ᠯᠦᠩᠺᠸᠤ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠤᠨ ᠺᠠᠶᠢᠯᠤᠸᠠᠨ‌ᠬᠤᠩ ᠹᠧᠩ ᠬᠤᠩ ᠱᠤ᠋ ᠯᠢᠶᠠᠩ ᠤᠨ ᠨᠡᠭᠦᠷᠡᠰᠦᠨ ᠠᠭᠤᠷᠬᠠᠢ ᠶᠢ ᠬᠥᠭᠵᠢᠭᠦᠯᠬᠦ ᠪᠠᠷ ᠠᠵᠤ ᠠᠬᠤᠶᠢᠯᠠᠯ ᠪᠠ ᠣᠷᠣᠨ ᠨᠤᠲᠤᠭ ᠪᠠ ᠠᠵᠤ ᠠᠬᠤᠶᠢᠯᠠᠯ ᠪᠠ‌ᠠᠷᠠᠳ ᠤᠯᠠᠨ ᠢ ᠬᠠᠮᠲᠤᠪᠠᠷ ᠪᠠᠶᠢᠭᠤᠯᠬᠤ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/8/11
    8 ᠰᠠᠷ᠎ᠠ ᠶᠢᠨ 4 ᠤ ᠡᠳᠦᠷ ᠂ ᠯᠦᠩᠺᠸᠤ ᠪᠠᠯᠭᠠᠰᠤᠨ ᠤ ᠨᠠᠮ ᠤᠨᠬᠤᠷᠢᠶ᠎ᠠ ᠶᠢᠨ ᠱᠦᠵᠢ ᠯᠢᠦ ᠶᠠ ᠯᠦᠩ ᠨᠠᠷ ᠬᠠᠷᠢᠶ᠎ᠠ ᠣᠷᠣᠨ ᠤ ᠪᠠᠨ ᠺᠠᠶᠢᠯᠤᠸᠠᠨ‌ᠬᠤᠩ ᠹᠧᠩ ᠬᠤᠩ ᠱᠤ᠋ ᠯᠢᠶᠠᠩ ᠨᠡᠭᠦᠷᠡᠰᠦᠨ ᠠᠭᠤᠷᠬᠠᠢ ᠳᠤ ᠭᠦᠨᠵᠡᠭᠡᠶᠢᠷᠡᠨ ᠠᠵᠤ ᠠᠬᠤᠶᠢᠯᠠᠯ ᠪᠠ ᠤᠷᠤᠨ ᠨᠤᠲᠤᠭ᠂ ᠠᠵᠤ ᠠᠬᠤᠶᠢᠯᠠᠯ ᠪᠠ‌ᠠᠷᠠᠳ ᠤᠯᠠᠨᠬᠠᠮᠲᠤ ᠪᠠᠷ ᠪᠠᠶᠢᠭᠤᠯᠬᠤ ᠰᠣᠯᠢᠯᠴᠠᠭ᠎ᠠ ᠶᠢ ᠵᠣᠯᠭᠠᠭᠤᠯᠬᠤ ᠠᠵᠢᠯᠯᠠᠭ᠎ᠠ ᠥᠷᠨᠢᠭᠦᠯᠪᠡ ᠃ ᠪᠠᠯᠭᠠᠰᠤᠨ ᠤ ᠨᠠᠮ‌ᠵᠠᠰᠠᠭ ᠤᠨ ᠤᠳᠤᠷᠢᠳᠬᠤ ᠪᠠᠭ ᠂ ᠨᠡᠭᠦᠷᠡᠰᠦᠨ ᠠᠭᠤᠷᠬᠠᠢ ᠶᠢᠨ ᠬᠠᠷᠢᠭᠤᠴᠠᠯᠭᠠᠲᠠᠨ ᠵᠢᠴᠢ ᠲᠣᠰᠬᠤᠨ ᠳᠤ ᠬᠤᠯᠪᠣᠭᠳᠠᠭᠰᠠᠨ ᠨᠠᠮ ᠤᠨ ᠡᠭᠦᠷ ᠤᠨ ᠱᠦᠵᠢ  ᠬᠤᠷᠠᠯ ᠳᠤ ᠣᠷᠣᠯᠴᠠᠵᠠᠢ ᠃
   基层3(1).jpg    
    ᠬᠤᠷᠠᠯ ᠳᠡᠭᠡᠷ᠎ᠡ ᠂ ᠬᠤᠩ ᠱᠤ᠋ ᠯᠢᠶᠠᠩ ᠲᠣᠰᠬᠤᠨ ᠂ ᠶᠡᠭᠡ ᠬᠦᠷᠢᠶᠡᠨᠰᠢᠯᠢ ᠲᠣᠰᠬᠤᠨ ᠂ ᠨᠠᠨ ᠶᠣᠣ ᠯᠢᠶᠠᠩ ᠤᠨ ᠨᠠᠮ ᠤᠨ ᠡᠭᠦᠷ ᠤᠨ ᠱᠦᠵᠢ ᠤᠢᠢᠷ᠎ᠠ ᠶᠢᠨ ᠬᠤᠭᠤᠴᠠᠭᠠᠨ ᠤ ᠲᠠᠲᠠᠪᠤᠷᠢᠯᠠᠨ ᠨᠤᠷᠠᠭᠠᠬᠤ ᠠᠵᠢᠯ ᠠᠴᠠ ᠪᠣᠯᠤᠭᠰᠠᠨ ᠵᠥᠷᠢᠴᠡᠯ ᠵᠠᠭᠤᠷᠠᠯᠳᠤᠭᠠᠨ ᠂ ᠠᠵᠤ ᠠᠬᠤᠶᠢᠯᠠᠯ ᠪᠠ ᠣᠷᠣᠨ ᠨᠤᠲᠤᠭ ᠬᠠᠮᠲᠤᠪᠠᠷ ᠪᠠᠶᠢᠭᠤᠯᠬᠤ ᠲᠦᠷᠦᠯ ᠵᠦᠢᠯ ᠢ ᠠᠬᠢᠭᠤᠯᠤᠭᠰᠠᠨ ᠵᠡᠷᠭᠡ ᠪᠣᠳᠠᠲᠠᠢ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠬᠢᠵᠦ ᠂ ᠬᠤᠷᠠᠯ ᠳᠤ ᠣᠷᠣᠯᠴᠠᠭᠰᠠᠳ ᠠᠰᠠᠭᠤᠳᠠᠯ ᠤᠨ ᠨᠠᠷᠢᠨ ᠳᠠᠩᠰᠠ ᠶᠢ ᠨᠢᠭᠡᠳ ᠨᠢᠭᠡ ᠪᠠᠷ ᠶᠠᠷᠢᠯᠴᠠᠵᠤ ᠂ ᠰᠤᠳᠤᠯᠤᠨ ᠮᠠᠭᠠᠳᠯᠠᠵᠤ ᠂ ᠦᠨᠡᠨᠬᠦ ᠬᠡᠷᠡᠭᠵᠢᠭᠦᠯᠵᠦ ᠪᠣᠯᠬᠤᠶᠢᠴᠠ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠪᠦᠷᠢᠯᠳᠦᠭᠦᠯᠵᠡᠢ ᠃    ᠠᠭᠤᠷᠬᠠᠶ ᠶᠢᠨ ᠳᠠᠷᠤᠭ᠎ᠠ ᠯᠢ ᠬᠠᠶ ᠪᠥᠸᠧ ᠯᠦᠩᠺᠸᠤ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ  ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠬᠡᠵᠦ ᠂ ᠲᠡᠷᠡ ᠳᠠᠷᠠᠭᠠᠴᠢ ᠶᠢᠨ ᠠᠯᠬᠤᠮ ᠳᠤ ᠂ ᠺᠠᠶᠢᠯᠤᠸᠠᠨ ᠤ ᠬᠤᠩ ᠹᠧᠩ ᠬᠤᠩ ᠱᠤ᠋ ᠯᠢᠶᠠᠩ ᠤᠨ ᠨᠡᠭᠦᠷᠡᠰᠦᠨ ᠠᠭᠤᠷᠬᠠᠢ ᠶᠢᠨ ᠬᠢᠨ ᠣᠷᠣᠨ ᠨᠤᠲᠤᠭ ᠤᠨ ᠪᠣᠳᠠᠲᠤ ᠪᠠᠶᠢᠳᠠᠯ ᠳᠤ ᠰᠠᠭᠤᠷᠢᠯᠠᠵᠤ ᠂ ᠠᠰᠠᠭᠤᠳᠠᠯ ᠳᠤ ᠰᠢᠭᠤᠳ ᠬᠠᠨᠳᠤᠵᠤ ᠂ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠂ ᠲᠣᠰᠬᠤᠨ ᠤ ᠨᠠᠮ ‍ᠤᠨ‌ᠡᠭᠦᠷ ᠯᠦᠭᠡ ᠵᠢᠨ‌ᠬᠠᠮᠵᠢᠯᠴᠠᠭ᠎ᠠ ᠪᠠᠨ ᠴᠢᠩᠭᠠᠳᠬᠠᠵᠤ ᠂ ᠵᠠᠬᠢᠳᠠᠯ ᠰᠤᠷᠪᠤᠯᠵᠢᠯᠠᠭ᠎ᠠ ᠪᠠᠷ ᠲᠣᠭᠲᠠᠭᠤᠨ ᠢ ᠬᠠᠮᠠᠭᠠᠯᠠᠬᠤ ᠂ ᠠᠵᠤ ᠠᠬᠤᠶᠢᠯᠠᠯ ᠪᠠ ᠣᠷᠣᠨ ᠨᠤᠲᠤᠭ ᠢ ᠬᠠᠮᠲᠤᠪᠠᠷ ᠪᠠᠶᠢᠭᠤᠯᠬᠤ ᠵᠡᠷᠭᠡ ᠲᠠᠯ᠎ᠠ ᠪᠠᠷ ᠨᠡᠶᠢᠭᠡᠮ ᠤᠨ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠵᠦ ᠂ ︽ ᠠᠵᠤ ᠠᠬᠤᠶᠢᠯᠠᠯ ᠢ ᠬᠦᠴᠦᠷᠬᠡᠭᠵᠢᠭᠦᠯᠵᠦ ᠠᠷᠠᠳ ᠢ ᠪᠠᠶᠠᠵᠢᠭᠤᠯᠬᠤ ᠂ ᠠᠵᠤ ᠠᠬᠤᠶᠢᠯᠠᠯ ᠪᠠ ᠣᠷᠣᠨ ᠨᠤᠲᠤᠭ ᠢ ᠬᠠᠮᠲᠤᠪᠠᠷ ᠠᠰᠢᠭ ᠬᠦᠷᠳᠡᠬᠦ ︾ ᠰᠠᠶᠢᠨ ᠰᠠᠶᠢᠬᠠᠨ ᠪᠠᠶᠢᠳᠠᠯ ᠢ ᠡᠭᠦᠳᠬᠦ ᠪᠣᠯᠤᠨ᠎ᠠ ᠭᠡᠵᠦ ᠵᠢᠭᠠᠵᠤ ᠭᠠᠷᠭᠠᠪᠠ ᠃    
ᠢᠷᠡᠯᠲᠡ᠄ ᠯᠦᠩᠺᠸᠤ ᠪᠠᠯᠭᠠᠰᠤᠨ ᠤ ᠨᠡᠶᠢᠳᠡᠯᠡᠯ