| ᠠᠭᠠᠭᠢᠮ᠎ᠠ ᠬᠠᠯᠠᠭᠤᠨ ᠵᠤᠨ ᠪᠣᠯᠬᠤ ᠳᠤ ᠂ ᠦᠷᠭᠦᠯᠵᠢᠯᠡᠨ ᠥᠨᠳᠥᠷ ᠬᠠᠯᠠᠭᠤᠨ ᠦᠷᠬᠦᠯᠵᠢᠯᠡᠵᠦ ᠂ ᠬᠤᠷ᠎ᠠ ᠪᠣᠷᠣᠭᠠᠨ ᠠᠷᠪᠢᠨ ᠤᠷᠤᠳᠠᠭ ᠃ ᠵᠤᠨ ᠤ ᠤᠯᠠᠷᠢᠯ ᠤᠨ | ᠠᠭᠤᠷ ᠠᠮᠢᠰᠬᠤᠯ ᠨᠢ ᠰᠢᠨ᠎ᠡ ᠡᠨᠧᠷᠭᠢ ᠶᠢᠨ ᠮᠠᠰᠢᠨ ᠲᠡᠷᠭᠡᠨ ᠳᠤ ᠶᠠᠮᠠᠷ ᠨᠥᠯᠥᠭᠡ ᠠᠪᠴᠢᠷᠠᠳᠠᠭ ᠪᠤᠢ ︖ ᠰᠢᠨ᠎ᠡ ᠡᠨᠧᠷᠭᠢ ᠶᠢᠨ ᠮᠠᠰᠢᠨ ᠲᠡᠷᠭᠡ ᠬᠡᠷᠡᠭᠯᠡᠬᠦ ᠳᠤ ᠶᠠᠭᠤ | ᠶᠠᠭᠤ ᠶᠢ ᠠᠩᠬᠠᠷᠬᠤ ᠭᠡᠷᠡᠭᠳᠡᠢ ᠪᠣᠶ ︖ | ︽ ᠬᠠᠮᠤᠭ ᠤᠨ ᠴᠢᠬᠤᠯᠠ ᠨᠢ ᠴᠠᠬᠢᠯᠭᠠᠨ ᠴᠡᠨᠡᠭᠯᠡᠬᠦ ᠠᠮᠤᠷ ᠲᠦᠪᠰᠢᠨ ᠤ ᠠᠰᠠᠭᠤᠳᠠᠯ ᠪᠣᠯᠤᠨ᠎ᠠ ︾ ᠭᠡᠵᠦ ᠳᠤᠮᠳᠠᠳᠤ ᠤᠯᠤᠰ ᠤᠨ ᠡᠯᠧᠺᠳ᠋ᠷᠣᠨ ᠮᠡᠳᠡᠭᠡ | ᠵᠠᠩᠭᠢ ᠶᠢᠨ ᠠᠵᠤ ᠦᠢᠯᠡᠰ ᠤᠨ ᠬᠥᠭᠵᠢᠯᠲᠡ ᠶᠢᠨ ᠰᠤᠳᠤᠯᠭᠠᠨ ᠤ ᠬᠦᠷᠢᠶᠡᠯᠡᠩ ᠤᠨ ᠳ᠋ᠢᠶᠠᠨ ᡂᠢ ᠪᠣᠯᠤᠨ ᠰᠢᠨ᠎ᠡ ᠡᠨᠧᠷᠭᠢ ᠶᠢᠨ ᠡᠨᠧᠷᠭᠢ ᠬᠠᠳᠠᠭᠠᠯᠠᠬᠤ ᠠᠵᠤ | ᠦᠢᠯᠡᠰ ᠤᠨ ᠰᠤᠳᠤᠯᠭᠠᠨ ᠤ ᠲᠠᠰᠤᠭ ᠤᠨ ᠡᠷᠬᠢᠯᠡᠭᠴᠢ ᠸᠠᠩ ᠰᠢ ᠬᠡᠯᠡᠭᠰᠡᠨ ᠢᠶᠠᠨ ᠵᠠᠯᠭᠠᠭᠠᠳ ᠂ ᠠᠭᠠᠬᠢᠮ᠎ᠠ ᠬᠠᠯᠠᠭᠤᠨ ᠡᠳᠦᠷ ᠮᠠᠰᠢᠨ ᠲᠡᠷᠭᠡᠨ ᠳᠤ ᠴᠠᠬᠢᠯᠭᠠᠨ | ᠴᠡᠨᠡᠭᠯᠡᠬᠦ ᠠᠴᠠ ᠠᠯᠢ ᠴᠢᠳᠠᠬᠤ ᠪᠠᠷ ᠵᠠᠶᠢᠯᠠᠰᠬᠢᠪᠡᠯ ᠵᠣᠬᠢᠨ᠎ᠠ ᠂ ᠠᠭᠠᠬᠢᠮ᠎ᠠ ᠬᠠᠯᠠᠭᠤᠨ ᠡᠳᠦᠷ ᠨᠢ ᠳ᠋ᠢᠶᠠᠨ ᡂᠢ ᠶᠢ ᠬᠡᠲᠦ ᠬᠠᠯᠠᠭᠠᠵᠤ ᠂ ᠳ᠋ᠢᠶᠠᠨ ᡂᠢ ᠶᠢᠨ ᠠᠮᠢ | ᠨᠠᠰᠤ ᠶᠢ ᠠᠮᠠᠷᠬᠠᠨ ᠪᠤᠭᠤᠨᠢᠰᠬᠠᠬᠤ ᠶᠢᠨ ᠵᠡᠷᠭᠡ ᠪᠠᠷ ᠰᠠᠨᠠᠭᠠᠨ ᠳᠤ ᠥᠬᠡᠶ ᠬᠡᠷᠡᠭ ᠭᠠᠷᠴᠤ ᠮᠡᠳᠡᠨ᠎ᠡ ᠃ ᠠᠶᠤᠩᠭᠠᠲᠤ ᠪᠣᠷᠣᠭᠠᠨ ᠤᠷᠤᠵᠤ ᠪᠠᠶᠢᠭ᠎ᠠ ᠪᠠᠶᠢᠳᠠᠯ ᠲᠤᠤᠷ᠎ᠠ ᠂ | ᠭᠠᠳᠠᠨ᠎ᠠ ᠮᠠᠰᠢᠨ ᠲᠡᠷᠭᠡᠨ ᠳᠤ ᠴᠠᠬᠢᠯᠭᠠᠨ ᠴᠡᠨᠡᠭᠯᠡᠵᠦ ᠪᠤᠯᠬᠤ ᠦᠭᠡᠢ ᠭᠡᠵᠦ ᠬᠡᠯᠡᠪᠡ ᠃ | ᠰᠢᠨ᠎ᠡ ᠡᠨᠧᠷᠭᠢ ᠶᠢᠨ ᠮᠠᠰᠢᠨ ᠲᠡᠷᠭᠡᠨ ᠤ ᠪᠦᠲᠦᠴᠡ ᠶᠢᠨ ᠣᠨᠴᠠᠭᠠᠶ ᠴᠢᠨᠠᠷ ᠠᠴᠠ ᠪᠣᠯᠵᠣ ᠂ ᠵᠣᠨ ᠤ ᠤᠯᠠᠷᠢᠯ ᠳᠤ ᠴᠢᠳᠠᠬᠤ ᠶᠢᠨ ᠳᠣᠲᠣᠷ᠎ᠠ ᠨᠠᠷᠠ ᠬᠠᠯᠬᠠᠯᠠᠬᠤ | ᠪᠤᠶᠤ ᠰᠠᠯᠬᠢ ᠰᠠᠶᠢᠨ ᠨᠡᠪᠲᠡᠷᠡᠬᠦ ᠭᠠᠵᠠᠷ ᠢ ᠰᠣᠩᠭᠤᠵᠤ ᠮᠠᠰᠢᠨ ᠲᠡᠷᠭᠡ ᠪᠠᠨ ᠵᠣᠭᠰᠣᠭᠠᠵᠤ ᠂ ᠰᠢᠲᠠᠮ᠎ᠠ ᠨᠡᠷᠡᠨ ᠳᠤ ᠣᠷᠳᠣ ᠬᠤᠭᠤᠴᠠᠭ᠎ᠠ ᠪᠠᠷ ᠰᠢᠷᠠᠬᠤ ᠠᠴᠠ | ᠵᠠᠶᠢᠯᠠᠰᠬᠢᠬᠦ ᠬᠡᠷᠡᠭᠲᠡᠶ ᠂ ᠢᠩᠭᠢᠪᠡᠯ ᠳ᠋ᠢᠶᠠᠨ ᡂᠢ ᠵᠡᠷᠭᠡ ᠲᠥᠬᠦᠭᠡᠷᠦᠮᠵᠢ ᠶᠢᠨ ᠢᠯᠴᠢ ᠰᠠᠷᠨᠢᠭᠤᠯᠬᠤ ᠪᠠ ᠬᠠᠯᠠᠭᠤᠨ ᠢ ᠪᠠᠭᠤᠷᠠᠭᠤᠯᠬᠤ ᠳᠤ ᠨᠠᠩ ᠠᠰᠢᠭᠲᠠᠶ ᠪᠠᠶᠢᠳᠠᠭ ᠃ | ᠪᠠᠰᠠ ᠮᠠᠰᠢᠨ ᠲᠡᠷᠭᠡ ᠴᠢᠨᠢ ᠴᠠᠬᠢᠯᠭᠠᠨ ᠤ ᠬᠡᠮᠵᠢᠶ᠎ᠡ ︵ ᠦᠯᠡᠳᠡᠭᠰᠡᠨ ᠴᠠᠬᠢᠯᠭᠠᠨ ᠤ ᠬᠡᠮᠵᠢᠶ᠎ᠡ ᠨᠢ 20 % ᠠᠴᠠ ᠪᠠᠭ᠎ᠠ ︶ ᠪᠠᠷ ᠪᠠᠭ᠎ᠠ ᠪᠠᠶᠢᠭ᠎ᠠ ᠪᠠᠶᠢᠳᠠᠯ ᠳᠤᠤᠷ᠎ᠠ | ᠣᠷᠳᠣ ᠬᠤᠭᠤᠴᠠᠭ᠎ᠠ ᠪᠠᠷ ᠵᠣᠭᠰᠣᠭᠠᠬᠤ ᠠᠴᠠ ᠠᠯᠢ ᠴᠢᠳᠠᠬᠤ ᠪᠠᠷ ᠵᠠᠶᠢᠯᠠᠰᠬᠢᠬᠦ ᠬᠡᠷᠡᠭᠳᠡᠢ ᠂ ᠳ᠋ᠢᠶᠠᠨ ᡂᠢ ᠶᠢᠨ ᠪᠦᠯᠦᠭ ᠨᠢ ᠣᠷᠳᠣ ᠬᠤᠭᠤᠴᠠᠭ᠎ᠠ ᠪᠠᠷ ᠥᠨᠳᠥᠷ | ᠬᠠᠯᠠᠭᠤᠨ ᠤ ᠨᠥᠬᠦᠴᠡᠯ ᠳᠤᠤᠷ᠎ᠠ ᠪᠠᠶᠢᠭᠠᠳ ᠪᠠᠶᠢᠪᠠᠯ ᠨᠠᠩ ᠠᠮᠠᠷᠬᠠᠨ ᠥᠪᠡᠰᠦᠪᠡᠨ ᠴᠠᠬᠢᠯᠭᠠᠨ ᠨᠢ ᠰᠠᠷᠨᠢᠬᠤ ᠦᠵᠡᠭᠳᠡᠯ ᠭᠠᠷᠳᠠᠭ ᠃ ᠲᠤᠰᠬᠠᠶ ᠮᠡᠷᠭᠡᠵᠢᠯᠲᠡᠨ | ᠰᠠᠨᠠᠭᠤᠯᠬᠤ ᠳᠠᠭᠠᠨ ᠂ ᠬᠡᠷᠪᠡ ᠵᠣᠨ ᠤ ᠤᠯᠠᠷᠢᠯ ᠳᠤ ᠣᠷᠳᠣ ᠬᠤᠭᠤᠴᠠᠭ᠎ᠠ ᠪᠠᠷ ᠲᠡᠷᠭᠡ ᠬᠡᠷᠡᠭᠯᠡᠬᠦ ᠥᠬᠡᠶ ᠪᠣᠯ ᠂ 30% — 50% ᠶᠢᠨ ᠴᠠᠬᠢᠯᠭᠠᠨ ᠴᠡᠨᠡᠭ ᠲᠠᠢ | ᠪᠠᠶᠢᠬᠤ ᠪᠠᠶᠢᠳᠠᠯ ᠳᠤᠤᠷ᠎ᠠ ᠬᠠᠳᠠᠭᠠᠯᠠᠵᠤ ᠲᠠᠯᠪᠢᠪᠠᠯ ᠵᠣᠬᠢᠨ᠎ᠠ ᠬᠡᠪᠡ ᠃ | ᠵᠣᠨ ᠤ ᠤᠯᠠᠷᠢᠯ ᠳᠤ ᠪᠣᠷᠣᠭᠠᠨ ᠠᠷᠪᠢᠨ ᠤᠷᠤᠳᠠᠭ ᠪᠤᠯᠬᠤᠷ ᠪᠣᠷᠣᠭᠠᠨ ᠤ ᠤᠰᠤᠨ ᠤ ᠳᠣᠲᠣᠷᠠᠬᠢ ᠪᠤᠳᠤᠯᠢᠶᠠᠨᠲᠠᠶ ᠪᠦᠷᠢᠯᠳᠦᠬᠦᠨ ᠨᠢ ᠴᠠᠬᠢᠯᠭᠠᠨ ᠮᠠᠰᠢᠨ ᠂ | ᠳ᠋ᠢᠶᠠᠨ ᡂᠢ ᠶᠢᠨ ᠬᠠᠯᠢᠰᠤᠯᠢᠭ ᠪᠡᠶ᠎ᠡ ᠂ ᠮᠠᠰᠢᠨ ᠲᠡᠷᠭᠡᠨ ᠤ ᠪᠡᠶ᠎ᠡ ᠵᠡᠷᠭᠡ ᠲᠡᠮᠦᠷᠯᠢᠭ ᠲᠣᠨᠤᠭ ᠢ ᠵᠣᠬᠢᠬᠤ ᠬᠡᠮᠵᠢᠶ᠎ᠡ ᠪᠠᠷ ᠢᠳᠡᠭᠳᠡᠭᠦᠯᠬᠦ ᠪᠤᠶᠤ ᠤᠰᠤ ᠤᠷᠤᠰᠬᠠᠯ | ᠭᠡᠲᠦᠯᠬᠦ ᠦᠶ᠎ᠡ ᠳᠤ ᠠᠮᠠᠷᠬᠠᠨ ᠬᠥᠨᠳᠡᠶᠢᠷᠡᠭᠦᠯᠬᠦ ᠰᠠᠭᠠᠳ ᠭᠠᠷᠴᠤ ᠮᠡᠳᠡᠨ᠎ᠡ ᠂ ᠡᠶᠢᠮᠦ ᠠᠴᠠ ᠠᠯᠢ ᠴᠢᠳᠠᠬᠤ ᠪᠠᠷ ᠤᠰᠤ ᠤᠷᠤᠰᠬᠠᠯ ᠭᠡᠲᠦᠯᠬᠦ ᠠᠴᠠ ᠵᠠᠶᠢᠯᠠᠰᠬᠢᠬᠦ | ᠬᠡᠷᠡᠭᠲᠡᠶ ᠂ ᠬᠡᠷᠪᠡ ᠮᠠᠰᠢᠨ ᠲᠡᠷᠭᠡ ᠪᠠᠷ ᠢᠶᠠᠨ ᠤᠰᠤ ᠬᠤᠷᠠᠭᠰᠠᠨ ᠵᠠᠮ ᠢᠶᠠᠷ ᠥᠩᠭᠡᠷᠡᠬᠦ ᠳᠤ ᠭᠦᠷᠪᠡᠯ ᠂ ᠤᠰᠤᠨ ᠤ ᠭᠦᠨ ᠢ ᠤᠷᠢᠳᠴᠢᠯᠠᠨ ᠮᠠᠭᠠᠳᠯᠠᠵᠤ ᠂ ᠮᠠᠰᠢᠨ | ᠲᠡᠷᠭᠡ ᠤᠰᠤᠨ ᠳᠤ ᠤᠷᠤᠬᠰᠠᠨ ᠤ ᠲᠠᠷᠠᠭ᠎ᠠ ᠴᠠᠬᠢᠯᠭᠠᠨ ᠭᠤᠭᠤᠵᠢᠬᠤ ᠠᠴᠠ ᠰᠡᠷᠭᠡᠶᠢᠯᠡᠬᠦ ᠬᠡᠷᠡᠭᠲᠡᠶ ᠃ ᠡᠭᠦᠨ ᠠᠴᠠ ᠭᠠᠳᠠᠨ᠎ᠠ ᠂ ᠰᠢᠨ᠎ᠡ ᠡᠨᠧᠷᠭᠢ ᠶᠢᠨ ᠮᠠᠰᠢᠨ ᠲᠡᠷᠭᠡ | ᠴᠦ ᠪᠣᠶ ᠪᠥᠬᠦᠶ ᠮᠠᠰᠢᠨ ᠲᠡᠷᠭᠡᠨ ᠳᠤ ᠭᠠᠷᠳᠠᠭ ᠵᠣᠨ ᠤ ᠤᠯᠠᠷᠢᠯ ᠤᠨ ︽ ᠥᠨᠳᠥᠷ ᠬᠠᠯᠠᠭᠤᠨ ᠤ ᠬᠡᠮ ︾ ᠢ ᠤᠷᠢᠳᠴᠢᠯᠠᠨ ᠰᠡᠷᠭᠡᠶᠢᠯᠡᠬᠦ ᠶᠢ ᠠᠩᠬᠠᠷᠬᠤ ᠬᠡᠷᠡᠭᠲᠡᠶ ᠃ | ᠵᠢᠱᠢᠶᠡᠯᠡᠪᠡᠯ ᠵᠣᠨ ᠤ ᠤᠯᠠᠷᠢᠯ ᠤᠨ ᠠᠭᠠᠬᠢᠮ᠎ᠠ ᠬᠠᠯᠠᠭᠤᠨ ᠡᠳᠦᠷ ᠳᠤᠭᠤᠶᠢᠯᠠᠪᠤᠷᠢ ᠶᠢᠨ ᠳᠠᠷᠤᠯᠲᠠ ᠠᠮᠠᠷᠬᠠᠨ ᠳᠡᠭᠡᠭᠰᠢᠯᠡᠵᠦ ᠂ ᠬᠤᠯᠠ ᠵᠠᠮ ᠬᠦᠭᠡᠭᠡᠬᠦ ᠪᠤᠶᠤ ᠦᠨᠳᠦᠷ | ᠬᠤᠷᠳᠤᠴᠠ ᠪᠠᠷ ᠠᠶᠠᠯᠠᠬᠤ ᠳᠤ ᠳᠤᠭᠤᠶᠢᠯᠠᠪᠤᠷᠢ ᠠᠮᠠᠷᠬᠠᠨ ᠬᠠᠭᠠᠷᠠᠳᠠᠭ ᠂ ᠡᠶᠢᠮᠦ ᠠᠴᠠ ᠮᠠᠰᠢᠨ ᠲᠡᠷᠭᠡᠨ ᠤ ᠡᠵᠡᠨ ᠲᠡᠷᠭᠡᠨ ᠤ ᠪᠠᠨ ᠳᠤᠭᠤᠶᠢᠯᠠᠪᠤᠷᠢ ᠶᠢᠨ | ᠳᠠᠷᠤᠯᠲᠠ ᠶᠢ ᠵᠣᠬᠢᠰᠲᠠᠶ ᠪᠠᠷ ᠪᠠᠭᠤᠷᠠᠭᠤᠯᠵᠤ ᠪᠣᠯᠤᠨ᠎ᠠ ᠃ ᠮᠠᠰᠢᠨ ᠲᠡᠷᠭᠡ ᠠᠶᠠᠨᠳᠠᠭᠠᠨ ᠨᠣᠴᠣᠬᠤ ᠶᠢ ᠰᠡᠷᠭᠡᠶᠢᠯᠡᠬᠦ ᠶᠢᠨ ᠲᠥᠯᠥᠭᠡ ᠂ ᠮᠠᠰᠢᠨ ᠲᠡᠷᠭᠡᠨ ᠳᠣᠲᠣᠷ᠎ᠠ ᠪᠠᠨ | ᠨᠣᠴᠣᠭᠠᠭᠤᠷ ᠂ ᠴᠠᠬᠢᠯᠭᠠᠨ ᠴᠡᠨᠡᠭᠯᠡᠬᠦᠷ ᠂ ᠨᠡᠭᠦᠷᠡᠰᠦᠬᠦ᠋ᠴᠢᠯ ᠤᠨ ᠤᠮᠳᠠᠭᠠᠨ ᠂ ᠦᠨᠦᠷᠲᠦ ᠤᠰᠤ ᠵᠡᠷᠭᠡ ᠪᠣᠳᠠᠰ ᠢ ᠪᠢᠳᠡᠭᠡᠢ ᠲᠠᠯᠪᠢᠭᠠᠷᠠᠢ ᠃ | | | |