| ᠠᠩᠭ᠍ᠯᠢ ᠶᠢᠨ ᠠᠰᠠᠷᠠᠮᠵᠢ ᠶᠢᠨ ᠵᠤᠬᠢᠶᠠᠨ ᠪᠠᠶᠢᠭᠤᠯᠤᠯᠲᠠ ᠶᠢᠨ ᠠᠯᠬᠤᠬᠴᠢᠳ ᠤᠨ ᠨᠡᠶᠢᠭᠡᠮᠯᠢᠩ ᠪᠠ ᠮᠠᠶᠢᠺᠮᠢᠯᠦ᠋ᠨ ᠦᠮᠠᠨ ᠤ ᠲᠤᠰᠠᠯᠠᠮᠵᠢ ᠶᠢᠨ ᠲᠦᠪ ᠤᠨ | ᠬᠠᠮᠤᠭ ᠤᠨ ᠰᠢᠨ᠎ᠡ ᠰᠣᠳᠣᠯᠭᠠᠨ ᠳᠤ ᠣᠯᠵᠣ ᠮᠡᠳᠡᠭᠰᠡᠨ ᠢᠶᠠᠷ ᠂ ᠡᠳᠦᠷ ᠪᠦᠷᠢ 1.6 ᠺᠢᠯᠦᠮᠧᠳ᠋ᠷ ᠵᠠᠮ ᠢ 20 ᠮᠢᠨᠦ᠋ᠲ ᠲᠤ ᠶᠠᠪᠤᠵᠤ ᠪᠠᠷᠠᠬᠤ ᠶᠢ ᠪᠠᠷᠢᠮᠳᠠᠯᠠᠪᠠᠯ | ᠬᠦᠬᠦᠨ ᠪᠤᠯᠴᠢᠷᠬᠠᠢ ᠶᠢᠨ ᠦᠮᠠᠨ ᠂ ᠣᠷᠢᠳᠤ ᠪᠤᠯᠴᠢᠷᠬᠠᠢ ᠶᠢᠨ ᠦᠮᠠᠨ ᠂ ᠭᠡᠳᠡᠰᠤᠨ ᠤ ᠦᠮᠠᠨ ᠤ ᠵᠠᠰᠠᠯᠭ᠎ᠠ ᠳᠤ ᠢᠯᠡᠳᠳᠡ ᠲᠤᠰᠠᠳᠠᠢ ᠪᠠᠶᠢᠳᠠᠭ ᠂ ᠬᠠᠮᠤᠭ ᠤᠨ | ᠦᠨᠳᠦᠷ ᠲᠡᠭᠡᠨ 50 % ᠢᠶᠠᠷ ᠠᠳᠡᠭᠦ ᠨᠤᠷᠮ᠎ᠠ ᠶᠢ ᠲᠤᠷᠤᠭᠰᠢᠯᠠᠭᠤᠯᠤᠨ᠎ᠠ ᠃ ᠡᠬᠦᠨ ᠪᠠᠷ ᠪᠠᠷᠠᠬᠤ ᠦᠭᠡᠢ ᠂ ᠠᠯᠬᠤᠬᠤ ᠨᠢ ᠦᠯᠦ ᠬᠠᠯᠳᠠᠭᠠᠬᠤ ᠴᠢᠳᠠᠯ ᠢ | ᠨᠡᠮᠡᠭᠳᠡᠭᠦᠯᠳᠡᠭ ᠢᠶᠠᠷ ᠪᠠᠷᠠᠬᠤ ᠦᠭᠡᠢ ᠂ ᠲᠤᠳᠤᠭᠠᠳᠤ ᠱᠦᠭᠦᠷᠡᠯᠳᠡ ᠶᠢ ᠰᠠᠶᠢᠵᠢᠷᠠᠭᠤᠯᠤᠨ ᠂ ᠬᠤᠷᠮᠤᠨ ᠤ ᠲᠦᠪᠰᠢᠨ ᠢ ᠵᠤᠬᠢᠴᠠᠭᠤᠯᠬᠤ ᠂ ᠦᠮᠠᠨ ᠢ ᠰᠡᠷᠭᠡᠶᠢᠯᠡᠬᠦ ᠂ | ᠦᠮᠠᠨ ᠢ ᠡᠰᠡᠷᠭᠦᠴᠡᠬᠦ ᠲᠠᠯ᠎ᠠ ᠪᠠᠷ ᠲᠤᠪᠤᠶᠢᠮ᠎ᠠ ᠦᠢᠯᠡᠳᠦᠯ ᠲᠠᠢ ᠪᠠᠶᠢᠳᠠᠭ ᠃ | ᠬᠦᠬᠦᠨ ᠪᠤᠯᠴᠢᠷᠬᠠᠢ ᠶᠢᠨ ᠦᠮᠠᠨ ᠢ ᠰᠡᠷᠭᠡᠶᠢᠯᠡᠨ᠎ᠡ ᠃ ᠹᠠᠷᠠᠨᠼᠢ ᠶᠢᠨ ᠨᠢᠭᠡᠨ 400 ᠲᠦᠮᠡᠨ ᠡᠮᠡᠭᠲᠠᠶᠢᠴᠤᠤᠯ ᠳᠤ ᠬᠤᠯᠪᠤᠭᠳᠠᠬᠤ ᠰᠣᠳᠣᠯᠭᠠᠨ ᠳᠤ | ᠢᠯᠡᠷᠬᠡᠶᠢᠯᠭᠰᠡᠨ ᠢᠶᠠᠷ ᠂ ᠶᠠᠮᠠᠷᠪᠠ ᠨᠠᠰᠤᠨ ᠤ ᠡᠮᠡᠭᠲᠠᠢ ᠡᠳᠦᠷ ᠪᠦᠷᠢ 1 ᠴᠠᠭ ᠲᠦᠷᠭᠡᠨ ᠠᠯᠬᠤᠬᠤ ᠶᠢ ᠪᠠᠷᠢᠮᠳᠠᠯᠠᠪᠠᠯ ᠬᠦᠬᠦᠨ ᠪᠤᠯᠴᠢᠷᠬᠠᠢ ᠶᠢᠨ ᠦᠮᠠᠨ ᠳᠤ | ᠨᠡᠷᠪᠡᠭᠳᠡᠬᠦ ᠨᠤᠷᠮ᠎ᠠ ᠶᠢ 12 % ᠢᠶᠠᠷ ᠲᠤᠷᠤᠰᠢᠯᠠᠭᠤᠯᠳᠠᠭ ᠃ ᠭᠡᠳᠡᠰᠤᠨ ᠤ ᠦᠮᠠᠨ ᠢ ᠰᠡᠷᠭᠡᠶᠢᠯᠡᠨ᠎ᠡ ᠃ ᠬᠠᠹᠦ᠋ ᠶᠡᠭᠡ ᠰᠣᠷᠭᠠᠭᠤᠯᠢ ᠶᠢᠨ 7 ᠲᠦᠮᠡᠨ ᠬᠦᠮᠦᠨ ᠳᠤ | ᠴᠢᠭᠯᠡᠭᠦᠯᠦᠭᠰᠡᠨ ᠤᠷᠳᠤ ᠬᠤᠭᠤᠴᠠᠭᠠᠨ ᠤ ᠰᠤᠳᠤᠯᠭᠠᠨ ᠳᠤ ᠢᠯᠡᠷᠡᠭᠦᠯᠦᠭᠰᠡᠨ ᠢᠶᠠᠷ ᠂ ᠡᠳᠦᠷ ᠪᠦᠷᠢ 1 ᠴᠠᠭ ᠠᠯᠬᠤᠬᠤ ᠶᠢ ᠪᠠᠷᠢᠮᠳᠠᠯᠠᠪᠠᠯ ᠂ ᠰᠢᠯᠤᠭᠤᠨ ᠭᠡᠳᠡᠰᠤᠨ ᠤ | ᠦᠮᠠᠨ ᠳᠤ ᠨᠡᠷᠪᠡᠭᠳᠡᠬᠦ ᠨᠤᠷᠮ᠎ᠠ ᠶᠢ ᠬᠠᠭᠠᠰ ᠪᠠᠷ ᠪᠠᠭᠤᠷᠠᠭᠤᠯᠳᠠᠭ ᠃ | ᠨᠦᠢᠷ ᠤᠨ ᠪᠤᠯᠴᠢᠷᠬᠠᠢ ᠶᠢᠨ ᠦᠮᠠᠨ ᠢ ᠰᠡᠷᠭᠡᠶᠢᠯᠡᠨ᠎ᠡ ᠃ ᠠᠮᠧᠷᠢᠺᠠ ᠶᠢᠨ ︽ ᠤᠩᠰᠢᠭᠴᠢᠳ ᠤᠨ ᠱᠦᠭᠦᠮᠡᠭ ︾ ᠰᠡᠳᠭᠦᠯ ᠳᠤ ᠨᠡᠶᠢᠳᠡᠯᠡᠭᠳᠡᠭᠰᠡᠨ ᠨᠢᠭᠡᠨ | ᠰᠤᠳᠤᠯᠭᠠᠨ ᠤ ᠪᠦᠳᠦᠭᠡᠯ ᠳᠤ ᠵᠢᠭᠠᠵᠤ ᠭᠠᠷᠭᠠᠭᠰᠠᠨ ᠢᠶᠠᠷ ᠂ ᠡᠳᠦᠷ ᠪᠦᠷᠢ ᠬᠤᠭᠤᠯᠠᠨ ᠤ ᠲᠠᠷᠠᠭ᠎ᠠ 30 ᠮᠢᠨᠦ᠋ᠲ ᠰᠤᠯᠠ ᠠᠯᠬᠤᠯᠠᠪᠠᠯ ᠨᠦᠢᠷ ᠤᠨ ᠪᠤᠯᠴᠢᠷᠬᠠᠢ ᠶᠢᠨ | ᠦᠮᠠᠨ ᠳᠤ ᠨᠡᠷᠪᠡᠭᠳᠡᠬᠦ ᠨᠤᠷᠮ᠎ᠠ ᠶᠢ ᠬᠠᠭᠠᠰ ᠢᠶᠠᠷ ᠪᠠᠭᠤᠷᠠᠭᠤᠯᠳᠠᠭ ᠃ | ᠤᠷᠢᠳᠤ ᠪᠤᠯᠴᠢᠷᠬᠠᠢ ᠶᠢᠨ ᠦᠮᠠᠨ ᠢ ᠡᠰᠡᠷᠭᠦᠴᠡᠨ᠎ᠡ ᠃ ᠠᠮᠧᠷᠢᠺᠠ ᠶᠢᠨ ᠺᠠᠯᠢᠹᠦᠷᠨᠢᠶ᠎ᠠ ᠵᠸᠤ ᠶᠢᠨ ᠶᠡᠭᠡ ᠰᠤᠷᠭᠠᠭᠤᠯᠢ ᠶᠢᠨ ᠰᠣᠳᠣᠯᠭᠠᠳᠠᠳ 1455 ᠤᠷᠢᠳᠤ | ᠪᠤᠯᠴᠢᠷᠬᠠᠢ ᠶᠢᠨ ᠦᠮᠠᠨ ᠡᠪᠡᠳᠴᠢᠳᠠᠨ ᠳᠤ ᠤᠷᠳᠤ ᠬᠤᠭᠤᠴᠠᠭᠠᠨ ᠤ ᠮᠦᠷᠳᠠᠨ ᠪᠠᠶᠢᠴᠠᠭᠠᠯᠲᠠ ᠬᠢᠵᠦ ᠢᠯᠡᠷᠡᠭᠦᠯᠦᠭᠰᠡᠨ ᠢᠶᠠᠷ ᠂ ᠭᠠᠷᠠᠭ ᠪᠦᠷᠢ 3 ᠴᠠᠠᠭ ᠲᠦᠷᠭᠡᠨ | ᠠᠯᠬᠤᠪᠠᠯ ᠦᠮᠠᠨ ᠡᠪᠡᠳᠴᠢᠨ ᠤ ᠬᠦᠨᠳᠦᠷᠡᠬᠦ ᠬᠡᠮᠵᠢᠶ᠎ᠡ ᠨᠢ ᠬᠦᠳᠡᠯᠭᠡᠭᠡᠨ ᠬᠢᠳᠡᠭ ᠦᠭᠡᠢ ᠬᠦᠮᠦᠨ ᠠᠴᠠ 57% ᠢᠶᠠᠷ ᠲᠤᠤᠷ᠎ᠠ ᠪᠠᠶᠢᠳᠠᠭ ᠃ | ᠠᠯᠬᠤᠬᠤ ᠶᠢᠨ ᠠᠰᠢᠭ ᠲᠣᠰᠠ ᠶᠢ ᠪᠠᠳᠠᠷᠠᠭᠤᠯᠬᠤ ᠳᠤ ᠶᠠᠪᠤᠵᠤ ᠰᠠᠭᠤᠬᠤ ᠠᠯᠬᠤᠬᠤ ᠬᠡᠰᠬᠢᠬᠦ ᠬᠡᠪ ᠨᠠᠮᠪᠠ ᠂ ᠭᠠᠵᠠᠷ ᠂ ᠡᠮᠦᠰᠭᠡᠯ ᠵᠠᠰᠠᠯ ᠂ ᠴᠠᠭ ᠵᠢᠴᠢ | ᠬᠤᠷᠳᠤᠴᠠ ᠵᠡᠷᠭᠡ ᠶᠢ ᠠᠩᠬᠠᠷᠤᠭᠤᠰᠢᠲᠠᠢ ᠃ ᠠᠯᠬᠤᠯᠠᠬᠤ ᠳᠠᠭᠠᠨ ᠠᠯᠤᠰ ᠢ ᠰᠢᠷᠳᠡᠨ ᠴᠡᠭᠡᠵᠢ ᠪᠠᠨ ᠲᠡᠨᠡᠶᠢᠯᠭᠡᠵᠦ ᠂ ᠲᠡᠭᠰᠢ ᠤᠯᠠ ᠲᠠᠢ ᠱᠠᠬᠠᠢ ᠡᠮᠦᠰᠦᠨ ᠵᠢᠭᠳᠡ | ᠬᠤᠷᠳᠤᠴᠠ ᠪᠠᠷ ᠶᠠᠪᠤᠨ᠎ᠠ ᠃ ᠬᠠᠮᠤᠭ ᠤᠨ ᠰᠠᠶᠢᠨ ᠨᠢ ᠦᠳᠡ ᠶᠢᠨ ᠬᠤᠶᠢᠨᠠᠬᠢ 4 ᠴᠠᠭ ᠤᠨ ᠦᠶᠡᠰ ᠢᠶᠠᠷ ᠨᠢᠭᠡ ᠰᠧᠺᠦ᠋ᠨ᠋ᠳ᠋ ᠲᠤ ᠬᠤᠶᠠᠷ ᠠᠯᠬᠤᠮ ᠠᠯᠬᠤᠪᠠᠯ ᠦᠶ᠎ᠡ | ᠬᠡᠰᠢᠭᠦᠨ ᠤ ᠱᠠᠯᠠᠮᠠᠭᠠᠢ ᠠᠮᠢᠳᠣᠯᠢᠭ ᠂ ᠵᠢᠷᠦᠭᠡᠨ ᠴᠤᠬᠢᠯᠭ᠎ᠠ ᠪᠠ ᠴᠢᠰᠤᠨ ᠲᠠᠷᠤᠯᠳᠠ ᠶᠢ ᠲᠤᠭᠳᠠᠭᠤᠨ ᠪᠠᠶᠢᠯᠭᠠᠳᠠᠭ ᠃ ᠭᠡᠬᠦ ᠳᠡᠭᠡᠨ ᠴᠠᠭ ᠲᠠᠷᠤᠢ ᠳᠤᠨᠢ ᠤᠰᠤ | ᠨᠦᠬᠦᠪᠦᠷᠢᠯᠡᠬᠦ ᠶᠢ ᠠᠩᠬᠠᠷᠬᠤ ᠴᠢᠬᠤᠯᠠᠲᠠᠢ ᠃ | | | |