ᠮᠣᠩᠭᠤᠯ ᠦᠨᠳᠦᠰᠦᠲᠡᠨ ᠤ ᠮᠣᠷᠢᠨ ᠬᠤᠭᠤᠷ ᠤᠨ ᠭᠦᠭᠵᠢᠮ
ᠨᠡᠶᠢᠲᠡᠯᠡᠭᠰᠡᠨ ᠴᠠᠭ᠄
2023/9/20
       ᠮᠣᠷᠢᠨ ᠬᠤᠭᠤᠷ ᠪᠣᠯ ᠮᠣᠩᠭᠤᠯ ᠦᠨᠳᠦᠰᠦᠲᠡᠨ ᠤ ᠳᠠᠭᠤᠤ ᠬᠥᠭᠵᠢᠮ ᠤᠨ ᠰᠣᠶᠣᠯ ᠤᠨ ᠨᠡᠶᠢᠲᠡᠯᠢᠭ ᠲᠥᠯᠥᠭᠡᠯᠡᠭᠴᠢ ᠮᠥᠨ᠂ ᠲᠡᠭᠦᠨ ᠤ ᠳᠦᠷᠰᠦ ᠪᠦᠲᠦᠭᠡᠯᠲᠡ᠂ ᠦᠢᠯᠡᠳᠬᠦ ᠮᠠᠲ᠋ᠧᠷᠢᠶᠠᠯ᠂ ᠠᠪᠢᠶᠠᠨ ᠤ ᠥᠩᠭᠡ᠂ ᠬᠥᠭᠵᠢᠮ ᠤᠨ ᠢᠯᠡᠷᠡᠭᠦᠯᠦᠯ ᠤᠨ ᠬᠡᠪ ᠨᠠᠮᠪᠠ ᠪᠠ ᠬᠥᠭᠵᠢᠮᠳᠡᠬᠦ ᠠᠷᠭ᠎ᠠ ᠨᠢ ᠴᠥᠮ ᠮᠣᠩᠭᠤᠯ ᠦᠨᠳᠦᠰᠦᠲᠡᠨ ᠤ ᠵᠠᠩ ᠴᠢᠨᠠᠷ ᠤᠨ ᠠᠭᠤᠯᠬᠤᠨ ᠢ ᠬᠠᠷᠠᠭᠤᠯᠵᠤ᠂ ᠮᠣᠩᠭᠤᠯ ᠦᠨᠳᠦᠰᠦᠲᠡᠨ ᠤ ᠨᠡᠭᠦᠳᠡᠯ ᠠᠮᠢᠳᠤᠷᠠᠯ ᠤᠨ ᠲᠡᠦᠬᠡᠨ ᠬᠡᠯᠪᠡᠷᠢ ᠪᠠᠶᠢᠳᠠᠯ ᠢ ᠭᠦᠢᠴᠡᠳ ᠲᠤᠰᠬᠠᠵᠤ᠂ ᠮᠣᠩᠭᠤᠯ ᠦᠨᠳᠦᠰᠦᠲᠡᠨ ᠤ ᠪᠠᠶᠢᠭᠠᠯᠢ ᠶᠢᠨ ᠭᠦᠨ ᠤᠬᠠᠭᠠᠨ ᠤ ᠰᠢᠨᠵᠢ ᠶᠢᠨ ᠲᠤᠬᠠᠢ ᠪᠣᠳᠣᠯᠬᠢᠯᠠᠯ ᠪᠠ ᠣᠶᠢᠯᠠᠭᠠᠯᠲᠠ ᠶᠢ ᠢᠯᠡᠳᠬᠡᠵᠦ ᠪᠠᠶᠢᠳᠠᠭ᠃ ᠮᠣᠷᠢᠨ ᠬᠤᠭᠤᠷ ᠢ ᠵᠠᠷᠢᠮ ᠠᠯᠪᠠᠨ ᠶᠣᠰᠣᠨ ᠤ ᠪᠠ ᠦᠪᠡᠳᠡᠭᠰᠢ ᠶᠡᠭᠡ ᠲᠠᠯᠠᠪᠤᠷ ᠲᠤ ᠬᠥᠭᠵᠢᠮᠳᠡᠬᠦ ᠪᠠᠷ ᠪᠠᠷᠠᠬᠤ ᠦᠭᠡᠢ᠂ ᠪᠠᠰᠠ ᠠᠷᠠᠳ ᠤᠨ ᠬᠤᠷᠢᠮ ᠤᠨ ᠶᠣᠰᠣᠯᠠᠯ ᠪᠠ ᠲᠥᠷᠥᠯ ᠰᠠᠳᠤᠨ ᠨᠠᠶᠢᠵᠠ ᠨᠥᠬᠦᠳ ᠤᠨ ᠴᠤᠭᠯᠠᠭᠠᠨ ᠵᠡᠷᠭᠡ ᠡᠳᠦᠷ ᠲᠤᠲᠤᠮ ᠤᠨ ᠠᠵᠢᠯᠯᠠᠭ᠎ᠠ ᠳᠤ ᠴᠤ ᠲᠣᠭᠯᠠᠳᠠᠭ᠃ ᠳᠠᠭᠤᠤ ᠬᠥᠭᠵᠢᠮ ᠳᠤ ᠬᠠᠪᠰᠤᠷᠭᠠᠵᠤ ᠪᠣᠯᠬᠤ ᠮᠥᠷᠲᠡᠭᠡᠨ ᠪᠠᠰᠠ ᠭᠤᠴᠣᠯᠠᠯ ᠬᠥᠭᠵᠢᠮ ᠤᠨ ᠭᠠᠷᠴᠠᠭ ᠢ ᠬᠥᠭᠵᠢᠮᠳᠡᠵᠦ ᠪᠣᠯᠣᠨ᠎ᠠ᠃ ᠮᠣᠷᠢᠨ ᠬᠤᠭᠤᠷ ᠨᠢ ᠮᠣᠩᠭᠤᠯ ᠦᠨᠳᠦᠰᠦᠲᠡᠨ ᠤ ᠰᠣᠶᠣᠯ ᠳᠤ ᠲᠦᠢᠯ ᠢᠶᠠᠷ ᠬᠦᠨᠳᠦᠳᠬᠡᠭᠳᠡᠵᠦ᠂ ᠮᠣᠩᠭᠤᠯ ᠦᠨᠳᠦᠰᠦᠲᠡᠨ ᠤ ᠰᠣᠶᠣᠯ ᠤᠨ ᠲᠦᠢᠯ ᠤᠨ ᠴᠢᠬᠤᠯᠠ ᠢᠯᠡᠷᠡᠭᠦᠯᠦᠯ ᠤᠨ ᠬᠡᠯᠪᠡᠷᠢ ᠪᠣᠯᠤᠭᠰᠠᠨ ᠪᠠᠶᠢᠨ᠎ᠠ᠃
马头琴.webp.jpg
ᠢᠷᠡᠯᠲᠡ᠄ ᠠᠷᠠᠳ ᠤᠨ ᠰᠦᠯᠵᠢᠶ᠎ᠡ