ᠵᠡᠭᠦᠨᠭᠠᠷ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠵᠡᠭᠦᠨᠭᠠᠷ ᠵᠣᠣ ᠪᠠᠯᠭᠠᠰᠤᠨ ᠳᠤ ᠭᠦᠨᠵᠡᠭᠡᠶᠢᠷᠡᠨ ︽ᠨᠢᠭᠡᠳᠦᠭᠡᠷ ᠹᠷᠣᠨᠲ ᠲᠤ ᠭᠦᠨᠵᠡᠭᠡᠶᠢᠷᠡᠵᠦ᠂ ᠬᠡᠷ ᠲᠤᠨᠢ ᠬᠦᠷᠴᠦ ᠦᠢᠯᠡᠴᠢᠯᠡᠬᠦ︾ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/8/9
    ᠪᠥᠬᠦ ᠬᠤᠰᠢᠭᠤᠨ ᠤ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ ᠂ ᠣᠶ ᠰᠢᠭᠤᠶ ᠡᠪᠡᠰᠦ ᠪᠡᠯᠴᠢᠭᠡᠷ ᠤᠨ ᠬᠦᠷᠢᠶᠡᠨ ᠳᠠᠬᠢ ᠭᠤᠤᠯᠳᠠᠯᠭ᠎ᠠ ᠲᠠᠢ ᠠᠵᠢᠯ ᠢ ᠠᠬᠢᠭᠤᠯᠬᠤ ᠶᠢᠨ ᠲᠥᠯᠥᠭᠡ ᠂ 8 ᠰᠠᠷ᠎ᠠ ᠶᠢᠨ 3 ᠤ ᠡᠳᠦᠷ ᠂ ᠵᠡᠭᠦᠨᠭᠠᠷ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠳᠠᠷᠤᠭ᠎ᠠ ᠹᠦ᠋ ᠭᠦᠸᠧ ᠴᠢᠶᠠᠩ ᠲᠣᠪᠴᠢᠶ᠎ᠠ ᠵᠢᠨ‌ᠤᠳᠤᠷᠢᠳᠬᠤ ᠪᠠᠭ ᠤᠨ ᠭᠡᠰᠢᠭᠦᠨ ᠵᠢᠴᠢ ᠬᠠᠮᠢᠶ᠎ᠠ ᠪᠥᠬᠦᠶ ᠲᠠᠰᠤᠭ ᠤᠨ ᠬᠠᠷᠢᠭᠤᠴᠠᠯᠭᠠᠲᠠᠨ ᠢ ᠳᠠᠭᠠᠭᠤᠯᠤᠨ ᠵᠡᠭᠦᠨᠭᠠᠷ ᠵᠣᠣ ᠪᠠᠯᠭᠠᠰᠤᠨ ᠳᠤ ᠬᠦᠷᠴᠦ ︽ ᠨᠢᠭᠡᠳᠦᠭᠡᠷ ᠹᠷᠣᠨᠲ ᠲᠤ ᠭᠦᠨᠵᠡᠭᠡᠶᠢᠷᠡᠵᠦ ᠂ ᠬᠡᠷ ᠲᠤᠨᠢ ᠬᠦᠷᠴᠦ ᠦᠢᠯᠡᠴᠢᠯᠡᠬᠦ ︾ ᠠᠵᠢᠯᠯᠠᠭ᠎ᠠ ᠶᠢᠨ ᠶᠠᠷᠢᠯᠴᠠᠬᠤ ᠬᠤᠷᠠᠯ ᠥᠷᠨᠢᠭᠦᠯᠵᠦ ᠂ ᠮᠠᠨ ᠤ ᠪᠠᠯᠭᠠᠰᠤ ᠶᠢ ᠬᠠᠪᠰᠤᠷᠤᠨ ᠣᠶ ᠰᠢᠭᠤᠶ ᠡᠪᠡᠰᠦ ᠪᠡᠯᠴᠢᠭᠡᠷ ᠤᠨ ᠬᠦᠷᠢᠶᠡᠨ ᠳᠠᠬᠢ ᠠᠵᠢᠯ ᠤᠨ ᠲᠤᠮᠳᠠ ᠲᠤᠯᠭᠠᠷᠠᠵᠤ ᠪᠠᠶᠢᠭ᠎ᠠ ᠬᠦᠴᠢᠷᠳᠠᠯ ᠂ ᠲᠦᠭᠵᠢᠷᠡᠯ ᠲᠠᠢ ᠠᠰᠠᠭᠤᠳᠠᠯ ᠢ  ᠰᠢᠢᠳᠪᠦᠷᠢᠯᠡᠵᠦ ᠥᠭᠪᠡ ᠃ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠶᠠᠩ ᠪᠦᠦ ᠂ ᠨᠠᠮ ᠤᠨ ᠬᠤᠷᠢᠶᠠᠨ ᠤ ᠭᠡᠰᠢᠭᠦᠨ ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠦ᠋ ᠶᠦᠨ ᠂ ᠨᠠᠮ ᠤᠨ ᠬᠤᠷᠢᠶᠠᠨ ᠤ ᠳᠡᠳ᠋ ᠱᠦᠵᠢ ᠂ ᠪᠠᠯᠭᠠᠰᠤᠨ ᠤ ᠳᠠᠷᠤᠭ᠎ᠠ ᠬᠤᠤ ᠫᠸᠢ ᠬᠤᠸᠠ ᠵᠢᠴᠢ ᠬᠤᠯᠪᠣᠭᠳᠠᠯ ᠪᠥᠬᠦᠶ ᠤᠳᠤᠷᠢᠳᠤᠯᠭ᠎ᠠ ᠪᠣᠯᠤᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ ᠃
  基层1(1).jpg    
   ᠬᠤᠷᠠᠯ ᠳᠡᠭᠡᠷ᠎ᠡ ᠵᠡᠭᠦᠨᠭᠠᠷ ᠵᠤᠤ ᠪᠠᠯᠭᠠᠰᠤ ᠣᠳᠣᠬᠠᠨ ᠤ ᠤᠢ ᠰᠢᠭᠤᠶ ᠡᠪᠡᠰᠦ ᠪᠡᠯᠴᠢᠭᠡᠷ ᠤᠨ ᠬᠦᠷᠢᠶᠡᠨ ᠳᠠᠬᠢ ᠠᠵᠢᠯ ᠤᠨ ᠳᠤᠮᠳᠠᠬᠢ ᠬᠦᠴᠢᠷᠳᠡᠯ ᠢ ᠨᠢᠭᠡᠳ ᠨᠢᠭᠡ ᠪᠠᠷ ᠬᠠᠷᠢᠭᠤ ᠮᠡᠳᠡᠭᠦᠯᠵᠦ ᠂ ᠬᠤᠰᠢᠭᠤᠨ ᠤ ᠤᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠲᠤᠬᠠᠶ ᠶᠢᠨ ᠲᠠᠯᠠᠪᠤᠷ ᠲᠤ ᠰᠢᠢᠳᠪᠦᠷᠢᠯᠡᠵᠤ ᠪᠣᠯᠬᠤ ᠠᠰᠠᠭᠤᠳᠠᠯ ᠳᠤ ᠬᠠᠷᠢᠭᠤᠯᠲᠠ ᠥᠭᠴᠦ ᠂ ᠵᠣᠬᠢᠴᠠᠭᠤᠯᠤᠨ ᠰᠢᠢᠳᠪᠦᠷᠢᠯᠡᠬᠦ ᠴᠢᠬᠤᠯᠠᠲᠠᠶ ᠬᠦᠴᠢᠷᠳᠡᠯ ᠢ ᠲᠡᠮᠳᠡᠭᠯᠡᠵᠦ ᠂ ᠤᠢ ᠰᠢᠭᠤᠶ ᠡᠪᠡᠰᠦ ᠪᠡᠯᠴᠢᠭᠡᠷ ᠤᠨ ᠭᠠᠷ ᠭᠦᠢᠴᠡᠳᠬᠡᠯ ᠵᠢᠴᠢ ᠳᠦᠷᠦ ᠶᠢᠨ ᠪᠤᠲᠤᠯᠭ᠎ᠠ ᠶᠢᠨ ᠬᠠᠮᠢᠶ᠎ᠠ ᠪᠦᠬᠦᠢ ᠠᠰᠠᠭᠤᠳᠠᠯ ᠳᠤ ᠴᠢᠭᠯᠡᠭᠦᠯᠦᠨ ᠨᠠᠷᠢᠨ ᠲᠣᠳᠣᠷᠬᠠᠶ ᠬᠠᠷᠢᠭᠤᠯᠲᠠ ᠪᠠ ᠣᠶᠢᠯᠠᠭᠠᠯᠴᠠᠭ᠎ᠠ ᠬᠢᠵᠡᠶ ᠃
  基层1(2).jpg   
   ᠬᠤᠷᠠᠯ ᠠᠴᠠ ᠂ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠣᠯ ᠠᠵᠤ ᠠᠬᠤᠢ ᠶᠢᠨ ᠨᠡᠮᠡᠭᠳᠡᠯ ᠢ ᠠᠬᠢᠭᠤᠯᠬᠤ ᠵᠠᠩᠭᠢᠯᠠᠭ᠎ᠠ ᠶᠢᠨ ᠲᠤᠯᠭᠠᠭᠤᠷᠢ ᠪᠣᠯᠤᠨ᠎ᠠ ᠂ ᠲᠦᠷᠦᠯ ᠵᠦᠢᠯ ᠤᠨ ᠨᠢᠭᠡᠴᠡ ᠳᠤ ᠬᠦᠴᠢᠷᠳᠡᠯ ᠣᠷᠣᠰᠢᠵᠤ ᠪᠠᠶᠢᠨ᠎ᠠ ᠂ ᠡᠯ᠎ᠡ ᠨᠢᠭᠡᠴᠡ ᠳᠡᠭᠡᠳᠦ ᠲᠤᠤᠷᠠᠳᠤ ᠱᠠᠳᠤ ᠪᠠᠷ ᠢᠶᠠᠨ ᠬᠤᠯᠪᠣᠭᠠᠯᠠᠨ ᠬᠥᠳᠡᠯᠦᠯᠴᠡᠵᠦ ᠂ ᠬᠠᠮᠵᠢᠯᠴᠠᠨ ᠪᠠᠶᠢᠯᠳᠤᠵᠤ ᠂ ᠲᠦᠷᠦᠯ ᠵᠦᠢᠯ ᠤᠨ ᠬᠥᠭᠵᠢᠯᠲᠡ ᠶᠢ ᠬᠠᠮᠲᠤᠪᠠᠷ ᠠᠬᠢᠭᠤᠯᠵᠤ ᠂ ᠲᠦᠷᠦᠯ ᠵᠦᠢᠯ ᠤᠨ ᠨᠢᠭᠡᠴᠡ ᠳᠤ ᠴᠢᠨᠠᠷ ᠰᠠᠶᠢᠲᠠᠢ ᠬᠤᠳᠠᠯᠳᠤᠭ᠎ᠠ  ᠡᠵᠡᠩᠨᠡᠬᠦ ᠣᠷᠴᠢᠨ ᠲᠣᠭᠤᠷᠢᠨ ᠢ ᠬᠠᠩᠭᠠᠬᠤ ᠬᠡᠷᠡᠭᠲᠡᠢ ᠃ ᠤᠢ ᠰᠢᠭᠤᠢ ᠡᠪᠡᠰᠦ ᠪᠡᠯᠴᠢᠭᠡᠷ ᠤᠨ ᠲᠤᠪᠴᠢᠶ᠎ᠠ ᠰᠠᠨᠠᠭᠠᠴᠢᠯᠠᠭ᠎ᠠ ᠠᠴᠠ ᠪᠠᠨ ᠬᠦᠷᠦᠯᠴᠡᠨ ᠢᠷᠡᠵᠦ ᠂ ᠡᠮᠦᠨ᠎ᠡ ᠨᠢ ᠦᠢᠯᠡᠴᠢᠯᠡᠵᠦ ᠂ ᠲᠦᠷᠦᠯ ᠵᠦᠢᠯ ᠤᠨ ᠨᠢᠭᠡᠴᠡ ᠶᠢ ᠢᠳᠡᠪᠬᠢᠲᠡᠢ ᠵᠣᠯᠭᠠᠭᠤᠯᠬᠤ ᠪᠠ ᠦᠢᠯᠡᠴᠢᠯᠡᠵᠦ ᠂ ᠲᠦᠷᠦᠯ ᠵᠦᠢᠯ ᠤᠨ ᠠᠰᠠᠭᠤᠳᠠᠯ ᠢ ᠨᠢᠭᠡᠳ ᠨᠢᠭᠡ ᠪᠠᠷ ᠰᠢᠢᠳᠪᠦᠷᠢᠯᠡᠵᠦ ᠂ ᠲᠦᠷᠦᠯ ᠵᠦᠢᠯ ᠤᠨ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠡᠢ ᠃
    基层1(3).jpg   
   ᠳᠠᠷᠠᠭᠠᠴᠢ ᠶᠢᠨ ᠠᠯᠬᠤᠮ ᠳᠤ ᠂ ᠵᠡᠭᠦᠨᠭᠠᠷ ᠵᠤᠤ ᠪᠠᠯᠭᠠᠰᠤ ᠶᠢᠨ ᠬᠢᠨ ᠤᠢ ᠰᠢᠭᠤᠢ ᠡᠪᠡᠰᠦ ᠪᠡᠯᠴᠢᠭᠡᠷ ᠤᠨ  ᠲᠤᠪᠴᠢᠶ᠎ᠠ ᠶᠢᠨ ︽ ᠬᠡᠷ ᠲᠤᠨᠢ ᠬᠦᠷᠴᠦ ᠦᠢᠯᠡᠴᠢᠯᠡᠬᠦ ︾ ᠲᠤᠷᠰᠢᠯᠭ᠎ᠠ ᠶᠢ ᠰᠤᠷᠤᠯᠴᠠᠨ ᠲᠤᠯᠢᠳᠠᠵᠤ ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠢ ᠪᠠᠶᠢᠩᠭᠤᠵᠢᠭᠤᠯᠤᠨ ᠥᠷᠨᠢᠭᠦᠯᠦᠨ᠎ᠡ ᠃ ᠡᠭᠦᠨ ᠤ ᠬᠠᠮᠲᠤ ᠂ ᠳᠡᠭᠡᠳᠦ ᠱᠠᠲᠤᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠵᠣᠯᠭᠠᠯᠴᠠᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ ᠂ ᠲᠥᠷᠥᠯ ᠵᠤᠶᠢᠯ  ᠢ ᠠᠬᠢᠭᠤᠯᠬᠤ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠢ ᠵᠣᠬᠢᠴᠠᠭᠤᠯᠤᠨ  ᠰᠢᠢᠳᠪᠦᠷᠢᠯᠡᠵᠤ ᠂ ᠲᠥᠷᠥᠯ ᠵᠤᠶᠢᠯ ᠤᠨ ᠬᠢᠨᠠᠨ ᠵᠥᠪᠰᠢᠶᠡᠷᠡᠯ ᠤᠨ ᠪᠥᠬᠦ ᠲᠠᠯ᠎ᠠ ᠶᠢᠨ ᠬᠤᠷᠳᠤᠴᠠ ᠶᠢ ᠠᠬᠢᠭᠤᠯᠤᠨ ᠂ ᠲᠥᠷᠥᠯ ᠵᠤᠶᠢᠯ ‍ᠤᠨ‌‍ᠲ᠋ᠣᠭᠲᠠᠭᠰᠠᠨ ᠬᠤᠭᠤᠴᠠᠭᠠᠨ ᠳᠤ ᠠᠵᠢᠯ ᠡᠬᠢᠯᠡᠭᠦᠯᠵᠦ ᠂ ᠡᠷᠲᠡᠬᠡᠨ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠶ ᠃     
ᠢᠷᠡᠯᠲᠡ᠄ ᠵᠡᠭᠦᠨᠭᠠᠷ ᠵᠤᠤ ᠪᠠᠯᠭᠠᠰᠤ ᠶᠢᠨ ᠨᠡᠶᠢᠳᠡᠯᠡᠯ