠢᠷᠠᠭᠤᠯᠬᠤ ᠦᠭᠡᠢ ᠂ ᠡᠮᠴᠢᠯᠡᠭᠡᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠬᠦ | ᠡᠮᠴᠢᠯᠡᠭᠡᠨ ᠤ ᠵᠠᠷᠤᠳᠠᠯ ᠢ ᠲᠥᠯᠥᠬᠦ ᠳᠡᠭᠡᠳᠦ ᠬᠢᠵᠠᠭᠠᠷ ᠨᠢ 2000 ᠲᠥᠭᠦᠷᠢᠭ ᠪᠠᠶᠢᠵᠤ ᠂ ᠬᠢᠵᠠᠭᠠᠷᠯᠠᠭᠰᠠᠨ ᠲᠤᠭ᠎ᠠ ᠠᠴᠠ ᠬᠡᠲᠦᠷᠡᠭᠰᠡᠨ ᠬᠡᠰᠡᠭ ᠢ ᠲᠥᠯᠦᠵᠦ ᠥᠭᠬᠦ | ᠦᠭᠡᠢ ᠂ ᠬᠢᠵᠠᠭᠠᠷᠯᠠᠭᠰᠠᠨ ᠲᠤᠭ᠎ᠠ ᠶᠢᠨ ᠳᠣᠲᠣᠷ᠎ᠠ ᠪᠣᠳᠠᠲᠠᠢ ᠪᠠᠷᠢᠮᠲᠠ ᠶᠢ ᠦᠨᠳᠦᠰᠦᠯᠡᠨ ᠲᠥᠯᠥᠨ᠎ᠡ ᠃ ᠭᠤᠷᠪᠠ ᠳᠤ ᠂ ᠡᠭᠦᠳᠡᠨ ᠡᠮᠨᠡᠯᠭᠡ ᠳᠤ ᠦᠷᠡᠵᠢᠯ ᠢ | ᠲᠠᠰᠤᠯᠬᠤ ᠮᠡᠰᠡ ᠵᠠᠰᠠᠯ ᠬᠢᠯᠭᠡᠭᠰᠡᠨ ᠪᠠᠶᠢᠪᠠᠯ ᠂ ᠬᠠᠷᠠᠭᠠᠯᠵᠠᠯ ᠤᠨ ᠬᠤᠪᠢ ᠬᠦᠮᠦᠨ ᠤ ᠡᠭᠦᠷᠭᠡᠯᠡᠬᠦ ᠵᠠᠷᠤᠳᠠᠯ ᠤᠨ ᠬᠢᠵᠠᠭᠠᠷ ᠳᠣᠬᠢᠷᠠᠭᠤᠯᠬᠤ ᠦᠭᠡᠢ ᠂ ᠡᠮᠴᠢᠯᠡᠭᠡᠨ ᠤ | ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠬᠦ ᠡᠮᠴᠢᠯᠡᠭᠡᠨ ᠤ ᠵᠠᠷᠤᠳᠠᠯ ᠢ ᠲᠥᠯᠥᠬᠦ ᠳᠡᠭᠡᠳᠦ | ᠬᠢᠵᠠᠭᠠᠷ ᠨᠢ 2500 ᠲᠥᠭᠦᠷᠢᠭ ᠪᠠᠶᠢᠵᠤ ᠂ ᠬᠢᠵᠠᠭᠠᠷᠯᠠᠭᠰᠠᠨ ᠲᠤᠭ᠎ᠠ ᠠᠴᠠ ᠬᠡᠲᠦᠷᠡᠭᠰᠡᠨ ᠬᠡᠰᠡᠭ ᠢ ᠲᠥᠯᠦᠵᠦ ᠥᠭᠬᠦ ᠦᠭᠡᠢ ᠂ ᠬᠢᠵᠠᠭᠠᠷᠯᠠᠭᠰᠠᠨ ᠲᠤᠭ᠎ᠠ ᠶᠢᠨ | ᠳᠣᠲᠣᠷ᠎ᠠ ᠪᠣᠳᠠᠲᠠᠢ ᠪᠠᠷᠢᠮᠲᠠ ᠦᠨᠳᠦᠰᠦᠯᠡᠨ ᠲᠥᠯᠥᠨ᠎ᠡ ᠃ | ︵ ᠳᠥᠷᠪᠡ ︶ ᠦᠷᠡᠵᠢᠯ ᠤᠨ ᠨᠡᠮᠡᠯᠭᠡ ᠶᠢᠨ ᠪᠠᠷᠢᠮᠵᠢᠶ᠎ᠠ ᠃ ᠨᠢᠭᠡ ᠳᠤ ᠂ ᠡᠳ᠋ ᠤᠨ ᠵᠠᠰᠠᠭ ᠤᠨ ᠬᠠᠩᠭᠠᠯᠲᠠ ᠳᠤ ᠡᠰᠡ ᠬᠠᠮᠤᠷᠤᠭᠳᠠᠬᠤ ᠨᠢᠭᠡᠴᠢ ᠶᠢᠨ ᠳᠠᠭᠠᠳᠬᠠᠯ ᠳᠤ | ᠣᠷᠣᠯᠴᠠᠭᠰᠠᠨ ᠡᠮᠡᠭᠲᠡᠢ ᠠᠵᠢᠯᠲᠠᠨ ᠠᠵᠢᠯᠴᠢᠨ ᠤ ᠦᠷᠡᠵᠢᠯ ᠤᠨ ᠨᠡᠮᠡᠯᠭᠡ ᠶᠢ ᠬᠥᠮᠥᠨ ᠬᠡᠷᠡᠭᠯᠡᠬᠦ ᠨᠢᠭᠡᠴᠢ ᠶᠢᠨ ᠳᠡᠭᠡᠷ᠎ᠡ ᠵᠢᠯ ᠤᠨ ᠠᠵᠢᠯ ᠤᠨ ᠪᠠᠶᠢᠷᠢᠨ ᠳᠤ ᠪᠠᠨ | ᠪᠠᠶᠢᠭ᠎ᠠ ᠠᠵᠢᠯᠲᠠᠨ ᠠᠵᠢᠯᠴᠢᠨ ᠤ ᠰᠦᠢᠳᠬᠡᠯ ᠲᠤᠰᠢᠶᠠᠭᠰᠠᠨ ᠰᠠᠷ᠎ᠠ ᠶᠢᠨ ᠳᠤᠮᠲᠠᠴᠢ ᠰᠠᠭᠤᠷᠢ ᠲᠤᠭ᠎ᠠ ᠪᠠᠷ ᠪᠤᠳᠤᠵᠤ ᠣᠯᠭᠤᠬᠤ ᠪᠠᠷᠢᠮᠵᠢᠶ᠎ᠠ ᠪᠣᠯᠭᠠᠨ᠎ᠠ ᠃ ᠡᠷᠡᠭᠲᠡᠢ | ᠠᠵᠢᠯᠲᠠᠨ ᠠᠵᠢᠯᠴᠢᠨ ᠤ ᠰᠤᠪᠢᠯᠠᠯᠲᠠ ᠶᠢᠨ ᠴᠢᠯᠦᠭᠡᠨ ᠤ ᠨᠡᠮᠡᠯᠭᠡ ᠶᠢ ᠠᠳᠠᠯᠢᠬᠠᠨ ᠰᠠᠭᠤᠷᠢ ᠲᠣᠭᠠᠨ ᠤ ᠪᠠᠷᠢᠮᠵᠢᠶ᠎ᠠ ᠪᠠᠷ ᠬᠡᠷᠡᠭᠵᠢᠭᠦᠯᠦᠨ᠎ᠡ ᠃ ᠬᠤᠶᠠᠷ ᠲᠤ ᠂ | ᠲᠤᠬᠠᠢ ᠶᠢᠨ ᠵᠢᠯ ᠳᠤ ᠰᠢᠨ᠎ᠡ ᠪᠠᠷ ᠳᠠᠭᠠᠳᠬᠠᠯ ᠳᠤ ᠣᠷᠣᠯᠴᠠᠭᠰᠠᠨ ᠡᠳ᠋ ᠤᠨ ᠵᠠᠰᠠᠭ ᠤᠨ ᠬᠠᠩᠭᠠᠯᠲᠠ ᠳᠤ ᠡᠰᠡ ᠬᠠᠮᠤᠷᠤᠭᠳᠠᠬᠤ ᠨᠢᠭᠡᠴᠢ ᠶᠢᠨ ᠳᠠᠭᠠᠳᠬᠠᠯ ᠳᠤ | ᠣᠷᠣᠯᠴᠠᠭᠰᠠᠨ ᠠᠵᠢᠯᠲᠠᠨ ᠠᠵᠢᠯᠴᠢᠨ ᠤ ᠦᠷᠡᠵᠢᠯ ᠤᠨ ᠨᠡᠮᠡᠯᠭᠡ ᠶᠢ ᠠᠵᠢᠯᠲᠠᠨ ᠠᠵᠢᠯᠴᠢᠨ ᠤ ᠬᠥᠩᠭᠡᠵᠢᠭᠰᠡᠨ ᠲᠣᠰ ᠰᠠᠷ᠎ᠠ ᠳᠠᠬᠢ ᠪᠠᠶᠢᠭᠤᠯᠭ᠎ᠠ ᠨᠢᠭᠡᠴᠢ ᠶᠢᠨ | ᠠᠵᠢᠯ ᠤᠨ ᠪᠠᠶᠢᠷᠢᠨ ᠳᠤ ᠪᠠᠨ ᠪᠠᠶᠢᠭ᠎ᠠ ᠠᠵᠢᠯᠲᠠᠨ ᠠᠵᠢᠯᠴᠢᠨ ᠤ ᠰᠦᠢᠳᠬᠡᠯ ᠲᠤᠰᠢᠶᠠᠭᠰᠠᠨ ᠳᠤᠮᠳᠠᠴᠢ ᠰᠠᠭᠤᠷᠢ ᠲᠤᠭ᠎ᠠ ᠪᠠᠷ ᠦᠷᠡᠵᠢᠯ ᠤᠨ ᠨᠡᠮᠡᠯᠭᠡ ᠶᠢ ᠪᠤᠳᠤᠵᠤ | ᠣᠯᠭᠤᠬᠤ ᠪᠠᠷᠢᠮᠵᠢᠶ᠎ᠠ ᠪᠣᠯᠭᠠᠨ᠎ᠠ ᠃ | | | |