| 5 ᠰᠠᠷ᠎ᠠ ᠶᠢᠨ 29 ᠤ ᠡᠳᠦᠷ ᠠᠴᠠ 6 ᠰᠠᠷ᠎ᠠ ᠶᠢᠨ 1 ᠤ ᠡᠳᠦᠷ ᠪᠣᠯᠲᠠᠯ᠎ᠠ ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ ᠂ ᠵᠠᠰᠠᠭ ᠤᠨ ᠣᠷᠳᠣᠨ ᠤ | ᠬᠤᠰᠢᠭᠤᠨ ᠤ ᠳᠠᠷᠤᠭ᠎ᠠ ᠂ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ ᠤᠷᠤᠨ ᠤ ᠨᠠᠮ ᠤᠨ ᠠᠵᠢᠯᠯᠠᠬᠤ ᠬᠤᠷᠢᠶᠠᠨ ᠤ ᠱᠦᠵᠢ ᠂ ᠬᠠᠮᠢᠶᠠᠷᠤᠯᠲᠠ ᠶᠢᠨ ᠵᠥᠪᠯᠡᠯ ᠤᠨ | ᠡᠷᠭᠢᠯᠡᠭᠴᠢ ᠰᠤᠷᠭᠠᠯᠳᠤ ᠪᠦᠯᠬᠦᠮ ᠳᠠᠭᠠᠭᠤᠯᠵᠤ ᠤᠷᠢᠳ ᠬᠤᠵᠢᠳ ᠪᠡᠭᠡᠵᠢᠩ ᠤᠨ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠨᠡᠶᠢᠯᠡᠮᠡᠯ ᠴᠢᠯᠠᠭᠤᠨ ᠲᠣᠰᠣᠨ ᠤ | ᠺᠣᠮᠫᠠᠨᠢ ᠂ ᠲᠢᠶᠠᠨᠵᠢᠨ ᠤ ᠪᠦᠸᠧᠬᠠᠢ ᠬᠢᠮᠢ ᠶᠢᠨ ᠠᠵᠤ ᠦᠢᠯᠡᠳᠪᠦᠷᠢ ᠶᠢᠨ ᠪᠦᠯᠦᠭᠯᠡᠯ ᠳᠤ ᠬᠦᠷᠴᠦ ᠳᠦᠷᠤᠯ ᠵᠤᠶᠢᠯ ᠢ ᠵᠣᠯᠭᠠᠭᠤᠯᠬᠤ ᠠᠵᠢᠯ ᠢ ᠰᠢᠨᠵᠢᠯᠡᠨ | ᠪᠠᠶᠢᠴᠠᠭᠠᠵᠤ ᠂ ᠬᠠᠮᠲᠤᠷᠠᠯᠴᠠᠭᠠᠨ ᠤ ᠤᠴᠢᠷ ᠶᠠᠪᠤᠳᠠᠯ ᠢ ᠵᠥᠪᠳᠡᠯᠴᠡᠪᠡ ᠃ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ ᠤᠷᠤᠨ ᠂ ᠬᠤᠰᠢᠭᠤᠨ ᠤ ᠰᠢᠭᠤᠳ | ᠬᠠᠷᠢᠶ᠎ᠠ ᠬᠤᠯᠪᠤᠬᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠰᠢᠨᠵᠢᠯᠡᠨ ᠪᠠᠶᠢᠴᠠᠭᠠᠵᠤ ᠵᠥᠪᠳᠡᠯᠴᠡᠬᠦ ᠠᠵᠢᠯᠯᠠᠭ᠎ᠠ ᠳᠤ ᠣᠷᠣᠯᠴᠠᠵᠠᠢ ᠃ | 6 ᠰᠠᠷ᠎ᠠ ᠶᠢᠨ 2 ᠤᠨ ᠡᠳᠦᠷ ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠤ᠋ | ᠰᠢᠨ ᠶᠠ ᠵᠡᠭᠦᠨᠭᠠᠷ ᠵᠣᠣ ᠪᠠᠯᠭᠠᠰᠤᠨ ᠳᠤ ᠬᠦᠷᠴᠦ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠂ ᠠᠵᠤ ᠠᠬᠤᠶᠢᠯᠠᠯ ᠪᠠ ᠣᠷᠣᠨ ᠨᠤᠳᠤᠭ | ᠬᠠᠮᠲᠤ ᠪᠠᠷ ᠪᠦᠲᠦᠭᠡᠨ ᠪᠠᠶᠢᠭᠤᠯᠬᠤ ᠵᠡᠷᠭᠡ ᠠᠵᠢᠯ ᠢ ᠪᠠᠶᠢᠴᠠᠭᠠᠨ ᠰᠤᠳᠤᠯᠵᠤ ᠂ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠬᠢᠭᠡᠳ ᠠᠵᠤ | ᠦᠢᠯᠡᠰ ᠤᠨ ᠬᠥᠭᠵᠢᠯᠲᠡ ᠶᠢᠨ ᠣᠷᠭᠠᠨᠢᠭ ᠤᠶᠠᠯᠳᠤᠯ ᠢ ᠠᠬᠢᠭᠤᠯᠵᠤ ᠂ ᠠᠮᠢ ᠠᠬᠤᠢ ᠶᠢᠨ ᠦᠷ᠎ᠡ ᠠᠰᠢᠭ ᠪᠠ ᠠᠵᠤ ᠠᠬᠤᠢ ᠶᠢᠨ ᠦᠷ᠎ᠡ ᠠᠰᠢᠭ ᠤᠨ ᠬᠤᠣᠰ | ᠠᠮᠵᠢᠯᠲᠠ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠂ ᠠᠯᠪᠠᠨ ᠭᠡᠷ ᠤᠨ | ᠡᠷᠬᠢᠯᠡᠭᠴᠢ ᠸᠠᠩ ᠢᠦᠢ ᠵᠢᠶᠧ ᠪᠠᠶᠢᠴᠠᠭᠠᠨ ᠰᠤᠳᠤᠯᠤᠯᠲᠠ ᠳᠤ ᠣᠷᠣᠯᠴᠠᠪᠠ ᠃ | ᠲᠣᠰ ᠡᠳᠦᠷ ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠴᠢᠦᠢ ᠱᠤ᠋ ᠴᠢᠩ | ᠪᠥᠬᠦ ᠬᠤᠰᠢᠭᠤᠨ ᠤ ᠠᠵᠤ ᠠᠬᠤᠶᠢᠯᠠᠯ ᠪᠠ ᠣᠷᠣᠨ ᠨᠤᠲᠤᠭ ᠬᠠᠮᠲᠤ ᠪᠠᠷ ᠪᠦᠲᠦᠭᠡᠨ ᠪᠠᠶᠢᠭᠤᠯᠬᠤ ︵ ᠬᠤᠶᠠᠳᠤᠭᠠᠷ ᠠᠵᠤ ᠦᠢᠯᠡᠰ ᠢᠶᠠᠷ ᠨᠢᠭᠡᠳᠦᠭᠡᠷ ᠠᠵᠤ | ᠦᠢᠯᠡᠰ ᠢ ᠳᠠᠶᠢᠴᠢᠯᠠᠬᠤ ︶ ᠠᠵᠢᠯ ᠤᠨ ᠠᠬᠤᠢ ᠳᠠᠯᠠᠪᠠᠢ ᠶᠢᠨ ᠳᠤᠭᠤᠷᠢᠨ ᠦᠵᠡᠬᠦ ᠳ᠋ᠦᠩᠨᠡᠯᠲᠡ ᠶᠢᠨ ᠬᠤᠷᠠᠯ ᠵᠢᠴᠢ ᠰᠤᠳᠤᠯᠤᠨ ᠶᠠᠷᠢᠯᠴᠠᠬᠤ ᠬᠤᠷᠠᠯ ᠢ ᠡᠷᠭᠢᠯᠡᠨ | ᠬᠤᠷᠠᠯᠳᠤᠭᠤᠯᠵᠤ ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠲᠠᠩ ᠲᠠᠯᠠᠢ ᠬᠤᠷᠠᠯ ᠳᠤ | ᠣᠷᠣᠯᠴᠠᠨ ᠶᠠᠷᠢᠶ᠎ᠠ ᠲᠠᠯᠪᠢᠵᠤ ᠂ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠤᠨ ᠭᠤᠣᠯ ᠬᠠᠷᠢᠭᠤᠴᠠᠯᠭᠠᠲᠠᠳ ᠪᠠ | ᠬᠤᠰᠢᠭᠤᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠢ ᠃ | ᠲᠣᠰ ᠡᠳᠦᠷ ᠂ ᠵᠡᠭᠦᠨᠭᠠᠷ ᠬᠤᠰᠢᠭᠤᠨ ᠤ ᠴᠠᠬᠢᠯᠭᠠᠨ ᠬᠤᠯᠪᠣᠭ᠎ᠠ ᠰᠦᠯᠵᠢᠶ᠎ᠡ ᠶᠢᠨ ᠰᠢᠨ᠎ᠡ ᠬᠡᠯᠪᠡᠷᠢ ᠶᠢᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ | ᠴᠣᠬᠢᠯᠲᠠ ᠥᠭᠴᠦ ᠵᠠᠰᠠᠬᠤ ᠠᠵᠢᠯ ᠤᠨ ᠬᠠᠮᠲᠤᠷᠠᠭᠰᠠᠨ ᠬᠤᠷᠠᠯ ᠡᠮᠤᠨ᠎ᠠ ᠠᠭᠤᠯᠠᠨ ᠤ ᠪᠢᠨ ᠶᠤᠸᠠᠨ ᠳᠤ ᠬᠤᠷᠠᠯᠳᠤᠪᠠ ᠃ ᠬᠤᠰᠢᠭᠤᠨ ᠤ ᠨᠠᠮ ᠤᠨ ᠬᠤᠷᠢᠶ᠎ᠠ ᠶᠢᠨ | ᠳᠡᠳ᠋ ᠱᠦᠵᠢ ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠴᠢᠦᠢ ᠱᠤ᠋ ᠴᠢᠩ ᠪᠣᠯᠣᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ | ᠬᠤᠰᠢᠭᠤᠨ ᠤ ᠳᠡᠳ᠋ ᠳᠠᠷᠤᠭ᠎ᠠ ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠤᠪᠴᠢᠶᠠᠨ ᠳᠠᠷᠤᠭ᠎ᠠ ᠂ ᠬᠤᠰᠢᠭᠤᠨ ᠤ ᠮᠡᠭᠡᠯᠡᠯ ᠢ ᠡᠰᠡᠷᠭᠦᠴᠡᠬᠦ ᠬᠠᠮᠲᠤᠷᠠᠭᠰᠠᠨ | ᠬᠤᠷᠠᠯ ᠤᠨ ᠬᠤᠷᠠᠯᠳᠤᠭᠤᠯᠤᠭᠴᠢ ᠤᠶᠤᠨᠪᠢᠯᠢᠭ᠌ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ ᠃ | 6 ᠰᠠᠷ᠎ᠠ ᠶᠢᠨ 5 ᠤ ᠡᠳᠦᠷ ᠂ ᠵᠡᠭᠦᠨᠭᠠᠷ ᠵᠤᠤ ᠪᠠᠯᠭᠠᠰᠤ ᠲᠣᠰᠬᠤᠨ ᠪᠠ ᠠᠵᠤ ᠠᠬᠤᠶᠢᠯᠠᠯ ᠬᠠᠮᠲᠤᠪᠠᠷ ᠪᠠᠶᠢᠭᠤᠯᠵᠤ ᠬᠤᠯᠪᠤᠭᠠᠯᠠᠨ ᠳᠠᠭᠠᠭᠠᠴᠢᠯᠠᠵᠤ | ᠬᠠᠪᠰᠤᠷᠤᠨ ᠲᠡᠳᠬᠦᠬᠦ ᠲᠦᠷᠦᠯ ᠵᠦᠢᠯ ᠳᠤ ᠭᠠᠷ ᠤᠨ ᠦᠰᠦᠭ ᠵᠢᠷᠤᠬᠤ ᠶᠣᠰᠣᠯᠠᠯ ᠶᠠᠪᠤᠭᠤᠯᠪᠠ ᠃ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ | ᠦᠢᠯᠡᠴᠢᠯᠡᠭᠡᠨ ᠤ ᠲᠥᠪ ᠤᠨ ᠬᠤᠯᠪᠤᠭᠠᠯᠠᠨ ᠳᠠᠭᠠᠭᠠᠴᠢᠯᠠᠵᠤ ᠪᠠᠶᠢᠭ᠎ᠠ ᠬᠤᠸᠠᠩ ᠳᠡᠮᠡᠭᠡᠳᠤ ᠲᠣᠰᠬᠤᠨ ᠬᠢᠭᠡᠳ ᠥᠪᠥᠷ ᠮᠣᠩᠭᠤᠯ ᠤᠨ ᠰᠢ ᠮᠧᠩ ᠶᠤᠸᠠᠢ ᠳ᠋ᠠ | ᠡᠨᠧᠷᠭᠢ ᠶᠢᠨ ᠬᠢᠵᠠᠭᠠᠷᠲᠤ ᠺᠣᠮᠫᠠᠨᠢ ︽ ᠵᠡᠭᠦᠨᠭᠠᠷ ᠬᠤᠰᠢᠭᠤᠨ ᠤ ᠮᠠᠯ ᠠᠵᠤ ᠠᠬᠤᠢ ᠦᠵᠡᠮᠵᠢ ᠬᠠᠷᠢᠯᠴᠠᠨ ᠨᠥᠬᠦᠪᠦᠷᠢᠯᠡᠬᠦ ᠵᠢᠴᠢ ᠲᠦᠮᠡᠨ ᠦᠬᠡᠷ ᠲᠡᠵᠢᠭᠡᠨ | ᠦᠷᠡᠵᠢᠭᠦᠯᠬᠦ ᠭᠡᠷ ᠤᠨ ᠣᠷᠣᠢ ᠶᠢᠨ ᠲᠠᠷᠬᠠᠯᠲᠠ ᠶᠢᠨ ᠬᠡᠯᠪᠡᠷᠢ ᠶᠢᠨ ᠬᠡᠷᠡᠯ ᠴᠡᠨᠡᠭ ᠤᠨ ᠲᠥᠷᠥᠯ ᠵᠦᠢᠯ ︾ ᠤᠨ ᠬᠠᠮᠲᠤᠷᠠᠯᠴᠠᠭᠠᠨ ᠤ ᠵᠦᠪᠳᠡᠯᠴᠡᠭᠡᠷ ᠲᠤ ᠵᠢᠩᠬᠢᠨᠢ ᠪᠠᠷ | ᠭᠠᠷ ᠤᠨ ᠥᠰᠥᠭ ᠵᠢᠷᠤᠪᠠ ᠃ ᠲᠤᠰ ᠲᠦᠷᠦᠯ ᠵᠦᠢᠯ ᠢ ᠥᠪᠥᠷ ᠮᠣᠩᠭᠤᠯ ᠤᠨ ᠰᠢ ᠮᠧᠩ ᠶᠤᠸᠠᠢ ᠳ᠋ᠠ ᠡᠨᠧᠷᠭᠢ ᠶᠢᠨ ᠬᠢᠵᠠᠭᠠᠷᠲᠤ ᠺᠣᠮᠫᠠᠨᠢ ᠠᠴᠠ ᠪᠡᠯᠡ | ᠣᠷᠣᠭᠤᠯᠤᠨ ᠪᠦᠲᠦᠭᠡᠨ ᠪᠠᠶᠢᠭᠤᠯᠵᠤ ᠂ ᠶᠡᠷᠦᠩᠬᠡᠢ ᠪᠡᠯᠡ ᠣᠷᠣᠭᠤᠯᠤᠯᠲᠠ ᠨᠢ 1 ᠳ᠋ᠦᠩᠰᠢᠭᠤᠷ ᠢ ᠳᠠᠪᠠᠵᠠᠢ ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ | ᠦᠢᠯᠡᠰ ᠤᠨ ᠨᠡᠭᠡᠭᠡᠯᠲᠡ ᠶᠢᠨ ᠤᠷᠤᠨ ᠤ ᠨᠠᠮ ᠤᠨ ᠠᠵᠢᠯᠯᠠᠬᠤ ᠬᠤᠷᠢᠶ᠎ᠠ ᠶᠢᠨ ᠳᠡᠳ᠋ ᠱᠦᠵᠢ ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠵᠠᠩ ᠫᠧᠩ ᠴᠧᠩ ᠂ | ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠨᠠᠮ ᠤᠨ ᠳᠤᠭᠤᠶᠢᠯᠠᠩ ᠤᠨ ᠪᠦᠷᠢᠯᠳᠦᠭᠦᠨ ᠂ ᠲᠣᠪᠴᠢᠶᠠᠨ ᠤ ᠳᠡᠳ᠋ ᠳᠠᠷᠤᠭ᠎ᠠ ᠂ ᠬᠤᠲᠠ ᠶᠢᠨ | ᠬᠤᠯᠪᠣᠭᠠᠯᠠᠨ ᠳᠠᠭᠠᠭᠠᠴᠢᠯᠠᠵᠤ ᠲᠣᠰᠬᠤᠨ ᠳᠤ ᠰᠠᠭᠤᠭ᠎ᠠ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠪᠠᠶᠢᠩᠭᠤ ᠶᠢᠨ ᠳᠡᠳ᠋ ᠡᠷᠬᠢᠯᠡᠭᠴᠢ ᠸᠠᠩ | ᠢᠦᠢ ᠹᠧᠢ ᠂ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠨᠠᠮ ᠤᠨ ᠳᠤᠭᠤᠶᠢᠯᠠᠩ ᠤᠨ ᠪᠦᠷᠢᠯᠳᠦᠭᠦᠨ ᠂ ᠵᠠᠮ ᠬᠠᠷᠢᠯᠴᠠᠭ᠎ᠠ ᠲᠡᠭᠡᠭᠡᠪᠦᠷᠢ ᠶᠢᠨ | ᠦᠢᠯᠡᠴᠢᠯᠡᠭᠡᠨ ᠤ ᠲᠥᠪ ᠤᠨ ᠨᠠᠮ ᠤᠨ ᠬᠤᠷᠢᠶ᠎ᠠ ᠶᠢᠨ ᠱᠦᠵᠢ ᠂ ᠡᠷᠬᠢᠯᠡᠭᠴᠢ ᠶᠢᠨ ᠯᠧᠢ ᠯᠧᠢ ᠂ ᠬᠤᠰᠢᠭᠤᠨ ᠤ ᠵᠠᠰᠠᠭ ᠤᠨ ᠣᠷᠳᠣᠨ ᠤ ᠬᠤᠰᠢᠭᠤᠨ ᠤ ᠳᠡᠳ᠋ | ᠳᠠᠷᠤᠭ᠎ᠠ ᠸᠠᠩ ᠵᠢᠩ ᠯᠦᠩ ᠂ ᠬᠤᠲᠠ ᠬᠤᠰᠢᠭᠤ ᠬᠤᠶᠠᠷ ᠱᠠᠲᠤᠨ ᠤ ᠬᠤᠯᠪᠣᠭᠠᠯᠠᠨ ᠳᠠᠭᠠᠭᠠᠴᠢᠯᠠᠵᠤ ᠲᠣᠰᠬᠤᠨ ᠳᠤ ᠰᠠᠭᠤᠭ᠎ᠠ ᠠᠵᠢᠯ ᠤᠨ ᠠᠯᠪᠠᠨ ᠭᠡᠷ ᠂ | ᠬᠤᠯᠪᠣᠭᠠᠯᠠᠨ ᠳᠠᠭᠠᠭᠠᠴᠢᠯᠠᠵᠤ ᠲᠣᠰᠬᠤᠨ ᠳᠤ ᠰᠠᠭᠤᠭ᠎ᠠ ᠪᠠᠶᠢᠭᠤᠯᠭ᠎ᠠ ᠨᠢᠭᠡᠴᠢ ᠂ ᠤᠷᠤᠨ ᠨᠤᠳᠤᠭ ᠲᠤ ᠰᠠᠭᠤᠷᠢᠰᠢᠬᠰᠠ ᠠᠵᠤ ᠠᠬᠤᠶᠢᠯᠠᠯ ᠤᠨ ᠬᠤᠯᠪᠤᠬᠳᠠᠯ | ᠪᠦᠬᠦᠢ ᠬᠠᠷᠢᠭᠤᠴᠠᠯᠭᠠᠲᠠᠳ ᠣᠷᠣᠯᠴᠠᠵᠠᠢ ᠃ | 6 ᠰᠠᠷ᠎ᠠ ᠶᠢᠨ 7 ᠤ ᠡᠳᠦᠷ ᠂ ᠪᠥᠬᠦ ᠬᠤᠲᠠ ᠶᠢᠨ ᠵᠠᠰᠠᠭ ᠤᠨ ᠣᠷᠳᠣᠨ ᠤ ᠰᠢᠰᠲ᠋ᠧᠮ ᠤᠨ 2023 ᠣᠨ ᠤ ᠬᠤᠶᠠᠳᠤᠭᠠᠷ ᠬᠤᠭᠤᠴᠠᠭᠠᠨ ᠤ ᠤᠳᠤᠷᠢᠳᠬᠤ | ᠺᠠᠳ᠋ᠷᠴᠤᠳ ᠤᠨᠶᠡᠭᠡ ᠬᠢᠴᠢᠶᠡᠯ ᠤᠨ ᠲᠠᠩᠬᠢᠮ ᠤᠨ ᠬᠢᠴᠢᠶᠡᠯᠯᠡᠭᠡ ᠶᠠᠪᠤᠭᠳᠠᠪᠠ ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ ᠂ ᠬᠤᠲᠠ ᠶᠢᠨ ᠳᠠᠷᠤᠭ᠎ᠠ ᠳ᠋ᠦ᠋ | ᠬᠤᠢ ᠯᠢᠶᠠᠩ ᠬᠤᠷᠠᠯ ᠳᠤ ᠣᠷᠣᠯᠴᠠᠪᠠ ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠂ ᠬᠤᠲᠠ ᠶᠢᠨ ᠳᠡᠳ᠋ ᠳᠠᠷᠤᠭ᠎ᠠ ᠰᠤ᠋ ᠼᠦᠢ ᠹᠠᠩ | ᠬᠤᠷᠠᠯ ᠢ ᠡᠷᠭᠢᠯᠡᠪᠡ ᠃ ᠬᠤᠲᠠ ᠶᠢᠨ ᠳᠡᠳ᠋ ᠳᠠᠷᠤᠭ᠎ᠠ ᠡᠷᠳᠡᠨᠢᠪᠢᠯᠢᠭ ᠂ ᠵᠢᠷᠤᠮᠳᠤ ᠬᠤᠷᠠᠯ ᠳᠤ ᠣᠷᠣᠯᠴᠠᠪᠠ ᠃ ᠬᠢᠴᠢᠶᠡᠯ ᠤᠨ ᠲᠠᠩᠬᠢᠮ ᠤᠨ ᠬᠢᠨ ᠴᠢᠩᠬᠤᠸᠠ ᠶᠡᠭᠡ | ᠰᠤᠷᠭᠠᠭᠤᠯᠢ ᠶᠢᠨ ᠳᠤᠮᠳᠠᠳᠤ ᠤᠯᠤᠰ ᠤᠨ ᠠᠵᠤ ᠠᠬᠤᠢ ᠶᠢᠨ ᠦᠵᠡᠯ ᠰᠠᠨᠠᠭ᠎ᠠ ᠬᠢᠭᠡᠳ ᠦᠢᠯᠡᠳᠦᠯᠭᠡ ᠶᠢᠨ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠯᠢ ᠳ᠋ᠣᠣ | ᠺᠦᠢ ᠶᠢ ᠤᠷᠢᠵᠤ ︽ ᠣᠳᠣᠬᠠᠨ ᠤ ᠳᠤᠮᠳᠠᠳᠤ ᠤᠯᠤᠰ ᠬᠢᠭᠡᠳ ᠳᠡᠯᠡᠬᠡᠢ ᠶᠢᠨ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ ᠤᠨ ᠵᠠᠳᠠᠯᠤᠯᠲᠠ ᠪᠠ ᠪᠠᠷᠠᠯᠠᠯ ︾ | ᠭᠡᠬᠦ ᠰᠡᠳᠦᠪ ᠢᠶᠠᠷ ᠲᠤᠰᠬᠠᠢ ᠰᠡᠳᠦᠪᠲᠦ ᠲᠠᠶᠢᠯᠤᠮᠵᠢ ᠬᠢᠯᠭᠡᠵᠡᠢ ᠃ ᠬᠤᠰᠢᠭᠤᠨ ᠤ ᠤᠳᠤᠷᠢᠳᠤᠯᠭ᠎ᠠ ᠰᠤᠷᠭᠠᠯᠳᠤ ᠂ ᠤᠶᠤᠨᠪᠢᠯᠢᠭ᠌ ᠂ ᠦ᠋ ᠰᠢᠦᠢ ᠳ᠋ᠦᠩ ᠂ ᠬᠤᠸᠠᠩ | ᠯᠧᠢ ᠵᠢᠴᠢ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ ᠤᠷᠤᠨ ᠂ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠪᠠ | ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠵᠡᠭᠦᠨᠭᠠᠷ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠶ ᠳᠤ | ᠬᠤᠷᠠᠯ ᠳᠤ ᠣᠷᠣᠯᠴᠠᠵᠠᠢ ᠃ | ᠲᠣᠰ ᠡᠳᠦᠷ ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠂ ᠬᠤᠰᠢᠭᠤᠨ ᠤ ᠤᠯᠤᠰ | ᠲᠥᠷᠥ ᠶᠢᠨ ᠵᠥᠪᠯᠡᠯᠭᠡᠨ ᠤ ᠨᠠᠮ ᠤᠨ ᠳᠤᠭᠤᠶᠢᠯᠠᠩ ᠤᠨ ᠳᠡᠳ᠋ ᠱᠦᠵᠢ ᠲᠠᠩ ᠲᠠᠯᠠᠢ ᠰᠢᠤᠸᠠᠢ ᠵᠢᠶᠠ ᠸᠠᠨ ᠪᠠᠯᠭᠠᠰᠤᠨ ᠳᠤ ᠬᠦᠷᠴᠦ ︽ ᠵᠢᠱᠢᠶᠡᠴᠢ ᠥᠪᠡᠷᠲᠡᠭᠡᠨ | ᠵᠠᠰᠠᠬᠤ ᠣᠷᠣᠨ ︾ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠡᠭᠦᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠱᠠᠯᠠᠪᠳᠠᠭᠤᠯᠤᠨ ᠵᠢᠯᠤᠭᠤᠳᠴᠤ ᠪᠠᠶᠢᠴᠠᠭᠠᠨ | ᠰᠤᠳᠤᠯᠪᠠ ᠃ ᠬᠤᠰᠢᠭᠤᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠂ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠂ ᠬᠤᠰᠢᠭᠤᠨ ᠤ ᠨᠠᠮ ᠤᠨ | ᠬᠤᠷᠢᠶ᠎ᠠ ᠶᠢᠨ ᠱᠠᠯᠠᠪᠳᠠᠭᠤᠯᠤᠨ ᠪᠠᠶᠢᠴᠠᠭᠠᠬᠤ ᠲᠠᠰᠤᠭ ᠤᠨ ᠬᠤᠯᠪᠤᠬᠳᠠᠯ ᠪᠦᠬᠦᠢ ᠬᠠᠷᠢᠭᠤᠴᠠᠯᠭᠠᠲᠠᠳ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ ᠃ | ᠲᠣᠰ ᠡᠳᠦᠷ ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ | ᠬᠤᠷᠢᠶ᠎ᠠ ᠶᠢᠨ ᠱᠦᠵᠢ ᠂ ᠲᠣᠪᠴᠢᠶᠠᠨ ᠳᠠᠷᠤᠭ᠎ᠠ ᠤᠶᠤᠨᠪᠢᠯᠢᠭ᠌ ᠵᠡᠭᠦᠨᠭᠠᠷ ᠬᠤᠰᠢᠭᠤᠨ ᠤ ᠱᠢ ᠵᠢᠢ ᠳᠤᠮᠳᠠᠳᠤ ᠰᠤᠷᠭᠠᠭᠤᠯᠢ ᠳᠤ ᠬᠦᠷᠴᠦ 2023 ᠣᠨ ᠤ ᠶᠡᠭᠡ | ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠢ ᠰᠢᠯᠭᠠᠯᠲᠠ ᠶᠢᠨ ᠠᠮᠤᠷ ᠢ ᠬᠠᠮᠠᠭᠠᠯᠠᠬᠤ ᠠᠵᠢᠯ ᠢ ᠱᠠᠯᠠᠪᠳᠠᠭᠤᠯᠤᠨ ᠵᠢᠯᠣᠭᠤᠳᠪᠠ ᠃ | 6 ᠰᠠᠷ᠎ᠠ ᠶᠢᠨ 8 ᠤ ᠡᠳᠦᠷ ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠂ | ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠳᠤᠭᠤᠶᠢᠯᠠᠩ ᠤᠨ ᠳᠡᠳ᠋ ᠱᠦᠵᠢ ᠲᠠᠩ ᠲᠠᠯᠠᠢ ᠨᠠᠷ ᠱᠢ ᠡᠯ ᠯᠢᠶᠠᠨ ᠴᠧᠩ ᠰᠢᠶᠠᠩ ᠳᠤ | ᠭᠦᠨᠵᠡᠭᠡᠶᠢᠷᠡᠨ ︽ ᠵᠢᠱᠢᠶᠡᠴᠢ ᠥᠪᠡᠷᠲᠡᠭᠡᠨ ᠵᠠᠰᠠᠬᠤ ᠣᠷᠣᠨ ︾ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢ ᠨᠠᠶᠢᠳᠠᠪᠤᠷᠢᠵᠢᠭᠤᠯᠵᠤ ᠪᠠᠶᠢᠭ᠎ᠠ ᠠᠵᠢᠯ ᠤᠨ | ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ ᠃ | ᠲᠤᠰ ᠡᠳᠦᠷ ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ ᠂ ᠬᠤᠳᠠ ᠶᠢᠨ ᠳᠠᠷᠤᠭ᠎ᠠ ᠳ᠋ᠦ᠋ ᠬᠤᠢ ᠯᠢᠶᠠᠩ ᠵᠡᠭᠦᠨᠭᠠᠷ ᠬᠤᠰᠢᠭᠤᠨ ᠳᠤ ᠬᠦᠷᠴᠦ | ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠣᠯᠣᠨ ᠠᠶᠤᠯᠭᠦᠢ ᠦᠢᠯᠡᠳᠪᠦᠷᠢᠯᠡᠯ ᠤᠨ ᠠᠵᠢᠯ ᠢ ᠱᠠᠯᠠᠪᠳᠠᠭᠤᠯᠤᠨ ᠵᠢᠯᠣᠭᠤᠳᠪᠠ ᠃ | ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠂ ᠵᠠᠰᠠᠭ ᠤᠨ ᠣᠷᠳᠣᠨ ᠤ ᠬᠤᠰᠢᠭᠤᠨ ᠤ ᠳᠠᠷᠤᠭ᠎ᠠ ᠂ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ | ᠤᠷᠤᠨ ᠤ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠰᠤᠷᠭᠠᠯᠳᠤ ᠂ ᠬᠤᠰᠢᠭᠤᠨ ᠤ ᠳᠡᠳ᠋ ᠳᠠᠷᠤᠭ᠎ᠠ ᠯᠢᠦ ᠢᠦᠢ | ᠴᠧᠩ ᠣᠷᠣᠯᠴᠠᠵᠠᠢ ᠃ | 6 ᠰᠠᠷ᠎ᠠ ᠶᠢᠨ 5 ᠤ ᠡᠳᠦᠷ ᠠᠴᠠ 8 ᠤ ᠡᠳᠦᠷ ᠪᠣᠯᠲᠠᠯ᠎ᠠ ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠂ ᠬᠤᠰᠢᠭᠤᠨ ᠤ ᠨᠠᠮ ᠤᠨ | ᠬᠤᠷᠢᠶᠠᠨ ᠤ ᠱᠦᠵᠢ ᠰᠤ᠋ ᠰᠢᠨ ᠶᠠ ᠪᠡᠭᠡᠵᠢᠩ ᠤᠨ ᠬᠤᠪᠢ ᠡᠵᠡᠮᠳᠡᠯ ᠤᠨ ᠪᠦᠯᠦᠭᠯᠡᠯ ᠂ ᠳᠤᠮᠳᠠᠳᠤ ᠤᠯᠤᠰ ᠤᠨ ᠴᠢᠯᠠᠭᠤᠨ ᠳᠤᠰᠤᠨ ᠤ ᠬᠢᠮᠢ ᠶᠢᠨ ᠠᠵᠤ | ᠦᠢᠯᠡᠳᠪᠦᠷᠢ ᠶᠢᠨ ᠴᠠᠩ ᠴᠧᠩ ᠡᠨᠧᠷᠭᠢ ᠬᠢᠮᠢ ᠶᠢᠨ ᠠᠵᠤ ᠦᠢᠯᠡᠳᠪᠦᠷᠢ ᠶᠢᠨ ᠪᠦᠯᠦᠭᠯᠡᠯ ᠳᠤ ᠬᠦᠷᠴᠦ ᠭᠤᠤᠯᠳᠠᠯᠭ᠎ᠠ ᠲᠠᠢ ᠳᠦᠷᠤᠯ ᠵᠤᠶᠢᠯ ᠢ ᠵᠤᠯᠭᠠᠭᠤᠯᠤᠨ | ᠠᠬᠢᠭᠤᠯᠪᠠ᠃ | 6 ᠰᠠᠷ᠎ᠠ ᠶᠢᠨ 9 ᠤ ᠡᠳᠦᠷ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠳᠡᠳ᠋ ᠡᠷᠬᠢᠯᠡᠭᠴᠢ ᠯᠢ ᠪᠢᠩ ᠷᠦᠩ ᠵᠡᠭᠦᠨᠭᠠᠷ ᠬᠤᠰᠢᠭᠤᠨ ᠳᠤ ᠬᠦᠷᠴᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠵᠤ ᠪᠠᠶᠢᠭ᠎ᠠ | ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ | ᠵᠠᠩ ᠵᠠᠨ ᠯᠢᠨ ᠂ ᠳᠡᠳ᠋ ᠡᠷᠬᠢᠯᠡᠭᠴᠢ ᠵᠣᠣ ᠹᠧᠢ ᠯᠦ ᠂ ᠨᠠᠷᠢᠨ ᠪᠢᠴᠢᠭ ᠤᠨ ᠳᠠᠷᠤᠭ᠎ᠠ ᠯᠢ ᠰᠢᠨ ᠱᠤ᠋ ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠦ ᠵᠠᠨ ᠴᠢᠩ ᠂ ᠳᠡᠳ᠋ ᠡᠷᠬᠢᠯᠡᠭᠴᠢ ᠷᠧᠨ ᡁᠢ ᠶᠤᠸᠠᠨ ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ | ᠬᠤᠰᠢᠭᠤᠨ ᠤ ᠳᠡᠳ᠋ ᠳᠠᠷᠤᠭ᠎ᠠ ᠯᠢᠦ ᠢᠦᠢ ᠴᠧᠩ ᠂ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ ᠤᠷᠤᠨ ᠤ ᠬᠤᠯᠪᠤᠬᠳᠠᠯ ᠪᠦᠬᠦᠢ ᠬᠠᠷᠢᠭᠤᠴᠠᠯᠭᠠᠲᠠᠨ ᠨᠥᠬᠦᠳ | ᠣᠷᠣᠯᠴᠠᠵᠠᠢ ᠃ | ᠳᠤᠰ ᠡᠳᠦᠷ ᠂ ᠵᠡᠭᠦᠨᠭᠠᠷ ᠬᠤᠰᠢᠭᠤ ︽ ᠵᠡᠭᠦᠨᠭᠠᠷ ᠤᠨ ᠠᠯᠪᠠᠨ ᠵᠢᠷᠤᠮ ᠤᠨ ᠴᠠᠭᠳᠠᠭ᠎ᠠ ︾ ᠶᠢᠨ ᠡᠬᠢᠯᠡᠯᠲᠡ ᠶᠢᠨ ᠶᠣᠰᠣᠯᠠᠯ ᠶᠠᠪᠤᠭᠤᠯᠪᠠ ᠃ ᠬᠤᠰᠢᠭᠤᠨ ᠤ | ᠨᠠᠮ ᠤᠨ ᠬᠤᠷᠢᠶ᠎ᠠ ᠶᠢᠨ ᠳᠡᠳ᠋ ᠱᠦᠵᠢ ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠴᠢᠦᠢ ᠱᠤ᠋ ᠴᠢᠩ ᠶᠣᠰᠣᠯᠠᠯ ᠳᠤ ᠣᠷᠣᠯᠴᠠᠵᠤ ᠶᠠᠷᠢᠶ᠎ᠠ | ᠲᠠᠯᠪᠢᠪᠠ ᠂ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠱᠦᠵᠢ ᠂ | ᠲᠣᠪᠴᠢᠶᠠᠨ ᠳᠠᠷᠤᠭ᠎ᠠ ᠤᠶᠤᠨᠪᠢᠯᠢᠭ᠌ ᠶᠣᠰᠣᠯᠠᠯ ᠳᠤ ᠣᠷᠣᠯᠴᠠᠭᠰᠠᠨ ᠪᠥᠭᠡᠳ ᠠᠯᠪᠠᠨ ᠵᠢᠷᠤᠮ ᠤᠨ ᠴᠠᠭᠳᠠᠭ᠎ᠠ ᠶᠢᠨ ᠲᠥᠯᠥᠭᠡᠯᠡᠭᠴᠢᠳ ᠲᠤ ᠲᠤᠭ ᠭᠠᠷᠳᠠᠭᠤᠯᠵᠤ ᠂ | ᠬᠤᠰᠢᠭᠤᠨ ᠤ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠂ ᠶᠢᠩ ᠽᠧ | ᠵᠡᠭᠡᠯᠢ ᠭᠤᠳᠤᠮᠵᠢ ᠂ ᠰᠢᠩ ᠯᠦᠩ ᠵᠡᠭᠡᠯᠢ ᠭᠤᠳᠤᠮᠵᠢ ᠂ ︽ ᠵᠡᠭᠦᠨᠭᠠᠷ ᠤᠨ ᠠᠯᠪᠠᠨ ᠵᠢᠷᠤᠮ ᠤᠨ ᠴᠠᠭᠳᠠᠭ᠎ᠠ ︾ ᠶᠢᠨ ᠪᠦᠷᠢᠯᠳᠦᠬᠦᠨ ᠨᠡᠶᠢᠲᠡ 260 ᠭᠠᠷᠤᠢ ᠬᠥᠮᠥᠨ | ᠡᠬᠢᠯᠡᠯᠲᠡ ᠶᠢᠨ ᠶᠣᠰᠣᠯᠠᠯ ᠳᠤ ᠣᠷᠣᠯᠴᠠᠵᠠᠢ ᠃ | ᠲᠣᠰ ᠡᠳᠦᠷ ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠂ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠳ᠋ᠦ᠋ ᠶᠠᠨ ᠪᠢᠨ | ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ ᠤᠷᠤᠨ ᠤ ᠳ᠋ᠠ ᠯᠤ᠋ ᠠᠵᠤ ᠦᠢᠯᠡᠰ ᠤᠨ ᠬᠦᠷᠢᠶᠡᠯᠡᠩ ᠂ ᠳ᠋ᠠ ᠯᠤ᠋ ᠪᠠᠯᠭᠠᠰᠤ ᠂ ᠪᠤᠷᠤᠳᠤᠬᠤᠢ ᠰᠤᠮᠤ ᠵᠡᠷᠭᠡ | ᠭᠠᠵᠠᠷ ᠤᠳ ᠢᠶᠠᠷ ᠭᠦᠨᠵᠡᠭᠡᠶᠢᠷᠡᠵᠦ ᠂ ᠪᠥᠬᠦ ᠬᠤᠰᠢᠭᠤᠨ ᠤ ᠴᠢᠬᠤᠯᠠ ᠶᠡᠭᠡ ᠲᠥᠷᠥᠯ ᠵᠦᠢᠯ ᠤᠨ ᠠᠵᠢᠯ ᠡᠬᠢᠯᠡᠭᠦᠯᠬᠦ ᠶᠢ ᠯᠠᠪᠳᠠᠭᠤᠨ ᠪᠠᠲᠤᠲᠠᠢ ᠠᠬᠢᠭᠤᠯᠬᠤ ᠠᠬᠤᠢ | ᠳᠠᠯᠠᠪᠠᠢ ᠶᠢᠨ ᠲᠣᠬᠢᠷᠠᠭᠤᠯᠤᠯᠲᠠ ᠬᠢᠪᠡ ᠃ | ᠲᠣᠰ ᠡᠳᠦᠷ ᠂ ᠵᠡᠭᠦᠨᠭᠠᠷ ᠬᠤᠰᠢᠭᠤᠨ ᠤ 2023 ᠣᠨ ᠤ ᠠᠵᠢᠯ ᠮᠡᠷᠭᠡᠵᠢᠯ ᠤᠨ ᠤᠷ᠎ᠠ ᠮᠡᠷᠭᠡᠵᠢᠯ ᠤᠨ ᠤᠷᠤᠯᠳᠤᠭᠠᠨ ᠵᠢᠴᠢ ᠣᠷᠳᠣᠰ ᠬᠤᠲᠠ ᠶᠢᠨ ᠠᠷᠪᠠᠨ | ᠨᠢᠭᠡᠳᠦᠭᠡᠷ ᠬᠤᠭᠤᠴᠠᠭᠠᠨ ᠤ ᠠᠵᠢᠯ ᠮᠡᠷᠭᠡᠵᠢᠯ ᠤᠨ ᠤᠷ᠎ᠠ ᠮᠡᠷᠭᠡᠵᠢᠯ ᠤᠨ ᠤᠷᠤᠯᠳᠤᠭᠠᠨ ᠤ ᠵᠡᠭᠦᠨᠭᠠᠷ ᠬᠤᠰᠢᠭᠤᠨ ᠤ ᠰᠢᠯᠭᠠᠷᠠᠭᠤᠯᠬᠤ ᠤᠷᠤᠯᠳᠤᠭᠠᠨ ᠵᠡᠭᠦᠨᠭᠠᠷ | ᠬᠤᠰᠢᠭᠤᠨ ᠤ ᠠᠵᠢᠯ ᠮᠡᠷᠭᠡᠵᠢᠯ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠣᠷᠳᠣᠨ ᠳᠤ ᠡᠬᠢᠯᠡᠪᠡ ᠃ ᠬᠤᠰᠢᠭᠤᠨ ᠤ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠶᠣᠣ ᠵᠢᠶᠦ᠋ᠨ ᠤᠷᠤᠯᠳᠤᠭᠠᠨ ᠡᠬᠢᠯᠡᠭᠰᠡᠨ ᠢ ᠵᠠᠷᠯᠠᠵᠤ ᠂ ᠵᠠᠰᠠᠭ ᠤᠨ | ᠣᠷᠳᠣᠨ ᠤ ᠬᠤᠰᠢᠭᠤᠨ ᠤ ᠳᠡᠳ᠋ ᠳᠠᠷᠤᠭ᠎ᠠ ᠬᠤᠸᠠᠩ ᠯᠧᠢ ᠪᠠᠶᠠᠷ ᠤᠨ ᠦᠭᠡ ᠬᠡᠯᠡᠵᠦ ᠂ ᠭᠤᠣᠯᠯᠠᠨ ᠡᠷᠭᠢᠯᠡᠭᠰᠡᠨ ᠪᠠ ᠳᠠᠭᠠᠭᠠᠨ ᠡᠷᠭᠢᠯᠡᠭᠰᠡᠨ ᠨᠢᠭᠡᠴᠢ ᠶᠢᠨ | ᠬᠤᠯᠪᠤᠬᠳᠠᠯ ᠪᠦᠬᠦᠢ ᠬᠠᠷᠢᠭᠤᠴᠠᠯᠭᠠᠲᠠᠳ ᠶᠣᠰᠣᠯᠠᠯ ᠳᠤ ᠣᠷᠣᠯᠴᠠᠭᠰᠠᠨ ᠪᠥᠭᠡᠳ ᠡᠯ᠎ᠡ ᠲᠥᠷᠥᠯ ᠵᠦᠢᠯ ᠤᠨ ᠤᠷᠤᠯᠳᠤᠭᠠᠨ ᠤ ᠳᠠᠯᠠᠪᠠᠢ ᠶᠢ ᠲᠣᠭᠤᠷᠢᠨ ᠦᠵᠡᠪᠡ ᠃ | 6 ᠰᠠᠷ᠎ᠠ ᠶᠢᠨ 12 ᠤᠨ ᠡᠳᠦᠷ ᠂ ᠣᠷᠳᠣᠰ ᠬᠤᠲᠠ ᠪᠥᠬᠦ ᠬᠤᠲᠠ ᠶᠢᠨ ᠬᠡᠤᠬᠡᠳ ᠰᠠᠭᠠᠳᠠᠭᠤᠯᠵᠤ ᠬᠥᠮᠥᠵᠢᠭᠦᠯᠬᠦ ᠦᠢᠯᠡᠴᠢᠯᠡᠭᠡᠨ ᠤ ᠠᠵᠢᠯ ᠢ ᠠᠬᠢᠭᠤᠯᠬᠤ | ᠬᠤᠷᠠᠯ ᠵᠢᠴᠢ ᠠᠬᠤᠢ ᠳᠠᠯᠠᠪᠠᠢ ᠶᠢᠨ ᠲᠤᠷᠰᠢᠯᠭ᠎ᠠ ᠰᠣᠯᠢᠯᠴᠠᠬᠤ ᠬᠤᠷᠠᠯ ᠢ ᠡᠷᠭᠢᠯᠡᠪᠡ ᠃ ᠬᠤᠷᠠᠯ ᠳᠡᠭᠡᠷ᠎ᠡ ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ | ᠬᠤᠰᠢᠭᠤᠨ ᠤ ᠳᠡᠳ᠋ ᠳᠠᠷᠤᠭ᠎ᠠ ᠵᠠᠩ ᠶᠠ ᠨᠠᠨ ︽ ᠳᠡᠭᠡᠳᠦ ᠪᠠᠶᠢᠷᠢᠨ ᠳᠤ ᠠᠬᠢᠭᠤᠯᠤᠨ ᠂ ᠨᠢᠭᠡᠳᠦᠯᠲᠡᠢ ᠲᠥᠯᠥᠪᠯᠡᠨ ᠵᠣᠬᠢᠴᠠᠭᠤᠯᠵᠤ ᠂ ᠪᠥᠬᠦ ᠬᠤᠰᠢᠭᠤᠨ ᠤ ᠬᠡᠦᠬᠡᠳ | ᠰᠠᠭᠠᠳᠠᠭᠤᠯᠵᠤ ᠬᠥᠮᠥᠵᠢᠭᠦᠯᠬᠦ ᠦᠢᠯᠡᠴᠢᠯᠡᠭᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠢᠶᠠᠷ ᠠᠬᠢᠭᠤᠯᠤᠶ᠎ᠠ ︾ ᠭᠡᠬᠦ ᠰᠡᠳᠦᠪ ᠢᠶᠠᠷ ᠨᠡᠶᠢᠲᠡᠯᠢᠭ | ᠶᠠᠷᠢᠶ᠎ᠠ ᠲᠠᠯᠪᠢᠪᠠ ᠃ | 6 ᠰᠠᠷ᠎ᠠ ᠶᠢᠨ 13 ᠤ ᠡᠳᠦᠷ ᠂ ᠪᠥᠬᠦ ᠣᠷᠣᠨ ᠤ ᠤᠳᠤᠷᠢᠳᠬᠤ ᠺᠠᠳ᠋ᠷᠴᠤᠳ ᠤᠨ ᠶᠡᠭᠡ ᠬᠤᠷᠠᠯ ᠬᠥᠬᠡᠬᠤᠲᠠ ᠳᠤ ᠬᠤᠷᠠᠯᠳᠤᠵᠤ ᠂ ᠶᠡᠷᠦᠩᠬᠡᠢ ᠱᠦᠵᠢ ᠰᠢ ᠶᠢᠨ | ᠫᠢᠩ ᠤᠨ ᠮᠠᠨ ᠤ ᠣᠷᠣᠨ ᠳᠤ ᠰᠢᠨᠵᠢᠯᠡᠨ ᠪᠠᠶᠢᠴᠠᠭᠠᠬᠤ ᠬᠤᠭᠤᠴᠠᠭᠠᠨ ᠳᠠᠬᠢ ᠴᠢᠬᠤᠯᠠ ᠵᠢᠭᠠᠪᠤᠷᠢ ᠪᠠ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ | ᠴᠢᠩᠭᠠᠳᠬᠠᠬᠤ ᠪᠠ ︽ ᠤᠮᠠᠷᠠᠲᠤ ᠶᠢᠨ ᠭᠤᠷᠪᠠᠨ ᠤᠷᠤᠨ ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ | ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶ᠎ᠠ ᠶᠢ ᠤᠯᠠᠮᠵᠢᠯᠠᠨ ᠰᠤᠷᠤᠯᠴᠠᠵᠤ ᠂ ᠳᠤᠭᠤᠰᠢᠯᠠᠭᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ | ᠪᠠᠶᠢᠷᠢᠯᠠᠭᠤᠯᠪᠠ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ ᠃ | ᠲᠥᠪ ᠤᠨ ᠭᠤᠣᠯ ᠰᠡᠳᠦᠪᠲᠦ ᠬᠥᠮᠦᠵᠢᠯ ᠤᠨ ᠨᠢᠭᠡᠳᠦᠭᠡᠷ ᠵᠢᠯᠤᠭᠤᠳᠬᠤ ᠳᠤᠭᠤᠶᠢᠯᠠᠩ ᠤᠨ ᠳᠠᠷᠤᠭ᠎ᠠ ᠴᠧ ᠵᠢᠶᠦ᠋ᠨ᠂ ᠳᠤᠭᠤᠶᠢᠯᠠᠩ ᠤᠨ ᠳᠡᠳ᠋ ᠳᠠᠷᠤᠭ᠎ᠠ ᠯᠢ ᠰᠢᠶᠣᠣ | ᠰᠠᠨ ᠵᠢᠴᠢ ᠪᠦᠬᠦ ᠪᠦᠷᠢᠯᠳᠦᠭᠦᠨ ᠬᠤᠷᠠᠯ ᠳᠤ ᠣᠷᠣᠯᠴᠠᠪᠠ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ | ᠣᠷᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠢ ᠡᠷᠬᠢᠯᠡᠪᠡ ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠶᠠᠨ | ᠺᠦᠨ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠂ ᠵᠠᠰᠠᠭ ᠤᠨ | ᠣᠷᠳᠣᠨ ᠂ ᠤᠯᠤᠰ ᠲᠥᠷᠥ ᠶᠢᠨ ᠵᠥᠪᠯᠡᠯᠭᠡᠨ ᠤ ᠤᠳᠤᠷᠢᠳᠬᠤ ᠨᠥᠬᠦᠳ ᠪᠠ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠴᠢ ᠳᠠᠷᠤᠭ᠎ᠠ ᠂ ᠮᠤᠵᠢ ᠶᠢᠨ | ᠳᠡᠰ ᠤᠨ ᠠᠵᠢᠯ ᠠᠴᠠ ᠪᠠᠨ ᠠᠮᠠᠷᠠᠭᠰᠠᠨ ᠵᠠᠷᠢᠮ ᠠᠬᠠᠮᠠᠳ ᠨᠦᠬᠦᠷ ᠤᠷᠤᠯᠴᠠᠪᠠ ᠃ ᠬᠤᠷᠠᠯ ᠨᠢ ᠸᠢᠳᠢᠤ᠋ ᠬᠤᠷᠠᠯ ᠤᠨ ᠬᠡᠯᠪᠡᠷᠢ ᠪᠠᠷ ᠶᠠᠪᠤᠭᠳᠠᠪᠠ ᠃ ᠰᠤ᠋ ᠰᠢᠨ ᠶᠠ ᠂ | ᠰᠤᠷᠭᠠᠯᠳᠤ ᠵᠡᠷᠭᠡ ᠬᠤᠰᠢᠭᠤᠨ ᠤ ᠳᠥᠷᠪᠡᠨ ᠶᠡᠭᠡ ᠤᠳᠤᠷᠢᠳᠬᠤ ᠪᠠᠭ ᠤᠨ ᠪᠠᠶᠢᠭᠤᠯᠭ᠎ᠠ ᠳᠠᠭᠠᠨ ᠪᠠᠶᠢᠭ᠎ᠠ ᠤᠳᠤᠷᠢᠳᠤᠯᠭ᠎ᠠ ᠂ ᠰᠢᠭᠦᠬᠦ ᠪᠠᠶᠢᠴᠠᠭᠠᠬᠤ ᠬᠤᠷᠢᠶ᠎ᠠ ᠶᠢᠨ ︽ | ᠬᠤᠶᠠᠷ ᠳᠠᠷᠤᠭ᠎ᠠ ︾ ᠂ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ ᠤᠷᠤᠨ ᠂ ᠤᠯᠤᠰ ᠤᠨ ᠡᠨᠧᠷᠬᠢ ᠶᠢᠨ ᠵᠡᠭᠦᠨᠭᠠᠷ ᠡᠨᠧᠷᠬᠢ ᠶᠢᠨ ᠪᠦᠯᠦᠭᠯᠡᠯ ᠤᠨ ᠬᠤᠯᠪᠤᠬᠳᠠᠯ | ᠪᠦᠬᠦᠢ ᠬᠠᠷᠢᠭᠤᠴᠠᠯᠭᠠᠲᠠᠨ ᠨᠥᠬᠦᠳ ᠵᠡᠭᠦᠨᠭᠠᠷ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠵᠠᠢ ᠃ | ᠲᠤᠰ ᠡᠳᠦᠷ ᠂ ᠥᠪᠥᠷ ᠮᠣᠩᠭᠤᠯ ᠤᠨ ᠲᠧᠯᠸᠢᠰ ᠬᠤᠷᠢᠶᠠᠨ ᠤ ︽ ᠰᠣᠨᠢᠨ ᠮᠡᠳᠡᠭᠡᠨ ᠤ ᠳᠠᠮᠵᠢᠭᠤᠯᠬᠤ ᠨᠡᠪᠲᠡᠷᠡᠭᠦᠯᠭᠡ ︾ ᠬᠤᠲᠠ ᠶᠢᠨ ᠤᠯᠤᠰ ᠲᠥᠷᠥ ᠶᠢᠨ | ᠵᠥᠪᠯᠡᠯᠭᠡᠨ ᠤ ᠳᠡᠳ᠋ ᠲᠡᠷᠢᠭᠦᠯᠡᠭᠴᠢ ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠤ᠋ ᠰᠢᠨ ᠶᠠ ᠶᠢ ᠲᠤᠰᠬᠠᠶᠢᠯᠠᠨ ᠰᠤᠷᠪᠤᠯᠵᠢᠯᠠᠵᠤ ᠂ ᠵᠡᠭᠦᠨᠭᠠᠷ ᠬᠤᠰᠢᠭᠤᠨ ᠤ | ᠶᠡᠷᠦᠩᠬᠡᠢ ᠱᠦᠵᠢ ᠶᠢᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ ᠂ ᠠᠮᠢ ᠠᠬᠤᠢ ᠶᠢ ᠤᠷᠢᠳᠠᠪᠠᠷ ᠪᠤᠳᠤᠯᠬᠢᠯᠠᠨ ᠂ ᠪᠣᠬᠢᠷᠲᠤᠯ ᠦᠭᠡᠢ ᠬᠥᠭᠵᠢᠭᠦᠯᠬᠦ ᠶᠢ | ᠪᠠᠷᠢᠮᠲᠠᠯᠠᠵᠤ ᠂ ᠳᠡᠯᠡᠬᠡᠢ ᠶᠢᠨ ᠲᠠᠰ ᠤᠨ ᠡᠨᠧᠷᠭᠢ ᠶᠢᠨ ᠠᠵᠤ ᠦᠢᠯᠡᠰ ᠂ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠪᠠ | ᠰᠢᠨ᠎ᠡ ᠡᠨᠧᠷᠭᠢ ᠶᠢᠨ ᠠᠵᠤ ᠦᠢᠯᠡᠰ ᠢ ᠴᠣᠭᠴᠠᠯᠠᠬᠤ ᠪᠠᠷ ᠭᠤᠣᠯ ᠰᠢᠪᠲᠤᠯᠤᠯᠲᠠ ᠶᠢᠨ ᠴᠢᠭᠯᠡᠯ ᠪᠣᠯᠭᠠᠵᠤ ᠂ ᠮᠢᠩᠭᠠᠨ ᠲᠦᠮᠡᠨ ᠲᠣᠨ ᠤ ᠲᠠᠰ ᠤᠨ ᠨᠡᠭᠦᠷᠡᠰᠦ | ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠲᠦᠷᠭᠡᠳᠬᠡᠨ ᠪᠠᠶᠢᠭᠤᠯᠵᠤ ᠂ ᠣᠲᠣ ᠦᠶ᠎ᠡ ᠶᠢᠨ ᠡᠨᠧᠷᠭᠢ ᠶᠢᠨ | ᠠᠵᠤ ᠠᠬᠤᠢ ᠶᠢᠨ ᠡᠨᠡ ᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ | ᠰᠢᠨ᠎ᠡ ᠬᠠᠭᠤᠳᠠᠰᠤ ᠶᠢ ᠪᠢᠴᠢᠭᠯᠡᠬᠦ ᠳᠤ ᠬᠤᠪᠢ ᠨᠡᠮᠡᠷᠢ ᠪᠠᠨ ᠦᠵᠡᠭᠦᠯᠵᠤ ᠪᠠᠶᠢᠭ᠎ᠠ ᠳᠤ ᠠᠩᠬᠠᠷᠤᠯ ᠢᠶᠠᠨ ᠲᠥᠪᠯᠡᠷᠡᠭᠦᠯᠪᠡ ᠃ | ᠲᠣᠰ ᠡᠳᠦᠷ ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠦ ᠵᠠᠨ ᠴᠢᠩ ᠵᠡᠭᠦᠨᠭᠠᠷ ᠵᠣᠣ | ᠪᠠᠯᠭᠠᠰᠤᠨ ᠳᠤ ᠭᠦᠨᠵᠡᠭᠡᠶᠢᠷᠡᠨ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠪᠠ ᠃ | ᠵᠡᠭᠦᠨᠭᠠᠷ ᠵᠤᠤ ᠪᠠᠯᠭᠠᠰᠤ ᠂ ᠬᠤᠰᠢᠭᠤᠨ ᠤ ᠰᠢᠭᠤᠳ ᠬᠠᠷᠢᠶ᠎ᠠ ᠬᠤᠯᠪᠤᠬᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠪᠠᠷ᠎ᠠ ᠪᠣᠯᠵᠤ ᠪᠠᠶᠢᠴᠠᠭᠠᠨ | ᠰᠤᠳᠤᠯᠤᠯᠲᠠ ᠬᠢᠪᠡ ᠃ | ᠲᠣᠰ ᠡᠳᠦᠷ ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠂ ᠵᠠᠰᠠᠭ ᠤᠨ ᠣᠷᠳᠣᠨ ᠤ ᠬᠤᠰᠢᠭᠤᠨ ᠤ ᠳᠠᠷᠤᠭ᠎ᠠ ᠂ ᠵᠡᠭᠦᠨᠭᠠᠷ ᠠᠵᠤ ᠠᠬᠤᠢ ᠶᠢᠨ | ᠨᠡᠭᠡᠭᠡᠯᠲᠡ ᠶᠢᠨ ᠤᠷᠤᠨ ᠤ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠰᠤᠷᠭᠠᠯᠳᠤ ᠪᠥᠬᠦ ᠬᠤᠰᠢᠭᠤᠨ ᠤ ᠠᠵᠤ | ᠠᠬᠤᠢ ᠶᠢᠨ ᠡᠷᠬᠢᠯᠳᠡ ᠶᠢᠨ ᠲᠣᠬᠢᠷᠠᠭᠤᠯᠤᠯᠲᠠ ᠵᠢᠴᠢ ᠳᠡᠭᠡᠷ᠎ᠡ ᠬᠠᠭᠠᠰ ᠵᠢᠯ ᠤᠨ ᠠᠵᠤ ᠠᠬᠤᠢ ᠶᠢᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ ᠂ 1—5 | ᠰᠠᠷ᠎ᠠ ᠶᠢᠨ ᠪᠥᠬᠦ ᠬᠤᠰᠢᠭᠤᠨ ᠤ ᠠᠵᠤ ᠠᠬᠤᠢ ᠶᠢᠨ ᠡᠷᠬᠢᠯᠳᠡ ᠶᠢᠨ ᠪᠠᠶᠢᠳᠠᠯ ᠢ ᠵᠠᠳᠠᠯᠤᠨ ᠰᠤᠳᠤᠯᠤᠨ ᠮᠠᠭᠠᠳᠯᠠᠵᠤ ᠂ ᠳᠡᠭᠡᠷ᠎ᠡ ᠬᠠᠭᠠᠰ ᠵᠢᠯ ᠳᠤ ︽ ᠬᠠᠭᠠᠰ ᠵᠢᠯ | ᠪᠤᠯᠬᠤ ᠳᠤ ᠡᠬᠦᠷᠭᠡ ᠶᠢᠨ ᠬᠠᠭᠠᠰ ᠢ ᠪᠡᠶᠡᠯᠡᠬᠦᠯᠬᠦ ︾ ᠬᠠᠷᠠᠯᠲᠠ ᠶᠢ ᠪᠡᠶᠡᠯᠡᠭᠦᠯᠬᠦ ᠭᠤᠣᠯᠳᠠᠯᠭ᠎ᠠ ᠲᠠᠢ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ ᠃ ᠬᠤᠰᠢᠭᠤᠨ ᠤ | ᠤᠳᠤᠷᠢᠳᠤᠯᠭ᠎ᠠ ᠸᠠᠩ ᠵᠢᠩ ᠯᠦᠩ ᠂ ᠤᠶᠤᠨᠪᠢᠯᠢᠭ᠌ ᠂ ᠦ᠋ ᠰᠢᠦᠢ ᠳ᠋ᠦᠩ ᠂ ᠯᠢᠦ ᠢᠦᠢ ᠴᠧᠩ ᠂ ᠬᠤᠸᠠᠩ ᠯᠧᠢ ᠂ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ | ᠤᠷᠤᠨ ᠵᠢᠴᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠢ ᠃ | ᠳᠤᠰ ᠡᠳᠦᠷ ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ ᠂ ᠬᠤᠲᠠ ᠶᠢᠨ ᠳᠠᠷᠤᠭ᠎ᠠ ᠳ᠋ᠦ᠋ ᠬᠤᠢ ᠯᠢᠶᠠᠩ ᠪᠦᠬᠦ ᠬᠤᠲᠠ ᠶᠢᠨ ᠠᠵᠤ ᠠᠬᠤᠢ ᠶᠢᠨ | ᠡᠷᠬᠢᠯᠳᠡ ᠶᠢᠨ ᠲᠣᠬᠢᠷᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ ᠂ ᠣᠳᠣᠬᠠᠨ ᠤ ᠪᠠᠶᠢᠳᠠᠯ ᠢ ᠵᠠᠳᠠᠯᠵᠤ ᠂ ᠳᠡᠭᠡᠷ᠎ᠡ ᠬᠠᠭᠠᠰ ᠵᠢᠯ ᠤᠨ ᠬᠠᠷᠠᠯᠲᠠ ᠡᠭᠦᠷᠭᠡ | ᠶᠢ ᠪᠡᠶᠡᠯᠡᠭᠦᠯᠬᠦ ᠶᠢᠨ ᠲᠣᠭᠤᠷᠢᠨ ᠳᠤ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ ᠃ ᠬᠤᠷᠠᠯ ᠨᠢ ᠸᠢᠳᠢᠤ᠋ ᠬᠤᠷᠠᠯ ᠤᠨ ᠬᠡᠯᠪᠡᠷᠢ ᠪᠠᠷ ᠡᠯ᠎ᠡ ᠬᠤᠰᠢᠭᠤ | ᠲᠣᠭᠤᠷᠢᠭ ᠬᠦᠷᠳᠡᠯ᠎ᠠ ᠬᠤᠷᠠᠯᠳᠤᠵᠤ ᠂ ᠬᠤᠰᠢᠭᠤᠨ ᠤ ᠤᠳᠤᠷᠢᠳᠤᠯᠭ᠎ᠠ ᠰᠤᠷᠭᠠᠯᠳᠤ ᠂ ᠸᠠᠩ ᠵᠢᠩ ᠯᠦᠩ ᠂ ᠤᠶᠤᠨᠪᠢᠯᠢᠭ᠌ ᠂ ᠦ᠋ ᠰᠢᠦᠢ ᠳ᠋ᠦᠩ ᠂ ᠯᠢᠦ ᠢᠦᠢ ᠴᠧᠩ ᠂ | ᠬᠤᠸᠠᠩ ᠯᠧᠢ ᠂ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ ᠤᠷᠤᠨ ᠵᠢᠴᠢ ᠬᠤᠯᠪᠤᠬᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠤᠷᠠᠯ ᠳᠤ | ᠣᠷᠣᠯᠴᠠᠵᠠᠢ ᠃ | ᠲᠤᠰ ᠡᠳᠦᠷ ᠂ ᠵᠡᠭᠦᠨᠭᠠᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠪᠤᠯᠤᠨ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ | ᠰᠣᠯᠢᠯᠴᠠᠭ᠎ᠠ ᠬᠠᠮᠲᠤᠷᠠᠯᠴᠠᠭ᠎ᠠ ᠶᠢᠨ ᠶᠠᠷᠢᠯᠴᠠᠬᠤ ᠬᠤᠷᠠᠯ ᠬᠢᠵᠦ ᠂ ᠬᠤᠶᠠᠷ ᠲᠠᠯ᠎ᠠ ᠪᠠᠷ ᠢᠶᠠᠨ ᠰᠤᠷᠭᠠᠭᠤᠯᠢ ᠪᠤᠯᠤᠨ ᠣᠷᠣᠨ ᠨᠤᠲᠤᠭ ᠤᠨ ᠬᠠᠮᠲᠤᠷᠠᠯᠴᠠᠭ᠎ᠠ ᠶᠢ | ᠭᠦᠨᠵᠡᠭᠡᠶᠢᠷᠡᠭᠦᠯᠬᠦ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠪᠠ ᠃ ᠬᠤᠰᠢᠭᠤᠨ ᠤ | ᠤᠳᠤᠷᠢᠳᠤᠯᠭ᠎ᠠ ᠰᠤᠷᠭᠠᠯᠳᠤ ᠂ ᠸᠠᠩ ᠵᠢᠩ ᠯᠦᠩ ᠂ ᠬᠤᠸᠠᠩ ᠯᠧᠢ ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠵᠠᠬᠢᠷᠤᠯ ᠭᠤᠸ ᠵᠢᠦᠢ ᠯᠢᠨ ᠂ | ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠤᠳᠤᠯᠭᠠᠨ ᠤ ᠬᠦᠷᠢᠶᠡᠯᠡᠩ ᠤᠨ ᠳᠠᠷᠤᠭ᠎ᠠ | ᠯᠢᠦ ᠵᠢᠩ ᠬᠤᠶ ᠨᠠᠷ ᠶᠠᠷᠢᠯᠴᠠᠬᠤ ᠬᠤᠷᠠᠯ ᠳᠤ ᠣᠷᠣᠯᠴᠠᠪᠠ ᠃ | 6 ᠰᠠᠷ᠎ᠠ ᠶᠢᠨ 14 ᠤ ᠡᠳᠦᠷ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ | ᠴᠤᠭᠯᠠᠭᠠᠨ ᠵᠢᠴᠢ ︽ ᠪᠠᠶᠠᠰᠬᠤᠯᠠᠩᠲᠤ ᠲᠠᠯ᠎ᠠ ᠨᠤᠲᠤᠭ · ᠡᠷᠡᠭᠦᠯ ᠡᠩᠬᠡ ᠥᠪᠥᠷ ᠮᠣᠩᠭᠤᠯ ︾ ᠪᠥᠬᠦ ᠣᠷᠣᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ | ᠪᠡᠶ᠎ᠡ ᠶᠢᠨ ᠲᠠᠮᠢᠷ ᠤᠨ ᠴᠤᠭᠯᠠᠭᠠᠨ ᠤ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠤᠨ ᠤᠷᠤᠯᠳᠤᠭᠠᠨ ᠤ ᠡᠬᠢᠯᠡᠯᠲᠡ ᠶᠢᠨ ᠶᠣᠰᠣᠯᠠᠯ ᠵᠡᠭᠦᠨᠭᠠᠷ ᠬᠤᠰᠢᠭᠤᠨ ᠤ | ᠱᠢ ᠵᠢᠢ ᠳᠤᠮᠳᠠᠳᠤ ᠰᠤᠷᠭᠠᠭᠤᠯᠢ ᠳᠤ ᠶᠠᠪᠤᠭᠳᠠᠵᠤ ᠂ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠵᠠᠩ ᠶᠠ ᠨᠠᠨ ᠶᠤᠰᠤᠯᠠᠯ ᠢ ᠡᠷᠭᠢᠯᠡᠭᠰᠡᠨ ᠪᠥᠭᠡᠳ | ᠤᠷᠤᠯᠳᠤᠭᠠᠨ ᠡᠬᠢᠯᠡᠭᠰᠡᠨ ᠢ ᠵᠠᠷᠯᠠᠪᠠ ᠃ | ᠳᠤᠰ ᠡᠳᠦᠷ ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠂ ᠤᠬᠠᠭᠤᠯᠬᠤ ᠬᠡᠯᠲᠡᠰ ᠤᠨ ᠳᠠᠷᠤᠭ᠎ᠠ ᠬᠠᠨ ᠶᠠᠨ ᠶᠢᠤ ᠢ ᠵᠡᠭᠡᠯᠢ ᠭᠤᠳᠤᠮᠵᠢ | ᠶᠢᠨ ᠾᠧ ᠲᠠᠢ ᠨᠡᠶᠢᠭᠡᠮ ᠲᠣᠭᠤᠷᠢᠭ ᠂ ᠢᠦᠢ ᠵᠢᠩ ᠨᠡᠶᠢᠭᠡᠮ ᠲᠣᠭᠤᠷᠢᠭ ᠵᠢᠴᠢ ᠤᠶᠢᠷ᠎ᠠ ᠬᠠᠪᠢ ᠶᠢᠨ ᠰᠠᠭᠤᠭᠠᠯᠢ ᠲᠣᠭᠤᠷᠢᠭ ᠤᠨ ᠪᠤᠯᠪᠠᠰᠤᠨ ᠬᠤᠲᠠ ᠶᠢ ᠡᠬᠦᠳᠤᠨ | ᠪᠠᠶᠢᠭᠤᠯᠬᠤ ᠠᠵᠢᠯ ᠢ ᠪᠠᠶᠢᠴᠠᠭᠠᠨ ᠰᠤᠳᠤᠯᠪᠠ ᠃ | ᠲᠣᠰ ᠡᠳᠦᠷ ᠂ ᠪᠥᠬᠦ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠵᠦᠪᠯᠡᠯᠭᠡ ᠶᠢ ᠦᠨᠳᠦᠰᠦᠨ ᠱᠠᠲᠤ ᠳᠡᠶᠢᠰᠢ ᠤᠷᠲᠤᠳᠬᠠᠬᠤ ᠶᠢ ᠠᠬᠢᠭᠤᠯᠵᠤ ᠂ ᠤᠯᠤᠰ | ᠲᠥᠷᠥ ᠶᠢᠨ ᠵᠥᠪᠯᠡᠯᠭᠡᠨ ᠤ ᠵᠥᠪᠯᠡᠯᠭᠡ ᠬᠢᠭᠡᠳ ᠦᠨᠳᠦᠰᠦᠨ ᠱᠠᠲᠤᠨ ᠤ ᠵᠦᠪᠯᠡᠯᠭᠡ ᠶᠢ ᠪᠦᠲᠦᠮᠵᠢᠲᠡᠶ ᠵᠣᠯᠭᠠᠭᠤᠯᠬᠤ ᠶᠢ ᠠᠬᠢᠭᠤᠯᠬᠤ ᠠᠵᠢᠯ ᠤᠨ ᠲᠤᠰᠬᠠᠢ | ᠰᠡᠳᠦᠪᠲᠦ ᠬᠤᠷᠠᠯ ᠵᠡᠭᠦᠨᠭᠠᠷ ᠬᠤᠰᠢᠭᠤᠨ ᠳᠤ ᠬᠤᠷᠠᠯᠳᠤᠪᠠ ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠂ ᠨᠠᠮ ᠤᠨ ᠳᠤᠭᠤᠶᠢᠯᠠᠩ ᠤᠨ | ᠱᠦᠵᠢ ᠰᠤ᠋ ᠵᠥᠩ ᠱᠧᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ ᠃ ᠬᠤᠲᠠ ᠶᠢᠨ ᠤᠳᠤᠷᠢᠳᠤᠯᠭ᠎ᠠ ᠵᠢᠷᠭᠠᠯᠳᠤ ᠂ ᠵᠢᠢ ᠭᠧᠩ ᠶᠦᠨ ᠂ ᠶᠢᠨ ᠭᠤᠸᠠᠩ | ᠵᠢᠶᠦ᠋ᠨ ᠂ ᠤᠯᠠᠭᠠᠨ ᠂ ᠵᠠᠩ ᠵᠥᠩ ᡁᠢ ᠂ ᠰᠤ᠋ ᠰᠢᠨ ᠶᠠ ᠂ ᠬᠤᠰᠢᠭᠤᠨ ᠤ ᠤᠳᠤᠷᠢᠳᠤᠯᠭ᠎ᠠ ᠵᠢᠶᠠ ᠭᠤᠸᠠᠩ ᠬᠤᠸᠠ ᠂ ᠯᠢ ᠱᠤᠸᠠᠨ ᠂ ᠭᠤᠸ ᠷᠦᠨ ᠬᠤᠸᠠ ᠂ | ᠭᠦᠸᠧ ᠶᠦᠩ ᠯᠢᠨ ᠂ ᠵᠠᠩ ᠳ᠋ᠦᠩ ᠵᠢᠴᠢ ᠡᠯ᠎ᠡ ᠬᠤᠰᠢᠭᠤ ᠳᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠬᠠᠷᠢᠭᠤᠴᠠᠯᠭᠠᠲᠠᠨ ᠨᠥᠬᠦᠳ ᠬᠤᠷᠠᠯ ᠳᠤ | ᠣᠷᠣᠯᠴᠠᠵᠠᠢ ᠃ | ᠲᠣᠰ ᠡᠳᠦᠷ ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠂ ᠬᠤᠰᠢᠭᠤᠨ ᠤ ᠤᠯᠤᠰ | ᠲᠥᠷᠥ ᠶᠢᠨ ᠵᠥᠪᠯᠡᠯᠭᠡᠨ ᠤ ᠨᠠᠮ ᠤᠨ ᠳᠤᠭᠤᠶᠢᠯᠠᠩ ᠤᠨ ᠳᠡᠳ᠋ ᠱᠦᠵᠢ ᠲᠠᠩ ᠳᠠᠯᠠᠢ ᠵᠡᠭᠦᠨᠭᠠᠷ ᠵᠣᠣ ᠪᠠᠯᠭᠠᠰᠤᠨ ᠤ ᠵᠡᠭᠦᠨᠭᠠᠷ ᠵᠣᠣ ᠲᠣᠰᠬᠤᠨ ᠳᠤ ᠭᠦᠨᠵᠡᠭᠡᠶᠢᠷᠡᠨ | ᠦᠨᠳᠦᠰᠦᠲᠡᠨ ᠱᠠᠰᠢᠨ ᠰᠤᠷᠲᠠᠬᠤᠨ ᠤ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ ᠃ | ᠲᠣᠰ ᠡᠳᠦᠷ ᠂ ᠵᠡᠭᠦᠨᠭᠠᠷ ᠬᠤᠰᠢᠭᠤ ︽ ᠰᠠᠯᠪᠤᠷᠢ ᠪᠠᠶᠢᠭᠤᠯᠤᠮᠵᠢ ᠶᠢ ᠬᠤᠪᠢᠶᠠᠷᠢ ᠪᠠᠶᠢᠭᠤᠯᠤᠮᠵᠢ ᠪᠣᠯᠭᠠᠨ ᠥᠭᠡᠷᠡᠴᠢᠯᠡᠬᠦ ︾ ᠠᠵᠢᠯ ᠢ ᠠᠬᠢᠭᠤᠯᠬᠤ ᠬᠤᠷᠠᠯ | ᠬᠢᠪᠡ ᠃ ᠬᠤᠷᠠᠯ ᠳᠡᠭᠡᠷ᠎ᠡ ᠂ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠣᠶᠢᠷ᠎ᠠ ᠶᠢᠨ ᠬᠤᠶᠠᠷ ᠭᠠᠷᠠᠭ ᠲᠤ ᠶᠠᠪᠤᠬᠳᠠᠭᠤᠯᠵᠤ | ᠪᠠᠶᠢᠭ᠎ᠠ ᠪᠥᠬᠦ ᠬᠤᠰᠢᠭᠤᠨ ᠤ ︽ ᠰᠠᠯᠪᠤᠷᠢ ᠪᠠᠶᠢᠭᠤᠯᠤᠮᠵᠢ ᠶᠢ ᠬᠤᠪᠢᠶᠠᠷᠢ ᠪᠠᠶᠢᠭᠤᠯᠤᠮᠵᠢ ᠪᠣᠯᠭᠠᠨ ᠥᠭᠡᠷᠡᠴᠢᠯᠡᠬᠦ ︾ ᠠᠵᠢᠯ ᠤᠨ ᠶᠡᠷᠦᠩᠬᠡᠢ ᠠᠬᠢᠴᠠ ᠶᠢᠨ ᠪᠠᠶᠢᠳᠠᠯ ᠂ | ᠣᠷᠣᠰᠢᠵᠤ ᠪᠠᠶᠢᠭ᠎ᠠ ᠠᠰᠠᠭᠤᠳᠠᠯ ᠵᠢᠴᠢ ᠲᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ ᠶᠢᠨ ᠲᠤᠬᠠᠢ ᠬᠠᠷᠢᠭᠤ ᠮᠡᠳᠡᠭᠦᠯᠦᠯᠲᠡ ᠬᠢᠪᠡ ︔ ᠡᠯ᠎ᠡ ᠠᠵᠢᠯ | ᠲᠥᠷᠥᠯ ᠤᠨ ᠭᠤᠤᠯ ᠬᠠᠮᠢᠶᠠᠷᠤᠯᠳᠠ ᠶᠢᠨ ᠰᠠᠯᠠᠭ᠎ᠠ ᠮᠥᠴᠢᠷ ᠤᠳ ᠲᠣᠰ ᠰᠠᠯᠠᠭ᠎ᠠ ᠮᠥᠴᠢᠷ ᠤᠨ ᠢᠶᠠᠨ ︽ ᠰᠠᠯᠪᠤᠷᠢ ᠪᠠᠶᠢᠭᠤᠯᠤᠮᠵᠢ ᠶᠢ ᠬᠤᠪᠢᠶᠠᠷᠢ ᠪᠠᠶᠢᠭᠤᠯᠤᠮᠵᠢ | ᠪᠣᠯᠭᠠᠨ ᠥᠭᠡᠷᠡᠴᠢᠯᠡᠬᠦ ︾ ᠠᠵᠢᠯ ᠢ ᠥᠷᠨᠢᠭᠦᠯᠦᠭᠰᠡᠨ ᠪᠠᠶᠢᠳᠠᠯ ᠢ ᠬᠠᠷᠢᠭᠤ ᠮᠡᠳᠡᠭᠦᠯᠪᠡ ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠂ | ᠬᠤᠰᠢᠭᠤᠨ ᠤ ᠳᠡᠳ᠋ ᠳᠠᠷᠤᠭ᠎ᠠ ᠳ᠋ᠦ᠋ ᠶᠠᠨ ᠪᠢᠨ ᠬᠤᠷᠠᠯ ᠳᠤ ᠣᠷᠣᠯᠴᠠᠵᠠᠢ ᠃ ᠬᠤᠷᠠᠯ ᠢ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠵᠠᠩ ᠶᠠ ᠨᠠᠨ | ᠡᠷᠭᠢᠯᠡᠵᠡᠶ ᠃ | 6 ᠰᠠᠷ᠎ᠠ ᠶᠢᠨ 15 ᠤ ᠡᠳᠦᠷ ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠂ ᠵᠠᠰᠠᠭ ᠤᠨ ᠣᠷᠳᠣᠨ ᠤ ᠬᠤᠰᠢᠭᠤᠨ ᠤ ᠳᠠᠷᠤᠭ᠎ᠠ ᠂ ᠵᠡᠭᠦᠨᠭᠠᠷ ᠠᠵᠤ | ᠠᠬᠤᠢ ᠶᠢᠨ ᠨᠡᠭᠡᠭᠡᠯᠲᠡ ᠶᠢᠨ ᠤᠷᠤᠨ ᠤ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠰᠤᠷᠭᠠᠯᠳᠤ ᠱᠠᠬᠳᠠᠷ | ᠪᠠᠯᠭᠠᠰᠤ ᠂ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ ᠤᠷᠤᠨ ᠂ ᠶᠢᠩ ᠽᠧ ᠵᠡᠭᠡᠯᠢ ᠭᠤᠳᠤᠮᠵᠢ ᠳᠤ ᠬᠦᠷᠴᠦ ᠴᠡᠪᠡᠷ ᠡᠨᠧᠷᠭᠢ ᠶᠢᠨ ᠥᠭᠡᠷᠡᠴᠢᠯᠡᠨ ᠵᠠᠰᠠᠬᠤ ᠂ | ᠬᠤᠲᠠ ᠶᠢᠨ ᠠᠷᠠᠳ ᠤᠨ ᠦᠢᠯᠡᠴᠢᠯᠡᠭᠡᠨ ᠤ ᠲᠥᠪ ᠂ ᠣᠶᠤᠨᠴᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠵᠡᠷᠭᠡ ᠠᠷᠠᠳ ᠤᠨ ᠠᠮᠢᠳᠤᠷᠠᠯ ᠤᠨ ᠪᠣᠳᠠᠲᠤ | ᠶᠠᠪᠤᠳᠠᠯ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠵᠤ ᠂ ᠬᠤᠰᠢᠭᠤᠨ ᠤ ᠤᠳᠤᠷᠢᠳᠤᠯᠭ᠎ᠠ ᠵᠠᠩ ᠶᠠ ᠨᠠᠨ ᠂ ᠯᠢᠦ | ᠢᠦᠢ ᠴᠧᠩ ᠵᠢᠴᠢ ᠬᠤᠯᠪᠣᠭᠳᠠᠯ ᠪᠦᠬᠦᠢ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠳ | ᠪᠠᠶᠢᠴᠠᠭᠠᠨ ᠰᠤᠳᠤᠯᠤᠯᠲᠠ ᠳᠤ ᠣᠷᠣᠯᠴᠠᠪᠠ ᠃ | ᠲᠣᠰ ᠡᠳᠦᠷ ᠂ ᠤᠯᠤᠰ ᠲᠥᠷᠥ ᠶᠢᠨ ᠵᠥᠪᠯᠡᠯᠭᠡᠨ ᠤ ᠵᠡᠭᠦᠨᠭᠠᠷ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ | ᠬᠤᠷᠢᠶ᠎ᠠ ᠶᠢᠨ ᠨᠠᠢᠮᠠᠳᠤᠭᠠᠷ ᠤᠳᠠᠭᠠᠨ ᠤ ᠬᠤᠷᠠᠯ ᠬᠤᠷᠠᠯᠳᠤᠵᠤ ᠂ ᠳᠡᠭᠡᠳᠦ ᠱᠠᠲᠤᠨ ᠤ ᠬᠤᠯᠪᠣᠭᠳᠠᠯ ᠪᠦᠬᠦᠢ ᠬᠤᠷᠠᠯ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠵᠤ ᠂ ᠲᠤᠰᠬᠠᠢ ᠰᠡᠳᠦᠪᠲᠦ ᠹᠢᠯᠢᠮ ︽ ᠵᠡᠭᠦᠨᠭᠠᠷ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠵᠥᠪᠯᠡᠬᠦ ᠠᠷᠠᠳᠴᠢᠯᠠᠯ ᠢ ᠦᠨᠳᠦᠰᠦᠨ | ᠱᠠᠳᠤᠨ ᠳᠡᠶᠢᠰᠢ ᠦᠷᠭᠦᠯᠵᠢᠯᠡᠭᠦᠯᠦᠭᠰᠡᠨ ᠠᠵᠢᠯ ︾ ᠢ ᠦᠵᠡᠵᠦ ᠂ ︽ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠥᠮᠴᠢᠯᠡᠯ ᠤᠨ ᠡᠷᠬᠡ ᠪᠠ ᠠᠵᠤ | ᠠᠬᠤᠶᠢᠯᠠᠯᠲᠠᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠵᠤ ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠥᠭᠵᠢᠯᠲᠡ ᠶᠢᠨ ᠣᠷᠴᠢᠨ ᠠᠬᠤᠢ ᠶᠢ | ᠰᠢᠯᠢᠳᠡᠭᠵᠢᠭᠦᠯᠬᠦ ︾ ᠲᠣᠭᠤᠷᠢᠨ ᠳᠤ ᠵᠦᠪᠯᠡᠯᠭᠡ ᠬᠢᠪᠡ ᠃ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠂ ᠨᠠᠮ ᠤᠨ ᠳᠤᠭᠤᠶᠢᠯᠠᠩ ᠤᠨ ᠱᠦᠵᠢ | ᠵᠢᠶᠠ ᠭᠤᠸᠠᠩ ᠬᠤᠸᠠ ᠬᠤᠷᠠᠯ ᠡᠷᠭᠢᠯᠡᠵᠦ ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠯᠢᠦ ᠢᠦᠢ ᠴᠧᠩ ᠂ | ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢ ᠱᠤᠸᠠᠨ ᠂ ᠭᠤᠸ ᠷᠦᠨ ᠬᠤᠸᠠ ᠂ ᠭᠦᠸᠧ ᠶᠦᠩ ᠯᠢᠨ ᠂ ᠵᠠᠩ ᠳ᠋ᠦᠩ ᠬᠤᠷᠠᠯ ᠳᠤ | ᠣᠷᠣᠯᠴᠠᠵᠠᠢ ᠃ | ᠲᠣᠰ ᠡᠳᠦᠷ ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ | ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠶᠢ ᠤᠯᠠᠮᠵᠢᠯᠠᠨ ᠰᠤᠷᠤᠯᠴᠠᠵᠤ ᠂ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ | ᠴᠢᠩᠭᠠᠳᠬᠠᠬᠤ ᠪᠠ ︽ ᠤᠮᠠᠷᠠᠲᠤ ᠶᠢᠨ ᠭᠤᠷᠪᠠᠨ ᠣᠷᠣᠨ ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ | ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠂ ᠳᠤᠭᠤᠰᠢᠯᠠᠭᠤᠯᠤᠨ ᠨᠠᠶᠢᠳᠠᠪᠤᠷᠢᠵᠢᠭᠤᠯᠬᠤ | ᠠᠵᠢᠯ ᠢ ᠰᠤᠳᠤᠯᠤᠨ ᠪᠠᠶᠢᠷᠢᠯᠠᠭᠤᠯᠪᠠ ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠂ ᠬᠤᠰᠢᠭᠤᠨ ᠤ ᠨᠠᠮ ᠤᠨ ᠬᠤᠷᠢᠶᠠᠨ ᠤ ᠱᠦᠵᠢ | ᠰᠤ᠋ ᠰᠢᠨ ᠶᠠ ᠬᠤᠷᠠᠯ ᠢ ᠡᠷᠭᠢᠯᠡᠪᠡ ᠃ ᠬᠤᠰᠢᠭᠤᠨ ᠤ ᠤᠳᠤᠷᠢᠳᠤᠯᠭ᠎ᠠ ᠯᠦ ᠵᠠᠨ ᠴᠢᠩ ᠂ ᠰᠤᠷᠭᠠᠯᠳᠤ ᠂ ᠴᠢᠦᠢ ᠱᠤ᠋ ᠴᠢᠩ ᠂ ᠴᠢᠶᠣᠤ ᠠᠢ ᠫᠢᠩ ᠂ ᠲᠠᠩ ᠲᠠᠯᠠᠢ ᠂ | ᠴᠢᠶᠣᠤ ᡁᠢ ᠫᠢᠩ ᠂ ᠳ᠋ᠦ᠋ ᠶᠠᠨ ᠪᠢᠨ ᠂ ᠯᠢ ᠶᠣᠣ ᠵᠢᠶᠦ᠋ᠨ ᠂ ᠬᠠᠨ ᠶᠠᠨ ᠂ ᠯᠢ ᠪᠥᠸᠧ ᠂ ᠤᠶᠤᠨᠪᠢᠯᠢᠭ᠌ ᠂ ᠦ᠋ ᠰᠢᠦᠢ ᠳ᠋ᠦᠩ ᠂ ᠵᠠᠩ ᠶᠠ ᠨᠠᠨ ᠂ ᠯᠢᠦ ᠢᠦᠢ ᠴᠧᠩ ᠂ | ᠬᠤᠸᠠᠩ ᠯᠧᠢ ᠬᠤᠷᠠᠯ ᠳᠤ ᠣᠷᠣᠯᠴᠠᠵᠠᠢ ᠃ | 6 ᠰᠠᠷ᠎ᠠ ᠶᠢᠨ 16 ᠤ ᠡᠳᠦᠷ ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ ᠂ ᠵᠠᠰᠠᠭ ᠤᠨ ᠣᠷᠳᠣᠨ ᠤ ᠬᠤᠰᠢᠭᠤᠨ ᠤ ᠳᠠᠷᠤᠭ᠎ᠠ ᠂ ᠵᠡᠭᠦᠨᠭᠠᠷ ᠠᠵᠤ | ᠠᠬᠤᠢ ᠶᠢᠨ ᠨᠡᠭᠡᠭᠡᠯᠲᠡ ᠶᠢᠨ ᠤᠷᠤᠨ ᠤ ᠨᠠᠮ ᠤᠨ ᠠᠵᠢᠯᠯᠠᠬᠤ ᠬᠤᠷᠢᠶᠠᠨ ᠤ ᠱᠦᠵᠢ ᠂ ᠬᠠᠮᠢᠶᠠᠷᠤᠯᠲᠠ ᠶᠢᠨ ᠵᠥᠪᠯᠡᠯ ᠤᠨ ᠡᠷᠭᠢᠯᠡᠭᠴᠢ ᠰᠤᠷᠭᠠᠯᠳᠤ ᠶᠢᠩ ᠽᠧ ᠵᠡᠭᠡᠯᠢ | ᠭᠤᠳᠤᠮᠵᠢ ᠂ ᠰᠢᠤᠸᠠᠢ ᠵᠢᠶᠠ ᠸᠠᠨ ᠪᠠᠯᠭᠠᠰᠤ ᠪᠠ ᠸᠧᠢ ᠵᠢᠶᠠ ᠮᠣᠣ ᠪᠠᠯᠭᠠᠰᠤᠨ ᠳᠤ ᠬᠦᠷᠴᠦ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠂ | ᠠᠶᠤᠯᠭᠦᠢ ᠦᠢᠯᠡᠳᠪᠦᠷᠢᠯᠡᠯ ᠂ ᠦᠨᠳᠤᠷ ᠵᠡᠷᠭᠡ ᠶᠢᠨ ᠳᠤᠮᠳᠠᠳᠤ ᠰᠤᠷᠭᠠᠭᠤᠯᠢ ᠳᠤ ᠰᠤᠷᠤᠬᠴᠢ ᠡᠯᠰᠡᠬᠦ ᠰᠢᠯᠭᠠᠯᠲᠠ ᠶᠢᠨ ᠴᠡᠭ ᠤᠨ ᠢᠳᠡᠭᠡᠨ ᠤ ᠠᠮᠤᠷ ᠲᠦᠪᠰᠢᠨ | ᠵᠡᠷᠭᠡ ᠠᠵᠢᠯ ᠢ ᠪᠠᠶᠢᠴᠠᠭᠠᠨ ᠰᠤᠳᠤᠯᠤᠬᠰᠠᠨ ᠤ ᠬᠠᠮᠲᠤ ᠲᠤᠬᠠᠢ ᠶᠢᠨ ᠳᠠᠯᠠᠪᠠᠢ ᠳᠤ ᠱᠠᠯᠠᠪᠳᠠᠭᠤᠯᠤᠨ ᠵᠢᠯᠣᠭᠤᠳᠪᠠ ᠃ ᠬᠤᠰᠢᠭᠤᠨ ᠤ ᠤᠳᠤᠷᠢᠳᠤᠯᠭ᠎ᠠ ᠸᠠᠩ ᠵᠢᠩ | ᠯᠦᠩ ᠂ ᠵᠠᠩ ᠶᠠ ᠨᠠᠨ ᠂ ᠯᠢᠦ ᠢᠦᠢ ᠴᠧᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ ᠃ | 6 ᠰᠠᠷ᠎ᠠ ᠶᠢᠨ 20 ᠤ ᠡᠳᠦᠷ ᠂ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠤᠪᠴᠢᠶᠠᠨ | ᠳᠠᠷᠤᠭ᠎ᠠ ᠤᠶᠤᠨᠪᠢᠯᠢᠭ᠌ ᠰᠢᠤᠸᠠᠢ ᠵᠢᠶᠠ ᠸᠠᠨ ᠪᠠᠯᠭᠠᠰᠤ ᠂ ᠶᠢᠩ ᠽᠧ ᠵᠡᠭᠡᠯᠢ ᠭᠤᠳᠤᠮᠵᠢ ᠳᠤ ᠬᠦᠷᠴᠦ ᠵᠠᠬᠢᠳᠠᠯ ᠰᠣᠷᠪᠤᠯᠵᠢᠯᠠᠯ ᠤᠨ ᠣᠷᠣᠯᠠᠨ ᠭᠦᠢᠴᠡᠳᠬᠡᠬᠦ ᠂ | ᠴᠠᠬᠢᠯᠭᠠᠨ ᠬᠤᠯᠪᠣᠭ᠎ᠠ ᠶᠢᠨ ᠮᠡᠬᠡᠯᠡᠯ ᠢ ᠡᠰᠡᠷᠭᠦᠴᠡᠬᠦ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ ᠃ | ᠲᠤᠰ ᠡᠳᠦᠷ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠡᠭᠦᠨᠭᠠᠷ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ | ᠳᠤᠭᠤᠶᠢᠯᠠᠩ ᠤᠨ 2023 ᠣᠨ ᠤ ᠭᠤᠷᠪᠠᠳᠤᠭᠠᠷ ᠤᠳᠠᠭ᠎ᠠ ᠶᠢᠨ ᠬᠤᠷᠠᠯ ᠂ ᠵᠡᠭᠦᠨᠭᠠᠷ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠠᠵᠢᠯ ᠤᠨ ᠤᠳᠤᠷᠢᠳᠬᠤ ᠳᠤᠭᠤᠶᠢᠯᠠᠩ ᠤᠨ 2023 ᠣᠨ ᠤ ᠳᠦᠷᠪᠡᠳᠤᠭᠡᠷ ᠤᠳᠠᠭ᠎ᠠ ᠶᠢᠨ ᠬᠤᠷᠠᠯ ᠵᠢᠴᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ | ᠠᠵᠢᠯ ᠤᠨ ᠳᠡᠭᠡᠷ᠎ᠡ ᠬᠠᠭᠠᠰ ᠵᠢᠯ ᠤᠨ ᠪᠡᠶᠡᠯᠡᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠵᠤ ᠳᠠᠶᠢᠴᠢᠯᠠᠨ ᠪᠠᠶᠢᠷᠢᠯᠠᠭᠤᠯᠬᠤ ᠬᠤᠷᠠᠯ ᠬᠤᠷᠠᠯᠳᠤᠵᠠᠢ ᠃ ᠬᠤᠰᠢᠭᠤᠨ ᠤ | ᠨᠠᠮ ᠤᠨ ᠬᠤᠷᠢᠶ᠎ᠠ ᠶᠢᠨ ᠳᠡᠳ᠋ ᠱᠦᠵᠢ ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠴᠢᠦᠢ ᠱᠤ᠋ ᠴᠢᠩ ᠂ ᠬᠤᠰᠢᠭᠤᠨ ᠤ ᠨᠠᠮ ᠤᠨ ᠬᠤᠷᠢᠶ᠎ᠠ ᠶᠢᠨ | ᠪᠠᠶᠢᠩᠭᠤ ᠶᠢᠨ ᠭᠡᠰᠢᠭᠦᠨ ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠶᠣᠣ ᠵᠢᠶᠦ᠋ᠨ ᠂ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠸᠠᠩ ᠵᠢᠩ | ᠯᠦᠩ ᠂ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠤᠨ ᠨᠠᠮ ᠤᠨ ᠬᠤᠷᠢᠶ᠎ᠠ ︵ ᠨᠠᠮ ᠤᠨ ᠠᠵᠢᠯᠯᠠᠬᠤ ᠬᠤᠷᠢᠶ᠎ᠠ ︶ ᠶᠢᠨ ᠱᠦᠵᠢ | ᠨᠠᠷ ᠬᠤᠷᠠᠯ ᠳᠤ ᠣᠷᠣᠯᠴᠠᠵᠠᠢ ᠃ | ᠳᠤᠰ ᠡᠳᠦᠷ ᠂ 2023 ᠣᠨ ᠳᠤ ᠬᠤᠰᠢᠭᠤᠨ ᠤ ᠨᠠᠮ ᠤᠨ ᠬᠤᠷᠢᠶᠠᠨ ᠤ ᠴᠢᠳᠠᠪᠤᠷᠢᠲᠠᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠠᠩᠬᠠᠳᠤᠭᠠᠷ | ᠤᠳᠠᠭ᠎ᠠ ᠶᠢᠨ ᠬᠤᠷᠠᠯ ᠬᠤᠷᠠᠯᠳᠤᠪᠠ ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠂ | ᠬᠤᠰᠢᠭᠤᠨ ᠤ ᠨᠠᠮ ᠤᠨ ᠬᠤᠷᠢᠶᠠᠨ ᠤ ᠴᠢᠳᠠᠪᠤᠷᠢᠲᠠᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠪᠠᠶᠢᠩᠭᠤ ᠶᠢᠨ ᠳᠡᠳ᠋ ᠳᠠᠷᠤᠭ᠎ᠠ ᠯᠢ ᠶᠣᠣ ᠵᠢᠶᠦ᠋ᠨ ᠬᠤᠷᠠᠯ ᠳᠤ | ᠣᠷᠣᠯᠴᠠᠵᠤ ᠶᠠᠷᠢᠶ᠎ᠠ ᠲᠠᠯᠪᠢᠵᠠᠢ ᠃ | 6 ᠰᠠᠷ᠎ᠠ ᠶᠢᠨ 25 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠯᠠᠱᠠ ᠳᠤ ᠪᠥᠬᠦ ᠣᠷᠣᠨ ᠤ ᠠᠮᠤᠷ ᠲᠦᠪᠰᠢᠨ ᠤ ᠬᠡᠮ ᠰᠣᠭᠤᠭ ᠢ | ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ ᠠᠬᠤᠢ ᠳᠠᠯᠠᠪᠠᠢ ᠶᠢᠨ ᠬᠤᠷᠠᠯ ᠢ ᠬᠤᠷᠠᠯᠳᠤᠭᠤᠯᠪᠠ ᠃ ᠸᠠᠩ ᠯᠢ ᠰᠢᠶᠠ ᠬᠤᠷᠠᠯ ᠳᠤ ᠣᠷᠣᠯᠴᠠᠵᠤ ᠶᠠᠷᠢᠶ᠎ᠠ | ᠲᠠᠯᠪᠢᠵᠠᠢ ᠃ ᠬᠤᠰᠢᠭᠤᠨ ᠤ ᠤᠳᠤᠷᠢᠳᠤᠯᠭ᠎ᠠ ᠰᠤᠷᠭᠠᠯᠳᠤ ᠂ ᠳ᠋ᠦ᠋ ᠶᠠᠨ ᠪᠢᠨ ᠂ ᠤᠶᠤᠨᠪᠢᠯᠢᠭ᠌ ᠂ ᠦ᠋ ᠰᠢᠦᠢ ᠳ᠋ᠦᠩ ᠂ ᠵᠠᠩ ᠶᠠ ᠨᠠᠨ ᠂ ᠯᠢᠦ ᠢᠦᠢ ᠴᠧᠩ ᠂ ᠵᠡᠭᠦᠨᠭᠠᠷ | ᠠᠵᠤ ᠠᠬᠤᠢ ᠶᠢᠨ ᠨᠡᠭᠡᠭᠡᠯᠲᠡ ᠶᠢᠨ ᠤᠷᠤᠨ ᠂ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠂ ᠬᠤᠰᠢᠭᠤᠨ ᠤ ᠰᠢᠭᠤᠳ ᠬᠠᠷᠢᠶ᠎ᠠ | ᠬᠤᠯᠪᠤᠬᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠵᠡᠭᠦᠨᠭᠠᠷ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠵᠠᠢ ᠃ | ᠳᠤᠰ ᠡᠳᠦᠷ ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠤ᠋ ᠰᠢᠨ ᠶᠠ | ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ ᠤᠷᠤᠨ ᠳᠤ ᠬᠦᠷᠴᠦ ᠭᠤᠣᠯᠳᠠᠯᠭ᠎ᠠ ᠲᠠᠢ ᠲᠥᠷᠥᠯ ᠵᠦᠢᠯ ᠢ ᠪᠠᠶᠢᠴᠠᠭᠠᠨ ᠰᠤᠳᠤᠯᠵᠤ ᠂ ᠲᠠᠨᠢᠯᠲᠠ ᠪᠠᠨ | ᠳᠡᠭᠡᠭᠰᠢᠯᠡᠭᠦᠯᠦᠨ ᠂ ᠠᠵᠢᠯ ᠢᠶᠠᠨ ᠪᠣᠳᠠᠲᠠᠢ ᠠᠳᠬᠤᠵᠤ ᠂ ᠬᠤᠷᠢᠭ᠎ᠠ ᠱᠤᠭᠤᠮ ᠢ ᠰᠠᠶᠢᠲᠤᠷ ᠰᠠᠬᠢᠨ ᠂ ᠲᠥᠷᠥᠯ ᠵᠦᠢᠯ ᠤᠨ ᠪᠠᠷᠢᠯᠭ᠎ᠠ ᠠᠮᠤᠷ ᠲᠦᠪᠰᠢᠨ ᠡᠮᠬᠢ | ᠳᠢᠭᠯᠢᠮ ᠲᠠᠢ ᠂ ᠠᠵᠤ ᠠᠬᠤᠶᠢᠯᠠᠯ ᠤᠨ ᠦᠢᠯᠡᠳᠪᠦᠷᠢᠯᠡᠯ ᠠᠮᠤᠷ ᠲᠦᠪᠰᠢᠨ ᠥᠨᠳᠥᠷ ᠪᠦᠲᠦᠮᠵᠢᠲᠡᠶ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠵᠠᠢ ᠃ | ᠬᠤᠰᠢᠭᠤᠨ ᠤ ᠤᠳᠤᠷᠢᠳᠤᠯᠭ᠎ᠠ ᠴᠢᠶᠣᠤ ᠠᠢ ᠫᠢᠩ ᠂ ᠸᠠᠩ ᠵᠢᠩ ᠯᠦᠩ ᠂ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ ᠤᠷᠤᠨ ᠤ ᠬᠠᠮᠢᠶᠠᠷᠤᠯᠲᠠ ᠶᠢᠨ | ᠵᠥᠪᠯᠡᠯ ᠤᠨ ᠳᠡᠳ᠋ ᠡᠷᠬᠢᠯᠡᠭᠴᠢ ᠯᠢ ᠹᠦ᠋ ᠱᠧᠩ ᠵᠢᠴᠢ ᠬᠤᠯᠪᠤᠬᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠢ ᠃ | ᠳᠤᠰ ᠡᠳᠦᠷ ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠤ᠋ ᠰᠢᠨ ᠶᠠ ᠣᠶ | ᠰᠢᠭᠤᠢ ᠶᠢ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠵᠦ ᠂ ᠪᠠᠯᠠᠷ ᠡᠷᠲᠡᠨ ᠤ ᠡᠭᠦᠰᠦᠮᠡᠯ ᠣᠶ ᠶᠢᠨ ᠬᠠᠮᠠᠭᠠᠯᠠᠯᠲᠠ ᠶᠢᠨ ᠬᠢᠷᠢ ᠲᠦᠪᠰᠢᠨ ᠢ ᠲᠠᠰᠤᠷᠠᠯᠲᠠ ᠦᠭᠡᠢ | ᠳᠡᠭᠡᠭᠰᠢᠯᠡᠭᠦᠯᠵᠦ ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠡᠷᠡᠰ ᠪᠠᠲᠤ ᠴᠣᠭᠴᠠᠯᠠᠬᠤ | ᠬᠡᠷᠡᠭᠲᠡᠢ ᠭᠡᠵᠦ ᠴᠢᠬᠤᠯᠠᠴᠢᠯᠠᠵᠠᠢ ᠃ ᠬᠤᠰᠢᠭᠤᠨ ᠤ ᠤᠳᠤᠷᠢᠳᠤᠯᠭ᠎ᠠ ᠸᠠᠩ ᠵᠢᠩ ᠯᠦᠩ ᠵᠢᠴᠢ ᠬᠤᠯᠪᠤᠬᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ | ᠣᠷᠣᠯᠴᠠᠵᠠᠢ ᠃ | 6 ᠰᠠᠷ᠎ᠠ ᠶᠢᠨ 26 ᠤ ᠡᠳᠦᠷ ᠂ ᠵᠡᠭᠦᠨᠭᠠᠷ ᠬᠤᠰᠢᠭᠤᠨ ᠤ ︽ 6 · 26 ︾ ᠤ ᠣᠯᠠᠨ ᠤᠯᠤᠰ ᠤᠨ ᠬᠤᠣᠷ ᠴᠠᠭᠠᠵᠠᠯᠠᠬᠤ ᠡᠳᠦᠷ ᠤᠨ ᠭᠤᠣᠯ ᠰᠡᠳᠦᠪᠲᠦ | ᠤᠬᠠᠭᠤᠯᠭ᠎ᠠ ᠶᠢᠨ ᠠᠵᠢᠯᠯᠠᠭ᠎ᠠ ᠰᠢᠤᠸᠠᠢ ᠵᠢᠶᠠ ᠸᠠᠨ ᠤ ᠠᠷᠪᠠᠳᠤᠭᠠᠷ ᠪᠠᠭ᠎ᠠ ᠰᠤᠷᠭᠠᠭᠤᠯᠢ ᠳᠤ ᠶᠠᠪᠤᠭᠳᠠᠵᠤ ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ ᠂ | ᠵᠠᠰᠠᠭ ᠤᠨ ᠣᠷᠳᠣᠨ ᠤ ᠬᠤᠰᠢᠭᠤᠨ ᠤ ᠳᠠᠷᠤᠭ᠎ᠠ ᠂ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ ᠤᠷᠤᠨ ᠤ ᠨᠠᠮ ᠤᠨ ᠠᠵᠢᠯᠯᠠᠬᠤ ᠬᠤᠷᠢᠶᠠᠨ ᠤ ᠱᠦᠵᠢ ᠂ | ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠰᠤᠷᠭᠠᠯᠳᠤ ᠠᠵᠢᠯᠯᠠᠭ᠎ᠠ ᠳᠤ ᠣᠷᠣᠯᠴᠠᠵᠤ ᠂ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠂ ᠬᠤᠰᠢᠭᠤᠨ ᠤ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠤᠪᠴᠢᠶᠠᠨ ᠳᠠᠷᠤᠭ᠎ᠠ ᠤᠶᠤᠨᠪᠢᠯᠢᠭ᠌ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ ᠂ ᠬᠤᠰᠢᠭᠤᠨ ᠤ ᠬᠤᠣᠷ | ᠴᠠᠭᠠᠵᠠᠯᠠᠬᠤ ᠵᠥᠪᠯᠡᠯ ᠤᠨ ᠡᠯ᠎ᠡ ᠪᠦᠷᠢᠯᠳᠦᠭᠦᠨ ᠨᠢᠭᠡᠴᠢ ᠶᠢᠨ ᠬᠢᠨ ᠠᠵᠢᠯᠯᠠᠭ᠎ᠠ ᠳᠤ ᠣᠷᠣᠯᠴᠠᠵᠠᠢ ᠃ | ᠲᠣᠰ ᠡᠳᠦᠷ ᠂ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠤᠪᠴᠢᠶᠠᠨ | ᠳᠠᠷᠤᠭ᠎ᠠ ᠤᠶᠤᠨᠪᠢᠯᠢᠭ᠌ ᠵᠡᠭᠦᠨᠭᠠᠷ ᠬᠤᠰᠢᠭᠤᠨ ᠤ ᠶᠢᠰᠦᠳᠦᠭᠡᠷ ᠳᠤᠮᠳᠠᠳᠤ ᠰᠤᠷᠭᠠᠭᠤᠯᠢ ᠵᠡᠷᠭᠡ ᠰᠢᠯᠭᠠᠯᠲᠠ ᠶᠢᠨ ᠴᠡᠭ ᠲᠤ ᠬᠦᠷᠴᠦ 2023 ᠣᠨ ᠤ ᠥᠨᠳᠥᠷ | ᠵᠡᠷᠭᠡ ᠶᠢᠨ ᠳᠤᠮᠳᠠᠳᠤ ᠰᠤᠷᠭᠠᠭᠤᠯᠢ ᠳᠤ ᠰᠤᠷᠤᠬᠴᠢ ᠡᠯᠰᠡᠬᠦ ᠰᠢᠯᠭᠠᠯᠲᠠ ᠶᠢᠨ ᠠᠮᠤᠷ ᠲᠦᠪᠰᠢᠨ ᠤ ᠬᠠᠮᠠᠭᠠᠯᠠᠯᠲᠠ ᠶᠢᠨ ᠠᠵᠢᠯ ᠢ ᠱᠠᠯᠠᠪᠳᠠᠭᠤᠯᠤᠨ ᠵᠢᠯᠣᠭᠤᠳᠪᠠ ᠃ | ᠲᠤᠰ ᠡᠳᠦᠷ ᠂ ᠬᠤᠳᠠ ᠶᠢᠨ ᠨᠠᠮ ᠤᠨ ᠬᠤᠷᠢᠶ᠎ᠠ ᠶᠢᠨ ᠤᠨᠤᠯ ᠤᠨᠰᠤᠷᠤᠯᠴᠠᠯᠭ᠎ᠠ ᠶᠢᠨ ᠭᠤᠣᠯ ᠳᠤᠭᠤᠶᠢᠯᠠᠩ ᠤᠨ 2023 ᠣᠨ ᠤ ᠨᠠᠢᠮᠠᠳᠤᠭᠠᠷ ᠤᠳᠠᠭ᠎ᠠ ᠶᠢᠨ | ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠵᠢᠴᠢ ᠪᠦᠬᠦ ᠬᠤᠳᠠ ᠶᠢᠨ ᠲᠠᠪᠤᠳᠤᠭᠠᠷ ᠬᠤᠭᠤᠴᠠᠭᠠᠨ ᠤ ᠤᠳᠤᠷᠢᠳᠬᠤ ᠺᠠᠳ᠋ᠷᠴᠤᠳ ᠤᠨ ᠶᠡᠭᠡ ᠬᠢᠴᠢᠶᠡᠯ ᠤᠨ | ᠲᠠᠩᠬᠢᠮ ᠤᠨ ᠬᠢᠴᠢᠶᠡᠯᠯᠡᠭᠡ ᠶᠠᠪᠤᠭᠳᠠᠪᠠ ᠃ ᠵᠠᠩ ᠵᠠᠨ ᠯᠢᠨ ᠵᠡᠷᠭᠡ ᠬᠤᠳᠠ ᠶᠢᠨ ᠲᠦᠷᠪᠡᠨ ᠶᠡᠭᠡ ᠪᠠᠭ ᠤᠨ ᠤᠳᠤᠷᠢᠳᠤᠯᠭ᠎ᠠ ᠵᠢᠴᠢ ᠬᠤᠳᠠ ᠶᠢᠨ ᠰᠢᠬᠦᠬᠦ | ᠪᠠᠶᠢᠴᠠᠭᠠᠬᠤ ᠬᠤᠷᠢᠶ᠎ᠠ ᠶᠢᠨ︽ᠬᠤᠶᠠᠷ ᠳᠠᠷᠤᠭ᠎ᠠ︾ ᠰᠤᠷᠤᠯᠴᠠᠯᠭ᠎ᠠ ᠶᠢᠨ ᠬᠤᠷᠠᠯ ᠳᠤ ᠣᠷᠣᠯᠴᠠᠵᠤ ᠂ ᠬᠤᠳᠠ ᠶᠢᠨ ᠳᠡᠳ᠋ ᠳᠠᠷᠤᠭ᠎ᠠ ᠮᠢᠶᠣᠣ ᠴᠧᠩ ᠢᠦᠢ | ᠰᠤᠷᠤᠯᠴᠠᠯᠭ᠎ᠠ ᠶᠢᠨ ᠬᠤᠷᠠᠯ ᠢ ᠡᠷᠬᠢᠯᠡᠪᠡ ᠃ ᠬᠤᠷᠠᠯ ᠨᠢ ᠸᠢᠳᠢᠤ᠋ ᠬᠤᠷᠠᠯ ᠤᠨ ᠬᠡᠯᠪᠡᠷᠢ ᠪᠠᠷ ᠶᠠᠪᠤᠭᠳᠠᠵᠤ ᠂ ᠯᠦ ᠵᠠᠨ ᠴᠢᠩ ᠂ ᠴᠢᠦᠢ ᠱᠤ᠋ ᠴᠢᠩ ᠵᠡᠷᠭᠡ | ᠬᠤᠰᠢᠭᠤᠨ ᠤ ᠳᠥᠷᠪᠡᠨ ᠶᠡᠭᠡ ᠪᠠᠭ ᠤᠨ ᠤᠳᠤᠷᠢᠳᠤᠯᠭ᠎ᠠ ᠵᠡᠭᠦᠨᠭᠠᠷ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠵᠠᠢ ᠃ | ᠲᠣᠰ ᠡᠳᠦᠷ ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠂ ᠵᠠᠰᠠᠭ ᠤᠨ ᠣᠷᠳᠣᠨ ᠤ ᠬᠤᠰᠢᠭᠤᠨ ᠤ ᠳᠠᠷᠤᠭ᠎ᠠ ᠂ ᠵᠡᠭᠦᠨᠭᠠᠷ ᠠᠵᠤ ᠠᠬᠤᠢ ᠶᠢᠨ | ᠨᠡᠭᠡᠭᠡᠯᠲᠡ ᠶᠢᠨ ᠤᠷᠤᠨ ᠤ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠰᠤᠷᠭᠠᠯᠳᠤ ᠬᠤᠰᠢᠭᠤᠨ ᠤ ᠠᠷᠠᠳ ᠤᠨ | ᠵᠠᠰᠠᠭ ᠤᠨ ᠣᠷᠳᠣᠨ ᠤ 2023 ᠣᠨ ᠤ ᠳᠤᠯᠤᠳᠤᠭᠠᠷ ᠤᠳᠠᠭ᠎ᠠ ᠶᠢᠨ ᠪᠠᠶᠢᠩᠭᠤ ᠶᠢᠨ ᠶᠠᠪᠤᠳᠠᠯ ᠤᠨ ᠬᠤᠷᠠᠯ ᠢ ᠡᠷᠭᠢᠯᠡᠨ ᠬᠤᠷᠠᠯᠳᠤᠭᠤᠯᠪᠠ ᠃ ᠬᠤᠰᠢᠭᠤᠨ ᠤ | ᠤᠳᠤᠷᠢᠳᠤᠯᠭ᠎ᠠ ᠳ᠋ᠦ᠋ ᠶᠠᠨ ᠪᠢᠨ ᠂ ᠸᠠᠩ ᠮᠢᠨ ᠂ ᠸᠠᠩ ᠵᠢᠩ ᠯᠦᠩ ᠂ ᠤᠶᠤᠨᠪᠢᠯᠢᠭ᠌ ᠂ ᠦ᠋ ᠰᠢᠦᠢ ᠳ᠋ᠦᠩ ᠂ ᠵᠠᠩ ᠶᠠ ᠨᠠᠨ ᠂ ᠯᠢᠦ ᠢᠦᠢ ᠴᠧᠩ ᠂ ᠵᠠᠷᠢᠮ ᠰᠢᠶᠠᠩ | ᠪᠠᠯᠭᠠᠰᠤ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠂ ᠬᠤᠰᠢᠭᠤᠨ ᠤ ᠰᠢᠭᠤᠳ ᠬᠠᠷᠢᠶ᠎ᠠ ᠬᠤᠯᠪᠤᠬᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ | ᠬᠤᠷᠠᠯ ᠳᠤ ᠣᠷᠣᠯᠴᠠᠵᠠᠢ ᠃ | 6 ᠰᠠᠷ᠎ᠠ ᠶᠢᠨ 26 ᠤ ᠡᠳᠦᠷ ᠠᠴᠠ 27 ᠤ ᠡᠳᠦᠷ ᠪᠣᠯᠲᠠᠯ᠎ᠠ ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ ᠂ ᠵᠠᠰᠠᠭ ᠤᠨ ᠣᠷᠳᠣᠨ ᠤ | ᠬᠤᠰᠢᠭᠤᠨ ᠤ ᠳᠠᠷᠤᠭ᠎ᠠ ᠂ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ ᠤᠷᠤᠨ ᠤ ᠨᠠᠮ ᠤᠨ ᠠᠵᠢᠯᠯᠠᠬᠤ ᠬᠤᠷᠢᠶᠠᠨ ᠤ ᠱᠦᠵᠢ ᠂ ᠬᠠᠮᠢᠶᠠᠷᠤᠯᠲᠠ ᠶᠢᠨ ᠵᠥᠪᠯᠡᠯ ᠤᠨ | ᠡᠷᠬᠢᠯᠡᠭᠴᠢ ᠰᠤᠷᠭᠠᠯᠳᠤ ᠤᠷᠢᠳ ᠬᠤᠵᠢᠳ ᠵᠡᠭᠦᠨᠭᠠᠷ ᠠᠵᠤ ᠦᠢᠯᠡᠰ ᠤᠨ ᠬᠦᠷᠢᠶᠡᠯᠡᠩ ᠂ ᠳ᠋ᠠ ᠯᠤ᠋ ᠠᠵᠤ ᠦᠢᠯᠡᠰ ᠤᠨ ᠬᠦᠷᠢᠶᠡᠯᠡᠩ ᠳᠤ ᠬᠦᠷᠴᠦ ᠪᠣᠬᠢᠷ ᠤᠰᠤ | ᠠᠷᠢᠭᠤᠳᠬᠠᠨ ᠰᠢᠢᠳᠪᠦᠷᠢᠯᠡᠬᠦ ᠦᠢᠯᠡᠳᠪᠦᠷᠢ ᠶᠢᠨ ᠪᠦᠲᠦᠭᠡᠨ ᠪᠠᠶᠢᠭᠤᠯᠤᠯᠲᠠ ᠡᠵᠡᠩᠨᠡᠯᠲᠡ ᠵᠢᠴᠢ ᠤᠰᠤᠨ ᠤ ᠡᠬᠢ ᠪᠠᠶᠠᠯᠢᠭ ᠢ ᠡᠷᠭᠢᠯᠳᠦᠭᠦᠯᠦᠨ ᠠᠰᠢᠭᠯᠠᠬᠤ ᠵᠡᠷᠭᠡ | ᠠᠵᠢᠯ ᠢ ᠪᠠᠶᠢᠴᠠᠭᠠᠨ ᠰᠤᠳᠤᠯᠪᠠ ᠃ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ ᠤᠷᠤᠨ ᠤ ᠬᠠᠮᠢᠶᠠᠷᠤᠯᠲᠠ ᠶᠢᠨ ᠵᠥᠪᠯᠡᠯ ᠂ ᠬᠤᠲᠠ ᠶᠢᠨ ᠠᠮᠢ ᠠᠬᠤᠢ ᠣᠷᠴᠢᠨ | ᠲᠣᠭᠤᠷᠢᠨ ᠤ ᠲᠣᠪᠴᠢᠶ᠎ᠠ ᠶᠢᠨ ᠵᠡᠭᠦᠨᠭᠠᠷ ᠬᠤᠰᠢᠭᠤᠨ ᠤ ᠬᠤᠪᠢᠶᠠᠷᠢ ᠲᠣᠪᠴᠢᠶ᠎ᠠ ᠂ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠵᠡᠷᠭᠡ ᠰᠠᠯᠠᠭ᠎ᠠ | ᠮᠥᠴᠢᠷ ᠤᠨ ᠬᠠᠷᠢᠭᠤᠴᠠᠯᠭᠠᠲᠠᠳ ᠪᠠᠶᠢᠴᠠᠭᠠᠨ ᠰᠤᠳᠤᠯᠤᠯᠲᠠ ᠳᠤ ᠣᠷᠣᠯᠴᠠᠵᠠᠢ ᠃ | 6 ᠰᠠᠷ᠎ᠠ ᠶᠢᠨ 27 ᠤ ᠡᠳᠦᠷ ᠂ ᠳᠤᠮᠳᠠᠳᠤ ᠤᠯᠤᠰ ᠤᠨ ᠡᠪ ᠬᠠᠮᠲᠤ ᠨᠠᠮ 102 ᠵᠢᠯ ᠤᠨ ᠤᠢ ᠪᠠᠨ ᠤᠭᠲᠤᠬᠤ ᠭᠡᠵᠦ ᠪᠠᠶᠢᠭ᠎ᠠ ᠲᠠᠰᠢᠷᠠᠮ ᠢᠶᠠᠷ ᠂ ᠵᠡᠭᠦᠨᠭᠠᠷ | ᠬᠤᠰᠢᠭᠤᠨ ᠤ ︽ ᠲᠤᠭ ᠤᠨ ᠳᠣᠣᠷ᠎ᠠ ᠨᠠᠮ ᠤᠨ ᠠᠴᠢ ᠶᠢ ᠶᠠᠷᠢᠵᠤ ᠡᠷᠡᠯᠬᠡᠭᠯᠡᠨ ᠤᠷᠤᠭᠰᠢᠯᠠᠬᠤ ᠵᠠᠮ ᠳᠠᠭᠠᠨ ᠰᠢᠨ᠎ᠡ ᠠᠶᠠᠨ ᠢᠶᠠᠨ ᠡᠬᠢᠯᠡᠭᠦᠯᠬᠦ ︾ ᠳᠤᠮᠳᠠᠳᠤ | ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 102 ᠵᠢᠯ ᠤᠨ ᠤᠢ ᠶᠢ ᠪᠡᠯᠭᠡᠯᠡᠬᠦ ᠭᠤᠣᠯ ᠰᠡᠳᠦᠪᠲᠦ ᠠᠵᠢᠯᠯᠠᠭ᠎ᠠ ᠳ᠋ᠠ ᠯᠦ ᠰᠢᠨ᠎ᠡ ᠲᠣᠭᠤᠷᠢᠭ ᠤᠨ ᠵᠢᠶᠡᠨ ᠶᠧ | ᠲᠣᠮᠣ ᠠᠰᠠᠷ ᠤᠨ ᠠᠭᠤᠳᠠᠮ ᠲᠠᠯᠠᠪᠠᠢ ᠳᠤ ᠶᠠᠪᠤᠭᠳᠠᠪᠠ ᠃ ᠰᠤ᠋ ᠰᠢᠨ ᠶᠠ ᠂ ᠯᠦ ᠵᠠᠨ ᠴᠢᠩ ᠂ ᠰᠤᠷᠭᠠᠯᠳᠤ ᠵᠡᠷᠭᠡ ᠬᠤᠰᠢᠭᠤᠨ ᠤ ᠳᠥᠷᠪᠡᠨ ᠶᠡᠭᠡ ᠪᠠᠭ ᠤᠨ | ᠪᠠᠶᠢᠭᠤᠯᠭ᠎ᠠ ᠳᠠᠭᠠᠨ ᠪᠠᠶᠢᠭ᠎ᠠ ᠤᠳᠤᠷᠢᠳᠤᠯᠭ᠎ᠠ ᠨᠠᠷ ᠠᠵᠢᠯᠯᠠᠭ᠎ᠠ ᠳᠤ ᠣᠷᠣᠯᠴᠠᠵᠠᠢ ᠃ | ᠲᠣᠰ ᠡᠳᠦᠷ ᠂ 2023 ᠣᠨ ᠤ ᠪᠥᠬᠦ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠤᠳᠤᠷᠢᠳᠬᠤ ᠺᠠᠳ᠋ᠷᠴᠤᠳ ᠤᠨ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠳᠤᠭᠤᠰᠢᠯᠠᠭᠤᠯᠬᠤ ᠵᠢᠴᠢ ᠰᠢᠨ᠎ᠡ ᠴᠠᠭ ᠦᠶ᠎ᠡ ᠶᠢᠨ ᠤᠯᠤᠰ ᠲᠥᠷᠥ ᠬᠠᠤᠯᠢ ᠴᠠᠭᠠᠵᠠ ᠶᠢᠨ | ᠠᠵᠢᠯ ᠤᠨ ᠳᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠣᠷᠳᠣᠰ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠦᠢᠯᠡᠴᠢᠯᠡᠭᠡᠨ ᠤ ᠲᠥᠪ ᠲᠤ ᠶᠠᠪᠤᠭᠳᠠᠪᠠ ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ ᠂ | ᠤᠯᠤᠰ ᠳᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠴᠢᠦᠢ ᠱᠤ᠋ ᠴᠢᠩ ᠪᠤᠯᠪᠠᠰᠤᠷᠠᠯ ᠡᠬᠢᠯᠡᠬᠦ ᠶᠣᠰᠣᠯᠠᠯ ᠳᠤ ᠣᠷᠣᠯᠴᠠᠪᠠ ᠃ | ᠲᠣᠰ ᠡᠳᠦᠷ ᠂ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ︽ ᠵᠢᠱᠢᠶᠡᠴᠢ ᠥᠪᠡᠷᠲᠡᠭᠡᠨ ᠵᠠᠰᠠᠬᠤ | ᠣᠷᠣᠨ ︾ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠡᠭᠦᠷᠭᠡ ᠶᠢ ᠠᠬᠢᠭᠤᠯᠬᠤ ᠬᠤᠷᠠᠯ ᠬᠢᠪᠡ ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠂ | ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠳᠤᠭᠤᠶᠢᠯᠠᠩ ᠤᠨ ᠳᠡᠳ᠋ ᠱᠦᠵᠢ ᠲᠠᠩ ᠲᠠᠯᠠᠢ ᠂ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠸᠠᠩ ᠵᠢᠩ ᠯᠦᠩ ᠬᠤᠷᠠᠯ ᠳᠤ ᠣᠷᠣᠯᠴᠠᠵᠤ ᠂ ᠡᠯ᠎ᠡ ᠰᠤᠮᠤ ᠰᠢᠶᠠᠩ ᠪᠠᠯᠭᠠᠰᠤ | ᠵᠡᠭᠡᠯᠢ ᠭᠤᠳᠤᠮᠵᠢ ᠶᠢᠨ ᠨᠢᠭᠡᠳᠦᠮᠡᠯ ᠹᠷᠣᠨᠲ ᠤᠨ ᠭᠡᠰᠢᠭᠦᠨ ᠂ ᠬᠤᠰᠢᠭᠤᠨ ᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ | ᠳᠤᠭᠤᠶᠢᠯᠠᠩ ᠤᠨ ᠪᠦᠷᠢᠯᠳᠦᠭᠦᠨ ᠨᠢᠭᠡᠴᠢ ᠪᠠ ᠬᠤᠲᠠ ᠶᠢᠨ ᠬᠡᠪᠴᠢᠶᠡᠨ ᠤ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠲᠦᠷᠦᠭᠦᠯᠡᠬᠦ ᠨᠢᠭᠡᠴᠢ ᠶᠢᠨ ᠬᠤᠪᠢᠳᠠᠨ | ᠬᠠᠮᠢᠶᠠᠷᠴᠤ ᠪᠠᠶᠢᠭ᠎ᠠ ᠤᠳᠤᠷᠢᠳᠤᠯᠭ᠎ᠠ ᠂ ᠨᠢᠭᠡᠳᠦᠮᠡᠯ ᠹᠷᠣᠨᠲ ᠤᠨ ᠬᠡᠯᠲᠡᠰ ᠪᠠ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠪᠥᠬᠦ ᠤᠳᠤᠷᠢᠳᠬᠤ ᠪᠠᠭ ᠤᠨ | ᠪᠦᠷᠢᠯᠳᠦᠭᠦᠨ ᠵᠢᠴᠢ ᠬᠤᠯᠪᠤᠬᠳᠠᠯ ᠪᠦᠬᠦᠢ ᠰᠠᠯᠠᠭ᠎ᠠ ᠲᠠᠰᠤᠭ ᠤᠨ ᠬᠢᠨ ᠬᠤᠷᠠᠯ ᠳᠤ ᠣᠷᠣᠯᠴᠠᠵᠠᠢ ᠃ | 6 ᠰᠠᠷ᠎ᠠ ᠶᠢᠨ 28 ᠤ ᠡᠳᠦᠷ ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠤ᠋ | ᠰᠢᠨ ᠶᠠ ᠨᠠᠮ ᠤᠨ ᠡᠳᠦᠷᠯᠢᠭ ᠤᠨ ᠠᠵᠢᠯᠯᠠᠭ᠎ᠠ ᠳᠤ ᠣᠷᠣᠯᠴᠠᠭᠰᠠᠨ ᠪᠥᠭᠡᠳ ᠪᠥᠬᠦ ᠬᠤᠰᠢᠭᠤᠨ ᠤ ᠨᠠᠮ ᠤᠨ ᠭᠡᠰᠢᠭᠦᠨ ᠺᠠᠳ᠋ᠷᠴᠤᠳ ᠲᠤ ︽ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠬᠴᠠᠯᠠᠬᠤ ᠡᠨᠡ ᠬᠦ ᠭᠤᠣᠯ ᠰᠢᠵᠢᠮ ᠢ ᠪᠠᠲᠤ ᠡᠵᠡᠮᠳᠡᠨ ᠂ ᠰᠡᠳᠬᠢᠯ ᠢᠶᠠᠨ ᠨᠢᠭᠡᠳᠬᠡᠨ | ᠬᠦᠴᠦ ᠪᠠᠨ ᠬᠠᠮᠲᠤᠳᠬᠠᠵᠤ ︿ ᠬᠤᠶᠠᠷ ᠶᠡᠭᠡ ᠶᠠᠪᠤᠳᠠᠯ ﹀ ᠢ ᠰᠠᠶᠢᠳᠤᠷ ᠬᠢᠶ᠎ᠠ ︾ ᠭᠡᠬᠦ ᠲᠤᠰᠬᠠᠢ ᠰᠡᠳᠦᠪᠲᠦ ᠨᠠᠮ ᠤᠨ ᠬᠢᠴᠢᠶᠡᠯ ᠤᠷᠤᠬᠰᠠᠨ ᠪᠠᠶᠢᠨ᠎ᠠ ᠃ | ᠬᠤᠰᠢᠭᠤᠨ ᠤ ᠳᠥᠷᠪᠡᠨ ᠶᠡᠭᠡ ᠤᠳᠤᠷᠢᠳᠬᠤ ᠪᠠᠭ ᠤᠨ ᠪᠠᠶᠢᠭᠤᠯᠭ᠎ᠠ ᠳᠠᠭᠠᠨ ᠪᠠᠶᠢᠭ᠎ᠠ ᠤᠳᠤᠷᠢᠳᠤᠯᠭ᠎ᠠ ᠂ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ ᠤᠷᠤᠨ ᠂ | ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠂ ᠬᠤᠰᠢᠭᠤᠨ ᠤ ᠰᠢᠭᠤᠳ ᠬᠠᠷᠢᠶ᠎ᠠ ᠬᠤᠯᠪᠤᠬᠳᠠᠯ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠳ ᠠᠵᠢᠯᠯᠠᠭ᠎ᠠ ᠳᠤ ᠣᠷᠣᠯᠴᠠᠵᠠᠢ ᠃ | ᠲᠣᠰ ᠡᠳᠦᠷ ᠂ ᠬᠤᠰᠢᠭᠤᠨ ᠤ ᠨᠠᠮ ᠤᠨ ᠬᠤᠷᠢᠶᠠᠨ ᠤ ᠣᠨᠣᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ ᠤᠨ 2023 ᠣᠨ ᠤ ᠨᠠᠢᠮᠠᠳᠤᠭᠠᠷ | ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ ᠃ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ | ᠦᠶ᠎ᠡ ᠶᠢᠨ ᠴᠢᠬᠤᠯᠠ ᠵᠢᠭᠠᠪᠤᠷᠢ ᠪᠠ ᠴᠦᠯᠯᠡᠷᠬᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠂ ︽ᠤᠮᠠᠷᠠᠲᠤ ᠶᠢᠨ ᠭᠤᠷᠪᠠᠨ ᠣᠷᠣᠨ︾ ᠵᠡᠷᠭᠡ | ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ | ᠵᠣᠷᠢᠭ ᠰᠠᠨᠠᠭ᠎ᠠ ᠶᠢ ᠰᠤᠷᠤᠯᠴᠠᠨ ᠳᠤᠭᠤᠰᠢᠯᠠᠭᠤᠯᠬᠤ ᠶᠢᠨ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ ᠃ ᠬᠤᠲᠠ ᠶᠢᠨ ᠤᠯᠤᠰ ᠲᠥᠷᠥ ᠶᠢᠨ | ᠵᠥᠪᠯᠡᠯᠭᠡᠨ ᠤ ᠳᠡᠳ᠋ ᠲᠡᠷᠢᠭᠦᠯᠡᠭᠴᠢ ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠤ᠋ ᠰᠢᠨ ᠶᠠ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ ᠃ | ᠬᠤᠰᠢᠭᠤᠨ ᠤ ᠳᠥᠷᠪᠡᠨ ᠪᠠᠭ ᠤᠨ ᠪᠠᠶᠢᠭᠤᠯᠭ᠎ᠠ ᠳᠠᠭᠠᠨ ᠪᠠᠶᠢᠭ᠎ᠠ ᠤᠳᠤᠷᠢᠳᠤᠯᠭ᠎ᠠ ᠨᠠᠷ ᠬᠤᠷᠠᠯ ᠳᠤ ᠣᠷᠣᠯᠴᠠᠵᠠᠢ ᠃ | 6 ᠰᠠᠷ᠎ᠠ ᠶᠢᠨ 29 ᠤ ᠡᠳᠦᠷ ᠂ ᠮᠠᠨ ᠤ ᠤᠯᠤᠰ ᠤᠨ ᠠᠩᠬᠠᠳᠠᠭᠴᠢ ᠲᠦᠮᠡᠨ ᠲᠣᠨ ᠤ ᠲᠠᠰ ᠤᠨ ᠰᠢᠨ᠎ᠡ ᠡᠨᠧᠷᠭᠢ ᠶᠢᠨ ᠤᠰᠤᠲᠥ᠋ᠷᠥᠭᠴᠢ ᠦᠢᠯᠡᠳᠪᠤᠷᠢᠯᠠᠬᠦ | ᠲᠥᠷᠥᠯ ᠵᠦᠢᠯ ︱ ᠵᠡᠭᠦᠨᠭᠠᠷ ᠬᠤᠰᠢᠭᠤᠨ ᠤ ᠨᠠᠷᠠᠰᠤᠨ ᠤ ᠬᠡᠷᠡᠯ ᠴᠡᠨᠡᠭ ᠤᠨ ᠤᠰᠤᠲᠥ᠋ᠷᠥᠭᠴᠢ ᠦᠢᠯᠡᠳᠪᠤᠷᠢᠯᠠᠬᠦ ᠠᠵᠤ ᠦᠢᠯᠡᠰ ᠤᠨ ᠵᠢᠱᠢᠶ᠎ᠡ ᠦᠵᠡᠭᠦᠯᠬᠦ ᠲᠥᠷᠥᠯ | ᠵᠦᠢᠯ ᠤᠰᠤᠲᠥ᠋ᠷᠥᠭᠴᠢ ᠦᠢᠯᠡᠳᠪᠦᠷᠢᠯᠡᠬᠦ ᠶᠣᠰᠣᠯᠠᠯ ᠶᠠᠪᠤᠭᠤᠯᠵᠤ ᠂ ᠲᠥᠷᠥᠯ ᠵᠦᠢᠯ ᠤᠨ ᠠᠩᠬᠠᠨ ᠤ ᠤᠰᠤᠲᠥ᠋ᠷᠥᠭᠴᠢ ᠶᠢ ᠠᠮᠵᠢᠯᠲᠠᠲᠠᠢ ᠦᠢᠯᠡᠳᠪᠤᠷᠢᠯᠡᠵᠤ | ᠭᠠᠷᠭᠠᠪᠠ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ | ᠲᠡᠷᠢᠭᠦᠯᠡᠭᠴᠢ ᠬᠤᠸᠠᠩ ᡁᠢ ᠴᠢᠶᠠᠩ ᠤᠰᠤᠲᠥ᠋ᠷᠥᠭᠴᠢ ᠶᠢ ᠠᠮᠵᠢᠯᠲᠠ ᠲᠠᠢ ᠦᠢᠯᠡᠳᠪᠦᠷᠢᠯᠡᠵᠦ ᠂ ᠳᠤᠮᠳᠠᠳᠤ ᠤᠯᠤᠰ ᠤᠨ ᠬᠥᠬᠡᠮᠥ᠋ᠷᠡᠨ ᠤ ᠭᠤᠷᠪᠠᠨ ᠬᠠᠪᠴᠢᠯ ᠤᠨ | ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠨᠢᠭᠲᠠᠯᠠᠨ ᠪᠤᠳᠤᠭᠴᠢ ᠂ ᠨᠠᠮ ᠤᠨ ᠳᠤᠭᠤᠶᠢᠯᠠᠩ ᠤᠨ ᠪᠦᠷᠢᠯᠳᠦᠭᠦᠨ ᠽᠧᠩ ᠢ ᠂ ᠬᠤᠳᠠ ᠶᠢᠨ ᠨᠠᠮ ᠤᠨ | ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠬᠤᠳᠠ ᠶᠢᠨ ᠳᠡᠳ᠋ ᠳᠠᠷᠤᠭ᠎ᠠ ᠰᠦ᠋ ᠼᠦᠢ ᠹᠠᠩ ᠪᠠᠶᠠᠷ ᠤᠨ ᠦᠭᠡ ᠬᠡᠯᠡᠪᠡ ᠃ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠡᠳ᠋ ᠳᠠᠷᠤᠭ᠎ᠠ ᠵᠠᠩ ᠫᠧᠩ ᠂ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ | ᠲᠣᠪᠴᠢᠶ᠎ᠠ ᠶᠢᠨ ᠨᠠᠮ ᠤᠨ ᠳᠤᠭᠤᠶᠢᠯᠠᠩ ᠤᠨ ᠪᠦᠷᠢᠯᠳᠦᠭᠦᠨ ᠂ ᠲᠣᠪᠴᠢᠶᠠᠨ ᠤ ᠳᠡᠳ᠋ ᠳᠠᠷᠤᠭ᠎ᠠ ᠴᠧᠨ ᠵᠧᠩ ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ | ᠱᠦᠵᠢ ᠂ ᠵᠠᠰᠠᠭ ᠤᠨ ᠣᠷᠳᠣᠨ ᠤ ᠬᠤᠰᠢᠭᠤᠨ ᠤ ᠳᠠᠷᠤᠭ᠎ᠠ ᠂ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ ᠤᠷᠤᠨ ᠤ ᠨᠠᠮ ᠤᠨ ᠠᠵᠢᠯᠯᠠᠬᠤ ᠬᠤᠷᠢᠶ᠎ᠠ ᠶᠢᠨ | ᠱᠦᠵᠢ ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠰᠤᠷᠭᠠᠯᠳᠤ ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠂ ᠵᠡᠭᠦᠨᠭᠠᠷ ᠠᠵᠤ ᠠᠬᠤᠢ | ᠶᠢᠨ ᠨᠡᠭᠡᠭᠡᠯᠲᠡ ᠶᠢᠨ ᠤᠷᠤᠨ ᠤ ᠨᠠᠮ ᠤᠨ ᠠᠵᠢᠯᠯᠠᠬᠤ ᠬᠤᠷᠢᠶ᠎ᠠ ᠶᠢᠨ ᠳᠡᠳ᠋ ᠱᠦᠵᠢ ᠂ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠴᠢᠶᠣᠤ ᠠᠢ ᠫᠢᠩ | ᠤᠰᠤᠲᠥ᠋ᠷᠥᠭᠴᠢ ᠤᠶᠢᠯᠡᠳᠪᠤᠷᠢᠯᠡᠬᠦ ᠶᠣᠰᠣᠯᠠᠯ ᠳᠤ ᠣᠷᠣᠯᠴᠠᠪᠠ ᠃ | ᠳᠤᠰ ᠡᠳᠦᠷ ᠂ ᠠᠷᠪᠠᠨ ᠵᠢᠷᠭᠤᠳᠤᠭᠠᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠳᠠᠪᠢᠨ ᠳᠦᠷᠪᠡᠳᠤᠭᠡᠷ | ᠤᠳᠠᠭᠠᠨ ᠤ ᠬᠤᠷᠠᠯ ᠬᠤᠷᠠᠯᠳᠤᠵᠤ ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠂ ᠴᠢᠬᠤᠯᠠ ᠵᠣᠬᠢᠶᠠᠯ ᠪᠠᠶᠠᠷ ᠤᠨ ᠵᠠᠬᠢᠳᠠᠯ ᠪᠠ ᠳᠡᠭᠡᠳᠦ | ᠱᠠᠲᠤᠨ ᠤ ᠪᠢᠴᠢᠭ ᠮᠠᠲ᠋ᠧᠷᠢᠶᠠᠯ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠂ ᠬᠤᠯᠪᠣᠭᠳᠠᠯ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠵᠠᠢ ᠃ | ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠤ᠋ ᠰᠢᠨ ᠶᠠ ᠬᠤᠷᠠᠯ ᠢ ᠡᠷᠭᠢᠯᠡᠪᠡ ᠃ | 6 ᠰᠠᠷ᠎ᠠ ᠶᠢᠨ 30 ᠤ ᠡᠳᠦᠷ ᠂ ᠪᠦᠬᠦ ᠬᠤᠲᠠ ᠶᠢᠨ ᠠᠶᠤᠯᠬᠦᠢ ᠦᠢᠯᠡᠳᠪᠦᠷᠢᠯᠡᠯ ᠤᠨ ᠠᠵᠢᠯ ᠤᠨ ᠲᠣᠬᠢᠷᠠᠭᠤᠯᠤᠯᠳᠠ ᠶᠢᠨ ᠬᠤᠷᠠᠯ ᠬᠤᠷᠠᠯᠳᠤᠵᠤ ᠂ ᠶᠡᠷᠦᠩᠬᠡᠢ | ᠱᠦᠵᠢ ᠰᠢ ᠶᠢᠨ ᠫᠢᠩ ᠤᠨ ᠨᠢᠩᠰᠢᠶᠠ ᠶᠢᠨ ᠢᠷᠭᠠᠢ ᠶᠢᠨ ᠰᠢᠷᠠᠯᠭ᠎ᠠ ᠶᠢᠨ ᠳᠡᠯᠭᠡᠭᠦᠷ ᠤᠨ ᠰᠢᠲᠠᠮᠠᠬᠠᠢ ᠬᠡᠢ ᠶᠢᠨ ᠳᠡᠯᠪᠡᠷᠡᠯᠲᠡ ᠶᠢᠨ ᠠᠳᠡᠯ ᠤᠨ ᠲᠤᠬᠠᠢ ᠴᠢᠬᠤᠯᠠ | ᠵᠢᠭᠠᠪᠤᠷᠢ ᠂ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠂ ᠲᠦᠷᠦ ᠶᠢᠨ ᠶᠠᠪᠤᠳᠠᠯ ᠤᠨ ᠬᠤᠷᠢᠶᠠᠨ ᠤ ᠠᠶᠤᠯᠭᠦᠢ ᠦᠢᠯᠡᠳᠪᠦᠷᠢᠯᠡᠯ ᠤᠨ | ᠵᠥᠪᠯᠡᠯ ᠤᠨ ᠠᠯᠪᠠᠨ ᠭᠡᠷ ᠤᠨ ᠬᠤᠯᠪᠣᠭᠳᠠᠯ ᠪᠦᠬᠦᠢ ᠵᠠᠷᠯᠠᠯ ᠵᠢᠴᠢ ᠪᠦᠬᠦ ᠣᠷᠣᠨ ᠤ ᠠᠮᠤᠷ ᠲᠦᠪᠰᠢᠨ ᠤ ᠬᠡᠮ ᠰᠣᠭᠤᠭ ᠢ ᠵᠢᠬᠰᠠᠭᠠᠨ ᠪᠠᠶᠢᠴᠠᠭᠠᠵᠤ ᠴᠡᠭᠴᠡᠯᠡᠨ | ᠵᠠᠰᠠᠬᠤ ᠠᠵᠢᠯ ᠤᠨ ᠠᠬᠤᠢ ᠲᠠᠯᠠᠪᠠᠢ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠳᠤᠭᠤᠰᠢᠯᠠᠭᠤᠯᠵᠤ ᠂ ᠪᠦᠬᠦ ᠬᠤᠳᠠ ᠶᠢᠨ ᠠᠶᠤᠯᠭᠦᠢ ᠦᠢᠯᠡᠳᠪᠦᠷᠢᠯᠡᠯ ᠤᠨ | ᠪᠠᠶᠢᠳᠠᠯ ᠪᠣᠯᠣᠨ ᠣᠷᠣᠰᠢᠵᠤ ᠪᠠᠶᠢᠭ᠎ᠠ ᠠᠰᠠᠭᠤᠳᠠᠯ ᠢ ᠵᠠᠳᠠᠯᠵᠤ᠂ ᠳᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ ᠃ ᠬᠤᠲᠠ ᠶᠢᠨ ᠨᠠᠮ ᠤᠨ | ᠬᠤᠷᠢᠶᠠᠨ ᠤ ᠳᠡᠳ᠋ ᠱᠦᠵᠢ ᠂ ᠬᠤᠲᠠ ᠶᠢᠨ ᠳᠠᠷᠤᠭ᠎ᠠ ᠳ᠋ᠦ᠋ ᠬᠤᠢ ᠯᠢᠶᠠᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ ᠂ ᠬᠤᠲᠠ ᠶᠢᠨ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ ᠂ ᠬᠤᠲᠠ ᠶᠢᠨ ᠳᠡᠳ᠋ ᠳᠠᠷᠤᠭ᠎ᠠ ᠰᠤ᠋ ᠼᠦᠢ ᠹᠠᠩ ᠬᠤᠷᠠᠯ ᠡᠷᠭᠢᠯᠡᠵᠦ ᠂ ᠬᠤᠲᠠ ᠶᠢᠨ ᠳᠡᠳ᠋ ᠳᠠᠷᠤᠭ᠎ᠠ ᠵᠢᠷᠤᠮᠳᠤ ᠬᠤᠷᠠᠯ ᠳᠤ ᠣᠷᠣᠯᠴᠠᠪᠠ ᠃ | ᠬᠤᠰᠢᠭᠤᠨ ᠤ ᠤᠳᠤᠷᠢᠳᠤᠯᠭ᠎ᠠ ᠰᠤᠷᠭᠠᠯᠳᠤ ᠂ ᠦ᠋ ᠰᠢᠦᠢ ᠳ᠋ᠦᠩ ᠂ ᠯᠢᠦ ᠢᠦᠢ ᠴᠧᠩ ᠂ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ ᠤᠷᠤᠨ ᠂ ᠡᠯ᠎ᠡ ᠰᠤᠮᠤ | ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠂ ᠬᠤᠰᠢᠭᠤᠨ ᠤ ᠰᠢᠭᠤᠳ ᠬᠠᠷᠢᠶ᠎ᠠ ᠬᠤᠯᠪᠤᠬᠳᠠᠯ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠳ ᠵᠡᠭᠦᠨᠭᠠᠷ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠵᠠᠢ ᠃ | |