| | ︽ ᠨᠢᠭᠡ ᠰᠣᠷᠣᠭᠴᠢ ᠶᠢ ᠴᠤ ᠬᠡᠷ ᠤᠨ ᠠᠮᠢᠳᠤᠷᠠᠯ ᠨᠢ ᠬᠦᠴᠢᠷᠳᠡᠯᠲᠡᠶ ᠠᠴᠠ ᠪᠣᠯᠵᠣ ᠰᠤᠷᠤᠯᠭ᠎ᠠ ᠠᠯᠳᠠᠭᠤᠯᠬᠤ ᠥᠬᠡᠶ ︾ ᠪᠣᠯ ᠨᠠᠮ ᠪᠠ ᠵᠠᠰᠠᠭ ᠤᠨ ᠣᠷᠳᠣᠨ ᠤ | ᠲᠥᠪ ᠴᠢᠩᠭ᠎ᠠ ᠠᠮᠠᠯᠠᠯᠲᠠ ᠮᠥᠨ ᠃ ᠬᠡᠷ ᠤᠨ ᠠᠮᠢᠳᠤᠷᠠᠯ ᠨᠢ ᠬᠦᠴᠢᠷᠳᠡᠯᠲᠡᠶ ᠰᠤᠷᠤᠭᠴᠢᠳ ᠤᠨ ᠰᠤᠷᠭᠠᠨ ᠬᠥᠮᠦᠵᠢᠯ ᠭᠥᠷᠳᠡᠬᠦ ᠡᠷᠬᠡ ᠶᠢ ᠦᠨᠡᠨ ᠬᠦ ᠪᠠᠲᠤᠯᠠᠵᠤ ᠂ | ᠰᠤᠷᠭᠠᠨ ᠬᠥᠮᠦᠵᠢᠯ ᠤᠨ ᠡᠷᠬᠡ ᠲᠡᠭᠰᠢ ᠪᠠᠶᠢᠬᠤ ᠶᠢ ᠠᠬᠢᠭᠤᠯᠬᠤ ᠶᠢᠨ ᠲᠥᠯᠦᠭᠡ ᠂ ᠡᠳᠦᠭᠡ 2023 ᠣᠨ ᠤ ᠤᠯᠤᠰ ᠪᠠ ᠥᠪᠡᠷᠲᠡᠭᠡᠨ ᠵᠠᠰᠠᠬᠤ ᠣᠷᠣᠨ ᠤ ᠳᠡᠭᠡᠳᠦ | ᠰᠤᠷᠭᠠᠭᠤᠯᠢ ᠶᠢᠨ ᠰᠤᠷᠤᠭᠴᠢᠳ ᠢ ᠳᠡᠳᠬᠦᠨ ᠲᠤᠰᠠᠯᠠᠬᠤ ᠲᠥᠷᠥ ᠶᠢᠨ ᠪᠣᠳᠣᠯᠭ᠎ᠠ ᠶᠢ ᠳᠤᠤᠷᠠᠬᠢ ᠮᠡᠲᠦ ᠡᠮᠬᠢᠯᠡᠪᠡ ᠄ | ᠵᠢᠩᠬᠢᠨᠢ ᠠᠩᠭᠢ ᠪᠠ ᠲᠤᠰᠬᠠᠶ ᠮᠡᠷᠭᠡᠵᠢᠯ ᠤᠨ ᠠᠩᠭᠢ ᠶᠢᠨ ᠰᠤᠷᠭᠠᠨ ᠬᠥᠮᠦᠵᠢᠯ ᠤᠨ ᠲᠡᠳᠭᠦᠨ ᠲᠤᠰᠠᠯᠠᠮᠵᠢ | ᠵᠢᠩᠬᠢᠨᠢ ᠠᠩᠭᠢ ᠪᠠ ᠲᠤᠰᠬᠠᠶ ᠮᠡᠷᠭᠡᠵᠢᠯ ᠤᠨ ᠠᠩᠭᠢ ᠶᠢᠨ ᠤᠯᠤᠰ ᠤᠨ ᠰᠤᠷᠤᠯᠭ᠎ᠠ ᠶᠢᠨ ᠱᠠᠩᠨᠠᠯ ᠤᠨ ᠮᠥᠩᠭᠦ | ᠡᠲᠡᠭᠡᠳ ᠄ ᠪᠥᠬᠦ ᠤᠯᠤᠰ ᠤᠨ ᠰᠣᠷᠣᠭᠴᠢ ᠡᠯᠰᠡᠬᠦ ᠲᠥᠯᠥᠪᠯᠡᠭᠡ ᠳᠤ ᠣᠷᠣᠭᠤᠯᠤᠭᠰᠠᠨ ᠪᠦᠬᠦᠯᠢ ᠡᠳᠦᠷ ᠤᠨ ᠳᠦᠷᠢᠮᠲᠦ ᠵᠢᠩᠬᠢᠨᠢ ᠠᠩᠭᠢ ᠪᠠ ᠲᠤᠰᠬᠠᠶ | ᠮᠡᠷᠭᠡᠵᠢᠯ ︵ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠂ ᠬᠤᠶᠠᠳᠤᠭᠠᠷ ᠣᠶᠤᠲᠠᠨ ᠤ ᠴᠣᠯᠠ ᠶᠢ ᠪᠠᠭᠲᠠᠭᠠᠨ᠎ᠠ ︶ ᠤᠨ ᠠᠩᠭᠢ ᠶᠢᠨ ᠰᠤᠷᠭᠠᠭᠤᠯᠢ ᠳᠤ | ᠪᠠᠶᠢᠭ᠎ᠠ ᠣᠨᠴᠠ ᠰᠢᠯᠢᠳᠡᠭ ᠰᠣᠷᠣᠭᠴᠢ ᠃ | ᠪᠠᠷᠢᠮᠵᠢᠶ᠎ᠠ ᠄ ᠰᠤᠷᠤᠭᠴᠢ ᠪᠦᠷᠢ ᠵᠢᠯ ᠳᠤ 8000 ᠲᠥᠭᠦᠷᠢᠭ ᠃ ᠵᠢᠩᠬᠢᠨᠢ ᠠᠩᠭᠢ ᠪᠠ ᠲᠤᠰᠬᠠᠶ ᠮᠡᠷᠭᠡᠵᠢᠯ ᠤᠨ ᠠᠩᠭᠢ ᠶᠢᠨ ᠤᠯᠤᠰ ᠠᠴᠠ ᠵᠣᠷᠢᠭᠵᠢᠭᠤᠯᠬᠤ | ᠱᠠᠩᠨᠠᠯ ᠤᠨ ᠮᠥᠩᠭᠦ | ᠡᠲᠡᠭᠡᠳ ᠄ ᠪᠥᠬᠦ ᠤᠯᠤᠰ ᠤᠨ ᠰᠣᠷᠣᠭᠴᠢ ᠡᠯᠰᠡᠬᠦ ᠲᠥᠯᠥᠪᠯᠡᠭᠡ ᠳᠤ ᠣᠷᠣᠭᠤᠯᠤᠭᠰᠠᠨ ᠬᠡᠷ ᠤᠨ ᠠᠮᠢᠳᠤᠷᠠᠯ ᠨᠢ ᠬᠦᠴᠢᠷᠳᠡᠯᠲᠡᠶ ᠪᠦᠬᠦᠯᠢ ᠡᠳᠦᠷ ᠤᠨ | ᠳᠦᠷᠢᠮᠲᠦ ᠵᠢᠩᠬᠢᠨᠢ ᠠᠩᠭᠢ ᠪᠠ ᠲᠤᠰᠬᠠᠶ ᠮᠡᠷᠭᠡᠵᠢᠯ ︵ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠂ ᠬᠤᠶᠠᠳᠤᠭᠠᠷ ᠣᠶᠤᠲᠠᠨ ᠤ ᠡᠷᠳᠡᠮ ᠤᠨ | ᠴᠣᠯᠠ ᠶᠢ ᠪᠠᠭᠲᠠᠭᠠᠨ᠎ᠠ ︶ ᠤᠨ ᠠᠩᠭᠢ ᠶᠢᠨ ᠰᠤᠷᠭᠠᠭᠤᠯᠢ ᠳᠤ ᠪᠠᠶᠢᠭ᠎ᠠ ᠮᠣᠷᠠᠯ ᠰᠤᠷᠤᠯᠭ᠎ᠠ ᠬᠤᠤᠰᠯᠠᠭᠰᠠᠨ ᠰᠣᠷᠣᠭᠴᠢ ᠃ | ᠪᠠᠷᠢᠮᠵᠢᠶ᠎ᠠ ᠄ ᠰᠤᠷᠤᠭᠴᠢ ᠪᠦᠷᠢ ᠵᠢᠯ ᠳᠤ 5000 ᠲᠥᠭᠦᠷᠢᠭ ᠃ | ᠵᠢᠩᠬᠢᠨᠢ ᠠᠩᠭᠢ ᠪᠠᠲ᠋ᠤᠰᠬᠠᠶ ᠮᠡᠷᠭᠡᠵᠢᠯ ᠤᠨ ᠠᠩᠭᠢ ᠶᠢᠨ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ | ᠡᠲᠡᠭᠡᠳ ᠄ ᠪᠥᠬᠦ ᠤᠯᠤᠰ ᠤᠨ ᠰᠣᠷᠣᠭᠴᠢ ᠡᠯᠰᠡᠬᠦ ᠲᠥᠯᠥᠪᠯᠡᠭᠡ ᠳᠤ ᠣᠷᠣᠭᠤᠯᠤᠭᠰᠠᠨ ᠬᠡᠷ ᠤᠨ ᠠᠮᠢᠳᠤᠷᠠᠯ ᠨᠢ ᠬᠦᠴᠢᠷᠳᠡᠯᠲᠡᠶ ᠪᠦᠬᠦᠯᠢ ᠡᠳᠦᠷ ᠤᠨ | ᠳᠦᠷᠢᠮᠲᠦ ᠵᠢᠩᠬᠢᠨᠢ ᠠᠩᠭᠢ ᠪᠠ ᠲᠤᠰᠬᠠᠶ ᠮᠡᠷᠭᠡᠵᠢᠯ ᠤᠨ ᠠᠩᠭᠢ ︵ ᠪᠡᠯᠡᠳᠬᠡᠯ ᠠᠩᠭᠢ ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠂ ᠬᠤᠶᠠᠳᠤᠭᠠᠷ | ᠣᠶᠤᠲᠠᠨ ᠤ ᠡᠷᠳᠡᠮ ᠤᠨ ᠴᠣᠯᠠ ᠶᠢᠨ ᠰᠣᠷᠣᠭᠴᠢ ᠶᠢ ᠪᠠᠭᠲᠠᠭᠠᠨ᠎ᠠ ᠂ ᠴᠡᠷᠢᠭ ᠤᠨ ᠠᠯᠪᠠ ᠠᠴᠠ ᠪᠠᠭᠤᠭᠰᠠᠨ ᠰᠣᠷᠣᠭᠴᠢ ᠶᠢ ᠪᠠᠭᠲᠠᠭᠠᠬᠤ ᠥᠬᠡᠶ ︶ ᠶᠢᠨ | ᠰᠤᠷᠭᠠᠭᠤᠯᠢ ᠳᠤ ᠪᠠᠶᠢᠭ᠎ᠠ ᠰᠣᠷᠣᠭᠴᠢ ᠃ | ᠪᠠᠷᠢᠮᠵᠢᠶ᠎ᠠ ᠄ ᠰᠤᠷᠤᠭᠴᠢ ᠪᠦᠷᠢ ᠳᠤ ᠵᠢᠯ ᠳᠤ 3300 ᠲᠥᠭᠦᠷᠢᠭ ᠂ ᠪᠣᠳᠠᠲᠠᠶ ᠪᠠᠷᠢᠮᠵᠢᠶ᠎ᠠ ᠶᠢ ᠳᠡᠭᠡᠳᠦ ᠰᠤᠷᠭᠠᠭᠤᠯᠢ ᠶᠢᠨ ᠬᠢᠨ ᠰᠤᠷᠤᠭᠴᠢ ᠪᠦᠷᠢ ᠳᠤ ᠵᠢᠯ ᠳᠤ | 2000-4500 ᠲᠥᠭᠦᠷᠢᠭ ᠤᠨ ᠬᠡᠪᠴᠢᠶᠡᠨ ᠳᠤ ᠡᠵᠡᠨ ᠮᠡᠳᠡᠨ ᠲᠣᠭᠲᠠᠭᠠᠵᠤ ᠂ 2 - 3 ᠳᠡᠰ ᠬᠤᠪᠢᠶᠠᠵᠤ ᠪᠣᠯᠤᠨ᠎ᠠ ᠃ ᠪᠦᠬᠦᠯᠢ ᠡᠳᠦᠷ ᠤᠨ ᠳᠦᠷᠢᠮᠲᠦ | ᠰᠤᠷᠭᠠᠭᠤᠯᠢ ᠳᠤ ᠪᠠᠶᠢᠭ᠎ᠠ ᠴᠡᠷᠢᠭ ᠤᠨ ᠠᠯᠪᠠᠨ ᠠᠴᠠ ᠪᠠᠭᠤᠭᠰᠠᠨ ᠰᠤᠷᠤᠭᠴᠢ ᠪᠦᠬᠦᠨ ᠳᠤ ᠵᠢᠩᠬᠢᠨᠢ ᠠᠩᠭᠢ ᠪᠠ ᠲᠤᠰᠬᠠᠶ ᠮᠡᠷᠭᠡᠵᠢᠯ ᠤᠨ ᠠᠩᠭᠢ ᠶᠢᠨ | ᠰᠤᠷᠤᠭᠴᠢ ᠶᠢᠨ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠶᠢ ᠬᠦᠷᠲᠡᠭᠡᠵᠦ ᠂ ᠳᠡᠳᠭᠦᠨ ᠲᠤᠰᠠᠯᠠᠬᠤ ᠪᠠᠷᠢᠮᠵᠢᠶ᠎ᠠ ᠨᠢ ᠰᠤᠷᠤᠭᠴᠢ ᠪᠦᠷᠢ ᠳᠤ ᠵᠢᠯ ᠳᠤ | 3300 ᠲᠥᠭᠦᠷᠢᠭ ᠃ | ᠵᠢᠩᠬᠢᠨᠢ ᠠᠩᠭᠢ ᠪᠠ ᠲᠤᠰᠬᠠᠶ ᠮᠡᠷᠭᠡᠵᠢᠯ ᠤᠨ ᠠᠩᠭᠢ ᠶᠢᠨ ᠥᠪᠡᠷᠲᠡᠭᠡᠨ ᠵᠠᠰᠠᠬᠤ ᠣᠷᠣᠨ ᠤ ᠱᠠᠩᠨᠠᠯ ᠤᠨ ᠮᠥᠩᠭᠦ ᠡᠲᠡᠭᠡᠳ ᠄ ᠥᠪᠡᠷᠲᠡᠭᠡᠨ ᠵᠠᠰᠠᠬᠤ ᠣᠷᠣᠨ ᠤ | ᠳᠡᠭᠡᠳᠦ ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ ᠵᠢᠩᠬᠢᠨᠢ ᠠᠩᠭᠢ ᠪᠠ ᠲᠤᠰᠬᠠᠶ ᠮᠡᠷᠭᠡᠵᠢᠯ ᠤᠨ ᠠᠩᠭᠢ ᠶᠢᠨ ᠣᠨᠴᠠ ᠰᠢᠯᠢᠳᠡᠭ ᠰᠣᠷᠣᠭᠴᠢ ᠃ | ᠪᠠᠷᠢᠮᠵᠢᠶ᠎ᠠ ᠄ ᠰᠤᠷᠤᠭᠴᠢ ᠪᠦᠷᠢ ᠵᠢᠯ ᠳᠤ 6000 ᠲᠥᠭᠦᠷᠢᠭ ᠃ | ᠵᠢᠩᠬᠢᠨᠢ ᠠᠩᠭᠢ ᠪᠠ ᠲᠤᠰᠬᠠᠶ ᠮᠡᠷᠭᠡᠵᠢᠯ ᠤᠨ ᠠᠩᠭᠢ ᠶᠢᠨ ᠥᠪᠡᠷᠲᠡᠭᠡᠨ ᠵᠠᠰᠠᠬᠤ ᠣᠷᠣᠨ ᠤ ᠵᠣᠷᠢᠭᠵᠢᠭᠤᠯᠬᠤ ᠱᠠᠩᠨᠠᠯ ᠤᠨ ᠮᠥᠩᠭᠦ ᠡᠲᠡᠭᠡᠳ ᠄ ᠥᠪᠡᠷᠲᠡᠭᠡᠨ | ᠵᠠᠰᠠᠬᠤ ᠣᠷᠣᠨ ᠤ ᠳᠡᠭᠡᠳᠦ ᠰᠤᠷᠭᠠᠭᠤᠯᠢ ᠶᠢᠨ ᠬᠡᠷ ᠤᠨ ᠠᠮᠢᠳᠤᠷᠠᠯ ᠨᠢ ᠬᠦᠴᠢᠷᠳᠡᠯᠲᠡᠶ ᠪᠦᠬᠦᠯᠢ ᠡᠳᠦᠷ ᠤᠨ ᠳᠦᠷᠢᠮᠲᠦ ᠵᠢᠩᠬᠢᠨᠢ ᠠᠩᠭᠢ ᠪᠠ ᠲᠤᠰᠬᠠᠶ | ᠮᠡᠷᠭᠡᠵᠢᠯ ᠤᠨ ᠠᠩᠭᠢ ᠶᠢᠨ ᠮᠣᠷᠠᠯ ᠰᠤᠷᠤᠯᠭ᠎ᠠ ᠬᠤᠤᠰᠯᠠᠭᠰᠠᠨ ᠰᠣᠷᠣᠭᠴᠢ ᠃ | ᠪᠠᠷᠢᠮᠵᠢᠶ᠎ᠠ ᠄ ᠰᠤᠷᠤᠭᠴᠢ ᠪᠦᠷᠢ ᠵᠢᠯ ᠳᠤ 4000 ᠲᠥᠭᠦᠷᠢᠭ ᠃ | ᠰᠤᠷᠤᠭᠴᠢ ᠶᠢᠨ ᠢᠷᠡᠯᠲᠡ ᠶᠢᠨ ᠭᠠᠵᠠᠷ ᠤᠨ ᠰᠤᠷᠤᠯᠭ᠎ᠠ ᠶᠢ ᠲᠡᠳᠬᠦᠬᠦ ᠢᠲᠡᠭᠡᠮᠵᠢᠲᠦ ᠵᠢᠭᠡᠯᠡᠯᠭᠡ | ᠡᠲᠡᠭᠡᠳ ᠄ ᠪᠦᠬᠦᠯᠢ ᠡᠳᠦᠷ ᠤᠨ ᠳᠦᠷᠢᠮᠲᠦ ᠡᠩ ᠤᠨ ᠵᠢᠩᠬᠢᠨᠢ ᠠᠩᠭᠢᠲᠤ ᠳᠡᠭᠡᠳᠦ ᠰᠤᠷᠭᠠᠭᠤᠯᠢ ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠠ | ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠳᠤ ᠵᠢᠩᠬᠢᠨᠢ ᠪᠠᠷ ᠡᠯᠰᠡᠭᠳᠡᠵᠦ ᠂ ᠦᠨᠡᠨ ᠪᠣᠳᠠᠲᠠᠶ ᠂ ᠬᠠᠤᠯᠢ ᠶᠣᠰᠣᠨ ᠤ ᠂ ᠬᠦᠴᠦᠨ ᠪᠥᠬᠦᠶ ᠡᠯᠰᠡᠬᠦ | ᠮᠡᠳᠡᠭᠳᠡᠯ ᠤᠨ ᠪᠢᠴᠢᠭ ᠣᠯᠤᠭᠰᠠᠨ ᠰᠢᠨ᠎ᠡ ᠰᠣᠷᠣᠭᠴᠢ ᠪᠤᠶᠤ ᠳᠡᠭᠡᠳᠦ ᠰᠤᠷᠭᠠᠭᠤᠯᠢ ᠳᠤ ᠰᠤᠷᠤᠯᠴᠠᠵᠤ ᠪᠠᠶᠢᠭ᠎ᠠ ᠵᠢᠩᠬᠢᠨᠢ ᠠᠩᠭᠢ ᠪᠠ ᠲᠤᠰᠬᠠᠶ ᠮᠡᠷᠭᠡᠵᠢᠯ ᠤᠨ | ᠠᠩᠭᠢ ᠶᠢᠨ ᠰᠣᠷᠣᠭᠴᠢ ᠂ ᠰᠣᠳᠤᠯᠤᠨ ᠰᠤᠷᠤᠭᠴᠢ ᠪᠠ ᠬᠤᠶᠠᠳᠤᠭᠠᠷ ᠣᠶᠤᠲᠠᠨ ᠤ ᠡᠷᠳᠡᠮ ᠤᠨ ᠴᠤᠯᠠ ᠶᠢᠨ ᠰᠤᠷᠤᠭᠴᠢ ᠃ | ᠪᠠᠷᠢᠮᠵᠢᠶ᠎ᠠ ᠄ ᠵᠢᠩᠬᠢᠨᠢ ᠠᠩᠭᠢ ᠪᠠ ᠲᠤᠰᠬᠠᠶ ᠮᠡᠷᠭᠡᠵᠢᠯ ᠤᠨ ᠠᠩᠭᠢ ᠶᠢᠨ ᠰᠣᠷᠣᠭᠴᠢ ᠪᠦᠷᠢ ᠵᠢᠯ ᠳᠤ ᠬᠠᠮᠤᠭ ᠤᠨ ᠥᠨᠳᠥᠷ ᠲᠤ ᠪᠠᠨ 12000 | ᠲᠥᠭᠦᠷᠢᠭ ᠠᠴᠠ ᠬᠡᠲᠦᠷᠡᠵᠦ ᠪᠣᠯᠬᠤ ᠥᠬᠡᠶ ᠂ ᠰᠣᠳᠤᠯᠤᠨ ᠰᠤᠷᠤᠭᠴᠢ ᠪᠦᠷᠢ ᠵᠢᠯ ᠳᠤ ᠬᠠᠮᠤᠭ ᠤᠨ ᠥᠨᠳᠥᠷ ᠲᠤ ᠪᠠᠨ 16000 ᠲᠥᠭᠦᠷᠢᠭ ᠠᠴᠠ ᠬᠡᠲᠦᠷᠡᠵᠦ | ᠪᠣᠯᠬᠤ ᠥᠬᠡᠶ ᠃ | ᠴᠡᠷᠢᠭ ᠤᠨ ᠠᠯᠪᠠ ᠬᠠᠭᠠᠵᠤ ᠪᠠᠶᠢᠭ᠎ᠠ ᠳᠡᠭᠡᠳᠦ ᠰᠤᠷᠭᠠᠭᠤᠯᠢ ᠶᠢᠨ ᠰᠤᠷᠤᠭᠴᠢᠳ ᠤᠨ ᠤᠯᠤᠰ ᠤᠨ ᠰᠤᠷᠭᠠᠨ ᠬᠥᠮᠦᠵᠢᠯ ᠤᠨ ᠳᠡᠣᠬᠦᠨ ᠲᠤᠰᠠᠯᠠᠮᠵᠢ | ᠡᠲᠡᠭᠡᠳ ᠄ ᠴᠡᠷᠢᠭ ᠲᠤ ᠡᠯᠰᠡᠭᠳᠡᠨ ᠠᠯᠪᠠᠨ ᠵᠢᠷᠤᠮ ᠤᠨ ᠴᠡᠷᠢᠭ ᠤᠨ ᠠᠯᠪᠠ ᠬᠠᠭᠠᠭᠴᠢ ᠂ ᠠᠬᠠᠯᠠᠭᠴᠢ ᠪᠠᠷ ᠡᠯᠰᠡᠭᠳᠡᠭᠰᠡᠳ ᠂ ᠴᠡᠷᠢᠭ ᠤᠨ ᠠᠯᠪᠠᠨ ᠠᠴᠠ | ᠪᠠᠭᠤᠭᠰᠠᠨ ᠤ ᠳᠠᠷᠠᠭ᠎ᠠ ᠰᠤᠷᠤᠯᠭ᠎ᠠ ᠪᠠᠨ ᠰᠡᠷᠭᠦᠭᠡᠭᠰᠡᠨ ᠪᠤᠶᠤ ᠰᠤᠷᠭᠠᠭᠤᠯᠢ ᠳᠤ ᠤᠷᠤᠭᠰᠠᠨ ᠳᠡᠭᠡᠳᠦ ᠰᠤᠷᠭᠠᠭᠤᠯᠢ ᠶᠢᠨ ᠰᠤᠷᠤᠭᠴᠢᠳ ᠲᠤ ᠰᠤᠷᠤᠯᠭ᠎ᠠ ᠶᠢᠨ | ᠰᠦᠢᠳᠭᠡᠯ ᠤᠨ ᠳᠤᠰᠠᠯᠠᠮᠵᠢ ᠥᠭᠬᠦ ᠶᠢ ᠬᠡᠷᠡᠭᠵᠢᠭᠦᠯᠵᠦ ᠂ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢ ᠣᠷᠣᠯᠠᠨ ᠲᠥᠯᠦᠵᠦ ᠂ ᠰᠤᠷᠤᠯᠭ᠎ᠠ ᠶᠢᠨ | ᠰᠦᠢᠳᠬᠡᠯ ᠢ ᠬᠠᠰᠤᠵᠤ ᠬᠡᠯᠲᠦᠷᠢᠭᠦᠯᠦᠨ᠎ᠡ ᠃ | ᠪᠠᠷᠢᠮᠵᠢᠶ᠎ᠠ ᠄ ᠰᠤᠷᠤᠯᠭ᠎ᠠ ᠶᠢᠨ ᠰᠦᠢᠳᠬᠡᠯ ᠤᠨ ᠳᠤᠰᠠᠯᠠᠮᠵᠢ ᠪᠤᠶᠤ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢ ᠣᠷᠣᠯᠠᠨ ᠲᠥᠯᠥᠬᠦ | ᠵᠣᠭᠤᠰ ᠤᠨ ᠲᠤᠭ᠎ᠠ ᠶᠢ ᠰᠤᠷᠤᠭᠴᠢ ᠶᠢᠨ ᠪᠣᠳᠠᠲᠠᠶ ᠲᠤᠰᠢᠶᠠᠭᠰᠠᠨ ᠰᠤᠷᠤᠯᠭ᠎ᠠ ᠶᠢᠨ ᠰᠦᠢᠳᠬᠡᠯ ᠪᠤᠶᠤ ᠰᠤᠷᠤᠯᠭ᠎ᠠ ᠶᠢᠨ ᠰᠦᠢᠳᠬᠡᠯ ᠳᠤ ᠬᠡᠷᠡᠭᠯᠡᠬᠦ ᠤᠯᠤᠰ ᠤᠨ | ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ︵ ᠡᠬᠡ ᠮᠥᠩᠭᠦ ᠵᠢᠴᠢ ᠪᠦᠬᠦᠨ ᠢ ᠲᠥᠯᠥᠬᠦ ᠠᠴᠠ ᠡᠮᠦᠨ᠎ᠡ ᠪᠤᠶ ᠪᠣᠯᠤᠭᠰᠠᠨ ᠬᠦᠦ ᠮᠥᠩᠭᠦ ᠶᠢ ᠪᠠᠭᠲᠠᠭᠠᠨ᠎ᠠ ︶ | ᠬᠤᠶᠠᠷ ᠤᠨ ᠵᠣᠭᠤᠰ ᠤᠨ ᠲᠤᠭ᠎ᠠ ᠨᠢ ᠨᠡᠯᠢᠶᠡᠳ ᠥᠨᠳᠥᠷ ᠪᠠᠶᠢᠪᠠᠯ ᠬᠡᠷᠡᠭᠵᠢᠭᠦᠯᠦᠨ᠎ᠡ ︔ | ᠰᠤᠷᠤᠯᠭ᠎ᠠ ᠪᠠᠨ ᠰᠡᠷᠭᠦᠭᠡᠬᠦ ᠪᠤᠶᠤ ᠰᠢᠨ᠎ᠡ ᠰᠤᠷᠤᠭᠴᠢ ᠰᠤᠷᠭᠠᠭᠤᠯᠢ ᠳᠤ ᠤᠷᠤᠭᠰᠠᠨ ᠤ ᠳᠠᠷᠠᠭᠠᠬᠢ ᠰᠤᠷᠤᠯᠭ᠎ᠠ ᠶᠢᠨ ᠰᠦᠢᠳᠬᠡᠯ ᠢ ᠬᠠᠰᠤᠵᠤ ᠬᠡᠯᠲᠦᠷᠢᠭᠦᠯᠬᠦ | ᠵᠣᠭᠤᠰ ᠤᠨ ᠲᠤᠭ᠎ᠠ ᠶᠢ ᠳᠡᠭᠡᠳᠦ ᠰᠤᠷᠭᠠᠭᠤᠯᠢ ᠶᠢᠨ ᠪᠣᠳᠠᠲᠠᠶ ᠬᠤᠷᠢᠶᠠᠭᠰᠠᠨ ᠰᠤᠷᠤᠯᠭ᠎ᠠ ᠶᠢᠨ ᠰᠦᠢᠳᠬᠡᠯ ᠤᠨ ᠵᠣᠭᠤᠰ ᠤᠨ ᠲᠤᠭ᠎ᠠ ᠪᠠᠷ ᠬᠡᠷᠡᠭᠵᠢᠭᠦᠯᠦᠨ᠎ᠡ ᠃ | ᠰᠤᠷᠤᠯᠭ᠎ᠠ ᠶᠢᠨ ᠰᠦᠢᠳᠭᠡᠯ ᠤᠨ ᠳᠤᠰᠠᠯᠠᠮᠵᠢ ᠂ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢ ᠣᠷᠣᠯᠠᠨ ᠲᠥᠯᠥᠬᠦ ᠵᠢᠴᠢ ᠰᠤᠷᠤᠯᠭ᠎ᠠ ᠶᠢᠨ | ᠰᠦᠢᠳᠭᠡᠯ ᠢ ᠬᠠᠰᠤᠵᠤ ᠬᠡᠯᠲᠦᠷᠢᠭᠦᠯᠬᠦ ᠪᠠᠷᠢᠮᠵᠢᠶ᠎ᠠ ᠶᠢ ᠵᠢᠩᠬᠢᠨᠢ ᠠᠩᠭᠢ ᠪᠠ ᠲᠤᠰᠬᠠᠶ ᠮᠡᠷᠭᠡᠵᠢᠯ ᠤᠨ ᠠᠩᠭᠢ ᠶᠢᠨ ᠰᠤᠷᠤᠭᠴᠢ ᠪᠦᠷᠢ ᠵᠢᠯ ᠳᠤ ᠬᠠᠮᠤᠭ ᠤᠨ | ᠥᠨᠳᠥᠷ ᠲᠤ ᠪᠠᠨ 12000 ᠲᠥᠭᠦᠷᠢᠭ ᠠᠴᠠ ᠬᠡᠲᠦᠷᠡᠬᠦ ᠦᠭᠡᠢ ᠂ ᠰᠣᠳᠤᠯᠤᠨ ᠰᠤᠷᠤᠭᠴᠢ ᠪᠦᠷᠢ ᠵᠢᠯ ᠳᠤ ᠬᠠᠮᠤᠭ ᠤᠨ ᠥᠨᠳᠥᠷ ᠲᠤ ᠪᠠᠨ 16000 | ᠲᠥᠭᠦᠷᠢᠭ ᠠᠴᠠ ᠬᠡᠲᠦᠷᠡᠬᠦ ᠦᠭᠡᠶ ᠃ ᠪᠠᠷᠢᠮᠵᠢᠶ᠎ᠠ ᠠᠴᠠ ᠬᠡᠲᠦᠷᠡᠭᠰᠡᠨ ᠬᠡᠰᠡᠭ ᠲᠤ ᠳᠤᠰᠠᠯᠠᠮᠵᠢ ᠥᠭᠴᠦ ᠂ ᠣᠷᠣᠯᠠᠨ ᠲᠥᠯᠥᠬᠦ ᠪᠤᠶᠤ ᠬᠠᠰᠤᠵᠤ ᠬᠡᠯᠲᠦᠷᠢᠭᠦᠯᠬᠦ | ᠥᠬᠡᠶ ᠃ | ᠦᠨᠳᠦᠰᠦᠨ ᠱᠠᠲᠤᠨ ᠳᠤ ᠠᠵᠢᠯ ᠣᠯᠪᠠᠯ ᠰᠤᠷᠤᠯᠭ᠎ᠠ ᠶᠢᠨ ᠰᠦᠢᠳᠭᠡᠯ ᠢ ᠨᠥᠬᠦᠨ ᠲᠦᠯᠦᠬᠦ ᠪᠤᠶᠤ ᠵᠢᠭᠡᠯᠡᠯᠭᠡ ᠶᠢ ᠣᠷᠣᠯᠠᠨ ᠲᠥᠯᠦᠨ᠎ᠡ | ᠡᠲᠡᠭᠡᠳ ᠄ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠳᠡᠭᠡᠳᠦ ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ ᠵᠢᠩᠬᠢᠨᠢ ᠠᠩᠭᠢ ᠪᠠ ᠲᠤᠰᠬᠠᠶ | ᠮᠡᠷᠭᠡᠵᠢᠯ ᠤᠨ ᠠᠩᠭᠢ ᠠᠴᠠ ᠲᠡᠭᠦᠰᠦᠭᠰᠡᠳ ᠰᠠᠶᠢᠨ ᠳᠤᠷ᠎ᠠ ᠠᠴᠠ ᠪᠠᠨ ᠥᠪᠡᠷᠲᠡᠭᠡᠨ ᠵᠠᠰᠠᠬᠤ ᠣᠷᠣᠨ ᠤ ᠬᠠᠲᠠᠭᠤ ᠪᠡᠷᠬᠡᠰᠢᠶᠡᠯᠲᠡᠶ ᠪᠤᠶᠢᠳᠠ ᠪᠦᠭᠯᠡᠭᠦᠦ ᠭᠠᠵᠠᠷ | ᠣᠷᠣᠨ ᠤ ᠦᠨᠳᠦᠰᠦᠨ ᠱᠠᠲᠤᠨ ᠤ ᠨᠢᠭᠡᠴᠢ ᠳᠤ ᠬᠦᠷᠴᠦ ᠠᠵᠢᠯ ᠣᠯᠤᠨ ᠂ ᠦᠢᠯᠡᠴᠢᠯᠡᠬᠦ ᠬᠤᠭᠤᠴᠠᠭ᠎ᠠ ᠨᠢ 3 ᠵᠢᠯ ᠠᠴᠠ ᠳᠡᠭᠡᠭᠰᠢ ︵ 3 ᠵᠢᠯ ᠢ ᠪᠠᠭᠲᠠᠭᠠᠨ᠎ᠠ ︶ | ᠪᠠᠶᠢᠵᠤ ᠂ ᠦᠢᠯᠡᠴᠢᠯᠡᠬᠦ ᠬᠤᠭᠤᠴᠠᠭ᠎ᠠ ᠪᠠᠨ ᠳᠠᠭᠤᠰᠬᠠᠬᠤ ᠬᠠᠮᠲᠤ ᠰᠢᠯᠭᠠᠨ ᠬᠢᠨᠠᠯᠲᠠ ᠳᠤ ᠬᠢᠷᠢ ᠲᠡᠩᠴᠡᠭᠰᠡᠳ ᠃ | ᠪᠠᠷᠢᠮᠵᠢᠶ᠎ᠠ ᠄ ᠵᠢᠩᠬᠢᠨᠢ ᠠᠩᠭᠢ ᠪᠠ ᠲᠤᠰᠬᠠᠶ ᠮᠡᠷᠭᠡᠵᠢᠯ ᠤᠨ ᠠᠩᠭᠢ ᠶᠢᠨ ᠰᠣᠷᠣᠭᠴᠢ ᠪᠦᠷᠢ ᠵᠢᠯ ᠳᠤ ᠬᠠᠮᠤᠭ ᠤᠨ ᠥᠨᠳᠥᠷ ᠲᠤ ᠪᠠᠨ 8000 | ᠲᠥᠭᠦᠷᠢᠭ ᠠᠴᠠ ᠬᠡᠲᠦᠷᠡᠵᠦ ᠪᠣᠯᠬᠤ ᠥᠬᠡᠶ ᠂ ᠰᠣᠳᠤᠯᠤᠨ ᠰᠤᠷᠤᠭᠴᠢ ᠪᠦᠷᠢ ᠵᠢᠯ ᠳᠤ ᠬᠠᠮᠤᠭ ᠤᠨ ᠥᠨᠳᠥᠷ ᠲᠤ ᠪᠠᠨ 12000 ᠲᠥᠭᠦᠷᠢᠭ ᠠᠴᠠ ᠬᠡᠲᠦᠷᠡᠵᠦ | ᠪᠣᠯᠬᠤ ᠥᠬᠡᠶ ᠃ ᠰᠤᠷᠭᠠᠭᠤᠯᠢ ᠲᠡᠭᠦᠰᠦᠭᠰᠡᠳ ᠤᠨ ᠰᠤᠷᠭᠠᠭᠤᠯᠢ ᠳᠤ ᠰᠤᠷᠤᠯᠴᠠᠵᠤ ᠪᠠᠶᠢᠭ᠎ᠠ ᠬᠤᠭᠤᠴᠠᠭᠠᠨ ᠳᠠᠬᠢ ᠵᠢᠯ ᠪᠦᠷᠢ ᠶᠢᠨ ᠪᠣᠳᠠᠲᠠᠶ ᠲᠤᠰᠢᠶᠠᠭᠰᠠᠨ | ᠰᠤᠷᠤᠯᠭ᠎ᠠ ᠶᠢᠨ ᠰᠦᠢᠳᠭᠡᠯ ᠪᠤᠶᠤ ᠣᠯᠤᠭᠰᠠᠨ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠨᠢ ᠨᠥᠬᠦᠵᠦ ᠲᠥᠯᠥᠬᠦ ᠪᠠᠷᠢᠮᠵᠢᠶ᠎ᠠ ᠠᠴᠠ ᠳᠤᠤᠷ᠎ᠠ | ᠪᠠᠶᠢᠪᠠᠯ ᠪᠣᠳᠠᠲᠠᠶ ᠲᠤᠰᠢᠶᠠᠭᠰᠠᠨ ᠵᠣᠭᠤᠰ ᠤᠨ ᠲᠤᠭ᠎ᠠ ᠶᠣᠰᠤ ᠪᠠᠷ ᠨᠥᠬᠦᠵᠦ ᠲᠥᠯᠥᠬᠦ ᠶᠢ ᠬᠡᠷᠡᠭᠵᠢᠭᠦᠯᠦᠨ᠎ᠡ ︔ ᠵᠢᠭᠡᠯᠡᠯᠭᠡ ᠶᠢ ᠣᠷᠣᠯᠠᠨ ᠲᠦᠯᠦᠬᠦ ᠪᠠᠷᠢᠮᠵᠢᠶ᠎ᠠ ᠠᠴᠠ | ᠥᠨᠳᠥᠷ ᠪᠠᠶᠢᠪᠠᠯ ᠂ ᠲᠣᠭᠲᠠᠭᠠᠭᠰᠠᠨ ᠪᠠᠷᠢᠮᠵᠢᠶ᠎ᠠ ᠶᠣᠰᠤ ᠪᠠᠷ ᠵᠢᠭᠡᠯᠡᠯᠭᠡ ᠶᠢ ᠣᠷᠣᠯᠠᠨ ᠲᠦᠯᠦᠨ᠎ᠡ ᠃ | ᠡᠩ ᠤᠨ ᠳᠡᠭᠡᠳᠦ ᠰᠤᠷᠭᠠᠭᠤᠯᠢ ᠶᠢᠨ ᠭᠡᠷ ᠤᠨ ᠠᠮᠢᠳᠤᠷᠠᠯ ᠨᠢ ᠬᠦᠴᠢᠷᠳᠡᠯᠲᠡᠶ ᠰᠤᠷᠤᠭᠴᠢᠳ ᠤᠨ ᠰᠤᠷᠭᠠᠭᠤᠯᠢ ᠳᠤ ᠣᠷᠣᠬᠤ ᠳᠡᠳᠬᠦᠨ ᠳᠤᠰᠠᠯᠠᠮᠵᠢ | ᠡᠲᠡᠭᠡᠳ ᠄ ᠶᠡᠭᠡ ᠰᠤᠷᠭᠠᠭᠤᠯᠢ ᠶᠢᠨ ᠰᠢᠨ᠎ᠡ ᠰᠣᠷᠣᠭᠴᠢ ᠄ 2021 ᠣᠨ ᠤ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠨ ᠂ | ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠰᠠᠯᠠᠭ᠎ᠠ ᠮᠥᠴᠢᠷ ᠢᠶᠠᠷ ᠳᠡᠮᠵᠢᠨ ᠡᠩ ᠤᠨ ᠳᠡᠭᠡᠳᠦ ᠰᠤᠷᠭᠠᠭᠤᠯᠢ ᠳᠤ ᠵᠢᠩᠬᠢᠨᠢ ᠪᠠᠷ ᠡᠯᠰᠡᠭᠳᠡᠭᠰᠡᠨ | ᠰᠢᠨ᠎ᠡ ᠰᠣᠷᠣᠭᠴᠢ ᠪᠠᠶᠢᠵᠤ ᠂ ᠡᠯᠰᠡᠭᠳᠡᠭᠰᠡᠨ ᠲᠤᠬᠠᠶ ᠶᠢᠨ ᠵᠢᠯ ᠤᠨ 9 ᠳ᠋ᠦ᠋ᠭᠡᠷ ᠰᠠᠷ᠎ᠠ ᠶᠢᠨ 1 ᠤ ᠡᠳᠦᠷ ᠠᠴᠠ ᠥᠪᠡᠷᠲᠡᠭᠡᠨ ᠵᠠᠰᠠᠬᠤ ᠣᠷᠣᠨ ᠤ ᠬᠤᠲᠠ | ᠬᠥᠳᠡᠭᠡ ᠶᠢᠨ ᠠᠮᠢᠳᠤᠷᠠᠯ ᠤᠨ ᠬᠠᠮᠤᠭ ᠤᠨ ᠨᠠᠭᠠᠳᠤ ᠵᠠᠬ᠎ᠠ ᠶᠢᠨ ᠪᠠᠲᠤᠯᠠᠭᠠᠲᠤ ᠡᠷᠦᠬᠡ ᠳᠤ ᠣᠷᠣᠭᠰᠠᠨ ᠬᠡᠷ ᠪᠦᠯᠢ ᠶᠢᠨ ᠦᠷ᠎ᠡ ᠬᠡᠦᠬᠡᠳ ᠪᠠ ᠥᠨᠥᠴᠢᠨ ᠬᠡᠦᠬᠡᠳ | ᠪᠣᠯᠤᠨ᠎ᠠ ᠃ ᠰᠤᠷᠭᠠᠭᠤᠯᠢ ᠳᠤ ᠪᠠᠶᠢᠭ᠎ᠠ ᠰᠣᠷᠣᠭᠴᠢ ᠄ 2021 ᠣᠨ ᠠᠴᠠ ᠬᠤᠶᠢᠰᠢᠬᠢ ᠣᠨ ᠤ ᠰᠤᠷᠭᠠᠭᠤᠯᠢ ᠳᠤ ᠪᠠᠶᠢᠬᠤ ᠬᠤᠭᠤᠴᠠᠭᠠᠨ ᠳᠠᠬᠢ 9 ᠳ᠋ᠦ᠋ᠭᠡᠷ | ᠰᠠᠷ᠎ᠠ ᠶᠢᠨ 1 ᠤ ᠡᠳᠦᠷ ᠠᠴᠠ ᠥᠪᠡᠷᠲᠡᠭᠡᠨ ᠵᠠᠰᠠᠬᠤ ᠣᠷᠣᠨ ᠤ ᠬᠤᠲᠠ ᠬᠥᠳᠡᠭᠡ ᠶᠢᠨ ᠠᠮᠢᠳᠤᠷᠠᠯ ᠤᠨ ᠬᠠᠮᠤᠭ ᠤᠨ ᠨᠠᠭᠠᠳᠤ ᠵᠠᠬ᠎ᠠ ᠶᠢᠨ ᠪᠠᠲᠤᠯᠠᠭᠠᠲᠤ ᠡᠷᠦᠬᠡ | ᠪᠣᠯᠤᠭᠰᠠᠨ ᠬᠡᠷ ᠪᠦᠯᠢ ᠶᠢᠨ ᠦᠷ᠎ᠡ ᠬᠡᠦᠬᠡᠳ ᠪᠠ ᠥᠨᠥᠴᠢᠨ ᠬᠡᠦᠬᠡᠳ ᠤᠨ ᠪᠦᠬᠦᠯᠢ ᠡᠳᠦᠷ ᠤᠨ ᠳᠦᠷᠢᠮᠲᠦ ᠵᠢᠩᠬᠢᠨᠢ ᠠᠩᠭᠢ ᠪᠠ ᠲᠤᠰᠬᠠᠶ ᠮᠡᠷᠭᠡᠵᠢᠯ ᠤᠨ | ᠠᠩᠭᠢ ᠶᠢᠨ ᠰᠣᠷᠣᠭᠴᠢ ︵ 2021 ᠣᠨ ᠠᠴᠠ ᠡᠮᠦᠨ᠎ᠡ ᠰᠤᠷᠭᠠᠭᠤᠯᠢ ᠳᠤ ᠤᠷᠤᠭᠰᠠᠨ ᠰᠤᠷᠤᠯᠴᠠᠵᠤ ᠪᠠᠶᠢᠭ᠎ᠠ ᠰᠣᠷᠣᠭᠴᠢ ᠶᠢ ᠪᠠᠭᠲᠠᠭᠠᠬᠤ ᠥᠬᠡᠶ ︶ ᠪᠣᠯᠤᠨ᠎ᠠ ᠃ | ᠡᠭᠦᠨ ᠤ ᠬᠠᠮᠲᠤ ᠠᠮᠢᠳᠤᠷᠠᠯ ᠤᠨ ᠬᠠᠮᠤᠭ ᠤᠨ ᠨᠠᠭᠠᠳᠤ ᠵᠠᠬ᠎ᠠ ᠶᠢᠨ ᠪᠠᠲᠤᠯᠠᠭ᠎ᠠ ᠂ ᠥᠨᠥᠴᠢᠨ ᠬᠡᠦᠬᠡᠳ ᠵᠡᠷᠭᠡ ᠨᠥᠬᠦᠴᠡᠯ ᠢ ᠪᠦᠷᠢᠯᠳᠦᠭᠦᠯᠦᠭᠰᠡᠨ ᠰᠤᠷᠤᠭᠴᠢᠳ ᠲᠤ | ᠳᠡᠳᠬᠦᠨ ᠲᠤᠰᠠᠯᠠᠬᠤ ᠲᠥᠷᠥ ᠶᠢᠨ ᠪᠣᠳᠣᠯᠭ᠎ᠠ ᠶᠢ ᠳᠠᠪᠬᠤᠷ ᠬᠦᠷᠲᠡᠭᠡᠬᠦ ᠥᠬᠡᠶ ᠃ | ᠪᠠᠷᠢᠮᠵᠢᠶ᠎ᠠ ᠄ ᠰᠤᠷᠤᠭᠴᠢ ᠪᠦᠷᠢ ᠶᠢ ᠵᠢᠯ ᠳᠤ 6000 ᠲᠥᠭᠦᠷᠢᠭ ᠢᠶᠠᠷ ᠲᠤᠰᠠᠯᠠᠨ᠎ᠠ ᠃ ᠰᠣᠳᠤᠯᠤᠨ ᠰᠤᠷᠤᠭᠴᠢ ᠶᠢᠨ ᠰᠤᠷᠭᠠᠨ ᠬᠥᠮᠦᠵᠢᠯ ᠤᠨ ᠳᠡᠳᠬᠦᠨ | ᠲᠤᠰᠠᠯᠠᠮᠵᠢ ᠰᠣᠳᠤᠯᠤᠨ ᠰᠤᠷᠤᠭᠴᠢ ᠶᠢᠨ ᠤᠯᠤᠰ ᠤᠨ ᠰᠤᠷᠤᠯᠭ᠎ᠠ ᠶᠢᠨ ᠱᠠᠩᠨᠠᠯ ᠤᠨ ᠮᠥᠩᠭᠦ | ᠡᠲᠡᠭᠡᠳ ᠄ ᠪᠥᠬᠦ ᠤᠯᠤᠰ ᠤᠨ ᠰᠣᠳᠤᠯᠤᠨ ᠰᠤᠷᠤᠭᠴᠢ ᠡᠯᠰᠡᠬᠦ ᠲᠥᠯᠥᠪᠯᠡᠭᠡ ᠳᠤ ᠤᠷᠤᠭᠰᠠᠨ ᠳᠡᠭᠡᠳᠦ ᠰᠤᠷᠭᠠᠭᠤᠯᠢ ᠳᠤ ᠰᠢᠯᠢᠳᠡᠭ ᠢᠯᠡᠷᠡᠯ ᠲᠠᠢ ᠪᠦᠬᠦᠯᠢ | ᠡᠳᠦᠷ ᠤᠨ ᠳᠦᠷᠢᠮᠲᠦ ᠰᠣᠳᠤᠯᠤᠨ ᠰᠤᠷᠤᠭᠴᠢ ᠃ | ᠪᠠᠷᠢᠮᠵᠢᠶ᠎ᠠ ᠄ ᠰᠣᠳᠤᠯᠤᠨ ᠰᠤᠷᠤᠭᠴᠢ ᠪᠦᠷᠢ ᠵᠢᠯ ᠳᠤ 20000 ᠲᠥᠭᠦᠷᠢᠭ ᠂ ᠳ᠋ᠣᠺᠲ᠋ᠣᠷᠠᠨᠲ ᠪᠦᠷᠢ ᠵᠢᠯ ᠳᠤ 30000 ᠲᠥᠭᠦᠷᠢᠭ ᠰᠣᠳᠤᠯᠤᠨ | ᠰᠤᠷᠤᠭᠴᠢ ᠶᠢᠨ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ | ᠡᠲᠡᠭᠡᠳ ᠄ ᠪᠥᠬᠦ ᠤᠯᠤᠰ ᠤᠨ ᠰᠣᠳᠤᠯᠤᠨ ᠰᠤᠷᠤᠭᠴᠢ ᠡᠯᠰᠡᠬᠦ ᠲᠥᠯᠥᠪᠯᠡᠭᠡ ᠳᠤ ᠣᠷᠣᠭᠰᠠᠨ ᠪᠦᠬᠦᠯᠢ ᠡᠳᠦᠷ ᠤᠨ ᠳᠦᠷᠢᠮᠲᠦ ᠪᠣᠶ ᠪᠥᠬᠦᠶ ᠰᠣᠳᠤᠯᠤᠨ | ᠰᠤᠷᠤᠭᠴᠢ ︵ ᠲᠣᠭᠲᠠᠮᠠᠯ ᠴᠠᠯᠢᠩ ᠤᠨ ᠣᠷᠣᠯᠭ᠎ᠠ ᠲᠠᠢ ᠶᠢ ᠡᠭᠦᠨ ᠳᠤ ᠪᠠᠭᠲᠠᠭᠠᠬᠤ ᠥᠬᠡᠶ ︶ ᠃ | ᠪᠠᠷᠢᠮᠵᠢᠶ᠎ᠠ ᠄ ᠰᠣᠳᠤᠯᠤᠨ ᠰᠤᠷᠤᠭᠴᠢ ᠪᠦᠷᠢ ᠵᠢᠯ ᠳᠤ 8000 ᠲᠥᠭᠦᠷᠢᠭ ᠂ ᠳ᠋ᠣᠺᠲ᠋ᠣᠷᠠᠨᠲ ᠪᠦᠷᠢ ᠵᠢᠯ ᠳᠤ 13000 ᠲᠥᠭᠦᠷᠢᠭ ᠃ ᠰᠣᠳᠤᠯᠤᠨ | ᠰᠤᠷᠤᠭᠴᠢ ᠶᠢᠨ ᠥᠪᠡᠷᠲᠡᠭᠡᠨ ᠵᠠᠰᠠᠬᠤ ᠣᠷᠣᠨ ᠤ ᠱᠠᠩᠨᠠᠯ ᠤᠨ ᠮᠥᠩᠭᠦ | ᠡᠲᠡᠭᠡᠳ ᠄ ᠪᠥᠬᠦ ᠤᠯᠤᠰ ᠤᠨ ᠰᠣᠳᠤᠯᠤᠨ ᠰᠤᠷᠤᠭᠴᠢ ᠡᠯᠰᠡᠬᠦ ᠲᠥᠯᠥᠪᠯᠡᠭᠡ ᠳᠤ ᠣᠷᠣᠭᠰᠠᠨ ᠰᠤᠷᠤᠯᠭ᠎ᠠ ᠂ ᠡᠷᠳᠡᠮ ᠰᠢᠨᠵᠢᠯᠡᠭᠡᠨ ᠂ ᠨᠡᠶᠢᠭᠡᠮ ᠤᠨ ᠨᠡᠶᠢᠲᠡ ᠶᠢᠨ | ᠠᠰᠠᠷᠠᠮᠵᠢ ᠶᠢᠨ ᠲᠠᠯ᠎ᠠ ᠪᠠᠷ ᠰᠢᠯᠢᠳᠡᠭ ᠬᠢᠷᠢ ᠪᠦᠲᠦᠮᠵᠢ ᠣᠯᠤᠭᠰᠠᠨ ᠪᠦᠬᠦᠯᠢ ᠡᠳᠦᠷ ᠤᠨ ᠳᠦᠷᠢᠮᠲᠦ ᠰᠣᠳᠤᠯᠤᠨ ᠰᠤᠷᠤᠭᠴᠢ ᠃ | ᠪᠠᠷᠢᠮᠵᠢᠶ᠎ᠠ ᠄ ᠰᠣᠳᠤᠯᠤᠨ ᠰᠤᠷᠤᠭᠴᠢ ᠪᠦᠷᠢ ᠵᠢᠯ ᠳᠤ 10000 ᠲᠥᠭᠦᠷᠢᠭ ᠂ ᠳ᠋ᠣᠺᠲ᠋ᠣᠷᠠᠨᠲ ᠪᠦᠷᠢ ᠵᠢᠯ ᠳᠤ 20000 ᠲᠥᠭᠦᠷᠢᠭ ᠃ ᠰᠣᠳᠤᠯᠤᠨ | ᠰᠤᠷᠤᠭᠴᠢ ᠶᠢᠨ ᠥᠪᠡᠷᠲᠡᠭᠡᠨ ᠵᠠᠰᠠᠬᠤ ᠣᠷᠣᠨ ᠤ ᠰᠤᠷᠤᠯᠭ᠎ᠠ ᠶᠢᠨ ᠱᠠᠩᠨᠠᠯ ᠤᠨ ᠮᠥᠩᠭᠦ | ᠡᠲᠡᠭᠡᠳ ᠄ ᠪᠥᠬᠦ ᠤᠯᠤᠰ ᠤᠨ ᠰᠣᠳᠤᠯᠤᠨ ᠰᠤᠷᠤᠭᠴᠢ ᠡᠯᠰᠡᠬᠦ ᠲᠥᠯᠥᠪᠯᠡᠭᠡ ᠳᠤ ᠣᠷᠣᠭᠰᠠᠨ ᠪᠦᠬᠦᠯᠢ ᠡᠳᠦᠷ ᠤᠨ ᠳᠦᠷᠢᠮᠲᠦ ᠮᠠᠰᠲ᠋ᠧᠷ ᠤᠨ ᠰᠣᠳᠤᠯᠤᠨ | ᠰᠤᠷᠤᠭᠴᠢ 30 % ᠂ ᠳ᠋ᠣᠺᠲ᠋ᠣᠷᠠᠨᠲ ᠤᠨ ᠰᠣᠳᠤᠯᠤᠨ ᠰᠤᠷᠤᠭᠴᠢ 50 % ᠃ | ᠪᠠᠷᠢᠮᠵᠢᠶ᠎ᠠ ᠄ ᠰᠣᠳᠤᠯᠤᠨ ᠰᠤᠷᠤᠭᠴᠢ ᠪᠦᠷᠢ ᠵᠢᠯ ᠳᠤ 8000 ᠲᠥᠭᠦᠷᠢᠭ ᠂ ᠳ᠋ᠣᠺᠲ᠋ᠣᠷᠠᠨᠲ ᠪᠦᠷᠢ ᠵᠢᠯ ᠳᠤ 10000 ᠲᠥᠭᠦᠷᠢᠭ ᠃ | | | |