| ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 13 ᠤ ᠴᠠᠭᠢᠯᠭᠠᠨ ᠮᠡᠳᠡᠭᠡ 9 ᠰᠠᠷ᠎ᠠ ᠶᠢᠨ 13 ᠤ ᠦᠳᠡ ᠶᠢᠨ ᠬᠤᠶᠢᠨ᠎ᠠ ᠂ ᠤᠯᠤᠰ ᠤᠨ | ᠲᠡᠷᠢᠭᠦᠯᠡᠭᠴᠢ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ | ᠸᠧᠨᠧᠽᠦ᠋ᠧᠯᠠ ᠶᠢᠨ ᠶᠡᠷᠦᠩᠬᠡᠶᠢᠯᠡᠭᠴᠢ ᠮᠠᠳᠦ᠋ᠯᠦ᠋ᠸᠧ ᠲᠠᠢ ᠬᠡᠯᠡᠯᠴᠡᠭᠡ ᠬᠢᠪᠡ ᠃ ᠬᠤᠶᠠᠷ ᠤᠯᠤᠰ ᠤᠨ ᠲᠡᠷᠢᠭᠦᠨ ᠂ ᠳᠤᠮᠳᠠᠳᠤ ᠸᠧᠨᠧᠽᠦ᠋ᠧᠯᠠ ᠶᠢᠨ ᠬᠠᠷᠢᠯᠴᠠᠭ᠎ᠠ ᠶᠢ | ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠣᠯᠭᠠᠨ ᠳᠡᠭᠡᠭᠰᠢᠯᠡᠭᠦᠯᠦᠨ᠎ᠡ ᠭᠡᠵᠦ ᠨᠡᠶᠢᠲᠡᠯᠡᠪᠡ ᠃ | | 9 ᠰᠠᠷ᠎ᠠ ᠶᠢᠨ 13 ᠤ ᠦᠳᠡ ᠶᠢᠨ ᠬᠤᠶᠢᠨ᠎ᠠ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ | ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠸᠧᠨᠧᠽᠦ᠋ᠧᠯᠠ ᠶᠢᠨ ᠶᠡᠷᠦᠩᠬᠡᠶᠢᠯᠡᠭᠴᠢ ᠮᠠᠳᠦ᠋ᠯᠦ᠋ᠸᠧ ᠲᠠᠢ ᠬᠡᠯᠡᠯᠴᠡᠭᠡ ᠬᠢᠪᠡ ᠃ ᠵᠢᠷᠤᠭ | ᠪᠣᠯ ᠬᠡᠯᠡᠯᠴᠡᠭᠡ ᠬᠢᠬᠦ ᠠᠴᠠ ᠡᠮᠦᠨ᠎ᠡ ᠂ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠮᠠᠳᠦ᠋ᠯᠥ᠋ᠸᠧ ᠪᠣᠯᠣᠨ ᠲᠡᠭᠦᠨ ᠤ ᠬᠠᠳᠤᠨ ᠹᠯᠤᠯᠸᠢᠢᠰ ᠲᠠᠢ | ᠬᠠᠮᠲᠤ ᠶᠢᠨ ᠭᠡᠷᠡᠯ ᠵᠢᠷᠤᠭ ᠲᠠᠲᠠᠭᠤᠯᠵᠤ ᠪᠠᠶᠢᠭ᠎ᠠ ᠨᠢ ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠬᠤᠸᠠᠩ ᠵᠢᠩ ᠸᠧᠨ ᠰᠡᠭᠦᠳᠡᠷᠯᠡᠪᠡ | ᠰᠢ ᠶᠢᠨ ᠫᠢᠩ ᠂ ᠳᠤᠮᠳᠠᠳᠤ ᠤᠯᠤᠰ ᠪᠣᠯᠣᠨ ᠸᠧᠨᠧᠽᠦ᠋ᠧᠯᠠ ᠪᠣᠯ ᠬᠠᠷᠢᠯᠴᠠᠨ ᠢᠲᠡᠭᠡᠯᠴᠡᠭᠰᠡᠨ ᠰᠠᠶᠢᠨ ᠨᠠᠶᠢᠵᠠ ᠂ ᠬᠠᠮᠲᠤ ᠪᠠᠷ ᠬᠥᠭᠵᠢᠭᠰᠡᠨ ᠰᠠᠶᠢᠨ ᠬᠠᠨᠢᠲᠠᠨ | ᠮᠥᠨ ᠃ ᠣᠶᠢᠷ᠎ᠠ ᠶᠢᠨ ᠵᠢᠯ ᠠᠴᠠ ᠂ ᠳᠤᠮᠳᠠᠳᠤ ᠸᠧᠨᠧᠽᠦ᠋ᠧᠯᠠ ᠬᠤᠶᠠᠷ ᠤᠯᠤᠰ ᠴᠥᠮ ᠲᠦᠢᠯ ᠤᠨ ᠶᠡᠷᠦ ᠪᠤᠰᠤ ᠶᠢᠨ ᠬᠥᠭᠵᠢᠯᠲᠡ ᠶᠢᠨ ᠶᠠᠪᠤᠴᠠ ᠶᠢ | ᠥᠩᠭᠡᠷᠡᠭᠦᠯᠵᠦ ᠂ ᠬᠤᠶᠠᠷ ᠲᠠᠯ᠎ᠠ ᠪᠠᠷ ᠢᠶᠠᠨ ᠳᠡᠯᠡᠬᠡᠢ ᠶᠢᠨ ᠤᠷᠪᠠᠭᠠᠨ ᠬᠥᠷᠪᠡᠭᠡᠨ ᠳᠤᠮᠳᠠ ᠬᠠᠷᠢᠯᠴᠠᠨ ᠳᠡᠮᠵᠢᠵᠦ ᠂ ︽ ᠲᠦᠢᠯ ᠤᠨ ᠨᠠᠶᠢᠳᠠᠪᠤᠷᠢᠲᠠᠢ ︾ ᠨᠥᠬᠦᠷᠯᠡᠯ ᠢ | ᠪᠠᠶᠢᠭᠤᠯᠪᠠ ᠃ ᠳᠤᠮᠳᠠᠳᠤ ᠤᠯᠤᠰ ᠢᠮᠠᠭᠲᠠ ᠪᠠᠶᠢᠯᠳᠤᠬᠤ ᠪᠣᠳᠣᠯᠭ᠎ᠠ ᠶᠢᠨ ᠥᠨᠳᠥᠷᠴᠡ ᠪᠣᠯᠣᠨ ᠠᠯᠤᠰ ᠭᠡᠳᠤ ᠶᠢᠨ ᠬᠠᠷᠠᠭᠠᠰᠤ ᠠᠴᠠ ᠸᠧᠨᠧᠽᠦ᠋ᠧᠯᠠ ᠯᠤᠭ᠎ᠠ ᠶᠢᠨ | ᠬᠠᠷᠢᠯᠴᠠᠭ᠎ᠠ ᠳᠤ ᠬᠠᠨᠳᠤᠵᠤ ᠂ ᠸᠧᠨᠧᠽᠦ᠋ᠧᠯᠠ ᠶᠢᠨ ᠬᠢᠨ ᠤ ᠤᠯᠤᠰ ᠤᠨ ᠡᠷᠬᠡ ᠮᠡᠳᠡᠯ ᠂ ᠦᠨᠳᠦᠰᠦᠲᠡᠨ ᠤ ᠨᠡᠷ᠎ᠡ ᠬᠦᠨᠳᠦ ᠂ ᠨᠡᠶᠢᠭᠡᠮ ᠤᠨ ᠲᠣᠭᠲᠠᠭᠤᠨ ᠢᠶᠠᠨ | ᠬᠠᠮᠠᠭᠠᠯᠠᠬᠤ ᠴᠢᠷᠮᠠᠶᠢᠯᠭ᠎ᠠ ᠶᠢ ᠡᠷᠡᠰ ᠳᠡᠮᠵᠢᠵᠦ ᠂ ᠸᠧᠨᠧᠽᠦ᠋ᠧᠯᠠ ᠶᠢᠨ ᠬᠢᠨ ᠤ ᠭᠠᠳᠠᠭᠠᠳᠤ ᠶᠢᠨ ᠭᠠᠷ ᠳᠦᠷᠦᠯᠲᠡ ᠶᠢ ᠡᠰᠡᠷᠭᠦᠴᠡᠬᠦ ᠰᠢᠳᠤᠷᠭᠤ ᠶᠣᠰᠣᠨ ᠤ ᠦᠢᠯᠡᠰ ᠢ | ᠡᠷᠡᠰ ᠳᠡᠮᠵᠢᠨ᠎ᠠ ᠃ ᠳᠤᠮᠳᠠᠳᠤ ᠸᠧᠨᠧᠽᠦ᠋ᠧᠯᠠ ᠶᠢᠨ ᠬᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠠᠶᠢᠭᠤᠯᠬᠤ ᠨᠢ ᠬᠤᠶᠠᠷ | ᠤᠯᠤᠰ ᠤᠨ ᠠᠷᠠᠳ ᠲᠦᠮᠡᠨ ᠤ ᠬᠠᠮᠲᠤ ᠶᠢᠨ ᠬᠦᠰᠡᠯ ᠡᠷᠡᠮᠡᠯᠵᠡᠯ ᠳᠤ ᠨᠡᠶᠢᠴᠡᠵᠦ ᠂ ᠲᠡᠦᠬᠡ ᠶᠢᠨ ᠬᠥᠭᠵᠢᠯᠲᠡ ᠶᠢᠨ ᠶᠡᠭᠡ ᠬᠠᠨᠳᠤᠰᠢ ᠳᠤ ᠨᠡᠶᠢᠴᠡᠨ᠎ᠡ ᠃ ᠬᠤᠶᠠᠷ | ᠲᠠᠯ᠎ᠠ ᠪᠠᠷ ᠢᠶᠠᠨ ᠳᠤᠮᠳᠠᠳᠤ ᠸᠧᠨᠧᠽᠦ᠋ᠧᠯᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠶᠢᠨ ᠨᠡᠩ ᠤᠯᠠᠨ ᠦᠷ᠎ᠡ ᠪᠦᠲᠦᠭᠡᠯ ᠣᠯᠬᠤ ᠶᠢ ᠠᠬᠢᠭᠤᠯᠵᠤ ᠂ | ᠬᠤᠶᠠᠷ ᠤᠯᠤᠰ ᠤᠨ ᠠᠷᠠᠳ ᠲᠦᠮᠡᠨ ᠳᠤ ᠨᠡᠩ ᠤᠯᠠᠨ ᠪᠤᠶᠠᠨ ᠦᠢᠯᠡᠳᠴᠦ ᠂ ᠳᠡᠯᠡᠬᠡᠢ ᠶᠢᠨ ᠡᠩᠬᠡ ᠲᠠᠶᠢᠪᠤᠩ ᠪᠣᠯᠣᠨ ᠬᠥᠭᠵᠢᠯᠲᠡ ᠳᠤ ᠨᠡᠩ ᠤᠯᠠᠨ ᠢᠳᠡᠪᠬᠢ | ᠬᠦᠴᠦᠨ ᠨᠡᠮᠡᠷᠢᠯᠡᠶ᠎ᠡ ᠭᠡᠵᠦ ᠵᠢᠭᠠᠵᠤ ᠭᠠᠷᠭᠠᠪᠠ ᠃ | ᠰᠢ ᠶᠢᠨ ᠫᠢᠩ ᠳᠤᠮᠳᠠᠳᠤ ᠤᠯᠤᠰ ᠤᠨ ᠥᠭᠡᠷᠡᠴᠢᠯᠡᠯᠲᠡ ᠨᠡᠭᠡᠭᠡᠯᠲᠡ ᠢᠯᠠᠩᠭᠤᠶ᠎ᠠ ᠠᠵᠤ ᠠᠬᠤᠢ ᠶᠢᠨ ᠣᠨᠴᠠᠭᠠᠶ ᠣᠷᠣᠨ ᠤ ᠪᠦᠲᠦᠭᠡᠨ ᠪᠠᠶᠢᠭᠤᠯᠤᠯᠲᠠ ᠶᠢᠨ | ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠵᠤ ᠂ ᠥᠭᠡᠷᠡᠴᠢᠯᠡᠯᠲᠡ ᠨᠡᠭᠡᠭᠡᠯᠲᠡ ᠪᠣᠯ ᠳᠤᠮᠳᠠᠳᠤ ᠤᠯᠤᠰ ᠤᠨ ᠲᠣᠮᠣ ᠠᠯᠬᠤᠮ ᠢᠶᠠᠷ ᠴᠠᠭ ᠦᠶ᠎ᠡ ᠶᠢ ᠬᠥᠭᠡᠭᠡᠵᠦ | ᠭᠦᠢᠴᠡᠬᠦ ᠴᠢᠬᠤᠯᠠ ᠡᠷᠳᠡᠨᠢ ᠮᠥᠨ ᠂ ᠤᠳᠤ ᠦᠶ᠎ᠡ ᠶᠢᠨ ᠳᠤᠮᠳᠠᠳᠤ ᠤᠯᠤᠰ ᠤᠨ ᠬᠤᠪᠢ ᠵᠠᠶᠠᠭ᠎ᠠ ᠶᠢ ᠲᠣᠭᠲᠠᠭᠠᠬᠤ ᠵᠠᠩᠭᠢᠯᠠᠭ᠎ᠠ ᠶᠢᠨ ᠠᠷᠭ᠎ᠠ ᠮᠥᠨ ᠂ ᠳᠤᠮᠳᠠᠳᠤ | ᠤᠯᠤᠰ ᠡᠨᠡ ᠬᠦ ᠶᠠᠪᠤᠴᠠ ᠳᠤ ᠣᠯᠣᠭᠰᠠᠨ ᠡᠷᠬᠢᠮ ᠨᠠᠨᠳᠢᠨ ᠲᠤᠷᠰᠢᠯᠭ᠎ᠠ ᠪᠠᠨ ᠨᠠᠨᠳᠢᠩᠨᠠᠵᠤ ᠂ ᠥᠭᠡᠷᠡᠴᠢᠯᠡᠯᠲᠡ ᠨᠡᠭᠡᠭᠡᠯᠲᠡ ᠶᠢ ᠦᠷᠭᠦᠯᠵᠢᠯᠡᠨ ᠤᠷᠤᠭᠰᠢ | ᠠᠬᠢᠭᠤᠯᠬᠤ ᠪᠣᠯᠣᠨ᠎ᠠ ᠃ ᠶᠠᠮᠠᠷ ᠴᠤ ᠬᠦᠴᠦᠨ ᠭᠡᠳ ᠳᠤᠮᠳᠠᠳᠤ ᠤᠯᠤᠰ ᠤᠨ ᠬᠥᠭᠵᠢᠯᠲᠡ ᠳᠠᠪᠰᠢᠯᠲᠠ ᠶᠢᠨ ᠠᠯᠬᠤᠭ᠎ᠠ ᠶᠢ ᠬᠤᠷᠢᠭᠯᠠᠵᠤ ᠴᠢᠳᠠᠬᠤ ᠦᠭᠡᠢ ᠶᠤᠮ ᠃ | ᠳᠤᠮᠳᠠᠳᠤ ᠤᠯᠤᠰ ᠳᠤᠷᠠᠲᠠᠶ᠎ᠠ ᠸᠧᠨᠧᠽᠦ᠋ᠧᠯᠠ ᠶᠢᠨ ᠬᠢᠨ ᠲᠠᠢ ᠲᠤᠰ ᠤᠯᠤᠰ ᠤᠨ ᠢᠶᠠᠨ ᠤᠯᠤᠰ ᠤᠨ ᠪᠠᠶᠢᠳᠠᠯ ᠳᠤ ᠨᠡᠶᠢᠴᠡᠬᠦ ᠬᠥᠭᠵᠢᠯᠲᠡ ᠶᠢᠨ ᠵᠠᠮ ᠢ ᠬᠠᠶᠢᠨ | ᠰᠦᠪᠡᠭᠴᠢᠯᠡᠬᠦ ᠶᠢ ᠡᠷᠡᠰ ᠳᠡᠮᠵᠢᠵᠦ ᠂ ᠨᠠᠮ ᠢ ᠵᠠᠰᠠᠬᠤ ᠲᠦᠷᠦ ᠶᠢ ᠵᠠᠰᠠᠬᠤ ᠵᠠᠰᠠᠭ ᠢ ᠡᠷᠭᠢᠯᠡᠭᠦ ᠲᠤᠷᠰᠢᠯᠭ᠎ᠠ ᠪᠠᠨ ᠰᠣᠯᠢᠯᠴᠠᠬᠤ ᠶᠢ ᠴᠢᠩᠭᠠᠳᠬᠠᠵᠤ ᠂ | ᠸᠧᠨᠧᠽᠦ᠋ᠧᠯᠠ ᠶᠢᠨ ᠠᠵᠤ ᠠᠬᠤᠢ ᠶᠢᠨ ᠣᠨᠴᠠᠭᠠᠢ ᠣᠷᠣᠨ ᠪᠠᠶᠢᠭᠤᠯᠬᠤ ᠶᠢ ᠳᠡᠮᠵᠢᠵᠦ ᠂ ᠳᠤᠷᠠᠲᠠᠶ᠎ᠠ ᠸᠧᠨᠧᠽᠦ᠋ᠧᠯᠠ ᠶᠢᠨ ᠬᠢᠨ ᠲᠠᠢ ᠬᠤᠯᠪᠣᠭᠳᠠᠯ ᠪᠦᠬᠦᠢ | ᠲᠤᠷᠰᠢᠯᠭ᠎ᠠ ᠪᠠᠨ ᠬᠤᠪᠢᠶᠠᠯᠴᠠᠵᠤ ᠂ ᠸᠧᠨᠧᠽᠦ᠋ᠧᠯᠠ ᠶᠢᠨ ᠬᠢᠨ ᠢ ᠬᠠᠪᠰᠤᠷᠤᠨ ᠤᠯᠤᠰ ᠤᠨ ᠪᠦᠲᠦᠭᠡᠨ ᠪᠠᠶᠢᠭᠤᠯᠤᠯᠲᠠ ᠶᠢ ᠨᠢ ᠠᠬᠢᠭᠤᠯᠤᠨ᠎ᠠ ᠭᠡᠵᠦ ᠵᠢᠭᠠᠵᠤ | ᠭᠠᠷᠭᠠᠪᠠ ᠃ | ᠰᠢ ᠶᠢᠨ ᠫᠢᠩ ᠂ ᠢᠷᠡᠬᠦ ᠵᠢᠯ ᠪᠣᠯ ᠳᠤᠮᠳᠠᠳᠤ ᠸᠧᠨᠧᠽᠦ᠋ᠧᠯᠠ ᠶᠢᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠣᠶ ᠮᠥᠨ ᠂ ᠬᠤᠶᠠᠷ | ᠲᠠᠯ᠎ᠠ ᠪᠠᠷ ᠢᠶᠠᠨ ᠦᠪᠡᠳᠡᠭᠰᠢ ᠶᠡᠭᠡ ᠪᠠᠷ ᠪᠡᠯᠭᠡᠯᠡᠶ᠎ᠡ ᠃ ᠳᠤᠮᠳᠠᠳᠤ ᠤᠯᠤᠰ ᠳᠤᠷᠠᠲᠠᠶ᠎ᠠ ᠸᠧᠨᠧᠽᠦ᠋ᠧᠯᠠ ᠶᠢᠨ ᠬᠢᠨ ᠲᠠᠢ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ | ᠨᠢᠭᠲᠠᠷᠠᠭᠤᠯᠵᠤ ᠂ ᠸᠧᠨᠧᠽᠦ᠋ᠧᠯᠠ ᠳᠤ ᠬᠢᠲᠠᠳ ᠬᠡᠯᠡᠨ ᠤ ᠵᠢᠭᠠᠨ ᠰᠤᠷᠭᠠᠯᠲᠠ ᠥᠷᠨᠢᠭᠦᠯᠵᠦ ᠂ ᠺᠦᠩᠽᠢ ᠳᠡᠭᠡᠳᠦ ᠰᠤᠷᠭᠠᠭᠤᠯᠢ ᠶᠢ ᠰᠠᠶᠢᠲᠤᠷ ᠡᠷᠭᠢᠯᠡᠵᠦ ᠂ | ᠵᠠᠭᠤᠴᠢᠯᠠᠭᠤᠷ ᠤᠨ ᠰᠣᠯᠢᠯᠴᠠᠭ᠎ᠠ ᠪᠠᠨ ᠴᠢᠩᠭᠠᠳᠬᠠᠵᠤ ᠂ ᠳᠤᠮᠳᠠᠳᠤ ᠸᠧᠨᠧᠽᠦ᠋ᠧᠯᠠ ᠶᠢᠨ ᠨᠥᠬᠦᠷᠯᠡᠯ ᠤᠨ ᠦᠯᠢᠭᠡᠷ ᠢ ᠰᠠᠶᠢᠲᠤᠷ ᠶᠠᠷᠢᠬᠤ ᠶᠢ ᠳᠡᠮᠵᠢᠨ᠎ᠡ ᠃ ᠬᠤᠶᠠᠷ | ᠲᠠᠯ᠎ᠠ ᠪᠠᠷ ᠢᠶᠠᠨ ᠳᠤᠮᠳᠠᠳᠤ ᠸᠧᠨᠧᠽᠦ᠋ᠧᠯᠠ ᠶᠢᠨ ᠳᠡᠭᠡᠳᠦ ᠳᠡᠰ ᠤᠨ ᠬᠤᠯᠢᠮᠠᠭ ᠵᠥᠪᠯᠡᠯ ᠤᠨ ᠠᠷᠪᠠᠨ ᠳᠣᠯᠣᠳᠤᠭᠠᠷ ᠤᠳᠠᠭ᠎ᠠ ᠶᠢᠨ ᠬᠤᠷᠠᠯ ᠤᠨ ᠣᠯᠣᠭᠰᠠᠨ ᠦᠷ᠎ᠡ | ᠪᠦᠲᠦᠭᠡᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ ᠂ ᠳᠠᠷᠠᠭᠠᠴᠢ ᠶᠢᠨ ᠱᠠᠲᠤᠨ ᠤ ᠡᠯ᠎ᠡ ᠬᠦᠷᠢᠶᠡᠨ ᠤ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ | ᠴᠢᠩᠭᠠᠳᠬᠠᠶ᠎ᠠ ᠃ ᠳᠤᠮᠳᠠᠳᠤ ᠤᠯᠤᠰ ᠳᠤᠷᠠᠲᠠᠶ᠎ᠠ ᠸᠧᠨᠧᠽᠦ᠋ᠧᠯᠠ ᠶᠢᠨ ᠴᠢᠨᠠᠷ ᠰᠠᠶᠢᠲᠠᠢ ᠣᠨᠴᠠᠯᠢᠭᠲᠤ ᠪᠦᠲᠦᠭᠡᠭᠳᠡᠬᠦᠨ ᠢ ᠣᠷᠣᠭᠤᠯᠤᠨ᠎ᠠ ᠃ ᠸᠧᠨᠧᠽᠦ᠋ᠧᠯᠠ | ᠳᠤᠮᠳᠠᠳᠤ ᠤᠯᠤᠰ ᠤᠨ ᠡᠭᠦᠰᠬᠡᠨ ᠪᠠᠶᠢᠭᠤᠯᠤᠭᠰᠠᠨ ᠳᠡᠯᠡᠬᠡᠢ ᠶᠢᠨ ᠰᠠᠷᠠᠨ ᠪᠥᠮᠪᠥᠷᠴᠡᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠦᠷᠳᠡᠭᠡ ᠶᠢᠨ | ᠬᠠᠮᠲᠤᠷᠠᠯᠴᠠᠭ᠎ᠠ ᠳᠤ ᠣᠷᠣᠯᠴᠠᠬᠰᠠᠨ ᠠᠮᠧᠷᠢᠺᠠ ᠲᠢᠪ ᠤᠨ ᠠᠩᠬᠠᠳᠠᠭᠴᠢ ᠤᠯᠤᠰ ᠪᠣᠯᠤᠭᠰᠠᠨ ᠳᠤ ᠪᠠᠶᠠᠷ ᠬᠦᠷᠭᠡᠶ᠎ᠡ ᠃ ᠬᠤᠶᠠᠷ ᠲᠠᠯ᠎ᠠ ᠪᠠᠷ ᠢᠶᠠᠨ ᠤᠯᠠᠨ ᠤᠯᠤᠰ ᠤᠨ | ᠬᠤᠯᠪᠣᠭᠠᠲᠤ ᠪᠠᠶᠢᠭᠤᠯᠭ᠎ᠠ ᠂ ︽ 77 ᠤᠯᠤᠰ ᠤᠨ ᠪᠦᠯᠦᠭᠯᠡᠯ ᠪᠣᠯᠣᠨ ᠳᠤᠮᠳᠠᠳᠤ ᠤᠯᠤᠰ ︾ ᠵᠡᠷᠭᠡ ᠤᠯᠠᠨ ᠲᠠᠯ᠎ᠠ ᠶᠢᠨ ᠲᠣᠭᠲᠠᠴᠠ ᠳᠤᠮᠳᠠ ᠨᠢᠭᠲᠠ ᠬᠠᠮᠵᠢᠯᠴᠠᠵᠤ ᠂ | ᠪᠤᠰᠤᠳ ᠬᠥᠭᠵᠢᠵᠦ ᠪᠠᠶᠢᠭ᠎ᠠ ᠤᠯᠤᠰ ᠤᠳ ᠯᠤᠭ᠎ᠠ ᠪᠦᠯᠬᠦᠮᠳᠡᠯ ᠬᠠᠮᠲᠤᠷᠠᠯᠴᠠᠭ᠎ᠠ ᠪᠠᠨ ᠴᠢᠩᠭᠠᠳᠬᠠᠵᠤ ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ | ᠦᠨᠳᠦᠰᠦᠨ ᠳᠦᠷᠢᠮ ᠤᠨ ᠵᠣᠷᠢᠯᠲᠠ ᠪᠣᠯᠣᠨ ᠵᠠᠷᠴᠢᠮ ᠢ ᠬᠠᠮᠲᠤ ᠪᠠᠷ ᠬᠠᠮᠠᠭᠠᠯᠠᠵᠤ ᠂ ᠥᠷᠭᠡᠨ ᠤᠯᠠᠨ ᠬᠥᠭᠵᠢᠵᠦ ᠪᠠᠶᠢᠭ᠎ᠠ ᠤᠯᠤᠰ ᠤᠳ ᠤᠨ ᠬᠠᠮᠲᠤ ᠶᠢᠨ ᠠᠰᠢᠭ | ᠲᠤᠰᠠ ᠶᠢ ᠬᠠᠮᠠᠭᠠᠯᠠᠶ᠎ᠠ ᠃ ᠳᠤᠮᠳᠠᠳᠤ ᠤᠯᠤᠰ ᠳᠤᠮᠳᠠᠳᠤ ᠯᠠᠲ᠋ᠢᠨ ᠠᠮᠧᠷᠢᠺᠠ ᠶᠢᠨ ᠬᠠᠷᠢᠯᠴᠠᠭᠠᠨ ᠤ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ ᠃ | ᠢᠷᠡᠬᠦ ᠵᠢᠯ ᠪᠣᠯ ᠳᠤᠮᠳᠠᠳᠤ ᠯᠠᠲ᠋ᠢᠨ ᠠᠮᠧᠷᠢᠺᠠ ᠶᠢᠨ ᠶᠠᠷᠢᠶᠠᠨ ᠤ ᠲᠠᠪᠴᠠᠩ ᠪᠠᠶᠢᠭᠤᠯᠤᠭᠳᠠᠭᠰᠠᠨ 10 ᠵᠢᠯ ᠤᠨ ᠤᠢ ᠪᠣᠯᠣᠨ᠎ᠠ ᠃ ᠳᠤᠮᠳᠠᠳᠤ ᠤᠯᠤᠰ ᠳᠤᠷᠠᠲᠠᠶ᠎ᠠ | ᠸᠧᠨᠧᠽᠦ᠋ᠧᠯᠠ ᠵᠡᠷᠭᠡ ᠭᠠᠵᠠᠷ ᠣᠷᠣᠨ ᠤ ᠤᠯᠤᠰ ᠤᠳ ᠲᠠᠢ ᠬᠠᠮᠲᠤ ᠪᠠᠷ ᠳᠤᠮᠳᠠᠳᠤ ᠤᠯᠤᠰ ᠪᠣᠯᠣᠨ ᠯᠠᠲ᠋ᠢᠨ ᠠᠮᠧᠷᠢᠺᠠ ᠲᠢᠪ ᠤᠨ ᠪᠦᠬᠦᠯᠢ ᠴᠣᠭᠴᠠ ᠶᠢᠨ | ᠬᠠᠮᠲᠤᠷᠠᠯᠴᠠᠭ᠎ᠠ ᠶᠢ ᠠᠬᠢᠭᠤᠯᠵᠤ ᠂ ᠳᠤᠮᠳᠠᠳᠤ ᠤᠯᠤᠰ ᠪᠣᠯᠣᠨ ᠯᠠᠲ᠋ᠢᠨ ᠠᠮᠧᠷᠢᠺᠠ ᠲᠢᠪ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠬᠠᠮᠲᠤ ᠪᠠᠷ | ᠪᠠᠶᠢᠭᠤᠯᠤᠨ᠎ᠠ ᠭᠡᠵᠦ ᠵᠢᠭᠠᠵᠤ ᠭᠠᠷᠭᠠᠪᠠ ᠃ | ᠮᠠᠳᠦ᠋ᠯᠦ᠋ᠸᠧ ᠂ ᠲᠡᠷᠢᠭᠦᠯᠡᠭᠴᠢ ᠰᠢ ᠶᠢᠨ ᠫᠢᠩ ᠤᠨ ᠤᠳᠤᠷᠢᠳᠤᠯᠭ᠎ᠠ ᠳᠣᠣᠷ᠎ᠠ ᠂ ᠳᠤᠮᠳᠠᠳᠤ ᠤᠯᠤᠰ ᠨᠢᠭᠡᠨᠲᠡ ᠪᠦᠭᠦ ᠬᠥᠮᠥᠨ ᠲᠥᠷᠥᠯᠬᠢᠲᠡᠨ ᠤ ᠡᠩᠬᠡ | ᠲᠠᠶᠢᠪᠤᠩ ᠂ ᠬᠥᠭᠵᠢᠯᠲᠡ ᠪᠣᠯᠣᠨ ᠠᠵᠠ ᠵᠢᠷᠭᠠᠯ ᠤᠨ ᠲᠥᠯᠥᠭᠡ ᠴᠢᠷᠮᠠᠶᠢᠬᠤ ᠠᠭᠤᠤ ᠶᠡᠭᠡ ᠤᠯᠤᠰ ᠪᠣᠯᠤᠭᠰᠠᠨ ᠪᠥᠭᠡᠳ ᠪᠠᠰᠠ ᠤᠯᠠᠨ ᠲᠦᠢᠯᠵᠢᠯᠳᠤ ᠰᠢᠨ᠎ᠡ | ᠳᠡᠯᠡᠬᠡᠢ ᠶᠢᠷᠲᠢᠨᠴᠦ ᠶᠢ ᠠᠬᠢᠭᠤᠯᠬᠤ ᠴᠢᠬᠤᠯᠠ ᠬᠥᠳᠡᠯᠭᠡᠭᠦᠷ ᠪᠣᠯᠵᠠᠢ ᠃ ᠮᠢᠨᠤ ᠲᠤᠰ ᠤᠳᠠᠭ᠎ᠠ ᠶᠢᠨ ᠳᠤᠮᠳᠠᠳᠤ ᠤᠯᠤᠰ ᠲᠠᠬᠢ ᠠᠶᠢᠯᠴᠢᠯᠠᠯᠲᠠ ᠶᠢᠨ | ᠬᠤᠭᠤᠴᠠᠭᠠᠨ ᠳᠤ ᠦᠵᠡᠵᠦ ᠰᠣᠨᠣᠰᠤᠭᠰᠠᠨ ᠵᠦᠢᠯ ᠪᠣᠯᠭᠠᠨ ᠳᠤᠮᠳᠠᠳᠤ ᠤᠯᠤᠰ ᠤᠨ ᠲᠠᠪᠰᠢᠯᠳᠠ ᠪᠣᠯᠣᠨ ᠬᠦᠴᠦᠨ ᠴᠢᠳᠠᠯ ᠢ ᠭᠦᠢᠴᠡᠳ ᠢᠯᠡᠷᠡᠭᠦᠯᠵᠦ ᠪᠠᠶᠢᠨ᠎ᠠ ᠂ | ᠪᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠣᠯᠣᠭᠰᠠᠨ ᠠᠭᠤᠤ ᠶᠡᠭᠡ ᠠᠮᠵᠢᠯᠲᠠ ᠳᠤ ᠴᠢᠩ ᠰᠡᠳᠬᠢᠯ ᠠᠴᠠ ᠪᠠᠨ ᠪᠠᠶᠠᠷ ᠬᠦᠷᠭᠡᠵᠦ ᠪᠠᠶᠢᠨ᠎ᠠ ᠃ | ᠸᠧᠨᠧᠽᠦ᠋ᠧᠯᠠ ᠳᠤᠮᠳᠠᠳᠤ ᠶᠢᠨ ᠨᠥᠬᠦᠷᠯᠡᠯ ᠭᠦᠨ ᠵᠤᠵᠠᠭᠠᠨ ᠂ ᠬᠠᠮᠲᠤᠷᠠᠯᠴᠠᠭᠠᠨ ᠤ ᠦᠷ᠎ᠡ ᠪᠦᠲᠦᠭᠡᠯ ᠡᠯᠪᠡᠭ ᠪᠠᠶᠢᠵᠤ ᠂ ᠬᠤᠶᠠᠷ ᠤᠯᠤᠰ ᠤᠨ ᠬᠠᠷᠢᠯᠴᠠᠭ᠎ᠠ ᠶᠢ ᠪᠦᠭᠦ | ᠪᠥᠮᠪᠥᠷᠴᠡᠭ ᠤᠨ ᠡᠮᠦᠨᠡᠲᠦ ᠣᠷᠣᠨ ᠤ ᠤᠯᠤᠰ ᠤᠳ ᠤᠨ ᠬᠠᠷᠢᠯᠴᠠᠭᠠᠨ ᠤ ᠬᠡᠪ ᠳᠠᠭᠤᠷᠢᠶᠠᠯ ᠭᠡᠵᠦ ᠬᠡᠯᠡᠵᠦ ᠪᠣᠯᠣᠨ᠎ᠠ ᠃ ᠸᠧᠨᠧᠽᠦ᠋ᠧᠯᠠ ᠶᠢᠨ ᠠᠷᠠᠳ ᠲᠦᠮᠡᠨ | ᠳᠤᠮᠳᠠᠳᠤ ᠤᠯᠤᠰ ᠤᠨ ᠵᠠᠰᠠᠭ ᠤᠨ ᠣᠷᠳᠣᠨ ᠪᠣᠯᠣᠨ ᠠᠷᠠᠳ ᠲᠦᠮᠡᠨ ᠤ ᠸᠧᠨᠧᠽᠦ᠋ᠧᠯᠠ ᠶᠢᠨ ᠬᠢᠨ ᠬᠠᠤᠯᠢ ᠪᠤᠰᠤ ᠭᠠᠭᠴᠠ ᠲᠠᠯ᠎ᠠ ᠶᠢᠨ ᠵᠠᠯᠬᠠᠭᠠᠯ ᠪᠣᠯᠣᠨ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠵᠡᠷᠭᠡ ᠤᠯᠠᠨ ᠳᠠᠪᠬᠤᠷ ᠬᠦᠴᠢᠷᠳᠡᠯ ᠳᠤ ᠲᠤᠯᠭᠠᠷᠠᠭᠰᠠᠨ ᠦᠶ᠎ᠡ ᠳᠤ ᠬᠠᠩᠭᠠᠭᠰᠠᠨ ᠡᠷᠬᠢᠮ ᠨᠠᠨᠳᠢᠨ | ᠳᠡᠮᠵᠢᠯᠭᠡ ᠪᠣᠯᠣᠨ ᠬᠠᠪᠰᠤᠷᠤᠯᠭ᠎ᠠ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ ᠃ ᠳᠤᠮᠳᠠᠳᠤ ᠤᠯᠤᠰ ᠤᠨ ᠠᠬ᠎ᠠ ᠳᠡᠭᠦᠦ ᠨᠠᠷ ᠤᠨ ᠬᠠᠪᠰᠤᠷᠤᠯᠭ᠎ᠠ ᠪᠠᠷ | ᠸᠧᠨᠧᠽᠦ᠋ᠧᠯᠠ ᠶᠢᠨ ᠠᠷᠠᠳ ᠲᠦᠮᠡᠨ ᠰᠢᠯᠭᠠᠯᠲᠠ ᠶᠢ ᠳᠠᠭᠠᠭᠠᠵᠤ ᠂ ᠤᠯᠤᠰ ᠤᠨ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠲᠤ ᠶᠡᠷᠦ ᠪᠤᠰᠤ ᠶᠢᠨ | ᠠᠮᠵᠢᠯᠲᠠ ᠣᠯᠣᠭᠰᠠᠨ ᠶᠤᠮ ᠃ ᠣᠳᠣᠬᠠᠨ ᠳᠤ ᠸᠧᠨᠧᠽᠦ᠋ᠧᠯᠠ ᠶᠢᠨ ᠤᠯᠤᠰ ᠤᠨ ᠬᠥᠭᠵᠢᠯᠲᠡ ᠪᠣᠯᠣᠨ ᠸᠧᠨᠧᠽᠦ᠋ᠧᠯᠠ ᠳᠤᠮᠳᠠᠳᠤ ᠶᠢᠨ ᠬᠠᠷᠢᠯᠴᠠᠭ᠎ᠠ ᠴᠥᠮ | ᠴᠢᠬᠤᠯᠠ ᠴᠠᠭ ᠦᠶ᠎ᠡ ᠳᠤ ᠣᠷᠣᠰᠢᠵᠤ ᠪᠠᠶᠢᠨ᠎ᠠ ᠂ ᠪᠢ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠶᠢᠨ ᠬᠠᠮᠲᠤ ᠲᠡᠷᠢᠭᠦᠯᠡᠭᠴᠢ | ᠰᠢ ᠶᠢᠨ ᠫᠢᠩ ᠲᠠᠢ ᠬᠠᠮᠲᠤ ᠪᠠᠷ ᠸᠧᠨᠧᠽᠦ᠋ᠧᠯᠠ ᠳᠤᠮᠳᠠᠳᠤ ᠶᠢᠨ ᠬᠠᠷᠢᠯᠴᠠᠭ᠎ᠠ ᠶᠢ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠣᠯᠭᠠᠨ | ᠳᠡᠭᠡᠭᠰᠢᠯᠡᠭᠦᠯᠭᠦ ᠪᠠᠷ ᠨᠡᠶᠢᠲᠡᠯᠡᠭᠰᠡᠨ ᠨᠢ ᠲᠡᠦᠬᠡᠲᠦ ᠠᠴᠢ ᠬᠤᠯᠪᠣᠭᠳᠠᠯ ᠲᠠᠢ ᠶᠤᠮ ᠂ ᠡᠨᠡ ᠨᠢ ᠯᠠᠪᠲᠠᠢ ᠸᠧᠨᠧᠽᠦ᠋ᠧᠯᠠ ᠳᠤᠮᠳᠠᠳᠤ ᠶᠢᠨ ᠬᠠᠷᠢᠯᠴᠠᠭ᠎ᠠ ᠶᠢᠨ ᠰᠢᠨ᠎ᠡ ᠴᠠᠭ | ᠦᠶ᠎ᠡ ᠶᠢ ᠨᠡᠭᠡᠭᠡᠬᠦ ᠪᠣᠯᠣᠨ᠎ᠠ ᠃ | ᠸᠧᠨᠧᠽᠦ᠋ᠧᠯᠠ ᠶᠢᠨ ᠬᠢᠨ ᠳᠤᠷᠠᠲᠠᠶ᠎ᠠ ᠳᠤᠮᠳᠠᠳᠤ ᠶᠢᠨ ᠲᠠᠯ᠎ᠠ ᠶᠢᠨ ᠠᠵᠤ ᠠᠬᠤᠢ ᠶᠢᠨ ᠣᠨᠴᠠᠭᠠᠢ ᠣᠷᠣᠨ ᠢ ᠪᠠᠶᠢᠭᠤᠯᠤᠭᠰᠠᠨ ᠲᠤᠷᠰᠢᠯᠭ᠎ᠠ ᠶᠢ ᠰᠤᠷᠤᠯᠴᠠᠨ | ᠲᠣᠯᠢᠳᠠᠵᠤ ᠂ ᠬᠤᠶᠠᠷ ᠤᠯᠤᠰ ᠤᠨ ᠬᠥᠳᠡᠭᠡ ᠠᠵᠤ ᠠᠬᠤᠢ ᠂ ᠪᠡᠯᠡ ᠣᠷᠣᠭᠤᠯᠤᠯᠲᠠ ᠂ ᠰᠤᠷᠭᠠᠨ ᠬᠥᠮᠦᠵᠢᠯ ᠂ ᠵᠢᠭᠤᠯᠴᠢᠯᠠᠯ ᠵᠡᠷᠭᠡ ᠬᠦᠷᠢᠶᠡᠨ ᠤ ᠪᠣᠳᠠᠲᠠᠢ ᠶᠢ | ᠡᠷᠬᠢᠮᠯᠡᠭᠰᠡᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ ᠃ ᠸᠧᠨᠧᠽᠦ᠋ᠧᠯᠠ ᠶᠢᠨ ᠬᠢᠨ ︽ ᠨᠢᠭᠡ ᠪᠦᠰᠡ ᠨᠢᠭᠡ ᠵᠠᠮ ︾ ᠢ ᠬᠠᠮᠲᠤ ᠪᠠᠷ ᠪᠦᠲᠦᠭᠡᠨ ᠪᠠᠶᠢᠭᠤᠯᠬᠤ ᠶᠢ | ᠢᠳᠡᠪᠬᠢᠲᠡᠢ ᠳᠡᠮᠵᠢᠵᠦ ᠂ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠂ ᠪᠦᠭᠦ ᠪᠥᠮᠪᠥᠷᠴᠡᠭ ᠤᠨ | ᠠᠮᠤᠷ ᠲᠦᠪᠰᠢᠨ ᠤ ᠰᠠᠨᠠᠭᠠᠴᠢᠯᠠᠭ᠎ᠠ ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠳᠡᠮᠵᠢᠵᠦ ᠂ ᠳᠤᠷᠠᠲᠠᠶ᠎ᠠ ᠳᠤᠮᠳᠠᠳᠤ ᠤᠯᠤᠰ ᠯᠤᠭ᠎ᠠ ᠣᠯᠠᠨ | ᠤᠯᠤᠰ ᠤᠨ ᠬᠤᠯᠪᠣᠭᠠᠲᠤ ᠪᠠᠶᠢᠭᠤᠯᠭ᠎ᠠ ᠂ ᠠᠯᠲᠠᠨ ᠲᠣᠭᠤᠰᠭ᠋᠎ᠠ ᠤᠯᠤᠰ ᠤᠳ ᠤᠨ ᠲᠣᠭᠲᠠᠴᠠ ᠵᠡᠷᠭᠡ ᠣᠯᠠᠨ ᠲᠠᠯ᠎ᠠ ᠶᠢᠨ ᠪᠣᠷᠣ ᠲᠥᠯᠥᠪ ᠤᠨ ᠳᠣᠲᠣᠷᠠᠬᠢ | ᠣᠯᠣᠯᠴᠠᠭ᠎ᠠ ᠬᠠᠮᠵᠢᠯᠴᠠᠭ᠎ᠠ ᠪᠠᠨ ᠨᠢᠭᠲᠠᠷᠠᠭᠤᠯᠵᠤ ᠂ ᠣᠯᠠᠨ ᠲᠠᠯᠠᠲᠤ ᠦᠵᠡᠯ ᠪᠣᠯᠣᠨ ᠬᠥᠭᠵᠢᠵᠦ ᠪᠠᠶᠢᠭ᠎ᠠ ᠤᠯᠤᠰ ᠤᠳ ᠤᠨ ᠵᠦᠢ ᠶᠣᠰᠣᠨ ᠤ ᠠᠰᠢᠭ ᠲᠤᠰᠠ ᠶᠢ | ᠬᠠᠮᠠᠭᠠᠯᠠᠵᠤ ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠤᠨ᠎ᠠ ᠃ ᠸᠧᠨᠧᠽᠦ᠋ᠧᠯᠠ ᠶᠢᠨ ᠬᠢᠨ | ᠳᠤᠷᠠᠲᠠᠶ᠎ᠠ ᠯᠠᠲ᠋ᠢᠨ ᠠᠮᠧᠷᠢᠺᠠ ᠲᠢᠪ ᠤᠨ ᠬᠠᠮᠲᠤ ᠶᠢᠨ ᠴᠣᠭᠴᠠ ᠪᠣᠯᠣᠨ ᠳᠤᠮᠳᠠᠳᠤ ᠤᠯᠤᠰ ᠤᠨ ᠬᠠᠷᠢᠯᠴᠠᠭ᠎ᠠ ᠶᠢᠨ ᠴᠢᠨᠠᠭᠰᠢᠳᠠ ᠶᠢᠨ ᠬᠥᠭᠵᠢᠯᠲᠡ ᠳᠤ | ᠢᠳᠡᠪᠬᠢᠲᠡᠢ ᠦᠢᠯᠡᠳᠦᠯ ᠦᠵᠡᠭᠦᠯᠦᠨ᠎ᠡ ᠭᠡᠵᠦ ᠢᠯᠡᠳᠬᠡᠪᠡ ᠃ ᠬᠡᠯᠡᠯᠴᠡᠭᠡ ᠲᠡᠭᠦᠰᠦᠭᠰᠡᠨ ᠤ ᠲᠠᠷᠠᠭ᠎ᠠ ᠂ ᠬᠤᠶᠠᠷ ᠤᠯᠤᠰ ᠤᠨ ᠲᠡᠷᠢᠭᠦᠨ ︽ ᠨᠢᠭᠡ ᠪᠦᠰᠡ ᠨᠢᠭᠡ ᠵᠠᠮ ︾ | ᠢ ᠬᠠᠮᠲᠤ ᠪᠠᠷ ᠪᠦᠲᠦᠭᠡᠨ ᠪᠠᠶᠢᠭᠤᠯᠬᠤ ᠂ ᠠᠵᠤ ᠠᠬᠤᠢ ᠠᠷᠠᠯᠵᠢᠶ᠎ᠠ ᠂ ᠰᠤᠷᠭᠠᠨ ᠬᠥᠮᠦᠵᠢᠯ ᠂ ᠵᠢᠭᠤᠯᠴᠢᠯᠠᠯ ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠂ ᠡᠷᠡᠭᠦᠯ | ᠬᠠᠮᠠᠭᠠᠯᠠᠯ ᠂ ᠰᠠᠨᠰᠠᠷ ᠤᠨ ᠠᠶᠠᠯᠠᠯ ᠂ ᠠᠷᠠᠳ ᠤᠨ ᠠᠭᠠᠷ ᠤᠨ ᠠᠶᠠᠯᠠᠯ ᠵᠡᠷᠭᠡ ᠬᠦᠷᠢᠶᠡᠨ ᠤ ᠤᠯᠠᠨ ᠵᠦᠢᠯ ᠤᠨ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ | ᠮᠠᠲ᠋ᠧᠷᠢᠶᠠᠯ ᠳᠤ ᠭᠠᠷ ᠤᠨ ᠦᠰᠦᠭ ᠵᠢᠷᠤᠬᠤ ᠶᠢ ᠬᠠᠮᠲᠤ ᠪᠠᠷ ᠭᠡᠷᠡᠴᠢᠯᠡᠪᠡ ᠃ ᠬᠤᠶᠠᠷ ᠲᠠᠯ᠎ᠠ ᠪᠠᠷ ᠢᠶᠠᠨ ︽ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ | ᠬᠠᠨᠢᠲᠠᠨ ᠤ ᠬᠠᠷᠢᠯᠴᠠᠭ᠎ᠠ ᠪᠠᠶᠢᠭᠤᠯᠬᠤ ᠲᠤᠬᠠᠢ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠪᠦᠭᠦᠳᠡ ᠨᠠᠶᠢᠷᠠᠮᠳᠠᠬᠤ ᠸᠧᠨᠧᠽᠦ᠋ᠧᠯᠠ ᠪᠤᠯᠢᠸᠠᠷ | ᠤᠯᠤᠰ ᠤᠨ ᠬᠠᠮᠲᠤᠷᠠᠭᠰᠠᠨ ᠢᠯᠡᠷᠬᠡᠶᠢᠯᠡᠯᠲᠡ ︾ ᠶᠢ ᠨᠡᠶᠢᠲᠡᠯᠡᠪᠡ ᠃ ᠬᠡᠯᠡᠯᠴᠡᠭᠡ ᠬᠢᠬᠦ ᠠᠴᠠ ᠡᠮᠦᠨ᠎ᠡ ᠂ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ | ᠵᠡᠭᠦᠨ ᠡᠭᠦᠳᠡᠨ ᠤ ᠭᠠᠳᠠᠨᠠᠬᠢ ᠠᠭᠤᠳᠠᠮ ᠲᠠᠯᠠᠪᠠᠢ ᠳᠤ ᠮᠠᠳᠦ᠋ᠯᠦ᠋ᠸᠧ ᠶᠢ ᠤᠭᠲᠤᠬᠤ ᠶᠣᠰᠣᠯᠠᠯ ᠶᠠᠪᠤᠭᠤᠯᠪᠠ ᠃ ᠮᠠᠳᠦ᠋ᠯᠦ᠋ᠸᠧ ᠬᠦᠷᠴᠦ ᠢᠷᠡᠬᠦ ᠦᠶ᠎ᠡ ᠳᠤ | ᠶᠣᠰᠣᠯᠠᠯ ᠤᠨ ᠴᠡᠷᠢᠭ ᠠᠩᠭᠢ ᠮᠥᠷᠯᠡᠨ ᠵᠣᠭᠰᠣᠵᠤ ᠶᠣᠰᠣᠯᠠᠪᠠ ᠃ ᠬᠤᠶᠠᠷ ᠤᠯᠤᠰ ᠤᠨ ᠲᠡᠷᠢᠭᠦᠨ ᠰᠢᠯᠭᠠᠨ ᠦᠵᠡᠬᠦ ᠲᠠᠶᠢᠰᠠᠨ ᠳᠤ ᠭᠠᠷᠴᠤ ᠂ ᠴᠡᠷᠢᠭ ᠤᠨ | ᠬᠥᠭᠵᠢᠮ ᠤᠨ ᠪᠦᠯᠭᠦᠮ ᠳᠤᠮᠳᠠᠳᠤ ᠸᠧᠨᠧᠽᠦ᠋ᠧᠯᠠ ᠬᠤᠶᠠᠷ ᠤᠯᠤᠰ ᠤᠨ ᠰᠦᠯᠳᠡ ᠳᠠᠭᠤᠤ ᠶᠢ ᠬᠥᠭᠵᠢᠮᠳᠡᠵᠦ ᠂ ᠲᠢᠶᠠᠨ ᠠᠨ ᠮᠧᠨ ᠠᠭᠤᠳᠠᠮ ᠲᠠᠯᠠᠪᠠᠢ ᠳᠤ | ᠶᠣᠰᠣᠯᠠᠯ ᠤᠨ ᠫᠤᠤ ᠶᠢ 21 ᠳᠤᠤᠭᠠᠷᠭᠠᠪᠠ ᠃ ᠮᠠᠳᠦ᠋ᠯᠦ᠋ᠸᠧ ᠰᠢ ᠶᠢᠨ ᠫᠢᠩ ᠤᠨ ᠪᠠᠷ᠎ᠠ ᠪᠤᠯᠤᠯᠭ᠎ᠠ ᠲᠠᠢ ᠪᠠᠷ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ | ᠴᠡᠷᠢᠭ ᠤᠨ ᠶᠣᠰᠣᠯᠠᠯ ᠤᠨ ᠠᠩᠭᠢ ᠶᠢ ᠰᠢᠯᠭᠠᠨ ᠦᠵᠡᠭᠰᠡᠨ ᠪᠥᠭᠡᠳ ᠵᠢᠭᠰᠠᠭᠠᠯ ᠢ ᠰᠣᠨᠢᠷᠬᠠᠪᠠ ᠃ | ᠰᠢ ᠶᠢᠨ ᠫᠢᠩ ᠤᠨ ᠬᠠᠳᠤᠨ ᠫᠧᠩ ᠯᠢ ᠶᠤᠸᠠᠨ ᠪᠣᠯᠣᠨ ᠮᠠᠳᠥ᠋ᠯᠦ᠋ᠸᠧ ᠶᠢᠨ ᠬᠠᠳᠤᠨ ᠹᠯᠤᠯᠦ᠋ᠢᠰ ᠪᠠᠷ᠎ᠠ ᠪᠣᠯᠵᠤ ᠤᠭᠲᠤᠬᠤ ᠶᠣᠰᠣᠯᠠᠯ ᠳᠤ ᠣᠷᠣᠯᠴᠠᠪᠠ ᠃ | ᠲᠤᠰ ᠣᠷᠣᠢ ᠂ ᠰᠢ ᠶᠢᠨ ᠫᠢᠩ ᠪᠣᠯᠣᠨ ᠫᠧᠩ ᠯᠢ ᠶᠤᠸᠠᠨ ᠠᠷᠠᠳ ᠤᠨ ᠶᠡᠭᠡ ᠬᠤᠷᠠᠯ ᠤᠨ ᠲᠠᠩᠬᠢᠮ ᠤᠨ ᠰᠢᠵᠢᠷ ᠠᠯᠳᠠᠨ ᠶᠡᠭᠡ ᠲᠢᠩᠬᠢᠮ ᠳᠤ ᠮᠠᠳᠦ᠋ᠯᠦ᠋ᠸᠧ | ᠪᠣᠯᠣᠨ ᠹᠯᠤᠯᠦ᠋ᠢᠰ ᠢ ᠤᠭᠲᠤᠬᠤ ᠳᠠᠶᠢᠯᠠᠯᠭ᠎ᠠ ᠬᠢᠪᠡ ᠃ ᠸᠠᠩ ᠢ ᠳᠡᠭᠡᠷᠡᠬᠢ ᠠᠵᠢᠯᠯᠠᠭ᠎ᠠ ᠳᠤ ᠣᠷᠣᠯᠴᠠᠵᠠᠢ ᠃ | | | |