| ᠳᠤᠮᠳᠠᠳᠤ ᠤᠯᠤᠰ ᠤᠨ ᠠᠷᠠᠳ ᠤᠨ ᠪᠠᠩᠬᠢ 8 ᠳ᠋ᠤᠭᠠᠷ ᠰᠠᠷ᠎ᠠ ᠶᠢᠨ 1 ᠤ ᠡᠳᠦᠷ ᠢᠯᠡᠷᠬᠡᠶᠢᠯᠡᠬᠦ ᠳᠡᠭᠡᠨ ᠂ ᠬᠤᠲᠠ ᠶᠢᠨ ᠪᠠᠶᠢᠳᠠᠯ ᠳᠤᠨᠢ ᠲᠣᠬᠢᠷᠠᠭᠤᠯᠤᠨ | ᠲᠥᠷᠥ ᠶᠢᠨ ᠪᠣᠳᠣᠯᠭ᠎ᠠ ᠬᠡᠷᠡᠭᠵᠢᠭᠦᠯᠬᠦ ᠳᠤ ᠵᠦᠷᠢᠶᠡᠴᠢᠯᠡᠭᠰᠡᠨ ᠣᠷᠣᠨ ᠰᠠᠭᠤᠴᠠ ᠶᠢᠨ ᠢᠲᠡᠭᠡᠮᠵᠢᠲᠦ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ ᠨᠠᠷᠢᠯᠢᠭ | ᠣᠨᠣᠴᠠᠲᠠᠢ ᠪᠠᠷ ᠬᠡᠷᠡᠭᠵᠢᠭᠦᠯᠵᠦ ᠂ ᠬᠤᠪᠢ ᠬᠥᠮᠥᠨ ᠤ ᠣᠷᠣᠨᠰᠠᠭᠤᠴᠠ ᠵᠢᠨᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠪᠠ ᠠᠩᠬ᠎ᠠ ᠲᠤᠰᠢᠶᠠᠬᠤ ᠬᠠᠷᠢᠴᠠᠯ ᠢ | ᠪᠠᠭᠤᠷᠠᠭᠤᠯᠬᠤ ᠶᠢ ᠦᠷᠭᠦᠯᠵᠢᠯᠡᠨ ᠬᠥᠲᠥᠯᠥᠨ ᠵᠢᠯᠤᠭᠤᠳᠴᠤ ᠂ ᠰᠠᠭᠤᠭᠠᠯᠢ ᠠᠷᠠᠳ ᠤᠨ ᠵᠠᠶᠢᠯᠠᠰᠢ ᠦᠭᠡᠢ ᠪᠠ ᠰᠠᠶᠢᠵᠢᠷᠠᠭᠤᠯᠬᠤ ᠴᠢᠨᠠᠷᠲᠠᠢ ᠣᠷᠣᠨ ᠰᠠᠭᠤᠴᠠ ᠶᠢᠨ | ᠬᠡᠷᠡᠭᠴᠡᠭᠡ ᠶᠢ ᠨᠠᠩ ᠰᠠᠶᠢᠨ ᠬᠠᠩᠭᠠᠨ᠎ᠠ ᠃ ᠬᠤᠳᠠᠯᠳᠤᠭᠠᠨ ᠤ ᠪᠠᠩᠬᠢ ᠶᠢ ᠵᠢᠯᠤᠭᠤᠳᠤᠨ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠦᠯᠡᠳᠡᠭᠡᠯ | ᠬᠦᠦ ᠶᠢᠨ ᠨᠣᠷᠮ᠎ᠠ ᠳᠤ ᠬᠠᠤᠯᠢ ᠶᠣᠰᠣᠭᠠᠷ ᠡᠮᠬᠢ ᠵᠢᠷᠤᠮ ᠲᠠᠢ ᠲᠤᠬᠢᠷᠠᠭᠤᠯᠤᠯᠳᠠ ᠬᠢᠨ᠎ᠡ ᠭᠡᠵᠡᠢ ᠃ | ᠳᠤᠮᠳᠠᠳᠤ ᠤᠯᠤᠰ ᠤᠨ ᠠᠷᠠᠳ ᠤᠨ ᠪᠠᠩᠬᠢ ᠂ ᠤᠯᠤᠰ ᠤᠨ ᠭᠠᠳᠠᠭᠠᠳᠤ ᠭᠤᠪᠢᠭᠤᠯᠭ᠎ᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠲᠤᠬᠠᠢ ᠶᠢᠨ ᠡᠳᠦᠷ | ᠬᠤᠷᠠᠯᠳᠤᠭᠤᠯᠤᠭᠰᠠᠨ ᠳᠣᠣᠷ᠎ᠠ ᠬᠠᠭᠠᠰ ᠵᠢᠯ ᠤᠨ ᠠᠵᠢᠯ ᠤᠨ ᠬᠤᠷᠠᠯᠳᠤᠭᠠᠨ ᠠᠴᠠ ᠂ ᠲᠣᠭᠲᠠᠭᠤᠨ ᠪᠥᠭᠡᠳ ᠡᠷᠡᠭᠦᠯ ᠵᠣᠭᠤᠰᠤᠨ ᠤ ᠲᠥᠷᠥ ᠶᠢᠨ ᠪᠣᠳᠣᠯᠭ᠎ᠠ ᠶᠢ | ᠦᠷᠭᠦᠯᠵᠢᠯᠡᠨ ᠨᠠᠷᠢᠯᠢᠭ ᠣᠨᠣᠴᠠᠲᠠᠢ ᠪᠥᠭᠡᠳ ᠬᠦᠴᠦᠲᠡᠢ ᠬᠡᠷᠡᠭᠵᠢᠭᠦᠯᠵᠦ ᠂ ᠵᠠᠬ᠎ᠠ ᠳᠡᠯᠭᠡᠭᠦᠷ ᠤᠨ ᠵᠢᠱᠢᠯᠲᠡ ᠶᠢ ᠦᠷᠭᠦᠯᠵᠢᠯᠡᠨ ᠰᠠᠶᠢᠵᠢᠷᠠᠭᠤᠯᠤᠨ | ᠲᠣᠭᠲᠠᠪᠤᠷᠢᠵᠢᠭᠤᠯᠵᠤ ᠂ ᠪᠣᠳᠠᠲᠤ ᠴᠣᠭᠴᠠ ᠶᠢᠨ ᠠᠵᠤ ᠠᠬᠤᠢ ᠶᠢᠨ ᠲᠣᠭᠲᠠᠭᠤᠨ ᠢᠶᠠᠷ ᠨᠡᠮᠡᠭᠳᠡᠬᠦ ᠳᠤ ᠵᠣᠭᠤᠰ ᠮᠥᠩᠭᠦᠨ ᠭᠦᠢᠯᠭᠡᠭᠡᠨ ᠤ ᠰᠠᠶᠢᠨ ᠰᠠᠶᠢᠬᠠᠨ | ᠣᠷᠴᠢᠨ ᠨᠥᠬᠦᠴᠡᠯ ᠢ ᠪᠣᠶ ᠪᠣᠯᠭᠠᠵᠤ ᠥᠭᠭᠦᠨ᠎ᠡ ᠭᠡᠵᠦ ᠳᠤᠷᠠᠳᠤᠨ ᠭᠠᠷᠭᠠᠪᠠ ᠃ ᠶᠡᠷᠦᠩᠬᠡᠢ ᠬᠡᠮᠵᠢᠶ᠎ᠡ ᠪᠠ ᠪᠦᠲᠦᠴᠡ ᠶᠢᠨ ᠴᠢᠨᠠᠷᠲᠠᠢ ᠵᠣᠭᠤᠰᠤᠨ ᠤ ᠲᠦᠷᠦ ᠶᠢᠨ | ᠪᠣᠳᠣᠯᠭ᠎ᠠ ᠶᠢᠨ ᠪᠠᠭᠠᠵᠢ ᠶᠢᠨ ᠦᠢᠯᠡᠳᠦᠯ ᠢ ᠪᠠᠳᠠᠷᠠᠭᠤᠯᠵᠤ ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠂ ᠪᠣᠬᠢᠷᠲᠤᠯ ᠦᠭᠡᠢ ᠬᠥᠭᠵᠢᠯᠲᠡ ᠪᠠ | ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠬᠥᠭᠵᠢᠯᠲᠡ ᠶᠢ ᠶᠡᠭᠡ ᠪᠠᠷ ᠲᠡᠮᠵᠢᠨ᠎ᠠ ᠃ ᠬᠦᠦ ᠮᠥᠩᠭᠦ ᠶᠢᠨ ᠨᠤᠷᠮ᠎ᠠ ᠶᠢ ᠵᠠᠬ᠎ᠠ ᠳᠡᠯᠭᠡᠭᠦᠷᠴᠢᠯᠡᠬᠦ | ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ ᠂ ᠠᠵᠤ ᠠᠬᠤᠶᠢᠯᠠᠯ ᠤᠨ ᠶᠡᠷᠦᠩᠬᠡᠶᠢᠯᠡᠭᠰᠡᠨ ᠪᠡᠯᠡ ᠲᠣᠬᠢᠷᠠᠭᠤᠯᠭ᠎ᠠ ᠶᠢᠨ ᠥᠪᠡᠷ ᠤᠨ ᠦᠷᠳᠡᠭ ᠪᠠ | ᠰᠠᠭᠤᠭᠠᠯᠢ ᠠᠷᠠᠳ ᠤᠨ ᠢᠲᠡᠭᠡᠮᠵᠢᠲᠦ ᠵᠢᠭᠡᠯᠡᠯᠭᠡ ᠶᠢᠨ ᠬᠦᠦ ᠮᠥᠩᠭᠦ ᠶᠢᠨ ᠨᠤᠷᠮ᠎ᠠ ᠶᠢ ᠲᠣᠭᠲᠠᠭᠤᠨ ᠪᠠᠭᠤᠷᠠᠭᠤᠯᠤᠨ᠎ᠠ ᠃ ︽ ᠬᠤᠶᠠᠷ ᠥᠴᠥᠬᠡᠨ ᠴᠦ ᠭᠤᠶᠢᠪᠢᠰᠢ | ᠦᠭᠡᠢ ︾ ᠶᠢ ᠪᠠᠷᠢᠮᠲᠠᠯᠠᠵᠤ ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠣᠷᠴᠢᠨ ᠲᠣᠭᠤᠷᠢᠨ ᠢ ᠦᠨᠡᠨᠬᠦ ᠰᠢᠯᠢᠳᠡᠭᠵᠢᠭᠦᠯᠦᠨ᠎ᠡ ᠃ | ᠬᠤᠷᠠᠯ ᠠᠴᠠ ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠲᠡᠮᠵᠢᠨ᠎ᠡ ᠃ ︽ ᠮᠥᠩᠭᠦᠨ | ᠭᠦᠢᠯᠭᠡᠭᠡᠨ ᠤ ᠠᠷᠪᠠᠨ ᠵᠢᠷᠭᠤᠭᠠᠨ ᠵᠤᠷᠪᠤᠰ ︾ ᠢ ᠰᠠᠶᠢᠲᠤᠷ ᠨᠠᠶᠢᠳᠠᠪᠤᠷᠢᠵᠢᠭᠤᠯᠵᠤ ᠂ ᠪᠠᠲᠤᠯᠠᠭᠠᠲᠤ ᠲᠤᠰᠢᠶᠠᠬᠤ ᠠᠰᠠᠷ ᠤᠨ ᠵᠢᠭᠡᠯᠡᠯᠭᠡ ᠶᠢ ᠳᠡᠮᠵᠢᠬᠦ ᠲᠥᠯᠥᠪᠯᠡᠭᠡ ᠶᠢ | ᠬᠡᠷᠡᠭᠵᠢᠭᠦᠯᠬᠦ ᠬᠤᠭᠤᠴᠠᠭ᠎ᠠ ᠶᠢ ᠤᠷᠲᠤᠳᠬᠠᠨ ᠂ ᠭᠡᠷ ᠪᠠᠶᠢᠰᠢᠩ ᠭᠠᠵᠠᠷ ᠬᠥᠷᠥᠩᠭᠡ ᠶᠢᠨ ᠪᠡᠯᠡ ᠲᠣᠬᠢᠷᠠᠭᠤᠯᠭ᠎ᠠ ᠶᠢᠨ ᠲᠣᠭᠲᠠᠭᠤᠨ ᠪᠥᠭᠡᠳ ᠡᠮᠬᠢ ᠵᠢᠷᠤᠮ ᠲᠠᠢ | ᠪᠠᠶᠢᠬᠤ ᠶᠢ ᠪᠠᠲᠤᠯᠠᠵᠤ ᠂ ᠣᠷᠣᠨ ᠰᠠᠭᠤᠴᠠ ᠶᠢᠨ ᠲᠦᠷᠢᠶᠡᠰᠦᠯᠡᠯ ᠂ ᠬᠤᠲᠠ ᠶᠢᠨ ᠳᠤᠮᠳᠠᠬᠢ ᠲᠣᠰᠬᠤᠨ ᠤ ᠥᠭᠡᠷᠡᠴᠢᠯᠡᠯᠲᠡ ᠂ ᠪᠠᠲᠤᠯᠠᠭ᠎ᠠ ᠶᠢᠨ ᠴᠢᠨᠠᠷᠲᠠᠢ ᠣᠷᠣᠨ | ᠰᠠᠭᠤᠴᠠ ᠶᠢᠨ ᠪᠦᠲᠦᠭᠡᠨ ᠪᠠᠶᠢᠭᠤᠯᠤᠯᠲᠠ ᠵᠡᠷᠭᠡ ᠳᠤ ᠮᠥᠩᠭᠦᠨ ᠭᠦᠢᠯᠭᠡᠭᠡᠨ ᠤ ᠳᠡᠮᠵᠢᠯᠭᠡ ᠦᠵᠡᠭᠦᠯᠬᠦ ᠡᠷᠴᠢᠮ ᠢ ᠴᠢᠩᠭᠠᠷᠠᠭᠤᠯᠤᠨ᠎ᠠ ᠭᠡᠵᠦ ᠲᠤᠷᠠᠳᠤᠨ ᠭᠠᠷᠭᠠᠪᠠ ᠃ | ᠭᠤᠣᠯᠳᠠᠯᠭ᠎ᠠ ᠲᠠᠢ ᠬᠦᠷᠢᠶᠡᠨ ᠳᠠᠬᠢ ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠲᠠᠯ᠎ᠠ ᠪᠠᠷ ᠂ ᠬᠤᠷᠠᠯ ᠠᠴᠠ ᠱᠠᠭᠠᠷᠳᠠᠭᠰᠠᠨ ᠨᠢ ᠂ | ᠮᠥᠩᠭᠦᠨ ᠭᠦᠢᠯᠭᠡᠭᠡᠨ ᠢᠶᠠᠷ ᠣᠷᠣᠨ ᠨᠤᠲᠤᠭ ᠤᠨ ᠥᠷᠢ ᠥᠭᠴᠡᠭᠡᠨ ᠤ ᠲᠦᠭᠰᠢᠭᠦᠷᠢ ᠶᠢ ᠠᠷᠢᠯᠭᠠᠬᠤ ᠠᠵᠢᠯ ᠢ ᠳᠡᠮᠵᠢᠬᠦ ᠶᠢ ᠨᠢᠭᠡᠳᠦᠯᠲᠡᠢ ᠲᠥᠯᠥᠪᠵᠢᠭᠦᠯᠦᠨ | ᠵᠣᠬᠢᠴᠠᠭᠤᠯᠬᠤ ᠬᠡᠷᠡᠭᠲᠡᠢ ᠃ ᠭᠤᠣᠯᠳᠠᠯᠭ᠎ᠠ ᠲᠠᠢ ᠭᠠᠵᠠᠷ ᠣᠷᠣᠨ ᠪᠠ ᠪᠠᠶᠢᠭᠤᠯᠤᠮᠵᠢ ᠶᠢᠨ ᠲᠦᠭᠰᠢᠭᠦᠷᠢ ᠶᠢ ᠰᠢᠢᠳᠪᠦᠷᠢᠯᠡᠬᠦ ᠠᠵᠢᠯ ᠢ ᠦᠷᠭᠦᠯᠵᠢᠯᠡᠨ ᠲᠦᠯᠬᠢᠨ | ᠠᠬᠢᠭᠤᠯᠵᠤ ᠂ ᠰᠢᠰᠲ᠋ᠧᠮ ᠤᠨ ᠴᠢᠨᠠᠷᠲᠠᠢ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠠᠭᠠᠵᠢ ᠪᠠ ᠠᠷᠭ᠎ᠠ ᠪᠠᠷᠢᠯ ᠢ ᠪᠠᠶᠠᠯᠢᠭᠵᠢᠭᠤᠯᠵᠤ ᠂ ᠰᠢᠰᠲ᠋ᠧᠮ ᠤᠨ | ᠴᠢᠨᠠᠷᠲᠠᠢ ᠮᠥᠩᠭᠦᠨ ᠭᠦᠢᠯᠭᠡᠭᠡᠨ ᠤ ᠲᠦᠭᠰᠢᠭᠦᠷᠢ ᠦᠯᠦ ᠭᠠᠷᠭᠠᠬᠤ ᠬᠢᠵᠠᠭᠠᠷ ᠱᠤᠭᠤᠮ ᠢ ᠪᠠᠲᠤ ᠰᠠᠬᠢᠨ᠎ᠠ ᠃ | ᠲᠠᠨᠢᠯᠴᠠᠭᠤᠯᠤᠭᠰᠠᠨ ᠢᠶᠠᠷ ᠂ ᠳᠣᠣᠷ᠎ᠠ ᠬᠠᠭᠠᠰ ᠵᠢᠯ ᠳᠤ ᠂ ᠳᠤᠮᠳᠠᠳᠤ ᠤᠯᠤᠰ ᠤᠨ ᠠᠷᠠᠳ ᠤᠨ ᠪᠠᠩᠬᠢ ᠂ ᠤᠯᠤᠰ ᠤᠨ ᠭᠠᠳᠠᠭᠠᠳᠤ ᠭᠤᠪᠢᠭᠤᠯᠭ᠎ᠠ ᠶᠢᠨ | ᠬᠠᠮᠢᠶᠠᠷᠤᠯᠲᠠ ᠶᠢᠨ ᠲᠣᠪᠴᠢᠶ᠎ᠠ ᠶᠢᠨ ᠰᠢᠰᠲ᠋ᠧᠮ ᠤᠨ ᠬᠢᠨ ᠬᠤᠷᠸ᠎ᠠ ᠲᠣᠬᠢᠷᠠᠭᠤᠯᠤᠯ ᠡᠵᠡᠮᠳᠡᠯ ᠢ ᠨᠠᠷᠢᠯᠢᠭ ᠣᠨᠣᠴᠠᠲᠠᠢ ᠪᠠᠷ ᠬᠦᠴᠦᠲᠡᠢ ᠬᠡᠷᠡᠭᠵᠢᠭᠦᠯᠵᠦ ᠂ ᠰᠥᠷᠭᠡᠦ | ᠦᠶᠡᠯᠡᠯ ᠤᠨ ᠬᠤᠭᠤᠴᠠᠭᠠᠨ ᠤ ᠲᠣᠬᠢᠷᠠᠭᠤᠯᠤᠯᠲᠠ ᠪᠠ ᠲᠥᠷᠥ ᠶᠢᠨ ᠪᠣᠳᠣᠯᠭ᠎ᠠ ᠶᠢᠨ ᠨᠥᠭᠡᠴᠡᠯᠡᠯᠲᠡ ᠶᠢ ᠴᠢᠩᠭᠠᠳᠬᠠᠨ ᠂ ᠠᠵᠤ ᠠᠬᠤᠢ ᠶᠢᠨ ᠴᠢᠨᠠᠷ ᠰᠠᠶᠢᠲᠠᠢ | ᠬᠦᠭᠵᠢᠯᠳᠡ ᠶᠢ ᠯᠠᠪᠳᠠᠭᠤᠨ ᠪᠠᠳᠤᠳᠠᠢ ᠠᠬᠢᠭᠤᠯᠤᠨ᠎ᠠ ᠃ | | | |