| ᠵᠠᠬ᠎ᠠ ᠳᠡᠯᠭᠡᠭᠦᠷ ᠢ ᠬᠢᠨᠠᠵᠤ ᠬᠠᠮᠢᠶᠠᠷᠬᠤ ᠶᠡᠷᠦᠩᠬᠡᠶ ᠲᠣᠪᠴᠢᠶ᠎ᠠ ᠂ ᠠᠷᠠᠳ ᠤᠨ ᠶᠠᠪᠤᠳᠠᠯ ᠤᠨ ᠶᠠᠮᠤᠨ ᠪᠣᠯᠤᠨ ᠲᠥᠪ ᠤᠨ ᠣᠶᠤᠨ ᠤ ᠪᠣᠯᠪᠠᠰᠤᠨ ᠤ | ᠪᠠᠶᠢᠭᠤᠯᠤᠯᠲᠠ ᠶᠢᠨ ᠠᠯᠪᠠᠨ ᠬᠡᠷ ᠣᠶᠢᠷ᠎ᠠ ᠳᠤ ᠬᠠᠮᠲᠤᠷᠠᠨ ︽ ᠬᠤᠷᠢᠮ ᠨᠠᠶᠢᠷ ᠤᠨ ᠢᠳᠡᠭᠡᠨ ᠤᠮᠳᠠᠭᠠᠨ ᠢ ᠪᠦᠷᠢᠯᠭᠡᠬᠦ ᠶᠢ ᠬᠤᠷᠢᠭᠯᠠᠬᠤ ᠠᠵᠢᠯ ᠢ ᠴᠢᠨᠠᠭᠰᠢᠳᠠ | ᠰᠠᠶᠢᠨ ᠬᠢᠬᠦ ᠲᠤᠬᠠᠶ ᠮᠡᠳᠡᠭᠳᠡᠯ ︾ ᠢ ᠳᠠᠷᠤᠮᠠᠯᠯᠠᠨ ᠲᠠᠷᠬᠠᠭᠠᠪᠠ ᠃ | ︵ ᠨᠢᠭᠡ ︶ ᠬᠤᠷᠢᠮ ᠨᠠᠶᠢᠷ ᠤᠨ ᠦᠢᠯᠡᠴᠢᠯᠡᠭᠡᠨ ᠤ ᠬᠡᠯᠡᠯᠴᠡᠭᠡᠷ ᠢ ᠲᠡᠭᠦᠯᠳᠡᠷᠵᠢᠭᠦᠯᠦᠨ᠎ᠡ ᠃ ᠬᠤᠷᠢᠮ ᠨᠠᠶᠢᠷ ᠤᠨ ᠦᠢᠯᠡᠴᠢᠯᠡᠭᠡ ᠡᠵᠡᠩᠨᠡᠭᠴᠢ ᠨᠢ | ᠬᠡᠷᠡᠭᠯᠡᠭᠴᠢᠳ ᠲᠠᠢ ᠬᠤᠷᠢᠮ ᠨᠠᠶᠢᠷ ᠤᠨ ᠦᠢᠯᠡᠴᠢᠯᠡᠭᠡᠨ ᠤ ᠬᠡᠯᠡᠯᠴᠡᠭᠡᠷ ᠲᠣᠭᠲᠠᠬᠤ ᠳᠠᠭᠠᠨ ᠢᠳᠡᠭᠡᠨ ᠤᠮᠳᠠᠭᠠᠨ ᠤ ᠪᠦᠷᠢᠯᠭᠡᠯᠲᠡ ᠶᠢ ᠬᠤᠷᠢᠭᠯᠠᠨ ᠵᠣᠭᠰᠣᠭᠠᠬᠤ | ᠶᠠᠪᠤᠳᠠᠯ ᠢ ᠰᠠᠨᠠᠭᠤᠯᠬᠤ ᠶᠢ ᠴᠢᠬᠤᠯᠠ ᠠᠭᠤᠯᠭ᠎ᠠ ᠪᠣᠯᠭᠠᠬᠤ ᠬᠡᠷᠡᠭᠲᠡᠶ ᠃ ᠬᠡᠷᠡᠭᠯᠡᠭᠴᠢᠳ ᠢ ᠬᠥᠲᠥᠯᠥᠨ ᠵᠢᠯᠣᠭᠤᠳᠴᠤ ᠪᠠᠶᠢᠭᠠᠳ ᠰᠢᠷᠡᠭᠡ ᠪᠡᠯᠡᠳᠬᠡᠬᠦ ᠲᠤᠭ᠎ᠠ | ᠬᠡᠮᠵᠢᠶ᠎ᠡ ᠶᠢ ᠵᠣᠬᠢᠰᠲᠠᠶ ᠲᠣᠬᠢᠷᠠᠭᠤᠯᠬᠤ ᠬᠡᠷᠡᠭᠲᠡᠶ ᠃ | ︵ ᠬᠤᠶᠠᠷ ︶ ᠬᠤᠷᠢᠮ ᠨᠠᠶᠢᠷ ᠤᠨ ᠬᠤᠭᠤᠯᠠ ᠪᠤᠳᠠᠭ᠎ᠠ ᠶᠢ ᠵᠦᠶ ᠵᠣᠬᠢᠰᠲᠠᠶ ᠲᠥᠯᠥᠪᠯᠡᠨ᠎ᠡ ᠃ ᠬᠤᠷᠢᠮ ᠤᠨ ᠦᠢᠯᠡᠴᠢᠯᠡᠭᠡ ᠡᠵᠡᠩᠨᠡᠭᠴᠢ ᠤᠯᠠᠨ ᠵᠦᠢᠯ ᠤᠨ | ᠠᠳᠠᠯᠢ ᠪᠤᠰᠤ ᠬᠡᠪ ᠪᠠᠷᠢᠮᠵᠢᠶ᠎ᠠ ᠲᠠᠢ ᠬᠤᠷᠢᠮ ᠤᠨ ᠢᠵᠢ ᠦᠢᠯᠡᠴᠢᠯᠡᠭᠡ ᠶᠢ ᠬᠠᠩᠭᠠᠵᠤ ᠂ ᠨᠣᠭᠤᠭ᠎ᠠ ᠵᠠᠭᠤᠰᠢ ᠶᠢᠨ ᠲᠤᠭ᠎ᠠ ᠬᠡᠮᠵᠢᠶ᠎ᠡ ᠶᠢ ᠵᠣᠬᠢᠰᠲᠠᠶ ᠲᠣᠬᠢᠷᠠᠭᠤᠯᠬᠤ | ᠬᠡᠷᠡᠭᠲᠡᠶ ᠃ | ︵ ᠭᠤᠷᠪᠠ ︶ ᠬᠤᠷᠢᠮ ᠨᠠᠶᠢᠷ ᠤᠨ ᠦᠢᠯᠡᠴᠢᠯᠡᠭᠡᠨ ᠤ ᠣᠶᠢᠯᠠᠭᠠᠭᠳᠠᠬᠤᠨ ᠢ ᠰᠢᠯᠢᠳᠡᠭᠵᠢᠭᠦᠯᠦᠨ᠎ᠡ ᠃ ᠬᠠᠮᠢᠶ᠎ᠠ ᠪᠥᠬᠦᠶ ᠠᠵᠢᠯ ᠲᠥᠷᠥᠯ ᠤᠨ ᠨᠡᠶᠢᠭᠡᠮᠯᠢᠭ ᠨᠢ | ᠬᠤᠷᠢᠮ ᠨᠠᠶᠢᠷ ᠤᠨ ᠦᠢᠯᠡᠴᠢᠯᠡᠭᠡ ᠡᠵᠡᠩᠨᠡᠭᠴᠢ ᠶᠢ ᠬᠥᠲᠥᠯᠦᠨ ᠵᠢᠯᠣᠭᠤᠳᠴᠤ ᠪᠠᠶᠢᠭᠠᠳ ᠢᠳᠡᠭᠡᠨ ᠤᠮᠳᠠᠭᠠᠨ ᠢ ᠪᠦᠷᠢᠯᠭᠡᠨ ᠰᠦᠢᠳᠬᠡᠬᠦ ᠶᠢ ᠬᠤᠷᠢᠭᠯᠠᠬᠤ ᠶᠢ | ᠬᠤᠷᠢᠮ ᠨᠠᠶᠢᠷ ᠤᠨ ᠦᠢᠯᠡᠴᠢᠯᠡᠭᠡᠨ ᠤ ᠪᠥᠬᠦ ᠶᠠᠪᠤᠴᠠ ᠳᠤ ᠠᠭᠤᠰᠬᠠᠨ ᠣᠷᠣᠭᠤᠯᠵᠤ ᠂ ᠢᠳᠡᠭᠡᠨ ᠤ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ ᠂ | ᠢᠳᠡᠭᠡᠨ ᠤ ᠮᠠᠲ᠋ᠧᠷᠢᠶᠠᠯ ᠢ ᠬᠡᠲᠦᠷᠬᠡᠢ ᠪᠦᠷᠢᠯᠭᠡᠬᠦ ᠶᠢ ᠪᠠᠭᠠᠰᠬᠠᠬᠤ ᠬᠡᠷᠡᠭᠲᠡᠶ ᠃ | ︵ ᠳᠥᠷᠪᠡ ︶ ᠣᠯᠠᠨ ᠨᠡᠶᠢᠲᠡ ᠶᠢᠨ ᠬᠤᠭᠤᠯᠠᠨ ᠤ ᠰᠠᠪᠠ ᠬᠡᠷᠡᠭᠰᠡᠯ ᠢ ᠬᠡᠷᠡᠭᠯᠡᠬᠦ ᠶᠢ ᠠᠬᠢᠭᠤᠯᠤᠨ᠎ᠠ ᠃ ᠬᠠᠮᠢᠶ᠎ᠠ ᠪᠥᠬᠦᠶ ᠠᠵᠢᠯ ᠲᠥᠷᠥᠯ ᠤᠨ ᠨᠡᠶᠢᠭᠡᠮᠯᠢᠭ ᠨᠢ | ᠬᠤᠷᠢᠮ ᠨᠠᠶᠢᠷ ᠤᠨ ᠦᠢᠯᠡᠴᠢᠯᠡᠭᠡ ᠡᠵᠡᠩᠨᠡᠭᠴᠢ ᠶᠢ ᠬᠥᠲᠥᠯᠦᠨ ᠵᠢᠯᠣᠭᠤᠳᠴᠤ ᠪᠠᠶᠢᠭᠠᠳ ᠨᠢᠭᠡᠳᠦᠯᠲᠡᠶ ᠬᠡᠯᠪᠡᠷᠢ ᠮᠠᠶ᠋ᠢᠭ ᠤᠨ ᠨᠡᠶᠢᠲᠡ ᠶᠢᠨ ᠰᠠᠪᠬ᠎ᠠ ᠂ ᠨᠡᠶᠢᠲᠡ ᠶᠢᠨ | ᠰᠢᠨᠠᠭ᠎ᠠ ᠂ ᠨᠡᠶᠢᠲᠡ ᠶᠢᠨ ᠬᠠᠪᠴᠢᠭᠤᠷ ᠵᠡᠷᠭᠡ ᠨᠡᠶᠢᠲᠡ ᠶᠢᠨ ᠬᠤᠭᠤᠯᠠᠨ ᠤ ᠰᠠᠪᠠ ᠬᠡᠷᠡᠭᠰᠡᠯ ᠢ ᠬᠡᠷᠡᠭᠯᠡᠭᠦᠯᠵᠦ ᠂ ᠨᠠᠶᠢᠷ ᠤᠨ ᠰᠢᠷᠡᠭᠡ ᠲᠠᠷᠬᠠᠭᠰᠠᠨ ᠤ ᠳᠠᠷᠠᠭ᠎ᠠ | ᠨᠣᠭᠤᠭ᠎ᠠ ᠶᠢᠨ ᠠᠷᠢᠭᠤᠨ ᠴᠡᠪᠡᠷ ᠡᠰᠡᠬᠦ ᠳᠤ ᠡᠷᠡᠭᠡᠯᠵᠡᠭᠡ ᠲᠠᠢ ᠪᠣᠯᠵᠣ ᠪᠣᠭᠤᠳᠠᠯᠯᠠᠬᠤ ᠶᠢ ᠲᠠᠶᠠᠭᠳᠠᠬᠤ ᠠᠴᠠ ᠵᠠᠶᠢᠯᠠᠰᠬᠢᠬᠦ ᠬᠡᠷᠡᠭᠲᠡᠶ ᠃ | ︵ ᠲᠠᠪᠤ ︶ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠠᠭᠤᠷ ᠠᠮᠢᠰᠬᠤᠯ ᠢ ᠪᠣᠶ ᠪᠣᠯᠭᠠᠨ᠎ᠠ ᠃ ᠣᠷᠣᠨ ᠨᠤᠲᠤᠭ ᠤᠨ ᠤᠶᠤᠨ ᠤ ᠪᠣᠯᠪᠠᠰᠤᠨ ᠤ | ᠪᠠᠶᠢᠭᠤᠯᠤᠯᠲᠠ ᠶᠢᠨ ᠠᠯᠪᠠᠨ ᠬᠡᠷ ᠤᠨ ᠬᠢᠨ ᠤᠯᠠᠨ ᠵᠦᠢᠯ ᠤᠨ ᠬᠡᠯᠪᠡᠷᠢ ᠶᠢ ᠠᠪᠴᠤ ᠂ ᠬᠤᠷᠢᠮ ᠨᠠᠶᠢᠷ ᠤᠨ ᠢᠳᠡᠭᠡᠨ ᠤᠮᠳᠠᠭᠠᠨ ᠢ ᠪᠦᠷᠢᠯᠭᠡᠨ ᠰᠦᠢᠳᠬᠡᠬᠦ ᠶᠢ | ᠬᠤᠷᠢᠭᠯᠠᠬᠤ ᠤᠬᠠᠭᠤᠯᠭ᠎ᠠ ᠬᠥᠮᠦᠵᠢᠯ ᠢ ᠴᠢᠨᠠᠭᠰᠢᠳᠠ ᠴᠢᠩᠭᠠᠳᠬᠠᠵᠤ ᠂ ᠪᠠᠶᠠᠷ ᠨᠠᠶᠢᠷ ᠢ ᠰᠢᠨ᠎ᠡ ᠬᠡᠯᠪᠡᠷᠢ ᠮᠠᠶ᠋ᠢᠭ ᠢᠶᠠᠷ ᠡᠷᠬᠢᠯᠡᠬᠦ ᠂ ᠤᠷᠤᠭ ᠬᠤᠷᠢᠮ ᠤᠨ ᠶᠠᠪᠤᠳᠠᠯ ᠢ | ᠳᠥᠭᠦᠮᠴᠢᠯᠡᠬᠦ ᠶᠢ ᠰᠠᠨᠠᠭᠠᠴᠢᠯᠠᠵᠤ ᠂ ᠰᠣᠬᠤᠷ ᠪᠠᠯᠠᠢ ᠪᠠᠷ ᠠᠳᠠᠯᠢᠳᠬᠠᠬᠤ ᠂ ᠪᠦᠷᠢᠯᠭᠡᠨ ᠰᠦᠢᠳᠬᠡᠬᠦ ᠵᠡᠷᠭᠡ ᠪᠤᠯᠬᠢ ᠳᠠᠳᠬᠠᠯ ᠢ ᠲᠠᠶᠠᠭᠳᠠᠬᠤ ᠬᠡᠷᠡᠭᠲᠡᠢ ᠃ | ︵ ᠵᠢᠷᠭᠤᠭ᠎ᠠ ︶ ︽ ᠢᠳᠡᠭᠡᠨ ᠬᠠᠨᠳᠢᠪᠯᠠᠬᠤ ᠲᠣᠭᠲᠠᠴᠠ ︾ ᠶᠢ ᠬᠠᠶᠢᠨ ᠰᠦᠪᠡᠭᠴᠢᠯᠡᠨ᠎ᠡ ᠃ ᠣᠷᠣᠨ ᠨᠤᠲᠤᠭ ᠤᠨ ᠵᠠᠬ᠎ᠠ ᠳᠡᠯᠭᠡᠭᠦᠷ ᠢ ᠬᠢᠨᠠᠵᠤ ᠬᠠᠮᠢᠶᠠᠷᠬᠤ ᠂ | ᠠᠷᠠᠳ ᠤᠨ ᠶᠠᠪᠤᠳᠠᠯ ᠵᠡᠷᠭᠡ ᠰᠠᠯᠠᠭ᠎ᠠ ᠮᠥᠴᠢᠷ ᠤᠳ ︽ ᠢᠳᠡᠭᠡᠨ ᠬᠠᠨᠳᠢᠪᠯᠠᠬᠤ ᠲᠣᠭᠲᠠᠴᠠ ︾ ᠶᠢ ᠢᠳᠡᠪᠬᠢᠲᠡᠶ ᠪᠠᠷ ᠰᠦᠪᠡᠭᠴᠢᠯᠡᠨ ᠪᠠᠶᠢᠭᠤᠯᠵᠤ ᠂ ᠬᠤᠷᠢᠮ | ᠨᠠᠶᠢᠷ ᠤᠨ ᠦᠢᠯᠡᠴᠢᠯᠡᠭᠡ ᠡᠵᠡᠩᠨᠡᠭᠴᠢ ᠪᠠ ᠬᠡᠷᠡᠭᠯᠡᠭᠴᠢᠳ ᠠᠴᠠ ᠬᠡᠷᠡᠭᠴᠡᠭᠡ ᠲᠠᠢ ᠬᠥᠮᠦᠰ ᠲᠤ ᠠᠮᠤᠷ ᠲᠦᠪᠰᠢᠨ ᠬᠤᠷᠢᠮ ᠨᠠᠶᠢᠷ ᠤᠨ ᠦᠯᠡᠳᠡᠭᠰᠡᠨ ᠢᠳᠡᠭᠡᠨ ᠢ | ᠦᠨ᠎ᠡ ᠲᠥᠯᠥᠪᠦᠷᠢ ᠥᠬᠡᠶ ᠪᠠᠷ ᠬᠠᠩᠭᠠᠬᠤ ᠶᠢ ᠵᠣᠷᠢᠭᠵᠢᠭᠤᠯᠬᠤ ᠬᠡᠷᠡᠭᠲᠡᠶ ᠃ | ︵ ᠳᠣᠯᠤᠭ᠎ᠠ ︶ ᠬᠤᠷᠢᠮ ᠨᠠᠶᠢᠷ ᠲᠤ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠳᠬᠠᠨ᠎ᠠ ᠃ ᠣᠷᠣᠨ ᠨᠤᠲᠤᠭ ᠤᠨ ᠵᠠᠬ᠎ᠠ ᠳᠡᠯᠭᠡᠭᠦᠷ ᠢ ᠬᠢᠨᠠᠵᠤ ᠬᠠᠮᠢᠶᠠᠷᠬᠤ | ᠰᠠᠯᠠᠭ᠎ᠠ ᠮᠥᠴᠢᠷ ᠤᠳ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠂ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠵᠡᠷᠭᠡ ᠬᠤᠷᠢᠮ ᠨᠠᠶᠢᠷ ᠡᠷᠭᠢᠯᠡᠬᠦ | ᠣᠷᠭᠢᠯ ᠬᠤᠭᠤᠴᠠᠭᠠᠨ ᠳᠤ ᠂ ᠬᠤᠷᠢᠮ ᠨᠠᠶᠢᠷ ᠤᠨ ᠦᠢᠯᠡᠴᠢᠯᠡᠭᠡ ᠡᠵᠡᠩᠨᠡᠭᠴᠢᠳ ᠲᠤ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ ᠂ ᠬᠤᠷᠢᠮ | ᠨᠠᠶᠢᠷ ᠤᠨ ᠦᠢᠯᠡᠴᠢᠯᠡᠭᠡ ᠡᠵᠡᠩᠨᠡᠭᠴᠢᠳ ᠤᠨ ᠢᠳᠡᠭᠡᠨ ᠢ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠱᠠᠯᠠᠪᠳᠠᠨ | ᠵᠢᠯᠣᠭᠤᠳᠬᠤ ᠬᠡᠷᠡᠭᠲᠡᠶ ᠃ ᠢᠳᠡᠭᠡᠨ ᠢ ᠬᠦᠨᠳᠦ ᠨᠣᠴᠢᠲᠠᠶ ᠪᠦᠷᠢᠯᠭᠡᠨ ᠰᠦᠢᠳᠬᠡᠭᠰᠡᠨ ᠪᠠᠶᠢᠪᠠᠯ ᠬᠠᠤᠯᠢ ᠶᠣᠰᠣᠭᠠᠷ ᠰᠢᠢᠳᠬᠡᠨ᠎ᠡ ᠃ | | | |