| ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 18 ᠤ ᠴᠠᠭᠢᠯᠭᠠᠨ ᠮᠡᠳᠡᠭᠡ ᠳᠤᠮᠳᠠᠳᠤ ᠤᠯᠤᠰ ᠤᠨ ᠵᠡᠮᠳᠡᠭᠴᠦᠳ ᠤᠨ ᠬᠤᠯᠪᠤᠭ᠎ᠠ ᠶᠢᠨ ᠨᠠᠢᠮᠠᠳᠤᠭᠠᠷ | ᠤᠳᠠᠭ᠎ᠠ ᠶᠢᠨ ᠪᠦᠭᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ 18 ᠤ ᠦᠳᠡ ᠶᠢᠨ ᠡᠮᠦᠨ᠎ᠡ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ | ᠡᠬᠢᠯᠡᠪᠡ ᠃ ᠰᠢ ᠶᠢᠨ ᠫᠢᠩ ᠂ ᠯᠢ ᠴᠢᠶᠠᠩ ᠂ ᠵᠤᠤ ᠯᠧ ᠵᠢᠢ ᠂ ᠸᠠᠩ ᠬᠤ᠋ ᠨᠢᠩ ᠂ ᠼᠠᠢ ᠴᠢ ᠵᠡᠷᠭᠡ ᠨᠠᠮ ᠪᠣᠯᠣᠨ ᠲᠦᠷᠦ ᠶᠢᠨ ᠤᠳᠤᠷᠢᠳᠬᠤ ᠬᠥᠮᠥᠰ ᠬᠤᠷᠠᠯ ᠳᠤ | ᠣᠷᠣᠯᠴᠠᠨ ᠪᠠᠶᠠᠷ ᠬᠦᠷᠭᠡᠵᠦ ᠂ ᠳ᠋ᠢᠩ ᠰᠢᠤᠸᠠᠢ ᠰᠢᠶᠠᠩ ᠨᠠᠮ ᠤᠨ ᠲᠥᠪ ᠬᠤᠷᠢᠶ᠎ᠠ ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠡᠮᠦᠨ᠎ᠡ ᠠᠴᠠ ᠪᠠᠶᠠᠷ ᠤᠨ ᠦᠭᠡ | ᠬᠡᠯᠡᠪᠡ ᠃ | | 9 ᠰᠠᠷ᠎ᠠ ᠶᠢᠨ 18 ᠤ ᠡᠳᠦᠷ ᠂ ᠳᠤᠮᠳᠠᠳᠤ ᠤᠯᠤᠰ ᠤᠨ ᠵᠡᠮᠳᠡᠭᠴᠦᠳ ᠤᠨ ᠬᠤᠯᠪᠤᠭ᠎ᠠ ᠶᠢᠨ ᠨᠠᠢᠮᠠᠳᠤᠭᠠᠷ ᠤᠳᠠᠭ᠎ᠠ ᠶᠢᠨ ᠪᠦᠭᠦ ᠤᠯᠤᠰ ᠤᠨ | ᠲᠥᠯᠥᠭᠡᠯᠡᠭᠴᠢᠳ ᠤᠨ ᠶᠡᠭᠡ ᠬᠤᠷᠠᠯ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠡᠬᠢᠯᠡᠪᠡ ᠃ ᠵᠢᠷᠤᠭ ᠪᠣᠯ ᠨᠠᠮ ᠤᠨ ᠲᠥᠪ ᠬᠤᠷᠢᠶ᠎ᠠ ᠶᠢᠨ | ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠲᠡᠷᠢᠭᠦᠯᠡᠭᠴᠢ ᠶᠢᠨ | ᠲᠠᠶᠢᠰᠠᠨ ᠠᠴᠠ ᠲᠥᠯᠥᠭᠡᠯᠡᠭᠴᠢᠳ ᠲᠤ ᠪᠠᠶᠠᠷ ᠬᠦᠷᠭᠡᠵᠦ ᠪᠠᠶᠢᠭ᠎ᠠ ᠨᠢ ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠰᠢᠤᠸᠠᠢ ᠷᠧᠨ ᠰᠡᠭᠦᠳᠡᠷᠯᠡᠪᠡ | | 9 ᠰᠠᠷ᠎ᠠ ᠶᠢᠨ 18 ᠤ ᠡᠳᠦᠷ ᠂ ᠳᠤᠮᠳᠠᠳᠤ ᠤᠯᠤᠰ ᠤᠨ ᠵᠡᠮᠳᠡᠭᠴᠦᠳ ᠤᠨ ᠬᠤᠯᠪᠤᠭ᠎ᠠ ᠶᠢᠨ ᠨᠠᠢᠮᠠᠳᠤᠭᠠᠷ ᠤᠳᠠᠭ᠎ᠠ ᠶᠢᠨ ᠪᠦᠭᠦ ᠤᠯᠤᠰ ᠤᠨ | ᠲᠥᠯᠥᠭᠡᠯᠡᠭᠴᠢᠳ ᠤᠨ ᠶᠡᠭᠡ ᠬᠤᠷᠠᠯ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠡᠬᠢᠯᠡᠪᠡ ᠃ ᠰᠢ ᠶᠢᠨ ᠫᠢᠩ ᠂ ᠯᠢ ᠴᠢᠶᠠᠩ ᠂ ᠵᠤᠤ ᠯᠧ ᠵᠢᠢ ᠂ | ᠸᠠᠩ ᠬᠤ᠋ ᠨᠢᠩ ᠂ ᠼᠠᠢ ᠴᠢ ᠂ ᠳ᠋ᠢᠩ ᠰᠢᠤᠸᠠᠢ ᠰᠢᠶᠠᠩ ᠵᠡᠷᠭᠡ ᠨᠠᠮ ᠪᠣᠯᠣᠨ ᠲᠦᠷᠦ ᠶᠢᠨ ᠤᠳᠤᠷᠢᠳᠬᠤ ᠬᠥᠮᠥᠰ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠵᠤ ᠂ | ᠶᠡᠭᠡ ᠬᠤᠷᠠᠯ ᠳᠤ ᠪᠠᠶᠠᠷ ᠬᠦᠷᠭᠡᠪᠡ ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠫᠠᠨᠭ᠌ ᠰᠢᠩ ᠯᠧᠢ ᠰᠡᠭᠦᠳᠡᠷᠯᠡᠪᠡ | ᠠᠷᠠᠳ ᠤᠨ ᠶᠡᠭᠡ ᠬᠤᠷᠠᠯ ᠤᠨ ᠲᠠᠩᠬᠢᠮ ᠤᠨ ᠶᠣᠰᠣᠯᠠᠯ ᠤᠨ ᠲᠠᠩᠬᠢᠮ ᠳᠤ ᠳ᠋ᠧᠩ ᠤᠨ ᠭᠡᠷᠡᠯ ᠳᠤᠸᠠᠯᠠᠵᠤ ᠂ ᠠᠭᠤᠷ ᠠᠮᠢᠰᠬᠤᠯ ᠦᠪᠡᠳᠡᠭᠰᠢ ᠶᠡᠭᠡ ᠪᠥᠭᠡᠳ ᠭᠦᠷ | ᠬᠥᠭᠵᠢᠶᠡᠨ ᠲᠠᠢ ᠪᠠᠶᠢᠯ᠎ᠠ ᠃ ᠲᠡᠷᠢᠭᠦᠯᠡᠭᠴᠢ ᠶᠢᠨ ᠲᠠᠶᠢᠰᠠᠨ ᠤ ᠳᠡᠭᠡᠷ᠎ᠡ ᠲᠠᠯ᠎ᠠ ᠳᠤ ︽ ᠳᠤᠮᠳᠠᠳᠤ ᠤᠯᠤᠰ ᠤᠨ ᠵᠡᠮᠳᠡᠭᠴᠦᠳ ᠤᠨ ᠬᠤᠯᠪᠤᠭ᠎ᠠ ᠶᠢᠨ ᠨᠠᠢᠮᠠᠳᠤᠭᠠᠷ | ᠤᠳᠠᠭ᠎ᠠ ᠶᠢᠨ ᠪᠦᠭᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ︾ ᠭᠡᠬᠦ ᠬᠤᠷᠠᠯ ᠤᠨ ᠲᠡᠮᠳᠡᠭ ᠢ ᠡᠯᠭᠦᠵᠦ ᠂ ᠠᠷᠤ ᠬᠥᠰᠢᠭᠡ ᠶᠢᠨ ᠭᠤᠣᠯ ᠳᠤᠮᠳᠠ ᠨᠢ | ᠳᠤᠮᠳᠠᠳᠤ ᠤᠯᠤᠰ ᠤᠨ ᠵᠡᠮᠳᠡᠭᠴᠦᠳ ᠤᠨ ᠬᠤᠯᠪᠤᠭ᠎ᠠ ᠶᠢᠨ ᠰᠦᠯᠳᠡ ᠲᠡᠮᠳᠡᠭ ᠤᠨᠴᠠᠭᠠᠢ ᠢᠯᠡᠲᠡᠢ ᠬᠠᠷᠠᠭᠳᠠᠵᠤ ᠂ 10 ᠤᠯᠠᠭᠠᠨ ᠲᠤᠭ ᠢ ᠬᠤᠶᠠᠷ ᠭᠠᠷᠯᠠᠨ | ᠵᠢᠭᠰᠠᠭᠠᠪᠠ ᠃ ᠬᠤᠶᠠᠳᠤᠭᠠᠷ ᠳᠠᠪᠬᠤᠷᠯᠢᠭ ᠤᠨ ᠪᠠᠷᠠᠯᠠᠬᠤ ᠲᠠᠶᠢᠰᠠᠨ ᠳᠡᠭᠡᠷ᠎ᠡ ︽ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ | ᠲᠠᠯ᠎ᠠ ᠪᠠᠷ ᠲᠤᠭᠤᠰᠢᠯᠠᠭᠤᠯᠵᠤ ᠂ ᠥᠷᠭᠡᠨ ᠣᠯᠠᠨ ᠵᠡᠮᠳᠡᠭᠴᠦᠳ ᠢ ᠪᠦᠯᠬᠦᠮᠳᠡᠭᠦᠯᠦᠨ ᠳᠠᠭᠠᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ | ᠠᠬᠢᠴᠠ ᠳᠤᠮᠳᠠ ᠨᠠᠩ ᠵᠣᠯ ᠵᠢᠷᠭᠠᠯᠲᠤ ᠰᠠᠶᠢᠨ ᠰᠠᠶᠢᠬᠠᠨ ᠠᠮᠢᠳᠤᠷᠠᠯ ᠢ ᠴᠣᠭᠴᠠᠯᠠᠶ᠎ᠠ ︕ ︾ ᠭᠡᠬᠦ ᠲᠣᠮᠣ ᠬᠥᠨᠳᠡᠯᠡᠨ ᠪᠢᠴᠢᠭᠡᠰᠦ ᠡᠯᠭᠦᠵᠡᠢ ᠃ ᠪᠦᠭᠦ ᠤᠯᠤᠰ ᠤᠨ | ᠡᠯ᠎ᠡ ᠭᠠᠵᠠᠷ ᠠᠴᠠ ᠬᠦᠷᠦᠯᠴᠡᠨ ᠢᠷᠡᠭᠰᠡᠨ 600 ᠭᠠᠷᠤᠢ ᠲᠥᠯᠥᠭᠡᠯᠡᠭᠴᠢ ᠂ 8500 ᠲᠦᠮᠡᠨ ᠵᠡᠮᠳᠡᠭᠴᠦᠳ ᠤᠨ ᠬᠦᠨᠳᠦ ᠨᠠᠶᠢᠳᠠᠯᠭ᠎ᠠ ᠶᠢ ᠠᠪᠴᠤ ᠶᠡᠭᠡ | ᠬᠤᠷᠠᠯ ᠳᠤ ᠣᠷᠣᠯᠴᠠᠪᠠ ᠃ | ᠦᠳᠡ ᠶᠢᠨ ᠡᠮᠦᠨᠡᠬᠢ 10 ᠴᠠᠭ ᠲᠤ ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠨᠠᠷ ᠬᠤᠷᠠᠯ ᠤᠨ ᠲᠠᠯᠠᠪᠠᠢ ᠳᠤ ᠠᠯᠬᠤᠨ ᠣᠷᠣᠬᠤ ᠳᠤ ᠲᠠᠯᠠᠪᠠᠢ ᠳᠠᠶᠠᠭᠠᠷ ᠬᠠᠯᠠᠭᠤᠨ ᠢᠶᠠᠷ ᠠᠯᠠᠭ᠎ᠠ | ᠲᠠᠰᠢᠪᠠ ᠃ | ᠶᠡᠭᠡ ᠬᠤᠷᠠᠯ ᠰᠦᠷ ᠵᠢᠪᠬᠤᠯᠠᠩᠲᠤ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠯᠳᠡ ᠳᠠᠭᠤᠤ ᠶᠢᠨ ᠳᠤᠮᠳᠠ ᠡᠬᠢᠯᠡᠪᠡ ᠃ | ᠳ᠋ᠢᠩ ᠰᠢᠤᠸᠠᠢ ᠰᠢᠶᠠᠩ ᠨᠠᠮ ᠤᠨ ᠲᠥᠪ ᠬᠤᠷᠢᠶ᠎ᠠ ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠡᠮᠦᠨ᠎ᠡ ᠠᠴᠠ ︽ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠠᠬᠢᠴᠠ ᠳᠤᠮᠳᠠ ᠵᠡᠮᠳᠡᠭᠴᠦᠳ ᠤᠨ ᠨᠠᠩ ᠵᠣᠯ ᠵᠢᠷᠭᠠᠯᠲᠤ ᠰᠠᠶᠢᠨ ᠰᠠᠶᠢᠬᠠᠨ ᠠᠮᠢᠳᠤᠷᠠᠯ ᠢ ᠬᠠᠮᠲᠤ ᠪᠠᠷ ᠴᠣᠭᠴᠠᠯᠠᠶ᠎ᠠ ︾ ᠭᠡᠬᠦ ᠰᠡᠳᠦᠪ ᠢᠶᠠᠷ | ᠪᠠᠶᠠᠷ ᠤᠨ ᠦᠭᠡ ᠬᠡᠯᠡᠵᠦ ᠂ ᠶᠡᠭᠡ ᠬᠤᠷᠠᠯ ᠬᠤᠷᠠᠯᠳᠤᠭᠰᠠᠨ ᠳᠤ ᠬᠠᠯᠠᠭᠤᠨ ᠪᠠᠶᠠᠷ ᠬᠦᠷᠭᠡᠵᠦ ᠂ ᠪᠦᠭᠦ ᠤᠯᠤᠰ ᠤᠨ ᠥᠷᠭᠡᠨ ᠣᠯᠠᠨ ᠵᠡᠮᠳᠡᠭᠴᠦᠳ ᠂ | ᠵᠡᠮᠳᠡᠭᠴᠦᠳ ᠤᠨ ᠲᠥᠷᠥᠯ ᠰᠠᠳᠤᠨ ᠨᠠᠶᠢᠵᠠ ᠨᠥᠬᠦᠳ ᠂ ᠵᠡᠮᠳᠡᠭᠴᠦᠳ ᠤᠨ ᠠᠵᠢᠯ ᠤᠨ ᠠᠵᠢᠯᠲᠠᠨ ᠳᠤ ᠳᠣᠲᠣᠨᠣ ᠮᠡᠨᠳᠦᠴᠢᠯᠡᠯ ᠳᠡᠪᠰᠢᠭᠦᠯᠵᠦ ᠂ ᠵᠡᠮᠳᠡᠭᠴᠦᠳ ᠤᠨ | ᠦᠢᠯᠡᠰ ᠢ ᠬᠠᠯᠠᠮᠵᠢᠯᠠᠨ ᠳᠡᠮᠵᠢᠵᠤ ᠪᠠᠶᠢᠭ᠎ᠠ ᠨᠡᠶᠢᠭᠡᠮ ᠤᠨ ᠡᠯ᠎ᠡ ᠡᠲᠡᠭᠡᠳ ᠤᠨ ᠬᠥᠮᠥᠰ ᠲᠤ ᠴᠢᠩ ᠰᠡᠳᠬᠢᠯ ᠤᠨ ᠲᠠᠯᠠᠷᠬᠠᠯ ᠳᠡᠪᠰᠢᠭᠦᠯᠪᠡ ᠃ | ᠳ᠋ᠢᠩ ᠰᠢᠤᠸᠠᠢ ᠰᠢᠶᠠᠩ ᠪᠠᠶᠠᠷ ᠤᠨ ᠦᠭᠡ ᠳᠡᠭᠡᠨ ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ ᠂ ᠰᠢᠨ᠎ᠡ ᠴᠠᠭ ᠦᠶ᠎ᠡ ᠳᠤ ᠮᠠᠨ ᠤ ᠤᠯᠤᠰ ᠤᠨ ᠵᠡᠮᠳᠡᠭᠴᠦᠳ ᠤᠨ ᠦᠢᠯᠡᠰ ᠥᠷᠨᠢᠨ ᠬᠥᠭᠵᠢᠭᠰᠡᠨ ᠰᠢᠨ᠎ᠡ ᠪᠠᠶᠢᠳᠠᠯ ᠢ ᠡᠭᠦᠳᠴᠦ ᠂ ︽ | ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠡᠶᠡᠯᠡᠭᠦᠯᠬᠦ ᠳᠤ ᠵᠡᠮᠳᠡᠭᠴᠦᠳ ᠢ ᠨᠢᠭᠡ ᠶᠢ ᠴᠦ ᠣᠷᠬᠢᠭᠳᠠᠭᠤᠯᠵᠤ ᠪᠤᠯᠬᠤ ᠦᠭᠡᠢ ︾ ᠬᠠᠷᠠᠯᠲᠠ ᠶᠢ ᠲᠣᠭᠲᠠᠭᠰᠠᠨ | ᠬᠤᠭᠤᠴᠠᠭᠠᠨ ᠳᠤ ᠪᠡᠶᠡᠯᠡᠭᠦᠯᠪᠡ ᠃ ᠥᠷᠭᠡᠨ ᠤᠯᠠᠨ ᠵᠡᠮᠳᠡᠭᠴᠦᠳ ᠬᠦᠰᠡᠯ ᠵᠡᠭᠦᠳᠦ ᠪᠠᠨ ᠪᠠᠷᠢᠮᠲᠠᠯᠠᠵᠤ ᠂ ᠴᠠᠭ ᠦᠶ᠎ᠡ ᠲᠠᠢ ᠬᠠᠮᠲᠤ ᠪᠠᠷ ᠤᠷᠤᠭᠰᠢᠯᠠᠵᠤ ᠂ ᠰᠢᠷᠭᠠᠭᠤ | ᠲᠡᠮᠡᠴᠡᠯ ᠢᠶᠠᠷ ᠢᠶᠠᠨ ᠰᠠᠶᠢᠨ ᠰᠠᠶᠢᠬᠠᠨ ᠬᠦᠰᠡᠯ ᠵᠡᠭᠦᠳᠦ ᠪᠠᠨ ᠪᠣᠳᠠᠲᠤ ᠠᠬᠤᠢ ᠪᠣᠯᠭᠠᠨ ᠬᠤᠪᠢᠷᠠᠭᠤᠯᠵᠤ ᠂ ᠪᠣᠳᠠᠲᠤ ᠠᠵᠢᠯᠯᠠᠭ᠎ᠠ ᠪᠠᠷ ᠢᠶᠠᠨ ᠬᠦᠴᠦᠷᠬᠡᠭᠵᠢᠬᠦ ᠪᠠᠷ | ᠴᠥᠬᠦᠷᠡᠰᠢ ᠦᠭᠡᠢ ᠴᠢᠷᠮᠠᠶᠢᠬᠤ ᠠᠭᠤᠤ ᠶᠡᠭᠡ ᠦᠨᠳᠦᠰᠦᠲᠡᠨ ᠤ ᠵᠣᠷᠢᠭ ᠰᠠᠨᠠᠭ᠎ᠠ ᠪᠣᠯᠣᠨ ᠴᠠᠭ ᠦᠶ᠎ᠡ ᠶᠢᠨ ᠵᠣᠷᠢᠭ ᠰᠠᠨᠠᠭ᠎ᠠ ᠶᠢ ᠠᠮᠢᠳᠤᠯᠢᠭ ᠢᠶᠠᠷ ᠲᠠᠶᠢᠯᠪᠤᠷᠢᠯᠠᠪᠠ | ᠭᠡᠵᠦ ᠢᠯᠡᠳᠬᠡᠪᠡ ᠃ | ᠳ᠋ᠢᠩ ᠰᠢᠤᠸᠠᠢ ᠰᠢᠶᠠᠩ ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠵᠡᠮᠳᠡᠭᠴᠦᠳ ᠤᠨ ᠨᠡᠶᠢᠭᠡᠮ ᠤᠨ ᠪᠠᠲᠤᠯᠠᠭ᠎ᠠ ᠶᠢᠨ ᠳᠦᠷᠢᠮ ᠪᠣᠯᠣᠨ ᠬᠠᠯᠠᠮᠵᠢᠯᠠᠨ | ᠬᠠᠶᠢᠷᠠᠯᠠᠬᠤ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ ᠂ ᠵᠡᠮᠳᠡᠭᠴᠦᠳ ᠤᠨ ᠦᠢᠯᠡᠰ ᠤᠨ ᠪᠦᠭᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠲᠤᠬᠠᠢ | ᠲᠣᠳᠣᠷᠬᠠᠢ ᠱᠠᠭᠠᠷᠳᠠᠯᠭ᠎ᠠ ᠳᠤᠷᠠᠳᠴᠠᠢ ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ ᠂ ᠶᠡᠷᠦᠩᠬᠡᠢ ᠱᠦᠵᠢ ᠰᠢ ᠶᠢᠨ ᠫᠢᠩ ᠤᠨ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠲᠤᠬᠠᠢ | ᠴᠢᠬᠤᠯᠠ ᠥᠭᠦᠯᠡᠯᠲᠡ ᠪᠣᠯᠣᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠡᠷᠬᠡ | ᠲᠡᠭᠰᠢ ᠂ ᠠᠭᠤᠰᠤᠯᠴᠠᠬᠤ ᠂ ᠬᠠᠮᠲᠤ ᠪᠠᠷ ᠡᠳ᠋ᠯᠡᠬᠦ ᠦᠷᠳᠡᠭ ᠤᠨ ᠤᠳᠤᠷᠢᠳᠤᠮᠵᠢ ᠶᠢ ᠪᠠᠲᠤ ᠡᠵᠡᠮᠳᠡᠵᠦ ᠂ ᠵᠡᠮᠳᠡᠭᠴᠦᠳ ᠤᠨ ᠦᠢᠯᠡᠰ ᠤᠨ ᠣᠳᠣᠬᠢᠴᠢᠯᠠᠯᠲᠠ ᠶᠢ | ᠠᠬᠢᠭᠤᠯᠬᠤ ᠲᠡᠦᠬᠡᠲᠦ ᠡᠭᠦᠷᠭᠡ ᠶᠢ ᠪᠠᠲᠤ ᠡᠵᠡᠮᠳᠡᠵᠦ ᠂ ᠵᠡᠮᠳᠡᠭᠴᠦᠳ ᠤᠨ ᠬᠠᠮᠲᠤ ᠪᠠᠷ ᠪᠠᠶᠠᠵᠢᠬᠤ ᠶᠢ ᠠᠬᠢᠭᠤᠯᠬᠤ ᠬᠠᠷᠠᠯᠲᠠ ᠡᠭᠦᠷᠭᠡ ᠶᠢ ᠪᠠᠲᠤ ᠡᠵᠡᠮᠳᠡᠵᠦ ᠂ | ᠵᠡᠮᠳᠡᠭᠴᠦᠳ ᠤᠨ ᠦᠢᠯᠡᠰ ᠤᠨ ᠪᠦᠭᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠬᠡᠷᠡᠭᠲᠡᠢ ᠃ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ | ᠵᠡᠮᠳᠡᠭᠴᠦᠳ ᠤᠨ ᠦᠢᠯᠡᠰ ᠤᠨ ᠤᠳᠤᠷᠢᠳᠬᠤ ᠪᠠᠶᠢᠭᠤᠯᠤᠮᠵᠢ ᠶᠢ ᠴᠢᠨᠠᠭᠰᠢᠳᠠ ᠪᠦᠷᠢᠨᠰᠢᠭᠦᠯᠵᠦ ᠂ ᠡᠯ᠎ᠡ ᠱᠠᠲᠤᠨ ᠤ ᠵᠠᠰᠠᠭ ᠤᠨ ᠣᠷᠳᠣᠨ ᠤ ᠵᠡᠮᠳᠡᠭᠴᠦᠳ ᠤᠨ | ᠠᠵᠢᠯ ᠤᠨ ᠵᠥᠪᠯᠡᠯ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠨᠢᠭᠲᠠ | ᠬᠠᠮᠵᠢᠯᠴᠠᠵᠤ ᠂ ᠡᠯ᠎ᠡ ᠱᠠᠲᠤᠨ ᠤ ᠵᠡᠮᠳᠡᠭᠴᠦᠳ ᠤᠨ ᠬᠤᠯᠪᠤᠭ᠎ᠠ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ ᠂ ᠥᠷᠭᠡᠨ ᠤᠯᠠᠨ ᠵᠡᠮᠳᠡᠭᠴᠦᠳ | ᠥᠪᠡᠷ ᠢ ᠪᠠᠨ ᠬᠦᠨᠳᠦᠳᠬᠡᠬᠦ ᠂ ᠥᠪᠡᠷ ᠢ ᠪᠠᠨ ᠢᠲᠡᠭᠡᠬᠦ ᠂ ᠥᠪᠡᠷ ᠢ ᠪᠠᠨ ᠬᠦᠴᠦᠷᠬᠡᠭᠵᠢᠭᠦᠯᠬᠦ ᠂ ᠪᠡᠶ᠎ᠡ ᠪᠠᠨ ᠳᠠᠭᠠᠭᠠᠬᠤ ᠵᠣᠷᠢᠭ ᠰᠠᠨᠠᠭ᠎ᠠ ᠶᠢ ᠦᠷᠭᠦᠯᠵᠢᠯᠡᠨ | ᠪᠠᠳᠠᠷᠠᠭᠤᠯᠵᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠬᠢᠴᠠ ᠳᠤᠮᠳᠠ ᠵᠡᠮᠳᠡᠭᠴᠦᠳ ᠤᠨ ᠨᠡᠩ ᠵᠣᠯ ᠵᠢᠷᠭᠠᠯᠲᠤ ᠰᠠᠶᠢᠨ ᠰᠠᠶᠢᠬᠠᠨ | ᠠᠮᠢᠳᠤᠷᠠᠯ ᠢ ᠬᠠᠮᠲᠤ ᠪᠠᠷ ᠴᠣᠭᠴᠠᠯᠠᠬᠤ ᠬᠡᠷᠡᠭᠲᠡᠢ ᠭᠡᠵᠦ ᠴᠢᠬᠤᠯᠠᠴᠢᠯᠠᠪᠠ ᠃ | ᠳᠤᠮᠳᠠᠳᠤ ᠶᠢᠨ ᠪᠦᠭᠦ ᠤᠯᠤᠰ ᠤᠨ ᠡᠮᠡᠭᠲᠡᠶᠢᠴᠦᠳ ᠤᠨ ᠬᠤᠯᠪᠤᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠱᠦᠵᠢ ᠨᠠᠷ ᠤᠨ ᠭᠠᠵᠠᠷ ᠤᠨ | ᠨᠢᠭᠡᠳᠦᠭᠡᠷ ᠱᠦᠵᠢ ᠬᠤᠸᠠᠩ ᠰᠢᠶᠣᠣ ᠸᠧᠢ ᠳᠤᠮᠳᠠᠳᠤ ᠶᠢᠨ ᠪᠦᠭᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠂ ᠳᠤᠮᠳᠠᠳᠤ ᠤᠯᠤᠰ ᠤᠨ ᠡᠪ ᠬᠠᠮᠲᠤ | ᠵᠠᠯᠠᠭᠤᠴᠤᠳ ᠤᠨ ᠡᠪᠯᠡᠯ ᠤᠨ ᠲᠥᠪ ᠬᠤᠷᠢᠶ᠎ᠠ ᠂ ᠳᠤᠮᠳᠠᠳᠤ ᠶᠢᠨ ᠪᠦᠭᠦ ᠤᠯᠤᠰ ᠤᠨ ᠡᠮᠡᠭᠲᠡᠶᠢᠴᠦᠳ ᠤᠨ ᠬᠤᠯᠪᠤᠭ᠎ᠠ ᠂ ᠳᠤᠮᠳᠠᠳᠤ ᠤᠯᠤᠰ ᠤᠨ ᠤᠳᠬ᠎ᠠ | ᠤᠷᠠᠯᠢᠭ ᠤᠨ ᠬᠢᠨ ᠤ ᠬᠤᠯᠪᠤᠭ᠎ᠠ ᠂ ᠳᠤᠮᠳᠠᠳᠤ ᠤᠯᠤᠰ ᠤᠨ ᠵᠣᠬᠢᠶᠠᠯᠴᠢᠳ ᠤᠨ ᠡᠪᠯᠡᠯ ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ | ᠨᠡᠶᠢᠭᠡᠮᠯᠢᠭ ᠂ ᠳᠤᠮᠳᠠᠳᠤ ᠶᠢᠨ ᠪᠦᠭᠦ ᠤᠯᠤᠰ ᠤᠨ ᠤᠯᠤᠰ ᠲᠠᠭᠠᠨ ᠪᠤᠴᠠᠵᠤ ᠢᠷᠡᠭᠰᠡᠨ ᠬᠠᠷᠢᠶᠠᠲᠤ ᠨᠠᠷ ᠤᠨ ᠬᠤᠯᠪᠤᠭ᠎ᠠ ᠂ ᠳᠤᠮᠳᠠᠳᠤ ᠶᠢᠨ ᠪᠦᠭᠦ ᠤᠯᠤᠰ ᠤᠨ | ᠲᠠᠶᠢᠸᠠᠨ ᠤ ᠠᠬ᠎ᠠ ᠳᠡᠭᠦᠦ ᠨᠠᠷ ᠤᠨ ᠨᠥᠬᠦᠷᠯᠡᠯ ᠤᠨ ᠬᠤᠯᠪᠤᠭ᠎ᠠ ᠶᠢ ᠲᠥᠯᠥᠭᠡᠯᠡᠨ ᠶᠡᠭᠡ ᠬᠤᠷᠠᠯ ᠳᠤ ᠪᠠᠶᠠᠷ ᠤᠨ ᠦᠭᠡ ᠬᠡᠯᠡᠪᠡ ᠃ ᠪᠠᠶᠠᠷ ᠤᠨ ᠦᠭᠡᠨ ᠳᠤ ᠂ ᠡᠯ᠎ᠡ | ᠤᠯᠠᠨ ᠲᠦᠮᠡᠨ ᠤ ᠪᠦᠯᠭᠦᠮ ᠤᠨ ᠵᠣᠬᠢᠶᠠᠨ ᠪᠠᠶᠢᠭᠤᠯᠤᠯᠲᠠ ᠦᠷᠭᠦᠯᠵᠢᠯᠡᠨ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠵᠤ ᠂ ᠲᠤᠰ ᠲᠤᠰ ᠤᠨ ᠳᠠᠪᠠᠭᠤᠯᠢᠭ ᠢᠶᠠᠨ | ᠭᠦᠢᠴᠡᠳ ᠪᠠᠳᠠᠷᠠᠭᠤᠯᠵᠤ ᠂ ᠬᠠᠷᠢᠯᠴᠠᠵᠤ ᠪᠠᠶᠢᠭ᠎ᠠ ᠤᠯᠠᠨ ᠲᠦᠮᠡᠨ ᠢᠶᠠᠨ ᠳᠠᠭᠠᠭᠤᠯᠤᠨ ᠨᠡᠩ ᠢᠲᠡᠭᠡᠯ ᠲᠡᠭᠦᠯᠳᠡᠷ ᠂ ᠨᠡᠩ ᠳᠠᠶᠢᠴᠢᠨ ᠵᠣᠷᠢᠭ ᠪᠠᠳᠠᠷᠠᠩᠭᠤᠢ ᠪᠠᠷ | ᠨᠠᠮ ᠢᠶᠠᠨ ᠨᠢᠭᠲᠠ ᠲᠠᠭᠠᠵᠤ ᠤᠯᠤᠰ ᠢᠶᠠᠨ ᠬᠦᠴᠦᠷᠬᠡᠭᠵᠢᠭᠦᠯᠬᠦ ᠪᠠᠶᠢᠭᠤᠯᠤᠯᠲᠠ ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠰᠠᠷᠠᠭᠤᠯ ᠳᠠᠷᠳᠠᠩ ᠵᠠᠮ ᠢᠶᠠᠷ | ᠵᠠᠮᠨᠠᠵᠤ ᠂ ᠰᠢᠨ᠎ᠡ ᠴᠠᠭ ᠦᠶ᠎ᠡ ᠶᠢᠨ ᠨᠠᠮ ᠤᠨ ᠤᠯᠠᠨ ᠲᠦᠮᠡᠨ ᠤ ᠪᠦᠯᠭᠦᠮ ᠤᠨ ᠠᠵᠢᠯ ᠤᠨ ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠬᠦ ᠬᠡᠷᠡᠭᠲᠡᠢ ᠭᠡᠵᠦ ᠵᠢᠭᠠᠵᠤ | ᠭᠠᠷᠭᠠᠪᠠ ᠃ | ᠳᠤᠮᠳᠠᠳᠤ ᠤᠯᠤᠰ ᠤᠨ ᠵᠡᠮᠳᠡᠭᠴᠦᠳ ᠤᠨ ᠬᠤᠯᠪᠤᠭ᠎ᠠ ᠶᠢᠨ ᠲᠡᠷᠢᠭᠦᠯᠡᠭᠴᠢ ᠵᠠᠩ ᠬᠠᠢ ᠳ᠋ᠢ ᠳᠤᠮᠳᠠᠳᠤ ᠤᠯᠤᠰ ᠤᠨ ᠵᠡᠮᠳᠡᠭᠴᠦᠳ ᠤᠨ ᠬᠤᠯᠪᠤᠭ᠎ᠠ ᠶᠢᠨ | ᠳᠣᠯᠣᠳᠤᠭᠠᠷ ᠬᠤᠭᠤᠴᠠᠭᠠᠨ ᠤ ᠲᠡᠷᠢᠭᠦᠯᠡᠭᠴᠢᠳ ᠤᠨ ᠪᠦᠯᠭᠦᠮ ᠢ ᠲᠥᠯᠥᠭᠡᠯᠡᠨ ᠶᠡᠭᠡ ᠬᠤᠷᠠᠯ ᠳᠤ ︽ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠵᠢᠯᠣᠭᠤᠳᠤᠯᠭ᠎ᠠ ᠳᠣᠣᠷ᠎ᠠ ᠵᠡᠮᠳᠡᠭᠴᠦᠳ ᠤᠨ ᠦᠢᠯᠡᠰ ᠤᠨ ᠪᠦᠭᠦ ᠲᠠᠯ᠎ᠠ ᠶᠢᠨ | ᠬᠥᠭᠵᠢᠯᠲᠡ ᠶᠢ ᠠᠬᠢᠭᠤᠯᠬᠤ ᠶᠢᠨ ᠲᠥᠯᠥᠭᠡ ᠴᠢᠷᠮᠠᠶᠢᠨ ᠲᠡᠮᠡᠴᠡᠵᠡᠭᠡᠶ᠎ᠡ ︾ ᠭᠡᠬᠦ ᠰᠡᠳᠦᠪ ᠢᠶᠠᠷ ᠠᠵᠢᠯ ᠤᠨ ᠮᠡᠳᠡᠭᠦᠯᠦᠯᠲᠡ ᠬᠢᠪᠡ ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠬᠡᠰᠡᠭ ᠭᠡᠰᠢᠭᠦᠨ ᠂ ᠲᠥᠪ ᠤᠨ ᠱᠦᠵᠢ ᠨᠠᠷ ᠤᠨ ᠭᠠᠵᠠᠷ ᠤᠨ ᠱᠦᠵᠢ ᠂ ᠪᠦᠭᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠂ ᠲᠦᠷᠦ ᠶᠢᠨ ᠶᠠᠪᠤᠳᠠᠯ ᠤᠨ ᠬᠤᠷᠢᠶ᠎ᠠ ᠂ ᠪᠦᠭᠦ ᠤᠯᠤᠰ ᠤᠨ ᠤᠯᠤᠰ ᠲᠦᠷᠦ ᠶᠢᠨ | ᠵᠥᠪᠯᠡᠯᠭᠡᠨ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠬᠤᠯᠪᠣᠭᠳᠠᠯ ᠪᠦᠬᠦᠢ ᠤᠳᠤᠷᠢᠳᠬᠤ ᠨᠥᠬᠦᠳ ᠬᠤᠷᠠᠯ ᠳᠤ ᠣᠷᠣᠯᠴᠠᠪᠠ ᠃ | ᠲᠥᠪ ᠤᠨ ᠪᠠ ᠲᠥᠷᠥ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠂ ᠡᠯ᠎ᠡ ᠠᠷᠠᠳ ᠤᠨ ᠪᠦᠯᠭᠦᠮ ᠂ ᠴᠡᠷᠢᠭ ᠠᠩᠭᠢ ᠶᠢᠨ ᠬᠤᠯᠪᠣᠭᠳᠠᠯ | ᠪᠦᠬᠦᠢ ᠨᠢᠭᠡᠴᠢ ᠪᠣᠯᠣᠨ ᠪᠡᠭᠡᠵᠢᠩ ᠬᠤᠲᠠ ᠶᠢᠨ ᠬᠠᠷᠢᠭᠤᠴᠠᠯᠭᠠᠲᠠᠨ ᠨᠥᠬᠦᠳ ᠂ ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ ᠪᠣᠯᠣᠨ ᠪᠦᠭᠦ ᠤᠯᠤᠰ ᠤᠨ | ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠬᠠᠷᠢᠭᠤᠴᠠᠯᠭᠠᠲᠠᠨ ᠂ ᠳᠤᠮᠳᠠᠳᠤ ᠤᠯᠤᠰ ᠤᠨ ᠵᠡᠮᠳᠡᠭᠴᠦᠳ ᠤᠨ ᠬᠤᠯᠪᠤᠭ᠎ᠠ ᠶᠢᠨ ᠨᠠᠢᠮᠠᠳᠤᠭᠠᠷ ᠤᠳᠠᠭ᠎ᠠ ᠶᠢᠨ | ᠪᠦᠭᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠨᠠᠷ ᠡᠭᠢᠯᠡᠯᠲᠡ ᠶᠢᠨ ᠬᠤᠷᠠᠯ ᠳᠤ ᠣᠷᠣᠯᠴᠠᠵᠠᠢ ᠃ | | | |