| ᠼᠠᠢ ᠴᠢ ᠪᠥᠬᠦ ᠤᠯᠤᠰ ᠤᠨ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠨᠠᠷ ᠤᠨ ᠬᠤᠷᠠᠯ ᠳᠤ ᠣᠷᠣᠯᠴᠠᠵᠤ ᠶᠠᠷᠢᠶ᠎ᠠ | ᠲᠠᠯᠪᠢᠵᠠᠢ | ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 14 ᠤ ᠴᠠᠬᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ | ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠣᠶᠢᠷ᠎ᠠ ᠶᠢᠨ ᠡᠳᠦᠷ ᠰᠢᠨ᠎ᠡ ᠴᠠᠭ ᠦᠶ᠎ᠡ ᠶᠢᠨ ᠠᠯᠪᠠᠨ | ᠲᠢᠩᠬᠢᠮ ᠤᠨ ᠠᠵᠢᠯ ᠳᠤ ᠴᠢᠬᠤᠯᠠ ᠵᠢᠭᠠᠪᠤᠷᠢ ᠥᠭᠴᠦ ᠂ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠠᠯᠪᠠᠨ ᠲᠢᠩᠬᠢᠮ ᠨᠢ ᠨᠠᠮ ᠪᠣᠯᠣᠨ ᠤᠯᠤᠰ ᠤᠨ | ᠵᠠᠰᠠᠯᠲᠠ ᠶᠢᠨ ᠰᠢᠰᠲ᠋ᠧᠮ ᠳᠤ ᠣᠨᠴᠠᠭᠠᠢ ᠴᠢᠬᠤᠯᠠ ᠪᠠᠶᠢᠷᠢ ᠰᠠᠭᠤᠷᠢ ᠲᠠᠢ ᠪᠠᠶᠢᠵᠤ ᠂ ᠴᠢᠬᠤᠯᠠ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠨ᠎ᠠ ᠃ ᠨᠠᠮ ᠤᠨ | ᠠᠷᠪᠠ ᠶᠢᠰᠦᠳᠦᠭᠡᠷ ᠶᠡᠭᠡ ᠬᠤᠷᠠᠯ ᠠᠴᠠ ᠨᠠᠭᠠᠰᠢ ᠂ ᠪᠥᠬᠦ ᠤᠯᠤᠰ ᠤᠨ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠠᠯᠪᠠᠨ ᠲᠢᠩᠬᠢᠮ ᠭᠤᠣᠯᠳᠠᠯᠭ᠎ᠠ ᠶᠢᠨ | ᠲᠣᠭᠤᠷᠢᠨ ᠳᠤ ᠂ ᠶᠡᠭᠡ ᠲᠠᠯ᠎ᠠ ᠳᠤ ᠦᠢᠯᠡᠴᠢᠯᠡᠵᠦ ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠂ ᠵᠥᠪᠯᠡᠵᠦ ᠬᠠᠪᠰᠤᠷᠬᠤ ᠂ ᠱᠠᠯᠠᠪᠳᠠᠭᠤᠯᠤᠨ ᠪᠠᠶᠢᠴᠠᠭᠠᠬᠤ ᠂ | ᠦᠢᠯᠡᠴᠢᠯᠡᠭᠡ ᠪᠠᠲᠤᠯᠠᠭ᠎ᠠ ᠬᠠᠩᠭᠠᠬᠤ ᠵᠡᠷᠭᠡ ᠡᠭᠦᠷᠭᠡ ᠴᠢᠳᠠᠪᠬᠢ ᠶᠢᠨ ᠦᠢᠯᠡᠳᠦᠯ ᠢᠶᠠᠨ ᠪᠦᠲᠦᠮᠵᠢᠲᠡᠢ ᠪᠠᠳᠠᠷᠠᠭᠤᠯᠵᠤ ᠂ ᠨᠠᠮ ᠤᠨ ᠲᠥᠪ ᠬᠤᠷᠢᠶ᠎ᠠ ᠶᠢᠨ | ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ ᠂ ᠮᠠᠰᠢ ᠣᠯᠠᠨ ᠶᠡᠭᠡ | ᠳᠠᠶᠢᠯᠠᠯᠳᠤᠭᠠᠨ ᠤ ᠰᠢᠯᠭᠠᠯᠲᠠ ᠶᠢ ᠳᠠᠭᠠᠭᠠᠵᠤ ᠂ ᠨᠠᠮ ᠪᠣᠯᠣᠨ ᠤᠯᠤᠰ ᠤᠨ ᠠᠵᠢᠯ ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠴᠢᠬᠤᠯᠠ ᠬᠤᠪᠢ ᠨᠡᠮᠡᠷᠢ | ᠦᠵᠡᠭᠦᠯᠵᠡᠢ ᠭᠡᠵᠦ ᠵᠢᠭᠠᠵᠤ ᠭᠠᠷᠭᠠᠪᠠ ᠃ | ᠰᠢ ᠶᠢᠨ ᠫᠢᠩ ᠂ ᠰᠢᠨ᠎ᠡ ᠠᠶᠠᠨ ᠳᠤ ᠮᠣᠷᠳᠠᠬᠤ ᠳᠠᠭᠠᠨ ᠂ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠠᠯᠪᠠᠨ ᠲᠢᠩᠬᠢᠮ ᠰᠢᠨ᠎ᠡ ᠬᠠᠷᠢᠭᠤᠴᠠᠯᠭ᠎ᠠ | ᠡᠭᠦᠷᠭᠡᠯᠡᠯ ᠰᠢᠨ᠎ᠡ ᠵᠢᠳᠬᠦᠯ ᠴᠢᠷᠮᠠᠶᠢᠯᠭ᠎ᠠ ᠰᠢᠨ᠎ᠡ ᠳᠦᠷᠰᠦ ᠪᠠᠶᠢᠳᠠᠯ ᠲᠠᠢ ᠪᠠᠶᠢᠬᠤ ᠬᠡᠷᠡᠭᠲᠡᠢ ᠃ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ ᠂ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ ᠂ ᠬᠡᠬᠦᠳᠡᠭ | ᠴᠡᠭᠡᠵᠢᠨ ᠳᠡᠭᠡᠨ ︽ ᠤᠯᠤᠰ ᠤᠨ ᠶᠡᠭᠡ ᠶᠠᠪᠤᠳᠠᠯ ︾ ᠢ ᠪᠠᠭᠲᠠᠭᠠᠵᠤ ᠂ ᠤᠯᠤᠰ ᠲᠥᠷᠥ ᠶᠢᠨ ᠪᠠᠶᠢᠭᠤᠯᠭ᠎ᠠ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ ᠂ ᠨᠠᠮ ᠤᠨ | ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠵᠤ ᠂ ᠦᠵᠡᠯ ᠰᠠᠨᠠᠭ᠎ᠠ ᠤᠯᠤᠰ ᠲᠥᠷᠥ ᠦᠢᠯᠡ ᠠᠵᠢᠯᠯᠠᠭ᠎ᠠ ᠳᠡᠭᠡᠷ᠎ᠡ ᠪᠠᠨ | ᠢᠮᠠᠭᠲᠠ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠬᠡᠷᠡᠭᠲᠡᠢ ᠃ ᠤᠯᠤᠰ ᠲᠥᠷᠥ ᠶᠢᠨ ᠬᠠᠷᠢᠭᠤᠴᠠᠯᠭ᠎ᠠ ᠡᠭᠦᠷᠭᠡᠯᠡᠯ ᠢᠶᠠᠨ | ᠴᠢᠩᠭᠠᠳᠬᠠᠵᠤ ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠬᠤ ᠲᠠᠢ ᠨᠢᠭᠲᠠ ᠤᠶᠠᠯᠳᠤᠭᠤᠯᠤᠨ ᠂ | ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠ ᠱᠠᠯᠠᠪᠳᠠᠭᠤᠯᠤᠨ ᠪᠠᠶᠢᠴᠠᠭᠠᠬᠤ ᠶᠢ ᠴᠢᠩᠭᠠᠳᠬᠠᠵᠤ ᠂ ᠬᠦᠴᠦᠷᠬᠡᠭ ᠶᠡᠭᠡ ᠬᠠᠮᠲᠤᠷᠠᠯ ᠬᠦᠴᠦᠨ ᠢ | ᠪᠦᠷᠢᠯᠳᠦᠭᠦᠯᠵᠦ ᠂ ᠬᠡᠯᠪᠡᠷᠢᠴᠢ ᠦᠵᠡᠯ ᠢ ᠴᠢᠩᠭ᠎ᠠ ᠴᠡᠭᠡᠷᠯᠡᠵᠦ ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ | ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠃ ᠤᠯᠤᠰ ᠲᠥᠷᠥ ᠶᠢᠨ ᠴᠢᠳᠠᠪᠤᠷᠢ ᠪᠠᠨ ᠳᠡᠭᠡᠭᠰᠢᠯᠡᠭᠦᠯᠵᠦ ᠂ ᠲᠥᠪ ᠶᠣᠰᠣ ᠶᠢ | ᠪᠠᠷᠢᠮᠲᠠᠯᠠᠨ ᠰᠢᠨ᠎ᠡ ᠶᠢ ᠡᠭᠦᠳᠬᠦ ᠶᠢ ᠪᠠᠷᠢᠮᠲᠠᠯᠠᠵᠤ ᠂ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠵᠥᠪᠯᠡᠭᠴᠢ ᠬᠠᠪᠰᠤᠷᠤᠭᠴᠢ ᠶᠢᠨ ᠴᠢᠬᠤᠯᠠ ᠦᠢᠯᠡᠳᠦᠯ ᠢ | ᠨᠡᠩ ᠰᠠᠶᠢᠲᠤᠷ ᠪᠠᠳᠠᠷᠠᠭᠤᠯᠬᠤ ᠬᠡᠷᠡᠭᠲᠡᠢ ᠃ ᠤᠯᠤᠰ ᠲᠥᠷᠥ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ ᠂ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠡᠷᠡᠰ | ᠭᠤᠶᠢᠪᠢᠰᠢ ᠦᠭᠡᠢ ᠠᠬᠢᠭᠤᠯᠵᠤ ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ | ᠺᠠᠳ᠋ᠷ ᠤᠨ ᠡᠩᠨᠡᠭᠡ ᠶᠢ ᠪᠠᠶᠢᠭᠤᠯᠵᠤ ᠂ ᠨᠠᠮ ᠢ ᠰᠡᠳᠬᠢᠯ ᠠᠮᠤᠷ ᠪᠠᠶᠢᠯᠭᠠᠬᠤ ᠂ ᠠᠷᠠᠳ ᠲᠦᠮᠡᠨ ᠢ ᠰᠡᠳᠬᠢᠯ ᠬᠠᠨᠤᠮᠵᠢᠲᠠᠢ ᠪᠣᠯᠭᠠᠭᠰᠠᠨ ᠵᠢᠱᠢᠶᠡᠴᠢ ᠪᠠᠶᠢᠭᠤᠯᠭ᠎ᠠ ᠶᠢ | ᠪᠠᠶᠢᠭᠤᠯᠵᠤ ᠂ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠥᠬᠦ ᠲᠠᠯ᠎ᠠ ᠪᠠᠷ | ᠠᠬᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ ᠃ | ᠪᠥᠬᠦ ᠤᠯᠤᠰ ᠤᠨ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠨᠠᠷ ᠤᠨ ᠬᠤᠷᠠᠯ 9 ᠰᠠᠷ᠎ᠠ ᠶᠢᠨ 13 ᠠᠴᠠ 14 ᠤ | ᠡᠳᠦᠷ ᠪᠣᠯᠲᠠᠯ᠎ᠠ ᠪᠡᠭᠡᠵᠢᠩ ᠳᠤ ᠬᠤᠷᠠᠯᠳᠤᠪᠠ ᠃ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠂ ᠨᠠᠮ ᠤᠨ ᠲᠥᠪ | ᠬᠤᠷᠢᠶ᠎ᠠ ᠶᠢᠨ ᠠᠯᠪᠠᠨ ᠲᠢᠩᠬᠢᠮ ᠤᠨ ᠡᠷᠬᠢᠯᠡᠭᠴᠢ ᠼᠠᠢ ᠴᠢ ᠬᠤᠷᠠᠯ ᠳᠤ ᠣᠷᠣᠯᠴᠠᠵᠤ ᠰᠢ ᠶᠢᠨ ᠫᠢᠩ ᠤᠨ ᠴᠢᠬᠤᠯᠠ ᠵᠢᠭᠠᠪᠤᠷᠢ ᠶᠢ ᠤᠯᠠᠮᠵᠢᠯᠠᠭᠰᠠᠨ ᠪᠥᠭᠡᠳ ᠶᠠᠷᠢᠶ᠎ᠠ | ᠲᠠᠯᠪᠢᠵᠠᠢ ᠃ | ᠬᠤᠷᠠᠯ ᠠᠴᠠ ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠨᠢ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠠᠭᠠᠰᠢᠬᠢ ᠨᠠᠮ ᠤᠨ | ᠬᠤᠷᠢᠶ᠎ᠠ ᠪᠣᠯᠣᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠠᠵᠢᠯ ᠢ ᠭᠦᠢᠴᠡᠳ ᠨᠤᠲᠠᠯᠠᠵᠤ ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠂ ᠠᠯᠪᠠᠨ ᠲᠢᠩᠬᠢᠮ ᠤᠨ ᠠᠵᠢᠯ ᠤᠨ ᠴᠢᠳᠠᠪᠤᠷᠢ ᠲᠦᠪᠰᠢᠨ ᠢ ᠤᠯᠠᠮ ᠴᠢᠨᠠᠭᠰᠢᠳᠠ ᠳᠡᠭᠡᠭᠰᠢᠯᠡᠭᠦᠯᠬᠦ | ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠴᠤ ᠂ ᠮᠠᠰᠢ ᠴᠢᠩᠭ᠎ᠠ ᠤᠯᠤᠰ ᠲᠥᠷᠥ ᠶᠢᠨ ᠴᠢᠨᠠᠷ ᠂ ᠵᠢᠯᠣᠭᠤᠳᠬᠤ ᠴᠢᠨᠠᠷ ᠪᠣᠯᠣᠨ ᠬᠠᠨᠳᠤᠯᠭᠠᠲᠤ ᠴᠢᠨᠠᠷ ᠲᠠᠢ ᠪᠠᠶᠢᠵᠤ ᠂ | ᠰᠢᠨ᠎ᠡ ᠠᠶᠠᠨ ᠳᠠᠬᠢ ᠠᠯᠪᠠᠨ ᠲᠢᠩᠬᠢᠮ ᠤᠨ ᠠᠵᠢᠯ ᠢ ᠰᠠᠶᠢᠲᠤᠷ ᠬᠢᠬᠦ ᠳᠤ ᠴᠢᠭᠯᠡᠯ ᠢ ᠲᠣᠳᠣᠷᠬᠠᠢ ᠵᠢᠭᠠᠵᠤ ᠥᠭᠴᠡᠢ ᠃ ᠪᠢᠳᠡ ᠭᠦᠨᠵᠡᠭᠡᠢ ᠰᠣᠷᠣᠯᠴᠠᠨ ᠣᠶᠢᠯᠠᠭᠠᠵᠤ ᠂ | ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ ᠃ | ᠬᠤᠷᠠᠯ ᠠᠴᠠ ᠂ ᠶᠡᠷᠦᠩᠬᠡᠢ ᠱᠦᠵᠢ ᠰᠢ ᠶᠢᠨ ᠫᠢᠩ ᠤᠨ ᠠᠯᠪᠠᠨ ᠲᠢᠩᠬᠢᠮ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠪᠣᠯᠣᠨ ᠵᠢᠭᠠᠪᠤᠷᠢ ᠴᠣᠬᠤᠯᠠᠪᠤᠷᠢ ᠨᠢ | ᠰᠢᠨ᠎ᠡ ᠴᠠᠭ ᠦᠶ᠎ᠡ ᠶᠢᠨ ᠠᠯᠪᠠᠨ ᠲᠢᠩᠬᠢᠮ ᠤᠨ ᠤᠯᠤᠰ ᠲᠥᠷᠥ ᠶᠢᠨ ᠱᠠᠭᠠᠷᠳᠠᠯᠭ᠎ᠠ ᠂ ᠲᠤᠰᠢᠶᠠᠯ ᠬᠠᠷᠢᠭᠤᠴᠠᠯᠭ᠎ᠠ ᠶᠢᠨ ᠪᠠᠶᠢᠷᠢ ᠲᠣᠭᠲᠠᠭᠠᠯᠲᠠ ᠂ ᠭᠤᠣᠯ ᠡᠭᠦᠷᠭᠡ ᠂ | ᠠᠵᠢᠯ ᠤᠨ ᠪᠠᠷᠢᠮᠵᠢᠶ᠎ᠠ ᠂ ᠡᠩᠨᠡᠭᠡᠨ ᠤ ᠪᠠᠶᠢᠭᠤᠯᠤᠯᠲᠠ ᠵᠡᠷᠭᠡ ᠠᠯᠢ ᠣᠯᠠᠨ ᠴᠢᠬᠤᠯᠠ ᠠᠰᠠᠭᠤᠳᠠᠯ ᠳᠤ ᠰᠢᠰᠲ᠋ᠧᠮ ᠲᠠᠢ ᠬᠠᠷᠢᠭᠤᠯᠲᠠ ᠥᠭᠴᠦ ᠂ ᠰᠢᠨ᠎ᠡ ᠴᠠᠭ ᠦᠶ᠎ᠡ | ᠰᠢᠨ᠎ᠡ ᠠᠶᠠᠨ ᠳᠤ ︽ ᠭᠤᠷᠪᠠ ᠳᠤ ᠦᠢᠯᠡᠴᠢᠯᠡᠬᠦ ︾ ᠠᠵᠢᠯ ᠢ ᠰᠠᠶᠢᠲᠤᠷ ᠬᠢᠬᠦ ᠶᠢᠨ ᠦᠨᠳᠦᠰᠦᠨ ᠵᠢᠷᠤᠮᠯᠠᠯ ᠮᠥᠨ ᠂ ᠪᠢᠳᠡ ᠡᠷᠬᠡᠪᠰᠢ ᠶᠡᠷᠦᠩᠬᠡᠢ ᠱᠦᠵᠢ ᠰᠢ ᠶᠢᠨ | ᠫᠢᠩ ᠤᠨ ᠴᠢᠬᠤᠯᠠ ᠶᠠᠷᠢᠶ᠎ᠠ ᠪᠣᠯᠣᠨ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠠᠯᠪᠠᠨ ᠲᠢᠩᠬᠢᠮ ᠤᠨ ᠠᠵᠢᠯ ᠤᠨ ᠪᠥᠬᠦ ᠶᠠᠪᠤᠴᠠ ᠡᠯ᠎ᠡ ᠲᠠᠯ᠎ᠠ ᠳᠤ | ᠨᠠᠶᠢᠳᠠᠪᠤᠷᠢᠵᠢᠭᠤᠯᠬᠤ ᠬᠡᠷᠡᠭᠲᠡᠢ ᠃ ︽ ᠬᠤᠶᠠᠷ ᠢ ᠲᠣᠭᠲᠠᠭᠠᠭᠰᠠᠨ ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠤᠯᠠᠮ ᠴᠢᠨᠠᠭᠰᠢᠳᠠ ᠭᠦᠨᠵᠡᠭᠡᠢ | ᠣᠶᠢᠯᠠᠭᠠᠵᠤ ᠂ ︽ ᠬᠤᠶᠠᠷ ᠢ ᠬᠠᠮᠠᠭᠠᠯᠠᠬᠤ ︾ ᠶᠢ ᠲᠦᠷᠦᠭᠦᠯᠡᠨ ᠪᠡᠶᠡᠯᠡᠭᠦᠯᠵᠦ ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠲᠣᠭᠲᠠᠭᠠᠭᠰᠠᠨ ᠬᠠᠷᠠᠯᠲᠠ ᠡᠭᠦᠷᠭᠡ ᠲᠠᠢ | ᠨᠢᠭᠲᠠ ᠤᠶᠠᠯᠳᠤᠭᠤᠯᠤᠨ ᠂ ᠤᠯᠤᠰ ᠲᠥᠷᠥ ᠶᠢᠨ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ ᠂ ᠤᠯᠤᠰ ᠲᠥᠷᠥ ᠶᠢᠨ ᠪᠣᠭᠤᠮᠲᠠ ᠰᠠᠬᠢᠬᠤ ᠴᠢᠳᠠᠪᠤᠷᠢ ᠪᠠᠨ | ᠦᠨᠡᠨ ᠬᠦ ᠳᠡᠭᠡᠭᠰᠢᠯᠡᠭᠦᠯᠦᠨ ᠂ ᠨᠠᠶᠢᠳᠠᠪᠤᠷᠢᠵᠢᠭᠤᠯᠤᠯᠲᠠ ᠶᠢ ᠠᠳᠬᠤᠬᠤ ᠦᠨᠳᠦᠰᠦᠨ ᠡᠭᠦᠷᠭᠡ ᠴᠢᠳᠠᠪᠤᠷᠢ ᠪᠠᠨ ᠨᠡᠩ ᠰᠠᠶᠢᠲᠤᠷ ᠭᠦᠢᠴᠡᠳᠬᠡᠵᠦ ᠂ ᠨᠠᠮ ᠤᠨ ᠲᠥᠪ | ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠪᠥᠬᠦ ᠬᠦᠴᠦᠨ ᠢᠶᠠᠷ ᠢᠶᠠᠨ | ᠠᠬᠢᠭᠤᠯᠬᠤ ᠬᠡᠷᠡᠭᠲᠡᠢ ᠃ ᠰᠢᠨ᠎ᠡ ᠪᠠᠶᠢᠳᠠᠯ ᠰᠢᠨ᠎ᠡ ᠡᠭᠦᠷᠭᠡ ᠳᠤ ᠵᠣᠬᠢᠴᠠᠵᠤ ᠂ ︽ ᠭᠤᠷᠪᠠ ᠳᠤ ᠦᠢᠯᠡᠴᠢᠯᠡᠬᠦ ︾ ᠠᠵᠢᠯ ᠤᠨ ᠴᠢᠳᠠᠪᠤᠷᠢ ᠲᠦᠪᠰᠢᠨ ᠢ ᠪᠥᠬᠦ | ᠲᠠᠯ᠎ᠠ ᠪᠠᠷ ᠳᠡᠭᠡᠭᠰᠢᠯᠡᠭᠦᠯᠵᠦ ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠶᠢ ᠬᠦᠴᠦᠯᠡᠨ ᠴᠢᠷᠮᠠᠶᠢᠵᠤ ᠂ ᠵᠠᠰᠠᠭ ᠤᠨ ᠵᠠᠷᠯᠢᠭ ᠤᠨ ᠳᠠᠮᠵᠢᠭᠤᠯᠭ᠎ᠠ ᠶᠢᠨ ᠠᠮᠤᠷ | ᠲᠦᠪᠰᠢᠨ ᠰᠠᠭᠠᠳ ᠦᠭᠡᠢ ᠨᠡᠪᠲᠡᠷᠡᠬᠦ ᠶᠢ ᠬᠦᠴᠦᠯᠡᠨ ᠪᠠᠲᠤᠯᠠᠵᠤ ᠂ ᠨᠢᠭᠤᠴᠠ ᠶᠢ ᠬᠠᠮᠠᠭᠠᠯᠠᠬᠤ ᠰᠡᠷᠭᠡᠶᠢᠯᠡᠯᠲᠡ ᠶᠢᠨ ᠱᠤᠭᠤᠮ ᠢ ᠬᠦᠴᠦᠯᠡᠨ ᠪᠠᠬᠢᠵᠢᠭᠦᠯᠵᠦ ᠂ | ᠦᠢᠯᠡᠴᠢᠯᠡᠭᠡ ᠪᠠᠲᠤᠯᠠᠭ᠎ᠠ ᠶᠢ ᠬᠦᠴᠦᠯᠡᠨ ᠰᠠᠶᠢᠲᠤᠷ ᠬᠢᠬᠦ ᠬᠡᠷᠡᠭᠲᠡᠢ ᠃ ᠤᠯᠤᠰ ᠲᠥᠷᠥ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ ᠂ ᠨᠡᠩ ᠥᠨᠳᠥᠷ ᠪᠠᠷᠢᠮᠵᠢᠶ᠎ᠠ ᠂ | ᠨᠡᠩ ᠴᠢᠩᠭ᠎ᠠ ᠱᠠᠭᠠᠷᠳᠠᠯᠭ᠎ᠠ ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠠᠯᠪᠠᠨ ᠲᠢᠩᠬᠢᠮ ᠤᠨ ᠲᠣᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠵᠤ ᠂ ᠡᠯ᠎ᠡ | ᠱᠠᠲᠤᠨ ᠤ ᠨᠠᠮ ᠵᠠᠰᠠᠭ ᠤᠨ ᠪᠠᠶᠢᠭᠤᠯᠭ᠎ᠠ ᠳᠤᠮᠳᠠ ᠬᠠᠮᠤᠭ ᠤᠨ ᠡᠮᠦᠨ᠎ᠡ ᠡᠩᠨᠡᠭᠡᠨ ᠳᠤ ᠶᠠᠪᠤᠵᠤ ᠂ ᠰᠠᠶᠢᠨ ︽ ᠳᠠᠭᠠᠭᠤᠯᠤᠭᠴᠢ ︾ ᠪᠣᠯᠬᠤ ᠪᠠᠷ ᠴᠢᠷᠮᠠᠶᠢᠵᠤ ᠂ ᠨᠠᠮ ᠢ | ᠰᠠᠨᠠᠭ᠎ᠠ ᠠᠮᠤᠷ ᠪᠠᠶᠢᠯᠭᠠᠬᠤ ᠠᠷᠠᠳ ᠲᠦᠮᠡᠨ ᠢ ᠰᠡᠳᠬᠢᠯ ᠬᠠᠨᠤᠮᠵᠢᠲᠠᠢ ᠪᠣᠯᠭᠠᠬᠤ ᠵᠢᠱᠢᠶᠡᠴᠢ ᠪᠠᠶᠢᠭᠤᠯᠭ᠎ᠠ ᠶᠢ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃ | ᠲᠥᠷᠥ ᠶᠢᠨ ᠶᠠᠪᠤᠳᠠᠯ ᠤᠨ ᠭᠡᠰᠢᠭᠦᠨ ᠪᠥᠭᠡᠳ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠨᠠᠷᠢᠨ ᠪᠢᠴᠢᠭ ᠤᠨ ᠳᠠᠷᠤᠭ᠎ᠠ ᠡᠦ ᠵᠧᠩ ᠯᠥᠩ ᠳ᠋ᠦᠩᠨᠡᠯᠲᠡ ᠶᠢᠨ | ᠶᠠᠷᠢᠶ᠎ᠠ ᠲᠠᠯᠪᠢᠵᠠᠢ ᠃ | ᠬᠤᠷᠠᠯ ᠠᠴᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠠᠭᠠᠰᠢᠬᠢ ᠠᠯᠪᠠᠨ ᠲᠢᠩᠬᠢᠮ ᠤᠨ ᠠᠵᠢᠯ ᠢ ᠳ᠋ᠦᠩᠨᠡᠨ ᠰᠣᠯᠢᠯᠴᠠᠵᠤ ᠂ ᠠᠯᠪᠠᠨ ᠲᠢᠩᠬᠢᠮ ᠤᠨ | ᠰᠢᠰᠲ᠋ᠧᠮ ᠳᠤ ᠲᠤᠯᠭᠠᠷᠠᠵᠤ ᠪᠠᠶᠢᠭ᠎ᠠ ᠰᠢᠨ᠎ᠡ ᠡᠭᠦᠷᠭᠡ ᠰᠢᠨ᠎ᠡ ᠱᠠᠭᠠᠷᠳᠠᠯᠭ᠎ᠠ ᠶᠢ ᠭᠦᠨᠵᠡᠭᠡᠢ ᠵᠠᠳᠠᠯᠵᠤ ᠂ ︽ ᠭᠤᠷᠪᠠ ᠳᠤ ᠦᠢᠯᠡᠴᠢᠯᠡᠬᠦ ︾ ᠠᠵᠢᠯ ᠳᠤ ᠣᠷᠣᠰᠢᠵᠤ | ᠪᠠᠶᠢᠭ᠎ᠠ ᠭᠤᠣᠯᠳᠠᠯᠭ᠎ᠠ ᠲᠠᠢ ᠠᠰᠠᠭᠤᠳᠠᠯ ᠢ ᠰᠤᠳᠤᠯᠵᠤ ᠂ ᠣᠶᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠳᠤ ᠪᠣᠳᠠᠲᠠᠢ ᠪᠠᠶᠢᠷᠢᠯᠠᠭᠤᠯᠤᠯᠲᠠ ᠬᠢᠪᠡ ᠃ | | |