ᠲᠦᠮᠦᠰᠦ ᠢᠳᠡᠬᠦ ᠶᠢᠨ ᠭᠤᠷᠪᠡᠡ ᠶᠡᠭᠡ ᠠᠴᠢ ᠲᠤᠰᠠ
ᠨᠡᠶᠢᠲᠡᠯᠡᠭᠰᠡᠨ ᠴᠠᠭ᠄
2023/8/21
     1. ᠰᠠ ᠳᠤ ᠲᠠᠭᠠᠷᠢᠭᠳᠠᠬᠤ ᠶᠢ ᠰᠡᠷᠬᠡᠶᠢᠯᠡᠨ᠎ᠡ ᠃ ᠲᠦᠮᠦᠰᠦᠨ ᠳᠤ ᠮᠠᠰᠢ ᠡᠯᠪᠡᠭ ᠸᠢᠲ᠋ᠠᠮᠢᠨ B ᠶᠢᠨ ᠪᠦᠯᠦᠭ ᠪᠤᠯᠤᠨ ᠤᠨᠴᠠ ᠰᠠᠶᠢᠨ ᠰᠢᠷᠬᠡᠭᠯᠢᠭ ᠡᠳ᠋ ᠪᠡᠶ᠎ᠡ ᠮᠠᠬᠠᠪᠤᠳ ᠤᠨ ᠦᠳᠡᠯᠵᠦ ᠲᠤᠷᠦ᠋ᠢᠳᠠᠬᠤ ᠶᠢ ᠤᠳᠠᠭᠠᠰᠢᠷᠠᠭᠤᠯᠬᠤ ᠳᠤ ᠴᠢᠬᠤᠯᠠ ᠦᠢᠯᠡᠳᠦᠯ ᠦᠵᠡᠬᠦᠯᠳᠡᠭ ᠃ ᠲᠦᠮᠦᠰᠦᠨ ᠳᠤ ᠡᠯᠪᠡᠭ ᠪᠠᠶᠢᠳᠠᠭ ᠢᠳᠡᠰᠢ ᠶᠢᠨ ᠰᠢᠷᠬᠡᠭᠯᠢᠭ ᠪᠤᠯᠤᠨ ᠨᠢᠰᠢᠩᠬᠦ ᠶᠢᠨ ᠰᠢᠬᠢᠷ ᠰᠢᠩᠬᠡᠬᠡᠯᠳᠡ ᠶᠢᠨ ᠵᠠᠮ ᠤᠨ ᠦᠮᠡᠨ ᠢ ᠰᠡᠷᠬᠡᠶᠢᠯᠡᠨ ᠡᠮᠴᠢᠯᠡᠵᠦ ᠂ ᠴᠢᠰᠦᠨ ᠳᠠᠬᠢ ᠰᠦᠰᠦᠨ ᠴᠢᠯᠠᠭᠤᠯᠢᠭ ᠠᠯᠺᠤᠤᠯ ᠤᠨ ᠠᠭᠤᠯᠤᠭᠳᠠᠴᠠ ᠶᠢ ᠡᠷᠬᠡᠰᠢᠶᠡᠬᠦ ᠳᠤ ᠲᠤᠰᠠᠳᠠᠢ ᠃ ᠡᠬᠦᠨ ᠤ ᠲᠤᠳᠤᠷᠠᠬᠢ ᠨᠢᠯᠴᠠᠭᠠᠢ ᠤᠭᠤᠷᠠᠭ ᠨᠢ ᠵᠢᠷᠤᠬᠡ ᠴᠢᠰᠦᠨ ᠰᠤᠳᠠᠯ ᠤᠨ ᠡᠪᠡᠳᠴᠢᠨ ᠬᠡᠮ ᠢ ᠤᠷᠢᠳᠴᠢᠯᠠᠨ ᠰᠡᠷᠬᠡᠶᠢᠯᠡᠳᠡᠭ ᠃ ᠲᠦᠮᠦᠰᠦ ᠪᠠᠰᠠ ᠺᠠᠯᠢ ᠶᠢᠨ ᠡᠯᠧᠮᠧᠨ᠋ᠲ ᠡᠯᠪᠡᠭ ᠠᠭᠤᠯᠤᠭᠳᠠᠳᠠᠭ ᠪᠠᠨᠠᠨᠠ ᠂ ᠬᠦᠢᠯᠡᠰᠦ ᠂ ᠲᠤᠭᠤᠷ ᠲᠠᠢ ᠠᠳᠠᠯᠢᠬᠠᠨ ᠰᠠ ᠡᠪᠡᠳᠴᠢᠨ ᠲᠤᠰᠬᠤ ᠠᠶᠤᠯ ᠢ ᠪᠠᠭᠠᠰᠬᠠᠬᠤ ᠮᠦᠷᠳᠡᠬᠡᠨ ᠶᠠᠮᠠᠷᠴᠦ ᠭᠠᠵᠢᠭᠤ ᠦᠢᠯᠡᠳᠦᠯ ᠦᠬᠡᠢ ᠃ ᠰᠤᠳᠤᠯᠭᠠᠳᠠᠳ ᠂ ᠡᠳᠦᠷ ᠪᠤᠯᠭᠠᠨ ᠨᠢᠬᠡ ᠲᠦᠮᠦᠰᠦ ᠢᠳᠡᠪᠡᠯ ᠰᠠ ᠳᠤ ᠲᠠᠭᠠᠷᠢᠭᠳᠠᠬᠤ ᠲᠤᠬᠢᠶᠠᠯᠳᠤᠮᠵᠢ 40% ᠪᠠᠷ ᠲᠤᠷᠤᠭᠰᠢᠯᠠᠨ᠎ᠠ ᠬᠡᠵᠦ ᠵᠢᠭᠠᠵᠦ ᠭᠠᠷᠭᠠᠭᠰᠠᠨ ᠪᠠᠶᠢᠨ᠎ᠠ ᠃     2. ᠮᠠᠷᠢᠶ᠎ᠠ ᠰᠢᠭᠤᠷᠠᠨ᠎ᠠ ᠃ ᠡᠩ ᠲᠡᠷᠢᠬᠦᠨ ᠳᠤ ᠂ ᠲᠦᠮᠦᠰᠦ ᠢᠳᠡᠬᠦ ᠳᠤ ᠪᠡᠶ᠎ᠡ ᠮᠠᠬᠠᠪᠤᠳ ᠲᠤ ᠦᠬᠡᠬᠦ ᠬᠤᠷᠠᠮᠳᠤᠬᠤ ᠠᠴᠠ ᠰᠠᠨᠠᠭ᠎ᠠ ᠠᠯᠭᠠᠰᠬᠤ ᠤᠴᠢᠷ ᠦᠬᠡᠢ ᠃ ᠲᠡᠬᠦᠨ ᠳᠤ ᠂ ᠵᠦᠪᠬᠡᠨ 0.1% ᠶᠢᠨ ᠯᠡ ᠦᠬᠡᠬᠦ ᠠᠭᠤᠯᠤᠭᠳᠠᠳᠠᠭ ᠃ ᠲᠡᠶᠢᠮᠦ ᠠᠴᠠ ᠂ ᠡᠳᠦᠷ ᠪᠤᠯᠭᠠᠨ ᠲᠦᠮᠦᠰᠦ ᠢᠯᠡᠬᠦᠬᠡᠨ ᠢᠳᠡᠪᠡᠯ ᠪᠡᠶ᠎ᠡ ᠮᠠᠬᠠᠪᠤᠳ ᠲᠤ ᠰᠢᠩᠬᠡᠬᠦ ᠦᠬᠡᠬᠦ ᠬᠠᠰᠤᠭᠳᠠᠵᠦ ᠂ ᠢᠯᠡᠬᠦᠴᠡ ᠦᠬᠡᠬᠦ ᠠᠯᠭᠤᠷ ᠰᠤᠯᠢᠯᠴᠠᠭ᠎ᠠ ᠪᠠᠷ ᠭᠠᠳᠠᠭᠰᠢᠯᠠᠬᠤ ᠪᠤᠯᠤᠨ᠎ᠠ ᠃ ᠲᠠᠬᠢᠪᠠᠯ ᠲᠦᠮᠦᠰᠦ ᠢᠳᠡᠪᠡᠯ ᠰᠢᠮ᠎ᠡ ᠲᠡᠵᠢᠬᠡᠯ ᠴᠤᠯᠭᠤᠶᠢᠳᠠᠨ ᠡᠷᠡᠬᠦᠯ ᠮᠡᠨᠳᠦ ᠬᠤᠬᠢᠷᠠᠬᠤ ᠠᠴᠠ ᠰᠠᠨᠠᠭ᠎ᠠ ᠵᠤᠪᠠᠭ᠋ᠤ ᠵᠦᠢᠯ ᠦᠬᠡᠢ ᠃ ᠲᠦᠮᠦᠰᠦᠨ ᠳᠤ ᠠᠭᠤᠯᠤᠭᠳᠠᠭ᠎ᠠ ᠰᠢᠯᠢᠳᠡᠭ ᠴᠢᠨᠠᠷ ᠤᠨ ᠤᠭᠤᠷᠠᠭ ᠤᠨ ᠰᠢᠮ᠎ᠡ ᠲᠡᠵᠢᠬᠡᠯ ᠤᠨ ᠦᠷᠳᠡᠭ ᠴᠦ ᠲᠡᠷᠡ ᠂ ᠡᠷᠡᠬᠦᠯᠵᠢᠯ ᠤᠨ ᠦᠢᠯᠡᠳᠦᠯ ᠨᠢ ᠴᠦ ᠪᠤᠯᠤᠭ ᠂ ᠪᠦᠷ ᠰᠢᠷ᠎ᠠ ᠪᠤᠷᠴᠠᠭ ᠠᠴᠠ ᠲᠤᠤᠷᠠᠳᠠᠬᠤ ᠦᠬᠡᠢ ᠃ ᠪᠡᠶ᠎ᠡ ᠮᠠᠬᠠᠪᠤᠳ ᠲᠤ ᠱᠠᠭᠠᠷᠳᠠᠭᠳᠠᠳᠠᠭ ᠨᠡᠬᠦᠷᠡᠰᠦ ᠤᠰᠤᠨ ᠤ ᠨᠢᠬᠡᠳᠪᠦᠷᠢ ᠂ ᠡᠯ᠎ᠡ ᠵᠦᠢᠯ ᠤᠨ ᠸᠢᠲ᠋ᠠᠮᠢᠨ ᠂ ᠡᠷᠤᠳᠡᠰᠦ ᠪᠤᠳᠠᠰ ᠵᠡᠷᠭᠡ ᠶᠢᠨ ᠪᠤᠰᠤᠳ ᠰᠢᠮ᠎ᠡ ᠲᠡᠵᠢᠬᠡᠯᠳᠤ ᠪᠤᠳᠠᠰ ᠨᠢ ᠴᠦ ᠲᠤᠳᠤᠷᠭ᠎ᠠ ᠂ ᠭᠤᠯᠢᠷ ᠠᠴᠠ ᠨᠡᠩ ᠪᠦᠷᠢᠨ ᠲᠡᠬᠦᠯᠳᠡᠷ ᠪᠠᠶᠢᠳᠠᠭ ᠃ ᠤᠷᠴᠢᠮ ᠤᠨ ᠵᠢᠯ ᠠᠴᠠ ᠢᠲ᠋ᠠᠯᠢ ᠂ ᠢᠰᠫᠠᠨᠢ ᠂ ᠠᠮᠧᠷᠢᠺᠠ ᠂ ᠺᠠᠨᠠᠳᠠ ᠂ ᠤᠷᠤᠰ ᠵᠡᠷᠭᠡ ᠤᠯᠤᠰ ᠤᠷᠤᠨ ᠳᠤ ᠤᠷᠢᠳ ᠬᠤᠵᠢᠳ ᠨᠢᠬᠡ ᠪᠦᠯᠦᠭ ᠦᠪᠡᠷᠮᠢᠴᠡ ᠦᠨᠦᠷ ᠠᠮᠳᠠ ᠪᠦᠬᠦᠢ ᠲᠦᠮᠦᠰᠦᠨ ᠵᠠᠰᠠᠯᠭ᠎ᠠ ᠶᠢᠨ ᠬᠤᠭᠤᠯᠠᠨ ᠭᠡᠷ ᠡᠬᠦᠳᠡ ᠡᠷᠦᠬᠡ ᠪᠠᠨ ᠰᠡᠬᠦᠵᠦ ᠂ ᠪᠡᠶ᠎ᠡ ᠴᠢᠬᠢᠷᠠᠭᠵᠢᠭᠤᠯᠤᠨ ᠂ ᠮᠠᠷᠢᠶ᠎ᠠ ᠪᠠᠨ ᠰᠢᠭᠤᠷᠠᠭᠤᠯᠵᠦ ᠂ ᠭᠤᠸ᠎ᠠ ᠰᠠᠶᠢᠬᠠᠨ ᠢ ᠬᠥᠭᠡᠴᠡᠯᠳᠦᠳᠡᠭ ᠬᠦᠮᠦᠰ ᠤᠨ ᠡᠳᠦᠷ ᠲᠤᠳᠤᠮ ᠤᠨ ᠬᠦᠰᠡᠯ ᠬᠦᠬᠡᠬᠡᠴᠡᠯᠳᠦᠯ ᠢ ᠬᠠᠨᠭ᠍ᠭᠠᠨ ᠪᠠᠶᠢᠨ᠎ᠠ ᠃     3. ᠬᠤᠳᠤᠭᠤᠳᠤ ᠶᠢ ᠰᠤᠪᠢᠯᠠᠨ᠎ᠠ ᠃ ᠬᠢᠳᠡᠳ ᠡᠮᠨᠡᠯᠬᠡ ᠲᠦᠮᠦᠰᠦ ᠬᠤᠳᠤᠭᠤᠳᠤ ᠶᠢ ᠰᠤᠪᠢᠯᠠᠵᠦ ᠂ ᠲᠡᠯᠢᠬᠦᠤ ᠶᠢ ᠴᠢᠬᠢᠷᠠᠭᠵᠢᠭᠤᠯᠤᠨ ᠂ ᠬᠤᠳᠤᠭᠤᠳᠤᠨ ᠤ ᠰᠢᠷᠬᠠᠯᠠᠭ᠎ᠠ ᠶᠢ ᠡᠮᠴᠢᠯᠡᠨ᠎ᠡ ᠬᠡᠵᠦ ᠦᠵᠡᠳᠡᠭ ᠃ ᠵᠤᠷᠰᠢᠯ ᠤᠨ ᠴᠢᠨᠠᠷᠳᠠᠢ ᠬᠤᠷᠭᠤᠰᠤᠯᠠᠳᠠᠭ ᠡᠪᠡᠳᠴᠢᠨ ᠬᠡᠮ ᠳᠤ ᠮᠠᠰᠢ ᠲᠤᠰᠠᠳᠠᠢ ᠮᠦᠷᠳᠡᠬᠡᠨ ᠬᠤᠤᠷ ᠲᠠᠶᠢᠯᠵᠦ ᠂ ᠦᠷᠪᠢᠰᠦᠯ ᠢ ᠲᠠᠷᠤᠬᠤ ᠦᠢᠯᠡᠳᠦᠯ ᠲᠠᠢ ᠃          
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ