| ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠡᠮᠴᠢᠯᠡᠭᠡᠨ ᠤ ᠪᠠᠲᠤᠯᠠᠭ᠎ᠠ ᠶᠢᠨ | ᠳᠦᠷᠢᠮ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ ᠂ ᠪᠦᠬᠦ ᠠᠷᠠᠳ ᠢ ᠬᠠᠮᠤᠷᠤᠭᠰᠠᠨ ᠂ ᠬᠤᠳᠠ ᠬᠥᠳᠡᠭᠡ ᠶᠢ ᠨᠢᠭᠡᠳᠦᠯᠲᠡᠢ ᠲᠥᠯᠥᠪᠯᠡᠭᠰᠡᠨ ᠂ | ᠡᠷᠬᠡ ᠲᠡᠭᠰᠢ ᠨᠢᠭᠡᠳᠦᠯᠲᠡᠢ ᠂ ᠠᠮᠤᠷ ᠲᠦᠪᠰᠢᠨ ᠵᠢᠷᠤᠮᠵᠢᠭᠤᠨ ᠂ ᠦᠷᠭᠦᠯᠵᠢᠯᠡᠭᠰᠡᠨ ᠤᠯᠠᠨ ᠳᠠᠪᠬᠤᠷᠭ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠲᠣᠭᠲᠠᠯᠴᠠᠭ᠎ᠠ ᠶᠢ | ᠲᠡᠭᠦᠯᠳᠡᠷᠵᠢᠭᠦᠯᠬᠦ ᠶᠢᠨ ᠲᠥᠯᠥᠭᠡ ᠶᠤᠮ ᠃ ︽ 2023 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠪᠠᠲᠤᠯᠠᠭ᠎ᠠ ᠶᠢᠨ | ᠠᠵᠢᠯ ᠢ ᠰᠠᠶᠢᠲᠤᠷ ᠬᠢᠬᠦ ᠲᠤᠬᠠᠢ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠡᠳ᠋ ᠤᠨ ᠵᠠᠰᠠᠭ ᠤᠨ ᠶᠠᠮᠤᠨ ᠤᠯᠤᠰ ᠤᠨ ᠭᠠᠶᠢᠯᠢ ᠶᠢᠨ ᠶᠠᠪᠤᠳᠠᠯ ᠤᠨ | ᠶᠡᠷᠦᠩᠬᠡᠢ ᠲᠣᠪᠴᠢᠶ᠎ᠠ ᠶᠢᠨ ᠮᠡᠳᠡᠭᠳᠡᠯ ︾ ︵ ᠡᠮᠴᠢᠯᠡᠭᠡ ᠪᠠᠲᠤᠯᠠᠭ᠎ᠠ ᠲᠠᠷᠬᠠᠭᠠᠭᠰᠠᠨ ︹2023︺ 24 ᠳ᠋ᠦ᠋ᠭᠡᠷ ᠲᠣᠭᠠᠲᠤ ︶ ᠤᠨ ᠱᠠᠭᠠᠷᠳᠠᠯᠭ᠎ᠠ ᠶᠢ ᠦᠨᠳᠦᠰᠦᠯᠡᠨ ᠂ | ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠂ ᠭᠠᠶᠢᠯᠢ ᠶᠢᠨ ᠶᠠᠪᠤᠳᠠᠯ ᠤᠨ | ᠰᠠᠯᠠᠭ᠎ᠠ ᠮᠥᠴᠢᠷ ᠯᠦᠭᠡ ᠬᠠᠮᠲᠤᠷᠠᠨ ︽ 2023 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠪᠠᠲᠤᠯᠠᠭ᠎ᠠ ᠶᠢᠨ ᠠᠵᠢᠯ ᠢ | ᠰᠠᠶᠢᠲᠤᠷ ᠬᠢᠬᠦ ᠲᠤᠬᠠᠢ ᠮᠡᠳᠡᠭᠳᠡᠯ ︾ ︵ ᠥᠪᠥᠷ ᠡᠮᠴᠢᠯᠡᠭᠡ ᠪᠠᠲᠤᠯᠠᠭ᠎ᠠ ᠲᠠᠷᠬᠠᠭᠠᠭᠰᠠᠨ ︹2023︺ 18 ᠳ᠋ᠤᠭᠠᠷ ᠲᠣᠭᠠᠲᠤ ︶ ︵ ᠳᠣᠷᠣᠭᠰᠢ ︽ ᠮᠡᠳᠡᠭᠳᠡᠯ ︾ | ᠭᠡᠵᠦ ᠲᠣᠪᠴᠢᠯᠠᠨ᠎ᠠ ︶ ᠢ ᠳᠠᠷᠤᠮᠠᠯᠯᠠᠨ ᠲᠠᠷᠬᠠᠭᠠᠪᠠ ᠃ ᠡᠳᠦᠭᠡ ᠬᠤᠯᠪᠣᠭᠳᠠᠯ ᠪᠦᠬᠦᠢ ᠠᠭᠤᠯᠭ᠎ᠠ ᠶᠢᠨ ᠲᠤᠬᠠᠢ ᠳᠣᠣᠷᠠᠬᠢ ᠮᠡᠲᠦ ᠲᠠᠶᠢᠯᠤᠮᠵᠢ ᠬᠢᠪᠡ ᠄ | ᠨᠢᠭᠡ ᠂ 2023 ᠣᠨ ᠤ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠪᠠᠲᠤᠯᠠᠭ᠎ᠠ ᠶᠢᠨ ᠪᠡᠯᠡ ᠴᠤᠭᠯᠠᠭᠤᠯᠬᠤ ᠪᠠ ᠬᠠᠷᠠᠭᠠᠯᠵᠠᠯ ᠢ | ᠪᠠᠲᠤᠯᠠᠬᠤ ᠠᠵᠢᠯ ᠤᠨ ᠪᠣᠳᠠᠲᠠᠢ ᠲᠣᠬᠢᠷᠠᠭᠤᠯᠤᠯᠲᠠ ᠨᠢ ᠶᠠᠭᠤ ᠪᠤᠢ ︖ | ᠪᠡᠯᠡ ᠴᠤᠭᠯᠠᠭᠤᠯᠬᠤ ᠪᠠᠷᠢᠮᠵᠢᠶ᠎ᠠ ᠶᠢᠨ ᠲᠠᠯ᠎ᠠ ᠪᠠᠷ ᠂ ︽ ᠮᠡᠳᠡᠭᠳᠡᠯ ︾ ᠳᠤ ᠠᠵᠤ ᠠᠬᠤᠢ ᠨᠡᠶᠢᠭᠡᠮ ᠤᠨ ᠬᠥᠭᠵᠢᠯᠲᠡ ᠪᠠ ᠳᠠᠭᠠᠳᠬᠠᠯ ᠳᠤ ᠣᠷᠣᠯᠴᠠᠭᠰᠠᠳ ᠤᠨ | ᠦᠨᠳᠦᠰᠦᠨ ᠡᠮᠴᠢᠯᠡᠭᠡᠨ ᠤ ᠪᠠᠲᠤᠯᠠᠭ᠎ᠠ ᠶᠢᠨ ᠬᠡᠷᠡᠭᠴᠡᠭᠡ ᠶᠢ ᠨᠢᠭᠡᠳᠦᠯᠲᠡᠢ ᠪᠣᠳᠣᠯᠬᠢᠯᠠᠵᠤ ᠂ ᠳᠠᠭᠠᠳᠬᠠᠯ ᠳᠤ ᠣᠷᠣᠯᠴᠠᠭᠰᠠᠳ ᠤᠨ ᠡᠮᠴᠢᠯᠡᠭᠡᠨ ᠤ ᠳᠠᠭᠠᠳᠬᠠᠯ ᠤᠨ | ᠡᠷᠬᠡ ᠠᠰᠢᠭ ᠢ ᠬᠠᠮᠠᠭᠠᠯᠠᠨ᠎ᠠ ᠃ ︽ 2023 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠪᠠᠲᠤᠯᠠᠭ᠎ᠠ ᠶᠢᠨ ᠠᠵᠢᠯ ᠢ | ᠰᠠᠶᠢᠲᠤᠷ ᠬᠢᠬᠦ ᠲᠤᠬᠠᠢ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠡᠳ᠋ ᠤᠨ ᠵᠠᠰᠠᠭ ᠤᠨ ᠶᠠᠮᠤᠨ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ | ᠲᠣᠪᠴᠢᠶ᠎ᠠ ᠶᠢᠨ ᠮᠡᠳᠡᠭᠳᠡᠯ ︾ ᠳᠠᠬᠢ ︽ 2023 ᠣᠨ ᠤ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠪᠡᠯᠡ ᠴᠤᠭᠯᠠᠭᠤᠯᠬᠤ ᠪᠠᠷᠢᠮᠵᠢᠶ᠎ᠠ ᠶᠢ 1020 | ᠲᠥᠭᠦᠷᠢᠭ ᠪᠣᠯᠭᠠᠵᠤ ᠂ ᠡᠭᠦᠨ ᠳᠤ ᠬᠥᠮᠥᠨ ᠳᠤᠮᠳᠠᠴᠢ ᠶᠢᠨ ᠡᠳ᠋ ᠤᠨ ᠵᠠᠰᠠᠭ ᠤᠨ ᠨᠥᠬᠦᠪᠦᠷᠢ ᠶᠢᠨ ᠪᠠᠷᠢᠮᠵᠢᠶ᠎ᠠ ᠶᠢ ᠬᠥᠮᠥᠨ ᠪᠦᠷᠢ ᠵᠢᠯ ᠳᠤ 640 ᠲᠥᠭᠦᠷᠢᠭ ᠠᠴᠠ | ᠳᠣᠣᠷ᠎ᠠ ᠪᠠᠶᠢᠯᠭᠠᠬᠤ ᠦᠭᠡᠢ ᠂ ᠬᠤᠪᠢ ᠬᠥᠮᠥᠨ ᠤ ᠰᠦᠢᠳᠬᠡᠯ ᠲᠤᠰᠢᠶᠠᠬᠤ ᠪᠠᠷᠢᠮᠵᠢᠶ᠎ᠠ ᠶᠢ ᠬᠥᠮᠥᠨ ᠪᠦᠷᠢ ᠵᠢᠯ ᠳᠤ 380 ᠲᠥᠭᠦᠷᠢᠭ ᠲᠤ ᠬᠦᠷᠭᠡᠬᠦ ︾ | ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ ᠂ 2023 ᠣᠨ ᠳᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ︵ | ᠳᠣᠷᠣᠭᠰᠢ ︽ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ︾ ᠭᠡᠵᠦ ᠲᠣᠪᠴᠢᠯᠠᠨ᠎ᠠ ︶ ᠤᠨ ᠪᠡᠯᠡ ᠴᠤᠭᠯᠠᠭᠤᠯᠬᠤ ᠪᠠᠷᠢᠮᠵᠢᠶ᠎ᠠ ᠶᠢ ᠦᠷᠭᠦᠯᠵᠢᠯᠡᠨ | ᠳᠡᠭᠡᠭᠰᠢᠯᠡᠭᠦᠯᠵᠦ ᠂ 1020 ᠲᠥᠭᠦᠷᠢᠭ ᠠᠴᠠ ᠳᠣᠣᠷ᠎ᠠ ᠪᠠᠶᠢᠯᠭᠠᠬᠤ ᠦᠭᠡᠢ ᠂ ᠡᠭᠦᠨ ᠳᠤ ᠬᠥᠮᠥᠨ ᠳᠤᠮᠳᠠᠴᠢ ᠶᠢᠨ ᠡᠳ᠋ ᠤᠨ ᠵᠠᠰᠠᠭ ᠤᠨ ᠨᠥᠬᠦᠪᠦᠷᠢ ᠶᠢᠨ | ᠪᠠᠷᠢᠮᠵᠢᠶ᠎ᠠ ᠶᠢ 30 ᠲᠥᠭᠦᠷᠢᠭ ᠨᠡᠮᠡᠭᠳᠡᠭᠦᠯᠵᠦ ᠂ ᠬᠥᠮᠥᠨ ᠪᠦᠷᠢ ᠵᠢᠯ ᠳᠤ 640 ᠲᠥᠭᠦᠷᠢᠭ ᠠᠴᠠ ᠳᠣᠣᠷ᠎ᠠ ᠪᠠᠶᠢᠯᠭᠠᠬᠤ ᠦᠭᠡᠢ ᠂ ᠬᠤᠪᠢ ᠬᠥᠮᠥᠨ ᠤ ᠰᠦᠢᠳᠬᠡᠯ | ᠲᠤᠰᠢᠶᠠᠬᠤ ᠪᠠᠷᠢᠮᠵᠢᠶ᠎ᠠ ᠶᠢ ᠬᠥᠮᠥᠨ ᠪᠦᠷᠢ ᠵᠢᠯ ᠳᠤ 380 ᠲᠥᠭᠦᠷᠢᠭ ᠠᠴᠠ ᠳᠣᠣᠷ᠎ᠠ ᠪᠠᠶᠢᠯᠭᠠᠬᠤ ᠦᠭᠡᠢ ᠭᠡᠵᠦ ᠲᠣᠳᠣᠷᠬᠠᠢ ᠲᠣᠭᠲᠠᠭᠠᠪᠠ ᠃ ᠡᠭᠦᠨ ᠤ ᠬᠠᠮᠲᠤ ᠂ | ᠲᠤᠬᠠᠢ ᠶᠢᠨ ᠭᠠᠵᠠᠷ ᠤᠨ ᠪᠣᠳᠠᠲᠤ ᠪᠠᠶᠢᠳᠠᠯ ᠢ ᠦᠨᠳᠦᠰᠦᠯᠡᠨ ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ ᠤᠨ ᠪᠣᠳᠠᠲᠠᠢ | ᠪᠡᠯᠡ ᠴᠤᠭᠯᠠᠭᠤᠯᠬᠤ ᠪᠠᠷᠢᠮᠵᠢᠶ᠎ᠠ ᠶᠢ ᠵᠦᠢ ᠵᠣᠬᠢᠰᠲᠠᠢ ᠲᠣᠭᠲᠠᠭᠠᠵᠤ ᠂ ᠬᠥᠳᠡᠯᠦᠩᠭᠦᠢ ᠪᠠᠷ ᠲᠣᠬᠢᠷᠠᠭᠤᠯᠬᠤ ᠬᠡᠷᠡᠭᠲᠡᠢ ᠭᠡᠵᠦ ᠱᠠᠭᠠᠷᠳᠠᠪᠠ ᠃ ᠬᠠᠷᠠᠭᠠᠯᠵᠠᠯ ᠤᠨ | ᠪᠠᠲᠤᠯᠠᠭ᠎ᠠ ᠶᠢᠨ ᠲᠠᠯ᠎ᠠ ᠪᠠᠷ ᠂ ︽ ᠮᠡᠳᠡᠭᠳᠡᠯ ︾ ᠳᠤ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠬᠠᠷᠠᠭᠠᠯᠵᠠᠯ ᠤᠨ ᠲᠣᠳᠣᠷᠬᠠᠢ ᠬᠠᠭᠤᠳᠠᠰᠤ ᠶᠢᠨ ᠳᠦᠷᠢᠮ ᠢ ᠴᠢᠩᠭ᠎ᠠ | ᠨᠠᠶᠢᠳᠠᠪᠤᠷᠢᠵᠢᠭᠤᠯᠵᠤ ᠂ ᠳᠦᠷᠢᠮ ᠢ ᠵᠢᠷᠤᠮᠵᠢᠭᠤᠨ ᠪᠥᠭᠡᠳ ᠨᠢᠭᠡᠳᠦᠯᠲᠡᠢ ᠪᠠᠶᠢᠯᠭᠠᠬᠤ ᠂ ᠬᠠᠷᠠᠭᠠᠯᠵᠠᠯ ᠤᠨ ᠪᠠᠲᠤᠯᠠᠭ᠎ᠠ ᠶᠢ ᠲᠡᠩᠴᠡᠭᠦᠯᠬᠦ ᠶᠢ ᠪᠠᠷᠢᠮᠲᠠᠯᠠᠨ ᠂ ᠭᠤᠥᠯᠴᠢ | ᠪᠠᠲᠤᠯᠠᠭ᠎ᠠ ᠶᠢ ᠬᠡᠷᠡᠭᠵᠢᠭᠦᠯᠬᠦ ᠬᠡᠷᠡᠭᠲᠡᠢ ᠭᠡᠵᠦ ᠱᠠᠭᠠᠷᠳᠠᠪᠠ ᠃ ᠡᠭᠦᠨ ᠳᠤ ᠭᠤᠣᠯᠳᠠᠭᠤ ᠭᠤᠷᠪᠠᠨ ᠲᠠᠯ᠎ᠠ ᠪᠠᠭᠲᠠᠨ᠎ᠠ ᠂ ᠨᠢᠭᠡ ᠳᠤ ᠂ ᠰᠠᠭᠤᠭᠠᠯᠢ ᠠᠷᠠᠳ ᠤᠨ | ᠡᠮᠴᠢᠯᠡᠭᠡᠨ ᠤ ᠳᠠᠭᠠᠳᠬᠠᠯ ᠤᠨ ᠡᠮᠨᠡᠯᠭᠡ ᠳᠤ ᠰᠠᠭᠤᠬᠤ ᠬᠠᠷᠠᠭᠠᠯᠵᠠᠯ ᠤᠨ ᠲᠦᠪᠰᠢᠨ ᠢ ᠪᠠᠬᠢᠵᠢᠭᠦᠯᠵᠦ ᠂ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠰᠠᠭᠤᠷᠢ | ᠮᠥᠩᠭᠦ ᠶᠢᠨ ᠲᠥᠯᠥᠬᠦ ᠬᠠᠷᠢᠴᠠᠯ ᠢ 70% ᠣᠷᠴᠢᠮ ᠳᠤ ᠪᠠᠶᠢᠯᠭᠠᠬᠤ ᠶᠢ ᠦᠨᠡᠨ ᠬᠦ ᠪᠠᠲᠤᠯᠠᠨ᠎ᠠ ᠃ ᠬᠤᠶᠠᠷ ᠲᠤ ᠂ ᠡᠭᠦᠳᠡᠨ ᠡᠮᠨᠡᠯᠭᠡ ᠶᠢᠨ ᠪᠠᠲᠤᠯᠠᠪᠤᠷᠢ ᠶᠢᠨ | ᠲᠦᠪᠰᠢᠨ ᠢ ᠯᠠᠪᠳᠠᠭᠤᠨ ᠢᠶᠠᠷ ᠳᠡᠭᠡᠭᠰᠢᠯᠡᠭᠦᠯᠦᠨ᠎ᠡ ᠃ ᠰᠠᠭᠤᠭᠠᠯᠢ ᠠᠷᠠᠳ ᠤᠨ ᠡᠭᠦᠳᠡᠨ ᠡᠮᠨᠡᠯᠭᠡ ᠶᠢᠨ ᠨᠢᠭᠡᠳᠦᠯᠲᠡᠢ ᠲᠥᠯᠥᠪᠯᠡᠬᠦ ᠳᠦᠷᠢᠮ ᠢ ᠪᠥᠬᠦ ᠲᠠᠯ᠎ᠠ ᠪᠠᠷ | ᠥᠷᠨᠢᠭᠦᠯᠵᠦ ᠂ ᠨᠥᠬᠦᠴᠡᠯ ᠲᠠᠢ ᠭᠠᠵᠠᠷ ᠣᠷᠣᠨ ᠨᠢ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠣᠨ ᠤ ᠰᠢᠨ᠎ᠡ ᠪᠠᠷ ᠨᠡᠮᠡᠭᠳᠡᠭᠰᠡᠨ ᠪᠡᠯᠡ | ᠴᠤᠭᠯᠠᠭᠤᠯᠤᠯᠲᠠ ᠶᠢᠨ ᠵᠣᠬᠢᠬᠤ ᠬᠠᠷᠢᠴᠠᠯ ᠢ ᠡᠭᠦᠳᠡᠨ ᠡᠮᠨᠡᠯᠭᠡ ᠶᠢᠨ ᠪᠠᠲᠤᠯᠠᠭ᠎ᠠ ᠶᠢ ᠴᠢᠩᠭᠠᠳᠬᠠᠬᠤ ᠳᠤ ᠬᠡᠷᠡᠭᠯᠡᠵᠦ ᠂ ᠦᠨᠳᠦᠰᠦᠨ ᠱᠠᠲᠤᠨ ᠤ ᠡᠮᠴᠢᠯᠡᠭᠡᠨ ᠤ | ᠪᠠᠶᠢᠭᠤᠯᠤᠮᠵᠢ ᠲᠡᠶᠢᠰᠢ ᠦᠷᠭᠦᠯᠵᠢᠯᠡᠨ ᠬᠡᠯᠪᠠᠶᠢᠯᠭᠡᠵᠦ ᠪᠣᠯᠣᠨ᠎ᠠ ᠃ ᠣᠲᠣ ᠶᠢᠨ ᠪᠠᠶᠢᠭ᠎ᠠ ᠡᠭᠦᠳᠡᠨ ᠡᠮᠨᠡᠯᠭᠡ ᠶᠢᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠨᠢᠭᠡᠳᠦᠯᠲᠡᠢ | ᠲᠥᠯᠥᠪᠯᠡᠵᠦ ᠂ ᠪᠠᠲᠤᠯᠠᠭ᠎ᠠ ᠶᠢᠨ ᠴᠢᠳᠠᠯ ᠢᠶᠠᠨ ᠳᠡᠭᠡᠭᠰᠢᠯᠡᠭᠦᠯᠦᠨ᠎ᠡ ᠃ ᠤᠯᠤᠰ ᠤᠨ ᠪᠠᠶᠢᠷᠢᠯᠠᠭᠤᠯᠤᠯᠲᠠ ᠶᠣᠰᠣᠭᠠᠷ ᠂ ᠡᠭᠦᠳᠡᠨ ᠡᠮᠨᠡᠯᠭᠡ ᠶᠢᠨ ᠡᠮ ᠬᠡᠷᠡᠭᠯᠡᠬᠦ | ᠪᠠᠲᠤᠯᠠᠭ᠎ᠠ ᠶᠢᠨ ᠲᠣᠭᠲᠠᠴᠠ ᠶᠢᠨ ᠬᠠᠮᠤᠷᠬᠤ ᠬᠡᠪᠴᠢᠶ᠎ᠡ ᠶᠢ ᠠᠯᠬᠤᠮ ᠠᠯᠬᠤᠮ ᠢᠶᠠᠷ ᠵᠢᠷᠦᠬᠡ ᠲᠠᠷᠢᠬᠢ ᠴᠢᠰᠤᠨ ᠰᠤᠳᠠᠯ ᠤᠨ ᠡᠪᠡᠳᠴᠢᠨ ᠳᠤ ᠬᠦᠷᠲᠡᠯ᠎ᠡ | ᠥᠷᠭᠡᠳᠬᠡᠨ᠎ᠡ ᠃ ᠭᠤᠷᠪᠠ ᠳᠤ ᠂ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠦᠷᠡᠵᠢᠯ ᠤᠨ ᠡᠮᠴᠢᠯᠡᠭᠡᠨ ᠤ ᠵᠠᠷᠤᠳᠠᠯ ᠤᠨ ᠪᠠᠲᠤᠯᠠᠭ᠎ᠠ ᠶᠢ ᠴᠢᠩᠭᠠᠳᠬᠠᠵᠤ ᠂ | ᠳᠠᠭᠠᠳᠬᠠᠯ ᠳᠤ ᠣᠷᠣᠯᠴᠠᠭᠰᠠᠨ ᠰᠠᠭᠤᠭᠠᠯᠢ ᠠᠷᠠᠳ ᠤᠨ ᠦᠷᠡᠵᠢᠯ ᠤᠨ ᠡᠮᠴᠢᠯᠡᠭᠡᠨ ᠤ ᠵᠠᠷᠤᠳᠠᠯ ᠤᠨ ᠳᠠᠷᠤᠭᠠᠰᠤ ᠶᠢ ᠤᠯᠠᠮ ᠨᠢᠭᠡ ᠠᠯᠬᠤᠮ ᠬᠥᠩᠭᠡᠷᠡᠭᠦᠯᠦᠨ᠎ᠡ ᠃ | ᠡᠭᠦᠨ ᠠᠴᠠ ᠭᠠᠳᠠᠨ᠎ᠠ ᠂ ︽ ᠮᠡᠳᠡᠭᠳᠡᠯ ︾ ᠳᠤ ᠪᠠᠰᠠ ᠦᠨᠳᠦᠰᠦᠨ ᠡᠮᠴᠢᠯᠡᠭᠡᠨ ᠤ ᠳᠠᠭᠠᠳᠬᠠᠯ ᠤᠨ ᠥᠪᠡᠷᠲᠡᠭᠡᠨ ᠵᠠᠰᠠᠬᠤ ᠣᠷᠣᠨ ᠤ ᠱᠠᠲᠤᠨ ᠤ ᠨᠢᠭᠡᠳᠦᠯᠲᠡᠢ | ᠲᠥᠯᠥᠪᠯᠡᠭᠡ ᠶᠢ ᠲᠣᠭᠲᠠᠭᠤᠨ ᠢᠶᠠᠷ ᠠᠬᠢᠭᠤᠯᠬᠤ ᠶᠢ ᠲᠣᠳᠣᠷᠬᠠᠶᠢᠯᠠᠪᠠ ᠃ | ᠬᠤᠶᠠᠷ ᠂ ᠡᠮᠴᠢᠯᠡᠭᠡᠨ ᠤ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠥᠷᠭᠡᠳᠬᠡᠬᠦ ᠂ ᠪᠥᠬᠦ ᠠᠷᠠᠳ ᠤᠨ ᠡᠮᠴᠢᠯᠡᠭᠡᠨ ᠤ ᠪᠠᠲᠤᠯᠠᠭ᠎ᠠ ᠶᠢ ᠪᠠᠬᠢᠵᠢᠭᠦᠯᠦᠨ | ᠪᠦᠷᠢᠨᠰᠢᠭᠦᠯᠬᠦ ᠲᠠᠯ᠎ᠠ ᠪᠠᠷ ᠶᠠᠮᠠᠷ ᠶᠠᠮᠠᠷ ᠪᠣᠳᠠᠲᠠᠢ ᠱᠠᠭᠠᠷᠳᠠᠯᠭ᠎ᠠ ᠪᠠᠶᠢᠬᠤ ᠪᠣᠶ ︖ | ︽ ᠮᠡᠳᠡᠭᠳᠡᠯ ︾ ᠳᠤ ᠂ ᠥᠪᠡᠷᠲᠡᠭᠡᠨ ᠵᠠᠰᠠᠬᠤ ᠣᠷᠣᠨ ᠤ ︽ ᠦᠨᠳᠦᠰᠦᠨ ᠡᠮᠴᠢᠯᠡᠭᠡᠨ ᠤ ᠳᠠᠭᠠᠳᠬᠠᠯ ᠳᠤ ᠪᠥᠬᠦ ᠠᠷᠠᠳ ᠢᠶᠠᠷ ᠢᠶᠠᠨ ᠣᠷᠣᠯᠴᠠᠬᠤ ᠣᠷᠳᠣ | ᠬᠤᠭᠤᠴᠠᠭᠠᠨ ᠤ ᠪᠦᠲᠦᠮᠵᠢᠲᠡᠶ ᠠᠵᠢᠯ ᠤᠨ ᠲᠣᠭᠲᠠᠴᠠ ᠶᠢ ᠪᠠᠶᠢᠭᠤᠯᠬᠤ ᠲᠤᠬᠠᠢ ᠰᠠᠨᠠᠯ ︾ ︵ ᠥᠪᠥᠷ ᠡᠮᠴᠢᠯᠡᠭᠡ ᠪᠠᠲᠤᠯᠠᠭ᠎ᠠ ᠲᠠᠷᠬᠠᠭᠠᠭᠰᠠᠨ ︹2022︺ 24 | ᠳ᠋ᠦ᠋ᠭᠡᠷ ᠲᠣᠭᠠᠲᠤ ︶ ᠤᠨ ᠵᠣᠷᠢᠭ ᠰᠠᠨᠠᠭ᠎ᠠ ᠶᠣᠰᠣᠭᠠᠷ ᠂ ᠵᠠᠰᠠᠭ ᠤᠨ ᠣᠷᠳᠣᠨ ᠢᠶᠠᠷ ᠤᠳᠤᠷᠢᠳᠤᠭᠤᠯᠬᠤ ᠶᠢ ᠪᠠᠷᠢᠮᠲᠠᠯᠠᠨ ᠂ ᠠᠶᠢᠮᠠᠭ ᠬᠤᠲᠠ ᠂ ᠬᠤᠰᠢᠭᠤ ᠰᠢᠶᠠᠨ | ᠲᠣᠭᠤᠷᠢᠭ ᠂ ᠰᠢᠶᠠᠩ ᠪᠠᠯᠭᠠᠰᠤ ︵ ᠵᠡᠭᠡᠯᠢ ᠭᠤᠳᠤᠮᠵᠢ ︶ ᠂ ᠭᠠᠴᠠᠭ᠎ᠠ ᠲᠣᠰᠬᠤᠨ ︵ ᠨᠡᠶᠢᠭᠡᠮ ᠲᠣᠭᠤᠷᠢᠭ ︶ ᠳᠥᠷᠪᠡᠨ ᠱᠠᠲᠤ ᠪᠠᠷ ᠬᠤᠯᠪᠤᠭᠠᠯᠠᠨ ᠬᠥᠳᠡᠯᠦᠯᠴᠡᠵᠦ | ᠪᠠᠶᠢᠭᠠᠳ ᠳᠠᠭᠠᠳᠬᠠᠯ ᠳᠤ ᠣᠷᠣᠯᠴᠠᠬᠤ ᠲᠣᠭᠲᠠᠯᠴᠠᠭ᠎ᠠ ᠶᠢ ᠪᠠᠶᠢᠭᠤᠯᠵᠤ ᠂ ᠡᠭᠦᠷᠭᠡ ᠶᠢᠨ ᠬᠠᠷᠠᠯᠲᠠ ᠂ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠪᠠ ᠠᠵᠢᠯ ᠤᠨ | ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ ᠂ ᠡᠯ᠎ᠡ ᠱᠠᠲᠤ ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠤᠨ ᠠᠵᠢᠯ ᠤᠨ ᠬᠠᠷᠢᠭᠤᠴᠠᠯᠭ᠎ᠠ ᠶᠢ ᠱᠠᠲᠤ ᠱᠠᠲᠤ ᠪᠠᠷ | ᠪᠣᠳᠠᠲᠠᠶᠢᠵᠢᠭᠤᠯᠬᠤ ᠪᠠᠷ ᠱᠠᠭᠠᠷᠳᠠᠪᠠ ᠃ ᠨᠢᠭᠡ ᠳᠤ ᠂ ᠰᠠᠯᠠᠭ᠎ᠠ ᠮᠥᠴᠢᠷ ᠤᠳ ᠤᠨ ᠬᠤᠭᠤᠷᠣᠨᠳᠣᠬᠢ ᠬᠠᠮᠵᠢᠯᠴᠠᠭ᠎ᠠ ᠶᠢ ᠴᠢᠩᠭᠠᠳᠬᠠᠵᠤ ᠂ ᠰᠠᠭᠤᠷᠢ ᠲᠤᠭ᠎ᠠ ᠶᠢ | ᠣᠨᠣᠪᠴᠢᠲᠠᠢ ᠡᠵᠡᠮᠰᠢᠨ᠎ᠡ ᠃ ᠬᠤᠶᠠᠷ ᠲᠤ ᠂ ᠭᠤᠣᠯᠳᠠᠯᠭ᠎ᠠ ᠲᠠᠢ ᠬᠥᠮᠥᠰ ᠢ ᠠᠩᠬᠠᠷᠴᠤ ᠂ ᠬᠡᠪᠴᠢᠶ᠎ᠡ ᠶᠢ ᠣᠨᠣᠪᠴᠢᠲᠠᠢ ᠥᠷᠭᠡᠳᠬᠡᠨ᠎ᠡ ᠃ ᠭᠤᠷᠪᠠ ᠳᠤ ᠂ ᠣᠷᠣᠰᠢᠨ | ᠰᠠᠭᠤᠬᠤ ᠦᠨᠡᠮᠯᠡᠯ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ ᠂ ᠡᠯ᠎ᠡ ᠱᠠᠲᠤᠨ ᠤ ᠡᠳ᠋ ᠤᠨ | ᠵᠠᠰᠠᠭ ᠨᠢ ᠲᠤᠬᠠᠢ ᠶᠢᠨ ᠭᠠᠵᠠᠷ ᠤᠨ ᠰᠠᠭᠤᠭᠠᠯᠢ ᠠᠷᠠᠳ ᠤᠨ ᠬᠢ ᠲᠠᠢ ᠠᠳᠠᠯᠢ ᠪᠠᠷᠢᠮᠵᠢᠶ᠎ᠠ ᠪᠠᠷ ᠨᠥᠬᠦᠪᠦᠷᠢ ᠣᠯᠭᠤᠨ᠎ᠠ ᠃ ᠳᠥᠷᠪᠡ ᠳᠤ ᠂ ᠳᠠᠭᠠᠳᠬᠠᠯ ᠳᠤ | ᠣᠷᠣᠯᠴᠠᠵᠤ ᠰᠦᠢᠳᠬᠡᠯ ᠲᠤᠰᠢᠶᠠᠬᠤ ᠰᠢᠨ᠎ᠡ ᠠᠷᠭ᠎ᠠ ᠶᠢ ᠡᠭᠦᠳᠴᠦ ᠂ ᠠᠷᠠᠳ ᠤᠨ ᠣᠯᠠᠨ ᠠᠷᠭ᠎ᠠ ᠪᠠᠷ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠳᠤ | ᠲᠥᠬᠦᠮ ᠦᠵᠡᠭᠦᠯᠬᠦ ᠦᠢᠯᠡᠴᠢᠯᠡᠭᠡ ᠬᠠᠩᠭᠠᠨ᠎ᠠ ᠃ ᠲᠠᠪᠤ ᠳᠤ ᠂ ᠳᠠᠭᠠᠳᠬᠠᠯ ᠳᠤ ᠣᠷᠣᠯᠴᠠᠭᠰᠠᠨ ᠬᠡᠪᠴᠢᠶ᠎ᠡ ᠶᠢ ᠥᠷᠭᠡᠳᠬᠡᠭᠰᠡᠨ ᠠᠵᠢᠯ ᠤᠨ ᠦᠷ᠎ᠡ ᠪᠦᠲᠦᠭᠡᠯ ᠢ | ᠣᠨ ᠤ ᠰᠢᠮᠳᠠᠭᠤᠯᠤᠨ ᠪᠠᠶᠢᠴᠠᠭᠠᠵᠤ ᠰᠢᠯᠭᠠᠨ ᠬᠢᠨᠠᠬᠤ ᠲᠠᠢ ᠬᠤᠯᠪᠣᠭᠳᠠᠭᠤᠯᠵᠤ ᠂ ᠦᠷᠭᠦᠯᠵᠢᠯᠡᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠶᠢᠨ | ᠤᠷᠮᠠᠰᠢᠭᠤᠯᠵᠤ ᠬᠢᠵᠠᠭᠠᠷᠯᠠᠬᠤ ᠲᠣᠭᠲᠠᠴᠠ ᠶᠢ ᠰᠦᠪᠡᠭᠴᠢᠯᠡᠨ᠎ᠡ ᠃ | ᠭᠤᠷᠪᠠ ᠂ ᠬᠡᠷᠬᠢᠨ ᠡᠮᠴᠢᠯᠡᠭᠡᠨ ᠤ ᠪᠠᠲᠤᠯᠠᠭ᠎ᠠ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠶᠢ ᠤᠯᠠᠮ ᠨᠢᠭᠡ ᠠᠯᠬᠤᠮ | ᠠᠬᠢᠭᠤᠯᠬᠤ ᠪᠤᠢ ︖ | ︽ ᠦᠨᠳᠦᠰᠦᠨ ᠡᠮᠴᠢᠯᠡᠭᠡ ᠪᠠᠲᠤᠯᠠᠭ᠎ᠠ ᠲᠠᠢ ︾ ᠶᠢᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠵᠦ ᠂ ᠰᠢᠯᠵᠢᠯᠲᠡ ᠶᠢᠨ ᠬᠤᠭᠤᠴᠠᠭᠠᠨ ᠳᠠᠬᠢ | ᠡᠮᠴᠢᠯᠡᠭᠡᠨ ᠤ ᠳᠠᠭᠠᠳᠬᠠᠯ ᠤᠨ ᠶᠡᠷᠦᠩᠬᠡᠶᠢᠯᠡᠭᠰᠡᠨ ᠬᠠᠪᠰᠤᠷᠤᠨ ᠲᠡᠳᠬᠦᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ ᠂ ᠬᠥᠳᠡᠭᠡ ᠲᠣᠰᠬᠤᠨ ᠤ ᠣᠷᠣᠯᠭ᠎ᠠ ᠪᠠᠭᠠᠲᠠᠢ | ᠬᠥᠮᠥᠨ ᠠᠮᠠ ᠪᠠ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠪᠠᠲᠤᠯᠠᠪᠠᠰᠤ ᠵᠣᠬᠢᠬᠤ ᠶᠢ ᠨᠢ ᠴᠥᠮ ᠪᠠᠲᠤᠯᠠᠬᠤ ᠶᠢ ᠯᠠᠪᠳᠠᠭᠤᠨ ᠢᠶᠠᠷ ᠪᠡᠶᠡᠯᠡᠭᠦᠯᠵᠦ ᠂ | ᠭᠤᠷᠪᠠᠨ ᠳᠠᠪᠬᠤᠷ ᠳᠦᠷᠢᠮ ᠤᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠴᠢᠳᠠᠪᠤᠷᠢ ᠶᠢ ᠴᠢᠩᠭᠠᠷᠠᠭᠤᠯᠤᠨ ᠂ ᠡᠪᠡᠳᠴᠢᠨ ᠠᠴᠠ ᠪᠣᠯᠣᠭᠰᠠᠨ ᠶᠡᠭᠡ ᠬᠡᠪᠴᠢᠶᠡᠨ ᠤ ᠳᠠᠬᠢᠨ | ᠶᠠᠳᠠᠭᠤᠷᠠᠯ ᠡᠭᠦᠰᠬᠦ ᠦᠭᠡᠢ ᠶᠢᠨ ᠬᠢᠵᠠᠭᠠᠷ ᠢ ᠰᠠᠶᠢᠲᠤᠷ ᠰᠠᠬᠢᠨ᠎ᠠ ᠃ ︽ ᠮᠡᠳᠡᠭᠳᠡᠯ ︾ ᠳᠤ ᠭᠤᠷᠪᠠᠨ ᠱᠠᠭᠠᠷᠳᠠᠯᠭ᠎ᠠ ᠳᠤᠷᠠᠳᠴᠠᠢ ᠂ ᠨᠢᠭᠡ ᠳᠤ ᠂ ᠡᠮᠴᠢᠯᠡᠭᠡᠨ ᠤ | ᠠᠪᠤᠷᠠᠨ ᠲᠤᠰᠠᠯᠠᠬᠤ ᠰᠠᠭᠤᠷᠢ ᠮᠥᠩᠭᠦ ᠶᠢᠨ ᠲᠤᠰᠠᠯᠠᠬᠤ ᠴᠢᠳᠠᠪᠤᠷᠢ ᠪᠠ ᠬᠦᠴᠢᠷᠳᠡᠯᠲᠡᠢ ᠣᠯᠠᠨ ᠲᠦᠮᠡᠨ ᠤ ᠪᠣᠳᠠᠲᠠᠢ ᠬᠡᠷᠡᠭᠴᠡᠭᠡ ᠳᠤ ᠰᠠᠭᠤᠷᠢᠯᠠᠨ ᠂ ᠳᠠᠭᠠᠳᠬᠠᠯ ᠳᠤ | ᠣᠷᠣᠯᠴᠠᠬᠤ ᠶᠢ ᠲᠥᠷᠥᠯ ᠬᠤᠪᠢᠶᠠᠨ ᠳᠡᠮᠵᠢᠬᠦ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠦᠨ᠎ᠡ ᠃ ᠬᠤᠶᠠᠷ ᠲᠤ ᠂ ᠡᠪᠡᠳᠴᠢᠨ ᠠᠴᠠ ᠪᠣᠯᠵᠤ ᠲᠠᠬᠢᠨ ᠶᠠᠳᠠᠭᠤᠷᠠᠬᠤ | ᠪᠠ ᠶᠠᠳᠠᠭᠤᠷᠠᠬᠤ ᠶᠢ ᠰᠡᠷᠭᠡᠶᠢᠯᠡᠨ ᠠᠷᠢᠯᠭᠠᠬᠤ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ ᠂ ᠶᠡᠭᠡ ᠬᠡᠮᠵᠢᠶᠡᠨ ᠤ | ᠡᠮᠴᠢᠯᠡᠭᠡᠨ ᠤ ᠵᠠᠷᠤᠳᠠᠯ ᠤᠨ ᠳᠠᠷᠤᠭᠠᠰᠤ ᠲᠠᠢ ᠡᠪᠡᠳᠴᠢᠲᠡᠨ ᠢ ᠬᠢᠨᠠᠵᠤ ᠰᠡᠷᠡᠮᠵᠢᠯᠡᠭᠦᠯᠬᠦ ᠪᠠᠷᠢᠮᠵᠢᠶ᠎ᠠ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ ᠂ ᠬᠢᠨᠠᠵᠤ | ᠰᠡᠷᠡᠮᠵᠢᠯᠡᠭᠦᠯᠬᠦ ᠶᠢᠨ ᠬᠤᠭᠤᠴᠠᠭᠠᠲᠤ ᠴᠢᠨᠠᠷ ᠪᠠ ᠣᠨᠣᠪᠴᠢᠲᠤ ᠴᠢᠨᠠᠷ ᠢ ᠳᠡᠭᠡᠭᠰᠢᠯᠡᠭᠦᠯᠦᠨ᠎ᠡ ᠃ ᠭᠤᠷᠪᠠ ᠳᠤ ᠂ ᠰᠠᠯᠠᠭ᠎ᠠ ᠮᠥᠴᠢᠷ ᠤᠨ ᠬᠤᠭᠤᠷᠣᠨᠳᠣᠬᠢ | ᠬᠠᠮᠵᠢᠯᠴᠠᠭ᠎ᠠ ᠶᠢ ᠴᠢᠩᠭᠠᠳᠬᠠᠵᠤ ᠂ ᠨᠡᠶᠢᠭᠡᠮ ᠤᠨ ᠬᠦᠴᠦᠨ ᠢᠶᠠᠷ ᠬᠦᠴᠢᠷᠳᠡᠯᠲᠡᠢ ᠬᠦᠨᠳᠦ ᠡᠪᠡᠳᠴᠢᠲᠡᠨ ᠢ ᠲᠤᠰᠠᠯᠠᠵᠤ ᠲᠡᠳᠬᠦᠬᠦ ᠶᠢ ᠢᠳᠡᠪᠬᠢᠲᠡᠢ ᠵᠢᠯᠣᠭᠤᠳᠴᠤ ᠂ | ᠣᠯᠠᠨ ᠡᠰᠢᠵᠢᠭᠰᠡᠨ ᠠᠪᠤᠷᠠᠨ ᠲᠤᠰᠠᠯᠠᠬᠤ ᠵᠠᠭᠪᠤᠷ ᠪᠦᠲᠦᠭᠡᠬᠦ ᠶᠢ ᠠᠬᠢᠭᠤᠯᠤᠨ᠎ᠠ ᠃ | ᠳᠥᠷᠪᠡ ᠂ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠬᠠᠮᠢᠶᠠᠷᠤᠯᠲᠠ ᠂ ᠡᠮ ᠡᠮᠨᠡᠯᠭᠡ ᠶᠢᠨ ᠲᠥᠪᠯᠡᠷᠡᠭᠦᠯᠦᠨ ᠬᠤᠳᠠᠯᠳᠤᠨ ᠠᠪᠬᠤ ᠪᠠ ᠦᠨ᠎ᠡ ᠶᠢᠨ | ᠬᠠᠮᠢᠶᠠᠷᠤᠯᠲᠠ ᠵᠡᠷᠭᠡ ᠲᠠᠯ᠎ᠠ ᠪᠠᠷ ᠶᠠᠮᠠᠷ ᠶᠠᠮᠠᠷ ᠪᠣᠳᠠᠲᠠᠢ ᠲᠣᠬᠢᠷᠠᠭᠤᠯᠤᠯᠲᠠ ᠪᠠᠶᠢᠬᠤ ᠪᠣᠶ ︖ | ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠬᠠᠮᠢᠶᠠᠷᠤᠯᠲᠠ ᠶᠢᠨ ᠲᠠᠯ᠎ᠠ ᠪᠠᠷ ᠂ ᠲᠠᠪᠤᠨ ᠪᠣᠳᠠᠲᠠᠢ ᠱᠠᠭᠠᠷᠳᠠᠯᠭ᠎ᠠ ᠳᠤᠷᠠᠳᠪᠠ ᠂ ᠨᠢᠭᠡ ᠳᠤ ᠂ 2022 | ᠣᠨ ᠤ ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯ ᠤᠨ ᠭᠠᠷᠴᠠᠭ ᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠠᠬᠢᠭᠤᠯᠵᠤ ᠂ ᠬᠡᠯᠡᠯᠴᠡᠭᠡ ᠬᠢᠬᠦ ᠡᠮ ᠤᠨ | ᠵᠦᠢᠯ ᠤᠨ ︽ ᠬᠤᠣᠰ ᠵᠠᠮ ︾ ᠤᠨ ᠬᠠᠮᠢᠶᠠᠷᠤᠯᠲᠠ ᠶᠢ ᠲᠡᠭᠦᠯᠳᠡᠷᠵᠢᠭᠦᠯᠦᠨ ᠵᠢᠷᠤᠮᠵᠢᠭᠤᠯᠵᠤ ᠂ ᠡᠮᠴᠢᠯᠡᠭᠡᠨ ᠤ ᠳᠠᠭᠠᠳᠬᠠᠯ ᠤᠨᠡᠯᠸᠺᠲᠷᠣᠨ ᠵᠣᠷ ᠤᠨ | ᠲᠥᠪ ᠤᠨ ᠬᠡᠷᠡᠭᠯᠡᠯᠲᠡ ᠶᠢ ᠪᠥᠬᠦ ᠲᠠᠯ᠎ᠠ ᠪᠠᠷ ᠬᠡᠷᠡᠭᠵᠢᠭᠦᠯᠦᠨ᠎ᠡ ᠃ ᠬᠤᠶᠠᠷ ᠲᠤ ᠂ ᠦᠨᠳᠦᠰᠦᠲᠡᠨ ᠤ ᠡᠮ ᠂ ᠡᠮᠴᠢᠯᠡᠭᠡᠨ ᠤ ᠪᠠᠶᠢᠭᠤᠯᠤᠮᠵᠢ ᠶᠢᠨ ᠨᠠᠶᠢᠷᠠᠭᠤᠯᠭ᠎ᠠ ᠪᠠ | ᠬᠢᠲᠠᠳ ᠬᠡᠷᠴᠢᠮᠡᠯ ᠡᠮ ᠤᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠵᠥᠪᠰᠢᠶᠡᠷᠡᠯ ᠤᠨ ᠬᠠᠮᠢᠶᠠᠷᠤᠯᠲᠠ ᠶᠢ ᠵᠢᠷᠤᠮᠵᠢᠭᠤᠯᠤᠨ ᠴᠢᠩᠭᠠᠳᠬᠠᠬᠤ ᠶᠢᠨ ᠬᠠᠮᠲᠤ | ᠬᠥᠳᠡᠯᠦᠩᠭᠦᠢ ᠪᠠᠷ ᠲᠣᠬᠢᠷᠠᠭᠤᠯᠤᠨ᠎ᠠ ᠃ ᠭᠤᠷᠪᠠ ᠳᠤ ᠂ ᠨᠥᠬᠦᠴᠡᠯ ᠳᠤ ᠨᠡᠶᠢᠴᠡᠬᠦ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠂ ᠡᠮᠴᠢᠯᠡᠭᠡᠨ ᠤ | ᠦᠢᠯᠡᠴᠢᠯᠡᠭᠡᠨ ᠤ ᠲᠥᠰᠥᠯ ᠢ ᠴᠠᠭ ᠲᠤᠬᠠᠢ ᠳᠤ ᠨᠢ ᠡᠮᠴᠢᠯᠡᠭᠡᠨ ᠤ ᠳᠠᠭᠠᠳᠬᠠᠯ ᠤᠨ ᠲᠥᠯᠥᠬᠦ ᠬᠡᠪᠴᠢᠶᠡᠨ ᠳᠤ ᠣᠷᠣᠭᠤᠯᠤᠨ᠎ᠠ ᠃ ᠳᠥᠷᠪᠡ ᠳᠤ ᠂ ᠲᠣᠭᠠᠴᠠᠭ᠎ᠠ ᠬᠢᠬᠦ | ᠠᠷᠭ᠎ᠠ ᠶᠢᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ ᠂ 2023 ᠣᠨ ᠳᠤ ᠨᠥᠬᠦᠴᠡᠯ ᠳᠤ ᠨᠡᠶᠢᠴᠡᠬᠦ ᠡᠮᠨᠡᠯᠭᠡ ᠳᠤ ᠰᠠᠭᠤᠬᠤ ᠦᠢᠯᠡᠴᠢᠯᠡᠭᠡ ᠥᠷᠨᠢᠭᠦᠯᠵᠦ | ᠪᠠᠶᠢᠭ᠎ᠠ ᠡᠮᠴᠢᠯᠡᠭᠡᠨ ᠤ ᠪᠠᠶᠢᠭᠤᠯᠤᠮᠵᠢ ᠶᠢ ᠪᠦᠬᠦᠨ ᠢ ᠬᠠᠮᠤᠷᠤᠨ᠎ᠠ ᠃ ᠲᠠᠪᠤ ᠳᠤ ᠂ ᠡᠮᠴᠢᠯᠡᠭᠡᠨ ᠤ ᠳᠠᠭᠠᠳᠬᠠᠯ ᠢᠶᠠᠷ ︽ ᠢᠨᠲ᠋ᠧᠷ ᠰᠦᠯᠵᠢᠶ᠎ᠡ + ︾ ᠡᠮᠴᠢᠯᠡᠭᠡᠨ ᠤ | ᠦᠢᠯᠡᠴᠢᠯᠡᠭᠡ ᠶᠢᠨ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠶᠢ ᠳᠡᠮᠵᠢᠬᠦ ᠂ ᠬᠢᠲᠠᠳ ᠡᠮ ᠡᠮᠨᠡᠯᠭᠡ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ | ᠬᠥᠭᠵᠢᠭᠦᠯᠬᠦ ᠶᠢ ᠳᠡᠮᠵᠢᠬᠦ ᠬᠤᠯᠪᠣᠭᠳᠠᠯ ᠪᠦᠬᠦᠢ ᠠᠵᠢᠯ ᠢ ᠰᠠᠶᠢᠲᠤᠷ ᠨᠢᠭᠡᠳᠦᠯᠲᠡᠢ ᠲᠥᠯᠥᠪᠯᠡᠨ᠎ᠡ ᠃ ᠡᠮ ᠡᠮᠨᠡᠯᠭᠡ ᠶᠢᠨ ᠲᠥᠪᠯᠡᠷᠡᠭᠦᠯᠦᠨ ᠬᠤᠳᠠᠯᠳᠤᠨ ᠠᠪᠬᠤ ᠪᠠ | ᠦᠨ᠎ᠡ ᠬᠠᠩᠰᠢ ᠶᠢᠨ ᠬᠠᠮᠢᠶᠠᠷᠤᠯᠲᠠ ᠶᠢᠨ ᠲᠠᠯ᠎ᠠ ᠪᠠᠷ ᠂ ᠳᠥᠷᠪᠡᠨ ᠪᠣᠳᠠᠲᠠᠢ ᠱᠠᠭᠠᠷᠳᠠᠯᠭ᠎ᠠ ᠳᠤᠷᠠᠳᠪᠠ ᠂ ᠨᠢᠭᠡ ᠳᠤ ᠂ ᠡᠮ ᠤᠨ ᠵᠦᠢᠯ ᠤᠨ ᠬᠤᠷᠣᠭᠳᠠᠯ ᠮᠠᠲ᠋ᠧᠷᠢᠶᠠᠯ ᠢ | ᠲᠥᠪᠯᠡᠷᠡᠭᠦᠯᠦᠨ ᠬᠡᠮᠵᠢᠶ᠎ᠡ ᠲᠠᠢ ᠪᠠᠷ ᠬᠤᠳᠠᠯᠳᠤᠨ ᠠᠪᠬᠤ ᠶᠢᠨ ᠬᠠᠮᠤᠷᠬᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ ᠂ ᠤᠯᠤᠰ ᠠᠴᠠ ᠵᠣᠬᠢᠶᠠᠨ ᠪᠠᠶᠢᠭᠤᠯᠤᠭᠰᠠᠨ | ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠤᠭᠰᠠᠨ ᠳ᠋ᠦᠩ ᠢ ᠨᠠᠶᠢᠳᠠᠪᠤᠷᠢᠵᠢᠭᠤᠯᠤᠨ᠎ᠠ ᠃ | ᠬᠤᠶᠠᠷ ᠲᠤ ᠂ ᠡᠮ ᠡᠮᠨᠡᠯᠭᠡ ᠶᠢᠨ ᠲᠥᠪᠯᠡᠷᠡᠭᠦᠯᠦᠨ ᠬᠤᠳᠠᠯᠳᠤᠨ ᠠᠪᠬᠤ ᠲᠠᠪᠴᠠᠩ ᠤᠨ ᠴᠢᠳᠠᠮᠵᠢ ᠶᠢ ᠰᠢᠯᠢᠳᠡᠭᠵᠢᠭᠦᠯᠵᠦ ᠂ ᠡᠮ ᠤᠨ ᠵᠦᠢᠯ ᠤᠨ ᠬᠤᠷᠣᠭᠳᠠᠯ | ᠮᠠᠲ᠋ᠧᠷᠢᠶᠠᠯ ᠤᠨ ︽ ᠰᠦᠯᠵᠢᠶ᠎ᠡ ᠪᠠᠷ ᠬᠤᠳᠠᠯᠳᠤᠨ ᠠᠪᠬᠤ ᠨᠣᠷᠮ᠎ᠠ ︾ ᠶᠢ ᠦᠷᠭᠦᠯᠵᠢᠯᠡᠨ ᠳᠡᠭᠡᠭᠰᠢᠯᠡᠭᠦᠯᠦᠨ᠎ᠡ ᠃ ᠭᠤᠷᠪᠠ ᠳᠤ ᠂ ᠡᠮ ᠤᠨ ᠵᠦᠢᠯ ᠢ ᠰᠦᠯᠵᠢᠶᠡᠨ ᠳᠤ | ᠭᠠᠷᠭᠠᠬᠤ ᠪᠠ ᠰᠦᠯᠵᠢᠶᠡᠨ ᠠᠴᠠ ᠪᠠᠭᠤᠯᠭᠠᠬᠤ ᠠᠵᠢᠯ ᠢ ᠵᠢᠷᠤᠮᠵᠢᠭᠤᠯᠤᠨ ᠥᠷᠨᠢᠭᠦᠯᠦᠨ᠎ᠡ ᠃ ᠳᠥᠷᠪᠡ ᠳᠤ ᠂ ᠡᠮ ᠡᠮᠨᠡᠯᠭᠡ ᠶᠢᠨ ᠦᠨ᠎ᠡ ᠪᠣᠯᠣᠨ ᠳᠠᠭᠠᠭᠠᠴᠢᠯᠠᠯᠲᠠ | ᠵᠠᠷᠯᠠᠬᠤ ᠪᠠ ᠬᠤᠳᠠᠯᠳᠤᠨ ᠠᠪᠬᠤ ᠶᠢᠨ ᠢᠲᠡᠭᠡᠮᠵᠢ ᠶᠢᠨ ᠦᠨᠡᠯᠡᠯᠲᠡ ᠶᠢ ᠰᠠᠶᠢᠲᠤᠷ ᠬᠢᠨ᠎ᠡ ᠃ | ᠲᠠᠪᠤ ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠪᠠ ᠠᠵᠢᠯ ᠤᠨ ᠪᠦᠲᠦᠮᠵᠢ ᠶᠢᠨ ᠬᠠᠮᠢᠶᠠᠷᠤᠯᠲᠠ ᠶᠢ ᠬᠡᠷᠬᠢᠨ | ᠦᠷᠭᠦᠯᠵᠢᠯᠡᠨ ᠴᠢᠩᠭᠠᠳᠬᠠᠬᠤ ᠪᠣᠶ ︖ | ︽ ᠮᠡᠳᠡᠭᠳᠡᠯ ︾ ᠳᠤ 2023 ᠣᠨ ᠳᠤ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠬᠤ | ᠬᠡᠷᠡᠭᠲᠡᠢ ᠭᠡᠵᠦ ᠴᠢᠬᠤᠯᠠᠴᠢᠯᠠᠪᠠ ᠃ ᠨᠢᠭᠡ ᠳᠤ ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠠᠮᠤᠷ ᠲᠦᠪᠰᠢᠨ ᠤ | ᠵᠢᠷᠤᠮᠵᠢᠯ ᠤᠨ ᠣᠨ ᠤ ᠠᠵᠢᠯᠯᠠᠭ᠎ᠠ ᠶᠢ ᠬᠡᠷᠡᠭᠵᠢᠭᠦᠯᠵᠦ ᠂ ᠰᠠᠭᠤᠷᠢ ᠮᠥᠩᠭᠦ ᠶᠢᠨ ᠪᠠᠶᠢᠩᠭᠤ ᠶᠢᠨ ᠬᠢᠨᠠᠯᠲᠠ ᠬᠠᠮᠢᠶᠠᠷᠤᠯᠲᠠ ᠶᠢ ᠪᠣᠳᠠᠲᠠᠶᠢᠵᠢᠭᠤᠯᠵᠤ ᠂ ᠭᠡᠨᠡᠳᠲᠡ ᠪᠠᠷ | ᠪᠠᠶᠢᠴᠠᠭᠠᠬᠤ ᠶᠢ ᠦᠷᠭᠦᠯᠵᠢᠯᠡᠨ ᠥᠷᠨᠢᠭᠦᠯᠦᠨ᠎ᠡ ᠃ ᠬᠤᠶᠠᠷ ᠲᠤ ᠂ ᠳᠠᠭᠠᠳᠬᠠᠯ ᠢ ᠮᠡᠬᠡᠯᠡᠨ ᠠᠪᠬᠤ ᠳᠤ ᠴᠣᠬᠢᠯᠲᠠ ᠥᠭᠬᠦ ᠲᠤᠰᠬᠠᠢ ᠴᠡᠭᠴᠡᠯᠡᠨ ᠵᠠᠰᠠᠯᠲᠠ ᠶᠢ | ᠭᠦᠨᠵᠡᠭᠡᠢ ᠥᠷᠨᠢᠭᠦᠯᠦᠨ᠎ᠡ ᠃ ᠭᠤᠷᠪᠠ ᠳᠤ ᠂ ᠬᠢᠨᠠᠨ ᠬᠠᠮᠢᠶᠠᠷᠬᠤ ᠡᠩᠨᠡᠭᠡ ᠪᠣᠯᠣᠨ ᠬᠢᠨᠠᠨ ᠬᠠᠮᠢᠶᠠᠷᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ ᠂ | ᠨᠡᠶᠢᠲᠡᠯᠢᠭ ᠬᠡᠷᠡᠭ ᠤᠨ ᠵᠢᠱᠢᠶ᠎ᠡ ᠶᠢ ᠢᠯᠡᠴᠢᠯᠡᠬᠦ ᠡᠷᠴᠢᠮ ᠢ ᠴᠢᠩᠭᠠᠷᠠᠭᠤᠯᠵᠤ ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠨ ᠬᠠᠮᠢᠶᠠᠷᠤᠯᠲᠠ ᠶᠢᠨ | ᠬᠦᠷᠢᠶᠡᠨ ᠳᠠᠬᠢ ᠴᠢᠬᠡᠴᠢ ᠰᠣᠶᠣᠯ ᠤᠨ ᠪᠠᠶᠢᠭᠤᠯᠤᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢ ᠥᠷᠨᠢᠭᠦᠯᠦᠨ᠎ᠡ ᠃ ᠳᠥᠷᠪᠡ ᠳᠤ ᠂ ᠡᠮᠴᠢᠯᠡᠭᠡᠨ ᠤ ᠳᠠᠭᠠᠳᠬᠠᠯ ᠤᠨ | ᠰᠠᠭᠤᠷᠢ ᠮᠥᠩᠭᠦᠨ ᠤ ᠲᠥᠰᠥᠪ ᠤᠨ ᠬᠠᠮᠢᠶᠠᠷᠤᠯᠲᠠ ᠶᠢ ᠴᠢᠩᠭᠠᠳᠬᠠᠵᠤ ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦᠨ ᠤ ᠲᠥᠰᠥᠪ ᠤᠨ ᠪᠦᠲᠦᠮᠵᠢ ᠶᠢᠨ | ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠦᠨ᠎ᠡ ᠃ | ᠵᠢᠷᠭᠤᠭ᠎ᠠ ᠂ ᠭᠠᠷᠲᠠᠨ ᠭᠦᠢᠴᠡᠳᠬᠡᠬᠦ ᠬᠠᠮᠢᠶᠠᠷᠤᠯᠲᠠ ᠦᠢᠯᠡᠴᠢᠯᠡᠭᠡᠨ ᠤ ᠲᠦᠪᠰᠢᠨ ᠢ ᠬᠡᠷᠬᠢᠨ ᠦᠷᠭᠦᠯᠵᠢᠯᠡᠨ ᠳᠡᠭᠡᠭᠰᠢᠯᠡᠭᠦᠯᠬᠦ ᠪᠣᠶ ︖ | ︽ ᠮᠡᠳᠡᠭᠳᠡᠯ ︾ ᠳᠤ ᠭᠠᠷᠲᠠᠨ ᠭᠦᠢᠴᠡᠳᠬᠡᠬᠦ ᠬᠠᠮᠢᠶᠠᠷᠤᠯᠲᠠ ᠦᠢᠯᠡᠴᠢᠯᠡᠭᠡ ᠶᠢ ᠳᠥᠷᠪᠡᠨ ᠲᠠᠯ᠎ᠠ ᠪᠠᠷ ᠱᠠᠭᠠᠷᠳᠠᠪᠠ ᠂ ᠨᠢᠭᠡ ᠳᠤ ᠂ ᠡᠮᠴᠢᠯᠡᠭᠡᠨ ᠤ ᠳᠠᠭᠠᠳᠬᠠᠯ ᠤᠨ | ᠭᠠᠷᠲᠠᠨ ᠭᠦᠢᠴᠡᠳᠬᠡᠬᠦ ᠦᠢᠯᠡᠴᠢᠯᠡᠭᠡᠨ ᠤ ᠲᠣᠭᠲᠠᠯᠴᠠᠭ᠎ᠠ ᠶᠢ ᠪᠦᠷᠢᠨᠰᠢᠭᠦᠯᠵᠦ ᠂ ᠦᠢᠯᠡᠴᠢᠯᠡᠭᠡ ᠶᠢ ᠳᠣᠷᠣᠭᠰᠢ ᠪᠠᠭᠤᠯᠭᠠᠬᠤ ᠶᠢ ᠶᠡᠭᠡ ᠪᠠᠷ ᠠᠬᠢᠭᠤᠯᠵᠤ ᠂ | ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠬᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠲᠣᠳᠣᠷᠬᠠᠢ ᠬᠠᠭᠤᠳᠠᠰᠤ ᠪᠠ ᠠᠵᠢᠯᠯᠠᠭᠠᠨ ᠤ | ᠵᠢᠷᠤᠮᠵᠢᠯ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ ᠂ ᠪᠠᠷᠢᠮᠵᠢᠶᠠᠵᠢᠭᠤᠯᠤᠨ ᠵᠢᠷᠤᠮᠵᠢᠭᠤᠯᠬᠤ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ ᠃ | ᠬᠤᠶᠠᠷ ᠲᠤ ᠂ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠬᠠᠮᠢᠶᠠᠷᠤᠯᠲᠠ ᠶᠢᠨ ᠭᠠᠷᠲᠠᠨ ᠭᠦᠢᠴᠡᠳᠬᠡᠬᠦ ᠳᠦᠷᠢᠮ ᠢ ᠨᠠᠶᠢᠳᠠᠪᠤᠷᠢᠵᠢᠭᠤᠯᠵᠤ ᠂ | ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠶᠢ ᠰᠠᠶᠢᠲᠤᠷ ᠳᠠᠶᠢᠴᠢᠯᠠᠵᠤ ᠂ ᠣᠯᠠᠨ ᠲᠦᠮᠡᠨ ᠤ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ | ᠢᠳᠡᠪᠬᠢᠵᠢᠯ ᠢ ᠳᠠᠶᠢᠴᠢᠯᠠᠨ ᠂ ᠳᠠᠬᠢᠨ ᠳᠠᠪᠲᠠᠨ ᠳᠠᠭᠠᠳᠬᠠᠯ ᠳᠤ ᠣᠷᠣᠯᠴᠠᠭᠰᠠᠨ ᠳ᠋ᠠᠶᠢᠲ᠋ᠠ ᠶᠢᠨ ᠵᠠᠰᠠᠯᠲᠠ ᠶᠢ ᠦᠷᠭᠦᠯᠵᠢᠯᠡᠨ ᠥᠷᠨᠢᠭᠦᠯᠦᠨ᠎ᠡ ᠃ ᠭᠤᠷᠪᠠ ᠳᠤ ᠂ | ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠨᠢᠭᠡ ᠪᠦᠯᠦᠭ ᠠᠷᠭ᠎ᠠ ᠬᠡᠮᠵᠢᠶ᠎ᠡ ᠶᠢ ᠬᠡᠷᠡᠭᠵᠢᠭᠦᠯᠵᠦ ᠂ ᠡᠮᠴᠢᠯᠡᠭᠡᠨ ᠤ | ᠳᠠᠭᠠᠳᠬᠠᠯ ᠤᠨ ᠬᠠᠷᠢᠴᠠᠭ᠎ᠠ ᠶᠢ ᠰᠢᠯᠵᠢᠭᠦᠯᠦᠨ ᠦᠷᠭᠦᠯᠵᠢᠯᠡᠭᠦᠯᠬᠦ ︽ ᠮᠤᠵᠢ ᠠᠯᠤᠰᠯᠠᠨ ᠨᠡᠶᠢᠳᠡᠮ ᠭᠦᠢᠴᠡᠳᠬᠡᠬᠦ ︾ ᠶᠢ ᠦᠷᠭᠦᠯᠵᠢᠯᠡᠨ ᠰᠢᠯᠢᠳᠡᠭᠵᠢᠭᠦᠯᠵᠦ ᠂ | ᠡᠮᠨᠡᠯᠭᠡ ᠳᠤ ᠰᠠᠭᠤᠬᠤ ᠵᠠᠷᠤᠳᠠᠯ ᠢ ᠮᠤᠵᠢ ᠠᠯᠤᠰᠯᠠᠨ ᠰᠢᠭᠤᠳ ᠳ᠋ᠦᠩᠨᠡᠨ ᠪᠤᠳᠤᠬᠤ ᠨᠣᠷᠮ᠎ᠠ ᠶᠢ ᠯᠠᠪᠳᠠᠭᠤᠨ ᠢᠶᠠᠷ ᠳᠡᠭᠡᠭᠰᠢᠯᠡᠭᠦᠯᠵᠦ ᠂ 5 ᠵᠦᠢᠯ ᠤᠨ ᠡᠭᠦᠳᠡᠨ | ᠡᠮᠨᠡᠯᠭᠡ ᠶᠢᠨ ᠤᠳᠠᠭᠠᠨ ᠴᠢᠨᠠᠷᠲᠠᠢ ᠣᠨᠴᠠ ᠡᠪᠡᠳᠴᠢᠨ ᠤ ᠵᠠᠷᠤᠳᠠᠯ ᠢ ᠮᠤᠵᠢ ᠠᠯᠤᠰᠯᠠᠨ ᠰᠢᠭᠤᠳ ᠳ᠋ᠦᠩᠨᠡᠨ ᠪᠤᠳᠤᠬᠤ ᠶᠢ ᠰᠢᠶᠠᠨ ᠤ ᠬᠡᠪᠴᠢᠶᠡᠨ ᠳᠤ ᠬᠦᠷᠭᠡᠬᠦ ᠶᠢ | ᠠᠬᠢᠭᠤᠯᠤᠨ᠎ᠠ ᠃ ᠳᠥᠷᠪᠡ ᠳᠤ ᠂ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠬᠡᠬᠦ ᠰᠢᠰᠲ᠋ᠧᠮ ᠤᠨ ᠰᠣᠷᠢᠯᠲᠠ ᠪᠠᠷ ᠳᠠᠮᠵᠢᠭᠤᠯᠤᠨ ᠂ ᠭᠠᠷᠲᠠᠨ ᠭᠦᠢᠴᠡᠳᠬᠡᠬᠦ | ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠦᠨ᠎ᠡ ᠃ ᠡᠭᠦᠨ ᠠᠴᠠ ᠭᠠᠳᠠᠨ᠎ᠠ ᠂ ᠡᠮᠴᠢᠯᠡᠭᠡᠨ ᠤ ᠳᠠᠭᠠᠳᠬᠠᠯ ᠤᠨ ᠮᠡᠳᠡᠭᠡᠯᠡᠯ ᠤᠨ ᠲᠠᠪᠴᠠᠩ ᠪᠠ ᠳ᠋ᠠᠶᠢᠲ᠋ᠠ ᠶᠢᠨ | ᠬᠡᠷᠡᠭᠯᠡᠯᠲᠡ ᠶᠢ ᠭᠦᠨᠵᠡᠭᠡᠶᠢᠷᠡᠭᠦᠯᠬᠦ ᠲᠠᠯ᠎ᠠ ᠪᠠᠷ ᠂ ︽ ᠮᠡᠳᠡᠭᠳᠡᠯ ︾ ᠳᠤ ᠪᠠᠰᠠ ᠪᠥᠬᠦ ᠤᠯᠤᠰ ᠤᠨ ᠨᠢᠭᠡᠳᠦᠯᠲᠡᠢ ᠡᠮᠴᠢᠯᠡᠭᠡᠨ ᠤ ᠳᠠᠭᠠᠳᠬᠠᠯ ᠤᠨ ᠮᠡᠳᠡᠭᠡᠯᠡᠯ ᠤᠨ | ᠲᠠᠪᠴᠠᠩ ᠳᠤ ᠲᠦᠰᠢᠭᠯᠡᠨ ᠂ ᠡᠮᠴᠢᠯᠡᠭᠡᠨ ᠤ ᠳᠠᠭᠠᠳᠬᠠᠯ ᠤᠨ ᠡᠯᠧᠺᠳ᠋ᠷᠣᠨ ᠪᠠᠷᠢᠮᠲᠠ ᠂ ᠰᠢᠯᠵᠢᠮᠡᠯ ᠲᠣᠭᠠᠴᠠᠭ᠎ᠠ ᠵᠡᠷᠭᠡ ᠠᠷᠠᠳ ᠲᠤ ᠲᠥᠬᠦᠮ ᠦᠵᠡᠭᠦᠯᠬᠦ | ᠦᠢᠯᠡᠴᠢᠯᠡᠭᠡᠨ ᠤ ᠬᠡᠷᠡᠭᠯᠡᠯᠲᠡ ᠶᠢ ᠭᠦᠨᠵᠡᠭᠡᠶᠢᠷᠡᠭᠦᠯᠵᠦ ᠂ ᠡᠮᠴᠢᠯᠡᠭᠡᠨ ᠤ ᠳᠠᠭᠠᠳᠬᠠᠯ ᠤᠨ ᠳ᠋ᠠᠶᠢᠲ᠋ᠠ ᠶᠢᠨ ᠰᠠᠭᠤᠷᠢ ᠳᠦᠷᠢᠮ ᠤᠨ ᠲᠣᠭᠲᠠᠯᠴᠠᠭ᠎ᠠ ᠶᠢᠨ | ᠪᠠᠶᠢᠭᠤᠯᠤᠯᠲᠠ ᠶᠢ ᠠᠬᠢᠭᠤᠯᠵᠤ ᠂ ᠳ᠋ᠠᠶᠢᠲ᠋ᠠ ᠪᠠᠷ ᠡᠮᠴᠢᠯᠡᠭᠡᠨ ᠤ ᠳᠠᠭᠠᠳᠬᠠᠯ ᠤᠨ ᠬᠠᠮᠢᠶᠠᠷᠤᠯᠲᠠ ᠂ ᠦᠢᠯᠡᠴᠢᠯᠡᠭᠡ ᠂ ᠥᠭᠡᠷᠡᠴᠢᠯᠡᠯᠲᠡ ᠳᠤ ᠬᠦᠴᠦᠨ ᠨᠡᠮᠡᠷᠢᠯᠡᠬᠦ ᠶᠢ | ᠴᠢᠩᠭᠠᠳᠬᠠᠬᠤ ᠬᠡᠷᠡᠭᠲᠡᠢ ᠭᠡᠵᠦ ᠱᠠᠭᠠᠷᠳᠠᠪᠠ ᠃ | ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠦᠨᠡᠨ ᠬᠦ ᠰᠠᠶᠢᠲᠤᠷ ᠠᠳᠬᠤᠬᠤ ᠶᠢᠨ ᠲᠥᠯᠥᠭᠡ ᠂ ︽ ᠮᠡᠳᠡᠭᠳᠡᠯ ︾ ᠳᠤ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠳ ᠲᠤ ᠠᠵᠢᠯ ᠤᠨ ᠱᠠᠭᠠᠷᠳᠠᠯᠭ᠎ᠠ ᠳᠤᠷᠠᠳᠴᠤ ᠂ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ ᠂ ᠰᠠᠯᠠᠭ᠎ᠠ ᠮᠥᠴᠢᠷ ᠤᠳ | ᠬᠠᠮᠵᠢᠯᠴᠠᠭ᠎ᠠ ᠪᠠᠨ ᠴᠢᠩᠭᠠᠳᠬᠠᠨ ᠂ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠨ ᠪᠦᠲᠦᠮᠵᠢ ᠣᠯᠬᠤ ᠶᠢ ᠦᠨᠡᠨ ᠬᠦ ᠪᠠᠲᠤᠯᠠᠵᠤ ᠂ ᠡᠮᠴᠢᠯᠡᠭᠡᠨ ᠤ ᠳᠠᠭᠠᠳᠬᠠᠯ ᠤᠨ ᠴᠢᠨᠠᠷ ᠰᠠᠶᠢᠲᠠᠢ ᠬᠥᠭᠵᠢᠯᠲᠡ ᠶᠢᠨ ᠦᠷ᠎ᠡ ᠪᠦᠲᠦᠭᠡᠯ ᠢᠶᠠᠷ | ᠳᠠᠭᠠᠳᠬᠠᠯ ᠳᠤ ᠣᠷᠣᠯᠴᠠᠭᠰᠠᠳ ᠲᠤ ᠨᠠᠩ ᠰᠠᠶᠢᠨ ᠠᠰᠢᠭ ᠬᠦᠷᠲᠡᠭᠡᠬᠦ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ ᠃ | | | |