| ︽ ᠨᠢᠭᠡ ᠰᠣᠷᠣᠭᠴᠢ ᠶᠢ ᠴᠤ ᠬᠡᠷ ᠤᠨ ᠠᠮᠢᠳᠤᠷᠠᠯ ᠨᠢ ᠬᠦᠴᠢᠷᠳᠡᠯᠲᠡᠶ ᠠᠴᠠ ᠪᠣᠯᠵᠣ ᠰᠤᠷᠤᠯᠭ᠎ᠠ ᠠᠯᠳᠠᠭᠤᠯᠬᠤ ᠥᠬᠡᠶ ︾ ᠪᠣᠯ ᠨᠠᠮ ᠪᠠ ᠵᠠᠰᠠᠭ ᠤᠨ ᠣᠷᠳᠣᠨ ᠤ | ᠲᠥᠪ ᠴᠢᠩᠭ᠎ᠠ ᠠᠮᠠᠯᠠᠯᠲᠠ ᠮᠥᠨ ᠃ ᠬᠡᠷ ᠤᠨ ᠠᠮᠢᠳᠤᠷᠠᠯ ᠨᠢ ᠬᠦᠴᠢᠷᠳᠡᠯᠲᠡᠶ ᠰᠤᠷᠤᠭᠴᠢᠳ ᠤᠨ ᠰᠤᠷᠭᠠᠨ ᠬᠥᠮᠦᠵᠢᠯ ᠭᠥᠷᠳᠡᠬᠦ ᠡᠷᠬᠡ ᠶᠢ ᠦᠨᠡᠨ ᠬᠦ ᠪᠠᠲᠤᠯᠠᠵᠤ ᠂ | ᠰᠤᠷᠭᠠᠨ ᠬᠥᠮᠦᠵᠢᠯ ᠤᠨ ᠡᠷᠬᠡ ᠲᠡᠭᠰᠢ ᠪᠠᠶᠢᠬᠤ ᠶᠢ ᠠᠬᠢᠭᠤᠯᠬᠤ ᠶᠢᠨ ᠲᠥᠯᠦᠭᠡ ᠂ ᠡᠳᠦᠭᠡ 2023 ᠣᠨ ᠤ ᠤᠯᠤᠰ ᠪᠠ ᠥᠪᠡᠷᠲᠡᠭᠡᠨ ᠵᠠᠰᠠᠬᠤ ᠣᠷᠣᠨ ᠤ ᠳᠡᠭᠡᠳᠦ | ᠰᠤᠷᠭᠠᠭᠤᠯᠢ ᠶᠢᠨ ᠰᠤᠷᠤᠭᠴᠢᠳ ᠢ ᠳᠡᠳᠬᠦᠨ ᠲᠤᠰᠠᠯᠠᠬᠤ ᠲᠥᠷᠥ ᠶᠢᠨ ᠪᠣᠳᠣᠯᠭ᠎ᠠ ᠶᠢ ᠳᠤᠤᠷᠠᠬᠢ ᠮᠡᠲᠦ ᠡᠮᠬᠢᠯᠡᠪᠡ ᠄ | ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ | ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠳᠡᠳᠬᠦᠨ ᠲᠤᠰᠠᠯᠠᠮᠵᠢ ︵ ᠠᠰᠠᠷᠠᠨ ᠬᠥᠮᠥᠵᠢᠭᠦᠯᠬᠦ ᠰᠦᠢᠳᠭᠡᠯ ᠢ ᠬᠡᠯᠲᠦᠷᠢᠭᠦᠯᠬᠦ ︶ | ᠡᠲᠡᠭᠡᠳ ᠄ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢᠶᠠᠷ ᠬᠢᠨᠠᠨ ᠵᠥᠪᠰᠢᠶᠡᠷᠡᠭᠦᠯᠵᠦ | ᠪᠠᠶᠢᠭᠤᠯᠤᠭᠰᠠᠨ ᠠᠯᠪᠠᠨ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠪᠠ ᠲᠦᠭᠡᠮᠡᠯ ᠬᠠᠷᠠᠭᠠᠯᠵᠠᠯᠲᠤ ᠠᠷᠠᠳ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ︵ | ᠬᠡᠦᠬᠡᠳ ᠰᠠᠭᠠᠲᠠᠭᠤᠯᠬᠤ ᠭᠠᠵᠠᠷ ᠂ ᠡᠴᠢᠭᠡ ᠡᠬᠡ ᠦᠷ᠎ᠡ ᠬᠡᠦᠬᠡᠳ ᠤᠨ ᠬᠥᠳᠡᠯᠭᠡᠭᠡᠨ ᠤ ᠲᠠᠯᠠᠪᠤᠷ ᠵᠡᠷᠭᠡ ᠠᠩᠬᠠᠨ ᠤ ᠰᠤᠷᠭᠠᠨ ᠬᠥᠮᠦᠵᠢᠯ ᠤᠨ ᠪᠠᠶᠢᠭᠤᠯᠤᠮᠵᠢ ᠶᠢ | ᠪᠠᠭᠲᠠᠭᠠᠬᠤ ᠥᠬᠡᠶ ︶ ᠲᠤ ᠰᠤᠷᠤᠯᠴᠠᠵᠤ ᠪᠠᠶᠢᠭ᠎ᠠ ᠬᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠬᠡᠦᠬᠡᠳ ᠃ | ᠰᠤᠷᠤᠯᠭ᠎ᠠ ᠶᠢᠨ ᠰᠤᠯᠠ ᠵᠠᠷᠤᠳᠠᠯ ᠢ ᠬᠡᠯᠲᠦᠷᠢᠭᠦᠯᠬᠦ ᠪᠠᠷᠢᠮᠵᠢᠶ᠎ᠠ ᠄ A ᠲᠥᠷᠥᠯ ᠤᠨ ᠭᠡᠷ ᠤᠨ ᠠᠮᠢᠳᠤᠷᠠᠯ ᠨᠢ ᠬᠦᠴᠢᠷᠳᠡᠯᠲᠡᠶ ᠬᠡᠦᠬᠡᠳ ᠤᠨ ᠴᠡᠴᠡᠷᠯᠢᠭ ᠲᠤ | ᠪᠠᠶᠢᠭ᠎ᠠ ᠰᠤᠷᠤᠭᠴᠢ ᠪᠦᠷᠢ ᠳᠤ ᠵᠢᠯ ᠳᠤ 2000 ᠲᠥᠭᠦᠷᠢᠭ ︔ B ᠂ C ᠲᠥᠷᠥᠯ ᠤᠨ ᠭᠡᠷ ᠤᠨ ᠠᠮᠢᠳᠤᠷᠠᠯ ᠨᠢ ᠬᠦᠴᠢᠷᠳᠡᠯᠲᠡᠶ ᠬᠡᠦᠬᠡᠳ ᠤᠨ ᠴᠡᠴᠡᠷᠯᠢᠭ ᠲᠤ | ᠪᠠᠶᠢᠭ᠎ᠠ ᠰᠣᠷᠣᠭᠴᠢ ᠪᠦᠷᠢ ᠳᠤ ᠵᠢᠯ ᠳᠤ 1000 ᠲᠥᠭᠦᠷᠢᠭ ᠃ | ᠠᠯᠪᠠᠨ ᠵᠢᠷᠤᠮ ᠤᠨ ᠰᠤᠷᠭᠠᠨ ᠬᠥᠮᠦᠵᠢᠯ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠤᠯᠭ᠎ᠠ ᠶᠢᠨ ᠰᠤᠯᠠ ᠵᠠᠷᠤᠳᠠᠯ ᠢ ᠬᠡᠯᠲᠦᠷᠢᠭᠦᠯᠵᠦ ᠂ ᠬᠢᠴᠢᠶᠡᠯ ᠤᠨ ᠪᠢᠴᠢᠭ ᠢ ᠲᠥᠯᠦᠪᠦᠷᠢ ᠦᠭᠡᠢ ᠬᠠᠩᠭᠠᠨ᠎ᠠ | ᠡᠲᠡᠭᠡᠳ ᠄ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠳᠤ ᠪᠠᠶᠢᠭ᠎ᠠ ᠪᠥᠬᠦ ᠰᠣᠷᠣᠭᠴᠢ ᠃ ᠪᠠᠶᠢᠷᠢ ᠳᠤ ᠰᠠᠭᠤᠬᠤ ᠰᠤᠷᠤᠭᠴᠢ ᠶᠢᠨ | ᠪᠠᠶᠢᠷᠢ ᠳᠤ ᠰᠠᠭᠤᠬᠤ ᠲᠤᠰᠠᠯᠠᠮᠵᠢ | ᠡᠲᠡᠭᠡᠳ ᠄ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠳᠤ ᠪᠠᠶᠢᠭ᠎ᠠ ᠪᠣᠶ ᠪᠥᠬᠦᠶ ᠪᠠᠶᠢᠷᠢ ᠳᠤ ᠰᠠᠭᠤᠭ᠎ᠠ ᠰᠣᠷᠣᠭᠴᠢ ᠃ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠠᠮᠢᠳᠤᠷᠠᠯ ᠤᠨ ᠵᠠᠷᠤᠳᠠᠯ ᠤᠨ ᠲᠤᠰᠠᠯᠠᠮᠵᠢ ᠪᠠᠶᠢᠷᠢ ᠳᠤ ᠰᠠᠭᠤᠬᠤ ᠰᠤᠷᠤᠭᠴᠢ ᠶᠢᠨ ᠠᠮᠢᠳᠤᠷᠠᠯ ᠤᠨ ᠵᠠᠷᠤᠳᠠᠯ ᠤᠨ | ᠳᠤᠰᠠᠯᠠᠮᠵᠢ ᠪᠠ ᠪᠠᠶᠢᠷᠢ ᠳᠤ ᠰᠠᠭᠤᠬᠤ ᠦᠭᠡᠢ ᠰᠤᠷᠤᠭᠴᠢ ᠶᠢᠨ ᠠᠮᠢᠳᠤᠷᠠᠯ ᠤᠨ ᠵᠠᠷᠤᠳᠠᠯ ᠤᠨ ᠳᠤᠰᠠᠯᠠᠮᠵᠢ ᠭᠡᠵᠦ ᠬᠤᠪᠢᠶᠠᠨ᠎ᠠ ᠃ | ᠪᠠᠶᠢᠷᠢ ᠳᠤ ᠰᠠᠭᠤᠬᠤ ᠰᠤᠷᠤᠭᠴᠢ ᠶᠢᠨ ᠠᠮᠢᠳᠤᠷᠠᠯ ᠤᠨ ᠵᠠᠷᠤᠳᠠᠯ ᠤᠨ ᠲᠤᠰᠠᠯᠠᠮᠵᠢ ᠬᠦᠷᠲᠡᠬᠦ ᠡᠲᠡᠭᠡᠳ ᠄ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠱᠠᠲᠤᠨ ᠤ ᠰᠤᠷᠭᠠᠭᠤᠯᠢ ᠶᠢᠨ ᠬᠠᠷᠢᠶᠠᠯᠠᠯ ᠲᠠᠢ ᠰᠤᠷᠭᠠᠭᠤᠯᠢ ᠳᠤ ᠪᠠᠶᠢᠭ᠎ᠠ ᠭᠡᠷ ᠤᠨ ᠠᠮᠢᠳᠤᠷᠠᠯ ᠨᠢ ᠬᠦᠴᠢᠷᠳᠡᠯᠲᠡᠶ ᠪᠠᠶᠢᠷᠢ ᠳᠤ ᠰᠠᠭᠤᠭ᠎ᠠ ᠰᠤᠷᠤᠭᠴᠢ ᠃ | ᠪᠠᠷᠢᠮᠵᠢᠶ᠎ᠠ ᠄ ᠪᠠᠭ᠎ᠠ ᠰᠤᠷᠭᠠᠭᠤᠯᠢ ᠶᠢᠨ ᠰᠤᠷᠤᠭᠴᠢ ᠪᠦᠷᠢ ᠵᠢᠯ ᠳᠤ 1000 ᠲᠥᠭᠦᠷᠢᠭ ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢ | ᠪᠦᠷᠢ ᠵᠢᠯ ᠳᠤ 1250 ᠲᠥᠭᠦᠷᠢᠭ ᠃ ᠪᠠᠶᠢᠷᠢ ᠳᠤ ᠰᠠᠭᠤᠬᠤ ᠦᠭᠡᠢ ᠰᠤᠷᠤᠭᠴᠢ ᠶᠢᠨ ᠠᠮᠢᠳᠤᠷᠠᠯ ᠤᠨ ᠵᠠᠷᠤᠳᠠᠯ ᠤᠨ ᠲᠤᠰᠠᠯᠠᠮᠵᠢ ᠬᠦᠷᠲᠡᠬᠦ | ᠡᠲᠡᠭᠡᠳ ᠄ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠶᠢᠨ ᠬᠠᠷᠢᠶᠠᠯᠠᠯ ᠲᠠᠢ ᠰᠤᠷᠭᠠᠭᠤᠯᠢ ᠳᠤ ᠪᠠᠶᠢᠭ᠎ᠠ ᠭᠡᠷ ᠤᠨ ᠠᠮᠢᠳᠤᠷᠠᠯ ᠨᠢ | ᠬᠦᠴᠢᠷᠳᠡᠯᠲᠡᠶ ᠪᠠᠶᠢᠷᠢ ᠳᠤ ᠰᠠᠭᠤᠬᠤ ᠦᠭᠡᠢ ᠰᠤᠷᠤᠭᠴᠢ ᠃ | ᠪᠠᠷᠢᠮᠵᠢᠶ᠎ᠠ ᠄ ᠪᠠᠭ᠎ᠠ ᠰᠤᠷᠭᠠᠭᠤᠯᠢ ᠶᠢᠨ ᠰᠤᠷᠤᠭᠴᠢ ᠪᠦᠷᠢ ᠵᠢᠯ ᠳᠤ 500 ᠲᠥᠭᠦᠷᠢᠭ ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢ ᠪᠦᠷᠢ | ᠵᠢᠯ ᠳᠤ 625 ᠲᠥᠭᠦᠷᠢᠭ ᠃ | | | |