| ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 14 ᠤ ᠴᠠᠭᠢᠯᠭᠠᠨ ᠮᠡᠳᠡᠭᠡ 9 ᠰᠠᠷ᠎ᠠ ᠶᠢᠨ 14 ᠤ ᠡᠳᠦᠷ ᠂ ᠤᠯᠤᠰ ᠤᠨ ᠲᠡᠷᠢᠭᠦᠯᠡᠭᠴᠢ ᠰᠢ ᠶᠢᠨ ᠫᠢᠩ | 2023 ᠪᠡᠭᠡᠵᠢᠩ ᠤᠨ ᠰᠣᠶᠣᠯ ᠤᠨ ᠶᠠᠷᠢᠶᠠᠨ ᠤ ᠲᠠᠪᠴᠠᠩ ᠳᠤ ᠪᠠᠶᠠᠷ ᠤᠨ ᠵᠠᠬᠢᠳᠠᠯ ᠢᠯᠡᠭᠡᠪᠡ ᠃ | ᠰᠢ ᠶᠢᠨ ᠫᠢᠩ ᠂ ᠳᠤᠮᠳᠠᠳᠤ ᠶᠢᠨ ᠦᠨᠳᠦᠰᠦᠲᠡᠨ ᠪᠣᠯ ᠥᠨᠢ ᠤᠳᠠᠭᠠᠨ ᠰᠢᠯᠢᠳᠡᠭ ᠤᠯᠠᠮᠵᠢᠯᠠᠯᠲᠤ ᠰᠣᠶᠣᠯ ᠲᠠᠢ ᠪᠠᠶᠢᠵᠤ ᠂ ᠡᠷᠲᠡᠨ ᠠᠴᠠ ᠠᠪᠤᠭᠠᠳ | ᠨᠡᠭᠡᠭᠡᠯᠲᠡᠲᠤ ᠪᠠᠭᠲᠠᠭᠠᠮᠵᠢᠲᠠᠢ ᠂ ᠪᠦᠭᠦᠨ ᠢ ᠪᠠᠭᠲᠠᠭᠠᠵᠤ ᠪᠠᠶᠢᠳᠠᠭ ᠢ ᠬᠠᠳᠠᠭᠠᠯᠠᠬᠤ ᠰᠣᠶᠣᠯ ᠤᠨ ᠬᠡᠬᠦᠳᠡᠭ ᠴᠡᠭᠡᠵᠢ ᠲᠠᠢ ᠶᠤᠮ ᠂ ᠳᠤᠮᠳᠠᠳᠤ ᠶᠢᠨ ᠪᠣᠯᠪᠠᠰᠤᠨ | ᠶᠡᠷᠦ ᠠᠴᠠ ᠠᠳᠠᠯᠢ ᠪᠤᠰᠤ ᠪᠣᠯᠪᠠᠰᠤᠨ ᠤ ᠬᠤᠭᠤᠷᠣᠨᠳᠣᠭᠢ ᠣᠶᠢᠯᠠᠭᠠᠯᠴᠠᠭ᠎ᠠ ᠪᠠ ᠬᠦᠨᠳᠦᠳᠬᠡᠯ ᠢ ᠮᠠᠭᠲᠠᠨ ᠰᠠᠶᠢᠰᠢᠶᠠᠭᠰᠠᠭᠠᠷ ᠢᠷᠡᠭᠰᠡᠨ ᠶᠤᠮ ᠃ ᠪᠡᠭᠡᠵᠢᠩ ᠪᠣᠯ | ᠥᠨᠢ ᠤᠳᠠᠭᠠᠨ ᠲᠡᠦᠬᠡ ᠲᠠᠢ ᠂ ᠥᠨᠢ ᠤᠳᠠᠭᠠᠨ ᠰᠣᠶᠣᠯ ᠤᠨ ᠰᠤᠳᠠᠰᠤ ᠲᠠᠢ ᠪᠠᠶᠢᠵᠤ ᠂ ᠳᠤᠮᠳᠠᠳᠤ ᠶᠢᠨ ᠪᠣᠯᠪᠠᠰᠤᠨ ᠤ ᠦᠷᠭᠦᠯᠵᠢᠯᠡᠬᠦ ᠴᠢᠨᠠᠷ ᠂ ᠰᠢᠨ᠎ᠡ ᠶᠢ ᠡᠭᠦᠳᠬᠦ | ᠴᠢᠨᠠᠷ ᠂ ᠨᠢᠭᠡᠳᠦᠯᠲᠦ ᠴᠢᠨᠠᠷ ᠂ ᠪᠠᠭᠲᠠᠭᠠᠮᠵᠢᠲᠤ ᠴᠢᠨᠠᠷ ᠂ ᠡᠩᠬᠡ ᠲᠠᠶᠢᠪᠤᠩ ᠴᠢᠨᠠᠷ ᠤᠨ ᠬᠦᠴᠦᠲᠡᠢ ᠭᠡᠷᠡᠴᠢᠯᠡᠯ ᠮᠥᠨ ᠃ ᠳᠤᠮᠳᠠᠳᠤ ᠤᠯᠤᠰ ᠪᠡᠭᠡᠵᠢᠩ ᠤᠨ | ᠲᠡᠦᠬᠡ ᠶᠢᠨ ᠡᠷᠲᠡᠨ ᠤ ᠨᠡᠶᠢᠰᠯᠡᠯ ᠪᠠ ᠪᠦᠭᠦ ᠤᠯᠤᠰ ᠤᠨ ᠰᠣᠶᠣᠯ ᠤᠨ ᠲᠥᠪ ᠪᠣᠯᠤᠭᠰᠠᠨ ᠳᠠᠪᠠᠭᠤᠯᠢᠭ ᠢᠶᠠᠨ ᠨᠡᠩ ᠰᠠᠶᠢᠲᠤᠷ ᠪᠠᠳᠠᠷᠠᠭᠤᠯᠵᠤ ᠂ ᠪᠦᠭᠦ | ᠪᠥᠮᠪᠥᠷᠴᠡᠭ ᠤᠨ ᠡᠯ᠎ᠡ ᠭᠠᠵᠠᠷ ᠯᠤᠭ᠎ᠠ ᠶᠢᠨ ᠰᠣᠶᠣᠯ ᠤᠨ ᠰᠣᠯᠢᠯᠴᠠᠭ᠎ᠠ ᠪᠠᠨ ᠴᠢᠩᠭᠠᠳᠬᠠᠵᠤ ᠂ ᠰᠣᠶᠣᠯ ᠤᠨ ᠴᠡᠴᠡᠭᠯᠡᠯ ᠬᠥᠭᠵᠢᠯ ᠂ ᠰᠣᠶᠣᠯ ᠤᠨ ᠥᠪ ᠤᠨ | ᠬᠠᠮᠠᠭᠠᠯᠠᠯᠲᠠ ᠂ ᠪᠣᠯᠪᠠᠰᠤᠨ ᠤ ᠰᠣᠯᠢᠯᠴᠠᠭ᠎ᠠ ᠲᠣᠯᠢᠳᠠᠯ ᠢ ᠬᠠᠮᠲᠤ ᠪᠠᠷ ᠠᠬᠢᠭᠤᠯᠵᠤ ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ | ᠦᠢᠯᠡᠳᠦᠯᠭᠡᠵᠢᠭᠦᠯᠵᠦ ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠳᠤ ᠭᠦᠨ ᠵᠤᠵᠠᠭᠠᠨ ᠥᠨᠢ | ᠤᠳᠠᠭᠠᠨ ᠤ ᠰᠣᠶᠣᠯ ᠤᠨ ᠬᠦᠴᠦᠨ ᠢ ᠨᠡᠮᠡᠷᠢᠯᠡᠨ᠎ᠡ ᠭᠡᠵᠦ ᠵᠢᠭᠠᠵᠤ ᠭᠠᠷᠭᠠᠪᠠ ᠃ | 2023 ᠪᠡᠭᠡᠵᠢᠩ ᠤᠨ ᠰᠣᠶᠣᠯ ᠤᠨ ᠶᠠᠷᠢᠶᠠᠨ ᠤ ᠲᠠᠪᠴᠠᠩ ᠨᠢ ︽ ᠰᠢᠯᠢᠳᠡᠭ ᠰᠣᠶᠣᠯ ᠢ ᠤᠯᠠᠮᠵᠢᠯᠠᠨ ᠵᠠᠯᠭᠠᠮᠵᠢᠯᠠᠵᠤ ᠰᠣᠯᠢᠯᠴᠠᠭ᠎ᠠ ᠬᠠᠮᠲᠤᠷᠠᠯᠴᠠᠭ᠎ᠠ ᠶᠢ | ᠠᠬᠢᠭᠤᠯᠬᠤ ︾ ᠪᠠᠷ ᠣᠨ ᠤ ᠭᠤᠣᠯ ᠰᠡᠳᠦᠪ ᠪᠤᠯᠭᠠᠵᠤ ᠂ ᠲᠥᠪ ᠤᠨ ᠤᠬᠠᠭᠤᠯᠬᠤ ᠬᠡᠯᠲᠡᠰ ᠪᠣᠯᠣᠨ ᠪᠡᠭᠡᠵᠢᠩ ᠬᠤᠳᠠ ᠶᠢᠨ ᠨᠠᠮ ᠤᠨ ᠬᠤᠷᠢᠶ᠎ᠠ ᠂ ᠪᠡᠭᠡᠵᠢᠩ | ᠬᠤᠳᠠ ᠶᠢᠨ ᠠᠷᠠᠳ ᠤᠨ ᠵᠠᠰᠠᠭ ᠤᠨ ᠣᠷᠳᠣᠨ ᠠᠴᠠ ᠬᠠᠮᠲᠤ ᠪᠠᠷ ᠭᠤᠣᠯᠯᠠᠨ ᠡᠷᠭᠢᠯᠡᠵᠦ ᠂ ᠲᠤᠰ ᠡᠳᠦᠷ ᠪᠡᠭᠡᠵᠢᠩ ᠳᠤ ᠡᠬᠢᠯᠡᠪᠡ ᠃ | | | |