| | | | ᠣᠶᠢᠷ᠎ᠠ ᠬᠠᠷᠠᠭ᠎ᠠ ᠶᠢᠨ ᠲᠤᠬᠠᠢ ᠵᠠᠷᠢᠮ ᠭᠡᠷ ᠤᠨ ᠠᠬᠠᠮᠠᠳ ᠢᠳᠡᠭᠡᠨ ᠤᠮᠳᠠᠭᠠᠨ ᠨᠢ ᠨᠢᠳᠦᠨ ᠤ ᠬᠠᠷᠠᠭ᠎ᠠ ᠶᠢ ᠨᠥᠯᠦᠭᠡᠯᠡᠨ᠎ᠡ ᠤᠤ ᠭᠡᠵᠣ ᠠᠰᠠᠭᠤᠳᠠᠭ ᠃ ᠢᠳᠡᠭᠡᠨ | ᠤᠮᠳᠠᠭᠠᠨ ᠨᠢ ᠨᠢᠳᠦᠨ ᠤ ᠬᠠᠷᠠᠭᠠᠨ ᠤ ᠡᠷᠡᠭᠦᠯ ᠮᠡᠨᠳᠦ ᠲᠠᠢ ᠦᠨᠡᠭᠡᠷ ᠬᠤᠯᠪᠣᠭ᠎ᠠ ᠲᠠᠢ ᠪᠠᠶᠢᠳᠠᠭ ᠃ ᠲᠡᠭᠡᠪᠡᠯ ᠢᠳᠡᠭᠡᠨ ᠤᠮᠳᠠᠭᠠᠨ ᠢ ᠲᠣᠬᠢᠷᠠᠮᠵᠢᠲᠠᠢ | ᠲᠣᠬᠢᠷᠠᠭᠤᠯᠬᠤ ᠪᠠᠷ ᠳᠠᠮᠵᠢᠨ ᠬᠡᠦᠬᠡᠳ ᠤᠨ ᠨᠢᠳᠦᠨ ᠤ ᠬᠠᠷᠠᠭ᠎ᠠ ᠶᠢ ᠰᠠᠶᠢᠵᠢᠷᠠᠭᠤᠯᠬᠤ ᠠᠷᠭ᠎ᠠ ᠪᠠᠶᠢᠨ᠎ᠠ ᠤᠤ ︖ ᠲᠠ ᠪᠦᠬᠦᠨ ᠳᠤ ᠬᠡᠳᠦᠨ ᠵᠦᠢᠯ ᠢ | ᠲᠠᠨᠢᠯᠴᠠᠭᠤᠯᠤᠶ᠎ᠡ ᠃ | ᠭᠠᠷᠠᠭ ᠪᠣᠯᠭᠠᠨ 1 — 2 ᠤᠳᠠᠭ᠎ᠠ ᠠᠮᠢᠲᠠᠨ ᠤ ᠡᠯᠢᠭᠡ ᠢᠳᠡᠭᠦᠯᠵᠦ ᠂ ᠬᠦᠨ ᠥᠩᠭᠡ ᠲᠠᠢ ᠨᠣᠭᠤᠭ᠎ᠠ ᠵᠢᠮᠢᠰ ᠢᠯᠡᠭᠦᠦ ᠢᠳᠡᠭᠦᠯᠬᠦ ᠬᠡᠷᠡᠭᠲᠡᠢ ᠃ | ᠺᠠᠯᠽ ᠂ ᠰᠧᠯᠧᠨ ᠂ ᠴᠠᠶᠢᠷ ᠂ ᠵᠡᠰ ᠂ ᠨᠠᠪᠴᠢᠨ ᠤ ᠰᠢᠷ᠎ᠠ ᠡᠳ᠋ ᠂ ᠸᠢᠲ᠋ᠠᠮᠢᠨ A ᠂ ᠸᠢᠲ᠋ᠠᠮᠢᠨ B1 ᠵᠡᠷᠭᠡ ᠰᠢᠮ᠎ᠡ ᠲᠡᠵᠢᠭᠡᠯ ᠤᠨ ᠡᠳ᠋ ᠨᠢ ᠨᠢᠳᠦᠨ ᠤ ᠬᠠᠷᠠᠭ᠎ᠠ ᠶᠢ | ᠬᠠᠮᠠᠭᠠᠯᠠᠬᠤ ᠦᠢᠯᠡᠳᠦᠯ ᠲᠠᠢ ᠪᠠᠶᠢᠵᠤ ᠂ ᠨᠢᠳᠦᠨ ᠤ ᠬᠠᠷᠠᠭ᠎ᠠ ᠶᠢ ᠰᠠᠶᠢᠵᠢᠷᠠᠭᠤᠯᠬᠤ ᠳᠤ ᠠᠰᠢᠭᠲᠠᠢ ᠪᠠᠶᠢᠳᠠᠭ ᠃ ᠬᠡᠦᠬᠡᠳ ᠳᠡᠭᠡᠨ ᠂ ᠡᠳᠡᠭᠡᠷ ᠰᠢᠮ᠎ᠡ ᠲᠡᠵᠢᠭᠡᠯ ᠡᠯᠪᠡᠭ | ᠠᠭᠤᠯᠳᠠᠭ ᠨᠣᠭᠤᠭ᠎ᠠ ᠂ ᠭᠦᠨ ᠥᠩᠭᠡ ᠶᠢᠨ ᠨᠣᠭᠤᠭ᠎ᠠ ᠵᠢᠮᠢᠰ ᠂ ᠪᠦᠳᠦᠭᠦᠯᠢᠭ ᠠᠮᠣ ᠂ ᠴᠠᠭᠠᠨ ᠢᠳᠡᠭᠡ ᠵᠡᠷᠭᠡ ᠶᠢ ᠢᠯᠡᠭᠦᠦ ᠢᠳᠡᠭᠦᠯᠵᠣ ᠂ ᠭᠠᠷᠠᠭ ᠪᠣᠯᠭᠠᠨ 1 | — 2 ᠤᠳᠠᠭ᠎ᠠ ᠠᠮᠢᠲᠠᠨ ᠤ ᠡᠯᠢᠭᠡ ᠢᠳᠡᠭᠦᠯᠦᠨ᠎ᠡ ᠃ | ᠰᠢᠬᠢᠷᠯᠢᠭ ᠢᠳᠡᠭᠡᠨ ᠪᠠᠭ᠎ᠠ ᠢᠳᠡᠭᠦᠯᠵᠦ ᠂ ᠰᠢᠬᠢᠷ ᠠᠭᠤᠯᠣᠭᠰᠠᠨ ᠤᠮᠳᠠᠭᠠᠨ ᠪᠠᠭ᠎ᠠ ᠤᠤᠭᠤᠯᠭᠠᠬᠤ ᠬᠡᠷᠡᠭᠲᠡᠢ ᠃ ᠰᠢᠬᠢᠷᠯᠢᠭ ᠢᠳᠡᠭᠡᠨ ᠳᠠᠬᠢ ᠰᠢᠬᠢᠷ ᠨᠢ | ᠬᠦᠮᠦᠨ ᠤ ᠪᠡᠶ᠎ᠡ ᠳᠤ ᠰᠣᠯᠢᠯᠴᠠᠭ᠎ᠠ ᠬᠢᠬᠦ ᠦᠶ᠎ᠡ ᠳᠤ ᠶᠡᠭᠡ ᠬᠡᠮᠵᠢᠶᠡᠨ ᠤ ᠸᠢᠳ᠋ᠮᠢᠨ B1 ᠶᠢ ᠬᠡᠷᠡᠭᠯᠡᠳᠡᠭ ᠃ ᠬᠡᠷᠪᠡ ᠰᠢᠬᠢᠷᠯᠢᠭ ᠢᠳᠡᠭᠡᠨ ᠢ ᠶᠡᠭᠡ ᠬᠡᠮᠵᠢᠶ᠎ᠡ ᠪᠠᠷ | ᠢᠳᠡᠪᠡᠯ ᠨᠢᠳᠦ ᠬᠢᠯᠪᠠᠷᠬᠠᠨ ᠶᠠᠳᠠᠷᠠᠵᠣ ᠂ ᠬᠠᠷᠠᠭᠠᠨ ᠮᠡᠳᠡᠷᠡᠯ ︽ ᠰᠢᠮ᠎ᠡ ᠲᠡᠵᠢᠭᠡᠯ ᠳᠤᠲᠠᠭᠳᠠᠬᠤ ︾ ᠠᠴᠠ ᠪᠣᠯᠵᠣ ᠬᠠᠷᠠᠭ᠎ᠠ ᠮᠠᠭᠤᠳᠠᠬᠤ ᠪᠣᠯᠣᠨ᠎ᠠ ᠃ ᠰᠢᠬᠢᠷᠯᠢᠭ | ᠢᠳᠡᠭᠡᠨ ᠨᠢ ᠺᠠᠯᠽ ᠶᠢ ᠬᠤᠷᠣᠭᠳᠠᠭᠤᠯᠤᠨ᠎ᠠ ᠃ ᠺᠠᠯᠽ ᠳᠤᠲᠠᠪᠠᠯ ᠨᠢᠳᠦᠨ ᠤ ᠪᠣᠯᠴᠢᠩ ᠰᠤᠯᠠᠷᠠᠵᠣ ᠂ ᠡᠭᠦᠨ ᠤ ᠤᠯᠠᠮ ᠢᠶᠠᠷ ᠣᠶᠢᠷ᠎ᠠ ᠬᠠᠷᠠᠭ᠎ᠠ ᠲᠠᠢ ᠪᠣᠯᠳᠠᠭ ᠃ | ᠰᠢᠬᠢᠷᠯᠢᠭ ᠢᠳᠡᠭᠡᠨ ᠨᠢ ᠪᠠᠰᠠ ᠨᠢᠳᠦᠨ ᠤ ᠲᠠᠯᠠᠰᠯᠢᠭ ᠪᠡᠶ᠎ᠡ ᠶᠢ ᠨᠥᠯᠦᠭᠡᠯᠡᠨ᠎ᠡ ᠃ ᠰᠢᠬᠢᠷᠯᠢᠭ ᠢᠳᠡᠭᠡᠨ ᠠᠷᠪᠢᠨ ᠢᠳᠡᠪᠡᠯ ᠬᠥᠮᠥᠨ ᠤ ᠪᠡᠶ᠎ᠡ ᠳᠠᠬᠢ ᠴᠢᠰᠦᠨ | ᠰᠢᠬᠢᠷ ᠤᠨ ᠬᠡᠮᠵᠢᠶ᠎ᠡ ᠥᠨᠳᠦᠷ ᠪᠣᠯᠵᠣ ᠂ ᠴᠢᠰᠦᠨ ᠡᠭᠡᠳᠡᠩ ᠤᠨ ᠨᠡᠪᠴᠢᠯᠲᠡ ᠶᠢᠨ ᠳᠠᠷᠣᠯᠲᠠ ᠳᠡᠭᠡᠭᠰᠢᠯᠡᠵᠣ ᠂ ᠪᠡᠶ᠎ᠡ ᠶᠢᠨ ᠰᠢᠩᠭᠡᠨ ᠤ ᠨᠡᠪᠴᠢᠯᠲᠡ ᠶᠢᠨ ᠳᠠᠷᠣᠯᠲᠠ | ᠳᠣᠭᠤᠭᠰᠢᠯᠠᠵᠣ ᠂ ᠨᠢᠳᠦᠨ ᠤ ᠳᠠᠷᠣᠯᠲᠠ ᠶᠢ ᠶᠡᠬᠡᠰᠬᠡᠵᠣ ᠂ ᠣᠶᠢᠷ᠎ᠠ ᠬᠠᠷᠠᠭ᠎ᠠ ᠶᠢ ᠡᠭᠦᠰᠭᠡᠵᠣ ᠮᠡᠳᠡᠨ᠎ᠡ ᠃ | ᠡᠶᠢᠮᠦ ᠠᠴᠠ ᠬᠡᠦᠬᠡᠳ ᠲᠤ ᠰᠢᠬᠢᠷ ᠠᠭᠤᠯᠤᠭᠰᠠᠨ ᠤᠮᠳᠠᠭᠠᠨ ᠪᠠᠭ᠎ᠠ ᠤᠤᠭᠤᠯᠭᠠᠵᠤ ᠂ ᠰᠢᠬᠢᠷᠯᠢᠭ ᠢᠳᠡᠭᠡ ᠂ ᠰᠢᠬᠢᠷ ᠵᠢᠮᠢᠰ ᠵᠡᠷᠭᠡ ᠰᠢᠬᠢᠷ ᠤᠨ ᠠᠭᠤᠯᠤᠭᠳᠠᠴᠠ | ᠨᠡᠯᠢᠶᠡᠳ ᠥᠨᠳᠥᠷ ᠰᠢᠬᠢᠷᠯᠢᠭ ᠢᠳᠡᠭᠡᠨ ᠪᠠᠭ᠎ᠠ ᠢᠳᠡᠭᠦᠯᠬᠦ ᠬᠡᠷᠡᠭᠲᠡᠢ ᠃ ᠬᠠᠲᠠᠭᠤ ᠰᠢᠭ᠋ ᠵᠦᠢᠯ ᠢᠳᠡᠭᠦᠯᠵᠣ ᠨᠢᠳᠦᠨ ᠤ ᠪᠣᠯᠴᠢᠩ ᠢ ᠴᠢᠩᠭᠠᠷᠠᠭᠤᠯᠬᠤ ᠨᠢ ᠴᠢᠬᠤᠯᠠ ᠃ | ᠵᠠᠵᠢᠯᠬᠤ ᠨᠢ ᠬᠡᠦᠬᠡᠳ ᠤᠨ ᠨᠢᠭᠤᠷ ᠤᠨ ᠪᠤᠯᠴᠢᠩ ᠤᠨ ᠬᠥᠳᠡᠯᠭᠡᠭᠡᠨ ᠢ ᠠᠬᠢᠭᠤᠯᠵᠤ ᠂ ᠢᠯᠠᠩᠭᠤᠶ᠎ᠠ ᠨᠢᠳᠦᠨ ᠤ ᠪᠣᠯᠴᠢᠩ ᠤᠨ ᠬᠥᠳᠡᠯᠭᠡᠭᠡᠨ ᠢ ᠨᠡᠮᠡᠭᠳᠡᠭᠦᠯᠳᠡᠭ ᠶᠤᠮ ᠃ | | | | |