| | | ᠮᠠᠯᠤᠷ ᠥᠲᠡᠭᠡ ᠪᠣᠯ ᠳᠡᠯᠡᠬᠡᠢ ᠳᠡᠭᠡᠷᠡᠬᠢ ᠬᠠᠮᠤᠭ ᠤᠨ ᠬᠤᠪᠣᠷ ᠨᠠᠨᠳᠢᠨ ᠠᠮᠢᠲᠠᠨ ᠤ ᠨᠢᠭᠡ ᠪᠣᠯᠣᠨ᠎ᠠ ᠂ ᠲᠤᠭ᠎ᠠ ᠬᠡᠮᠵᠢᠶ᠎ᠡ ᠨᠢ ᠮᠠᠰᠢ ᠴᠥᠭᠡᠨ ᠂ ᠤᠯᠤᠰ ᠤᠨ | ᠨᠢᠭᠡᠳᠦᠭᠡᠷ ᠳᠡᠰ ᠤᠨ ᠬᠠᠮᠠᠭᠠᠯᠠᠯᠲᠠ ᠶᠢᠨ ᠠᠮᠢᠲᠠᠨ ᠳᠤ ᠬᠠᠷᠢᠶᠠᠯᠠᠭᠳᠠᠨ᠎ᠠ ᠃ ︽ ᠳᠤᠮᠳᠠᠳᠤ ᠤᠯᠤᠰ ᠤᠨ ᠤᠯᠤᠰ ᠤᠨ ᠡᠷᠳᠡᠨᠢ ︾ ᠬᠡᠮᠡᠭᠳᠡᠳᠡᠭ ᠃ ᠮᠠᠯᠤᠷ ᠦᠲᠡᠭᠡ | ᠪᠣᠯ ᠳᠤᠮᠳᠠᠳᠤ ᠤᠯᠤᠰ ᠲᠤ ᠣᠨᠴᠠ ᠪᠠᠶᠢᠳᠠᠭ ᠳᠦᠷᠰᠦ ᠶᠢᠨ ᠲᠦᠷᠦᠯ ᠪᠣᠯᠣᠨ᠎ᠠ ᠂ ᠳᠤᠮᠳᠠᠳᠤ ᠤᠯᠤᠰ ᠤᠨ ᠰᠧᠴᠤᠸᠠᠨ ᠂ ᠱᠠᠨᠰᠢ ᠵᠡᠷᠭᠡ ᠠᠭᠤᠯᠠᠷᠬᠠᠭ ᠣᠷᠣᠨ ᠳᠤ | ᠣᠷᠣᠩᠨᠠᠨ ᠠᠮᠢᠳᠤᠷᠠᠵᠤ ᠪᠠᠶᠢᠨ᠎ᠠ ᠃ | ᠨᠠᠰᠤᠨ ᠳᠤ ᠬᠦᠷᠦᠭᠰᠡᠨ ᠮᠠᠯᠤᠷ ᠥᠲᠡᠭᠡ ᠶᠢᠨ ᠪᠡᠶ᠎ᠡ ᠶᠢᠨ ᠥᠨᠳᠥᠷ ᠨᠢ ᠪᠠᠷᠤᠭ 120 ~ 190 ᠰᠠᠨᠲ᠋ᠢᠮᠧᠳ᠋ᠷ ᠂ ᠪᠡᠶ᠎ᠡ ᠶᠢᠨ ᠬᠦᠨᠳᠦ ᠨᠢ 85 ~ 125 | ᠺᠢᠯᠣᠭ᠍ᠷᠠᠮ ᠪᠠᠶᠢᠵᠤ ᠂ ᠬᠤᠯᠤᠰᠤ ᠪᠠᠷ ᠢᠳᠡᠰᠢ ᠪᠣᠯᠭᠠᠳᠠᠭ ᠃ ᠪᠠᠰᠠ ᠠᠯᠮᠤᠷᠠᠳ ᠢᠳᠡᠬᠦ ᠮᠠᠰᠢ ᠳᠤᠷᠠᠲᠠᠢ ᠃ ᠭᠤᠷᠤᠬ᠎ᠠ ᠶᠢᠨ ᠤᠶᠢᠷᠠᠯᠴᠠᠭ᠎ᠠ ᠣᠷᠣᠩᠨᠠᠨ ᠠᠮᠢᠳᠤᠷᠠᠵᠤ ᠂ | ᠴᠡᠪᠡᠷ ᠪᠤᠯᠠᠭ ᠤᠨ ᠤᠰᠤ ᠶᠢ ᠤᠤᠭᠤᠳᠠᠭ ᠃ ᠮᠠᠯᠤᠷ ᠦᠲᠡᠭᠡ ᠲᠣᠮᠣ ᠲᠠᠷᠭᠤᠨ ᠪᠡᠶ᠎ᠡ ᠲᠠᠢ ᠂ ᠲᠣᠯᠣᠭᠠᠢ ᠨᠢ ᠪᠥᠭᠡᠷᠡᠩᠬᠡᠢ ᠰᠡᠭᠦᠯ ᠨᠢ ᠣᠬᠤᠷ ᠂ ᠬᠠᠷ᠎ᠠ ᠴᠠᠭᠠᠨ ᠪᠤᠶᠤ | ᠬᠦᠷᠡᠩ ᠴᠠᠭᠠᠨ ᠠᠯᠠᠭᠯᠠᠭᠰᠠᠨ ᠦᠰᠦ ᠲᠠᠢ ᠂ ᠮᠠᠰᠢ ᠬᠥᠭᠡᠷᠦᠬᠦᠨ ᠂ ᠬᠥᠮᠥᠰ ᠤᠨ ᠪᠠᠭ᠋ᠠᠷᠬᠠᠯ ᠢ ᠶᠡᠬᠡᠳᠡ ᠲᠠᠲᠠᠳᠠᠭ ᠃ 1961 ᠣᠨ ᠳᠤ ᠳᠡᠯᠡᠬᠡᠢ ᠶᠢᠨ | ᠪᠠᠶᠢᠭᠠᠯᠢ ᠶᠢᠨ ᠰᠠᠭᠤᠷᠢ ᠮᠥᠩᠭᠦᠨ ᠤ ᠨᠡᠶᠢᠭᠡᠮᠯᠢᠭ ᠪᠠᠶᠢᠭᠤᠯᠤᠭᠳᠠᠭᠰᠠᠨ ᠪᠡᠯᠭᠡ ᠳᠡᠮᠪᠡᠷᠢᠯ ᠤᠨ ᠠᠮᠢᠲᠠᠨ ᠪᠣᠯᠤᠭᠰᠠᠨ ᠪᠠᠶᠢᠨ᠎ᠠ ᠃ | ᠣᠳᠣᠬᠠᠨ ᠳᠤ ᠂ ᠮᠠᠯᠤᠷ ᠦᠲᠡᠭᠡ ᠮᠦᠬᠦᠬᠦ ᠲᠦᠭᠰᠢᠭᠦᠷᠢ ᠳᠤ ᠲᠤᠯᠭᠠᠷᠠᠵᠤ ᠂ ᠪᠥᠬᠦ ᠳᠡᠯᠡᠬᠡᠢ ᠳᠤ 1900 ᠭᠠᠷᠤᠢ ᠯᠠ ᠦᠯᠡᠳᠡᠵᠦ ᠪᠠᠶᠢᠨ᠎ᠠ ᠃ ᠮᠠᠯᠤᠷ | ᠥᠲᠡᠭᠡ ᠶᠢ ᠬᠠᠮᠠᠭᠠᠯᠠᠬᠤ ᠡᠯᠴᠢᠨ ᠠᠴᠠ ᠮᠠᠯᠤᠷ ᠦᠲᠡᠭᠡ ᠶᠢ ᠬᠠᠮᠠᠭᠠᠯᠠᠬᠤ ᠶᠢ ᠶᠡᠬᠡᠪᠡᠷ ᠤᠷᠢᠶᠠᠯᠠᠵᠤ ᠪᠠᠶᠢᠨ᠎ᠠ ᠃ | | | ᠣᠳᠣ ᠪᠠᠶᠢᠭ᠎ᠠ ᠲᠣᠮᠣ ᠮᠠᠯᠤᠷ ᠦᠳᠡᠭᠡ ᠶᠢᠨ ᠦᠩᠭᠡ ᠨᠢ ᠭᠤᠷᠪᠠᠨ ᠵᠦᠢᠯ ᠪᠣᠢ ᠄ ᠬᠠᠷ᠎ᠠ ᠴᠠᠭᠠᠨ ᠂ ᠬᠦᠷᠡᠩ ᠴᠠᠭᠠᠨ ᠂ ᠴᠠᠭᠠᠨ ᠦᠩᠭᠡᠲᠡᠢ ᠃ | |