ᠰᠢ ᠶᠢᠨ ᠫᠢᠩ ᠯᠢᠪᠢᠶᠠ ᠶᠢᠨ ᠠᠶᠤᠯᠲᠤ ᠰᠠᠯᠬᠢᠨ ᠤ ᠭᠠᠮᠰᠢᠭ ᠤᠨ ᠲᠤᠬᠠᠢ ᠯᠢᠪᠢᠶᠠ ᠶᠢᠨ ᠶᠡᠷᠦᠩᠬᠡᠶᠢᠯᠡᠭᠴᠢ ᠶᠢᠨ ᠵᠥᠪᠯᠡᠯ ᠤᠨ ᠲᠡᠷᠢᠭᠦᠯᠡᠭᠴᠢ ᠮᠠᠨᠹᠸᠢ ᠳᠤ ᠲᠣᠬᠤᠨᠢᠭᠤᠯᠬᠤ ᠴᠠᠭᠢᠯᠭᠠᠨ ᠴᠢᠮᠡᠭᠡ ᠶᠠᠪᠤᠭᠤᠯᠪᠠ
ᠨᠡᠶᠢᠲᠡᠯᠡᠭᠰᠡᠨ ᠴᠠᠭ᠄
2023/9/14
    9 ᠰᠠᠷ᠎ᠠ ᠶᠢᠨ 12 ᠤᠨ ᠡᠳᠦᠷ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠯᠢᠪᠢᠶᠠ ᠶᠢᠨ ᠠᠶᠤᠯᠲᠤ ᠰᠠᠯᠬᠢᠨ ᠤ ᠭᠠᠮᠰᠢᠭ ᠤᠨ ᠲᠤᠬᠠᠢ ᠯᠢᠪᠢᠶᠠ ᠶᠢᠨ ᠶᠡᠷᠦᠩᠬᠡᠶᠢᠯᠡᠭᠴᠢ ᠶᠢᠨ ᠵᠥᠪᠯᠡᠯ ᠤᠨ ᠲᠡᠷᠢᠭᠦᠯᠡᠭᠴᠢ ᠮᠠᠨᠹᠸᠢ ᠳᠤ ᠲᠣᠬᠤᠨᠢᠭᠤᠯᠬᠤ ᠴᠠᠭᠢᠯᠭᠠᠨ ᠴᠢᠮᠡᠭᠡ ᠶᠠᠪᠤᠭᠤᠯᠪᠠ ᠃ ᠰᠢ ᠶᠢᠨ ᠫᠢᠩ ᠂ ᠡᠷᠬᠢᠮ ᠤᠯᠤᠰ ᠠᠶᠤᠯᠲᠤ ᠰᠠᠯᠬᠢᠨ ᠤ ᠳᠠᠭᠠᠷᠢᠯᠲᠠ ᠳᠤ ᠤᠴᠠᠷᠠᠵᠤ ᠂ ᠬᠥᠮᠥᠨ ᠬᠠᠷ᠎ᠠ ᠠᠳᠡᠵᠦ ᠰᠢᠷᠬᠠᠲᠤᠭᠰᠠᠨ ᠪᠠ ᠡᠳ᠋ ᠬᠥᠷᠥᠩᠭᠡ ᠬᠤᠬᠢᠷᠠᠭᠰᠠᠨ ᠢ ᠰᠣᠴᠢᠰᠬᠢᠨ ᠰᠣᠨᠣᠰᠤᠯ᠎ᠠ ᠃ ᠪᠢ ᠳᠤᠮᠳᠠᠳᠤ ᠤᠯᠤᠰ ᠤᠨ ᠵᠠᠰᠠᠭ ᠤᠨ ᠣᠷᠳᠣᠨ ᠪᠣᠯᠣᠨ ᠠᠷᠠᠳ ᠲᠦᠮᠡᠨ ᠤ ᠡᠮᠦᠨ᠎ᠡ ᠠᠴᠠ ᠠᠳᠡᠭᠰᠡᠳ ᠢ ᠡᠮᠭᠡᠨᠢᠨ ᠭᠠᠰᠢᠭᠤᠳᠠᠵᠤ ᠂ ᠠᠳᠡᠭᠰᠡᠳ ᠤᠨ ᠭᠡᠷ ᠪᠦᠯᠢ ᠪᠣᠯᠣᠨ ᠰᠢᠷᠬᠠᠲᠤᠭᠰᠠᠳ ᠢ ᠴᠢᠩ ᠰᠡᠳᠬᠢᠯ ᠠᠴᠠ ᠪᠠᠨ ᠲᠣᠬᠤᠨᠢᠭᠤᠯᠵᠤ ᠪᠠᠶᠢᠬᠤ ᠪᠠᠨ ᠢᠯᠡᠳᠬᠡᠵᠦ ᠪᠠᠶᠢᠨ᠎ᠠ ᠃ ᠯᠢᠪᠢᠶ᠎ᠠ ᠶᠢᠨ ᠠᠷᠠᠳ ᠲᠦᠮᠡᠨ ᠯᠠᠪᠲᠠᠢ ᠴᠠᠭ ᠤᠨ ᠪᠡᠷᠬᠡ ᠶᠢ ᠬᠠᠮᠲᠤ ᠪᠠᠷ ᠳᠣᠭᠤᠯᠵᠤ ᠂ ᠭᠠᠢ ᠭᠠᠮᠰᠢᠭ ᠢ ᠢᠯᠠᠨ ᠳᠠᠪᠠᠵᠤ ᠴᠢᠳᠠᠨ᠎ᠠ ᠭᠡᠳᠡᠭ ᠢ ᠢᠲᠡᠭᠡᠵᠦ ᠪᠠᠶᠢᠨ᠎ᠠ ᠭᠡᠵᠦ ᠢᠯᠡᠳᠬᠡᠪᠡ ᠃    ︵ ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 12 ᠤᠨ ᠴᠠᠭᠢᠯᠭᠠᠨ ᠮᠡᠳᠡᠭᠡ ︶        
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ