| ᠰᠢᠨᠬᠤᠸᠠ ᠬᠤᠷᠢᠶᠠᠨ ᠤ ᠪᠡᠭᠡᠵᠢᠩ ᠤᠨ 9 ᠳ᠋ᠦ᠋ᠭᠡᠷ ᠰᠠᠷ᠎ᠠ ᠶᠢᠨ 20 ᠤ ᠡᠳᠦᠷ ᠤᠨ ᠴᠠᠬᠢᠯᠭᠠᠨ ᠮᠡᠳᠡᠭᠡ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ | ᠰᠠᠶᠢᠳ ᠯᠢ ᠴᠢᠶᠠᠩ 9 ᠳ᠋ᠦ᠋ᠭᠡᠷ ᠰᠠᠷ᠎ᠠ ᠶᠢᠨ 20 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ ᠂ ᠰᠢᠨ᠎ᠡ | ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠲᠦᠷᠭᠡᠳᠬᠡᠨ ᠠᠬᠢᠭᠤᠯᠬᠤ ᠲᠤᠬᠠᠢ ᠬᠤᠯᠪᠣᠭᠳᠠᠯ ᠪᠦᠬᠦᠢ ᠠᠵᠢᠯ ᠢ ᠰᠤᠳᠤᠯᠵᠤ ᠂ ︽ ᠠᠵᠤ ᠠᠬᠤᠶᠢᠯᠠᠯ ᠳᠤ | ᠥᠷᠢᠲᠦᠵᠦ ᠪᠠᠶᠢᠭ᠎ᠠ ᠳᠠᠩᠰᠠ ᠶᠢ ᠴᠠᠶᠢᠷᠠᠭᠤᠯᠬᠤ ᠲᠤᠰᠬᠠᠢ ᠠᠵᠢᠯᠯᠠᠭᠠᠨ ᠤ ᠲᠥᠰᠥᠯ ︾ ᠢ ᠬᠢᠨᠠᠨ ᠪᠠᠲᠤᠯᠠᠵᠤ ᠂ ᠠᠵᠤ ᠠᠬᠤᠢ ᠶᠢᠨ ᠦᠷᠭᠦᠯᠵᠢᠯᠡᠨ ᠰᠠᠶᠢᠵᠢᠷᠠᠬᠤ ᠶᠢ | ᠠᠬᠢᠭᠤᠯᠬᠤ ᠶᠢ ᠰᠢᠮᠳᠠᠭᠤᠯᠤᠨ ᠪᠠᠶᠢᠴᠠᠭᠠᠵᠤ ᠰᠤᠳᠤᠯᠤᠭᠰᠠᠨ ᠪᠠᠶᠢᠳᠠᠯ ᠤᠨ ᠮᠡᠳᠡᠭᠦᠯᠦᠯᠲᠡ ᠶᠢ ᠰᠣᠨᠣᠰᠴᠤ ᠂ ︽ ᠨᠠᠰᠤᠨ ᠳᠤ ᠥᠯᠥ ᠭᠦᠷᠦᠭᠰᠡᠳ ᠤᠨ ᠰᠦᠯᠵᠢᠶᠡᠨ ᠤ | ᠬᠠᠮᠠᠭᠠᠯᠠᠯᠲᠠ ᠶᠢᠨ ᠳᠦᠷᠢᠮ ︵ ᠲᠥᠰᠥᠯ ︶ ︾ ᠢ ᠬᠢᠨᠠᠨ ᠪᠠᠲᠤᠯᠠᠪᠠ ᠃ | ᠬᠤᠷᠠᠯ ᠳᠡᠭᠡᠷ᠎ᠡ ᠂ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠠᠬᠢᠭᠤᠯᠬᠤ ᠲᠤᠬᠠᠢ ᠴᠢᠬᠤᠯᠠ ᠥᠭᠦᠯᠡᠯᠲᠡ ᠶᠢ | ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ᠤᠯᠤᠰ ᠤᠨ ᠳᠣᠲᠣᠭᠠᠳᠤ ᠭᠠᠳᠠᠭᠠᠳᠤ ᠶᠢᠨ ᠪᠠᠶᠢᠳᠠᠯ ᠤᠨ ᠬᠤᠪᠢᠷᠠᠯᠲᠠ ᠪᠣᠯᠣᠨ ᠮᠠᠨ ᠤ ᠤᠯᠤᠰ ᠤᠨ ᠰᠢᠨ᠎ᠡ | ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠱᠠᠲᠤᠴᠢ ᠴᠢᠨᠠᠷᠲᠠᠢ ᠣᠨᠴᠠᠯᠢᠭ ᠢ ᠭᠦᠨᠵᠡᠭᠡᠢ ᠵᠠᠳᠠᠯᠤᠨ ᠡᠵᠡᠮᠳᠡᠵᠦ ᠂ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ | ᠯᠠᠪᠳᠠᠭᠤᠨ ᠪᠠᠲᠤᠲᠠᠢ ᠰᠠᠶᠢᠲᠤᠷ ᠬᠢᠵᠦ ᠂ ᠠᠵᠤ ᠦᠢᠯᠡᠳᠪᠦᠷᠢ ᠶᠢᠨ ᠬᠥᠭᠵᠢᠯᠲᠡ ᠶᠢᠨ ᠶᠠᠰᠤ ᠴᠢᠨᠠᠷ ᠂ ᠦᠷ᠎ᠡ ᠠᠰᠢᠭ ᠬᠢᠭᠡᠳ ᠳᠡᠯᠡᠬᠡᠢ ᠳᠡᠭᠡᠷᠡᠬᠢ ᠥᠷᠢᠰᠦᠯᠳᠦᠬᠦ | ᠬᠦᠴᠦᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ ᠃ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠲᠡᠰ ᠳᠡᠪᠰᠢᠭᠦᠯᠬᠦ ᠶᠢ ᠠᠬᠢᠭᠤᠯᠬᠤ ᠪᠠ ᠪᠠᠶᠢᠯᠳᠤᠬᠤ | ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠬᠤ ᠶᠢ ᠵᠡᠷᠭᠡ ᠳᠤ ᠨᠢ ᠠᠳᠬᠤᠬᠤ ᠶᠢ ᠪᠠᠷᠢᠮᠲᠠᠯᠠᠵᠤ ᠂ | ᠲᠡᠷᠢᠭᠦᠨ ᠤ ᠦᠢᠯᠡᠳᠬᠡᠯ ᠤᠨ ᠦᠢᠯᠡᠰ ᠢ ᠲᠦᠷᠭᠡᠳᠬᠡᠨ ᠬᠥᠭᠵᠢᠭᠦᠯᠵᠦ ᠂ ᠲᠣᠭᠠᠴᠢᠯᠠᠭᠰᠠᠨ ᠠᠵᠤ ᠦᠢᠯᠡᠰᠵᠢᠯᠲᠡ ᠪᠠ ᠠᠵᠤ ᠦᠢᠯᠡᠰ ᠤᠨ ᠲᠣᠭᠠᠴᠢᠯᠠᠯᠲᠠ ᠶᠢ | ᠬᠠᠮᠵᠢᠯᠴᠠᠭᠤᠯᠤᠨ ᠠᠬᠢᠭᠤᠯᠵᠤ ᠂ ᠳᠤᠲᠠᠭᠳᠠᠯ ᠢ ᠨᠥᠬᠦᠪᠦᠷᠢᠯᠡᠨ ᠂ ᠳᠠᠪᠠᠭᠤᠯᠢᠭ ᠢ ᠪᠠᠳᠠᠷᠠᠭᠤᠯᠵᠤ ᠂ ᠰᠢᠨ᠎ᠡ ᠳᠠᠪᠠᠭᠤᠯᠢᠭ ᠡᠭᠦᠳᠬᠦ ᠳᠤ ᠬᠦᠴᠦᠯᠡᠬᠦ ᠬᠡᠷᠡᠭᠲᠡᠢ ᠃ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠂ ᠨᠡᠭᠡᠭᠡᠯᠲᠡ ᠶᠢ ᠥᠷᠭᠡᠳᠬᠡᠬᠦ ᠶᠢ ᠪᠠᠷᠢᠮᠲᠠᠯᠠᠵᠤ ᠂ ᠡᠯ᠎ᠡ ᠲᠦᠷᠦᠯ ᠤᠨ ᠡᠵᠡᠩᠨᠡᠯᠲᠡ ᠶᠢᠨ ᠭᠤᠣᠯ ᠴᠣᠭᠴᠠ ᠶᠢᠨ | ᠢᠳᠡᠪᠬᠢᠵᠢᠯ ᠢ ᠭᠦᠢᠴᠡᠳ ᠲᠠᠶᠢᠴᠢᠯᠠᠨ ᠂ ᠪᠦᠬᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠲᠤᠰᠠᠯᠠᠬᠤ ᠦᠢᠯᠡᠳᠦᠯ ᠢ ᠪᠠᠳᠠᠷᠠᠭᠤᠯᠵᠤ ᠂ ᠭᠤᠣᠯ | ᠴᠣᠭᠴᠠ ᠶᠢᠨ ᠴᠢᠳᠠᠮᠵᠢᠲᠤ ᠣᠷᠣᠨ ᠤ ᠪᠠᠶᠢᠯᠳᠤᠬᠤ ᠪᠣᠳᠣᠯᠭ᠎ᠠ ᠪᠠᠷ ᠠᠵᠤ ᠦᠢᠯᠡᠰ ᠤᠨ ᠵᠦᠢ ᠵᠣᠬᠢᠰᠲᠠᠢ ᠪᠠᠶᠢᠷᠢᠯᠠᠭᠤᠯᠤᠯᠲᠠ ᠶᠢ ᠳᠠᠭᠠᠭᠤᠯᠵᠤ ᠂ ᠤᠯᠤᠰ ᠤᠨ | ᠳᠣᠲᠣᠭᠠᠳᠤ ᠭᠠᠳᠠᠭᠠᠳᠤ ᠶᠢᠨ ᠬᠤᠶᠠᠷ ᠵᠠᠬ᠎ᠠ ᠳᠡᠯᠭᠡᠭᠦᠷ ᠬᠤᠶᠠᠷ ᠵᠦᠢᠯ ᠤᠨ ᠡᠬᠢ ᠪᠠᠶᠠᠯᠢᠭ ᠢ ᠰᠠᠶᠢᠲᠤᠷ ᠠᠰᠢᠭᠯᠠᠵᠤ ᠂ ᠰᠢᠨ᠎ᠡ ᠬᠡᠯᠪᠡᠷᠢ ᠶᠢᠨ ᠠᠵᠤ | ᠦᠢᠯᠡᠳᠪᠦᠷᠢᠵᠢᠯᠲᠡ ᠶᠢ ᠠᠬᠢᠭᠤᠯᠬᠤ ᠬᠥᠳᠡᠯᠭᠡᠭᠴᠢ ᠬᠦᠴᠦᠨ ᠪᠠ ᠠᠮᠢᠵᠢᠷᠠᠯ ᠤᠨ ᠬᠦᠴᠦᠨ ᠢ ᠦᠨᠡᠨ ᠬᠦ ᠨᠡᠮᠡᠭᠳᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ ᠃ | ᠬᠤᠷᠠᠯ ᠳᠡᠭᠡᠷ᠎ᠡ ᠂ ᠠᠵᠤ ᠠᠬᠤᠶᠢᠯᠠᠯ ᠤᠨ ᠳᠠᠩᠰᠠᠨ ᠵᠣᠭᠤᠰ ᠢ ᠥᠷᠢᠲᠦᠬᠦ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠪᠣᠯ ᠠᠵᠤ ᠠᠬᠤᠶᠢᠯᠠᠯ ᠤᠨ ᠦᠢᠯᠡᠳᠪᠦᠷᠢᠯᠡᠯ | ᠡᠵᠡᠩᠨᠡᠯᠲᠡ ᠬᠢᠭᠡᠳ ᠪᠡᠯᠡ ᠣᠷᠣᠭᠤᠯᠤᠯᠲᠠ ᠶᠢᠨ ᠵᠢᠱᠢᠯᠲᠡ ᠂ ᠠᠵᠤ ᠠᠬᠤᠢ ᠶᠢᠨ ᠦᠷᠭᠦᠯᠵᠢᠯᠡᠨ ᠰᠠᠶᠢᠵᠢᠷᠠᠬᠤ ᠲᠠᠢ ᠬᠤᠯᠪᠣᠭᠳᠠᠵᠤ ᠪᠠᠶᠢᠭ᠎ᠠ ᠪᠣᠯᠬᠤᠷ ᠡᠷᠬᠡᠪᠰᠢ | ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠬᠡᠷᠡᠭᠲᠡᠢ ᠃ ᠮᠤᠵᠢ ᠶᠢᠨ ᠱᠠᠲᠤᠨ ᠤ ᠵᠠᠰᠠᠭ ᠤᠨ ᠣᠷᠳᠣᠨ ᠲᠤᠰ ᠭᠠᠵᠠᠷ ᠣᠷᠣᠨ ᠤ ᠪᠠᠨ ᠥᠷᠢ ᠰᠢᠷᠢ ᠶᠢ ᠴᠠᠶᠢᠷᠠᠭᠤᠯᠬᠤ | ᠠᠵᠢᠯ ᠳᠤ ᠶᠡᠷᠦᠩᠬᠡᠢ ᠬᠠᠷᠢᠭᠤᠴᠠᠯᠭ᠎ᠠ ᠶᠢ ᠡᠭᠦᠷᠭᠡᠯᠡᠵᠦ ᠂ ᠵᠠᠰᠠᠭ ᠤᠨ ᠣᠷᠳᠣᠨ ᠤ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠠᠰᠠᠭᠤᠳᠠᠯ ᠢ ᠰᠢᠮᠳᠠᠭᠤᠯᠤᠨ | ᠰᠢᠢᠳᠪᠦᠷᠢᠯᠡᠵᠦ ᠂ ᠠᠵᠤ ᠠᠬᠤᠶᠢᠯᠠᠯ ᠤᠳ ᠤᠨ ᠬᠤᠭᠤᠷᠣᠨᠳᠣᠬᠢ ᠬᠠᠷᠢᠯᠴᠠᠨ ᠥᠷᠢᠲᠦᠵᠦ ᠪᠠᠶᠢᠭ᠎ᠠ ︽ ᠬᠡᠯᠬᠢᠶ᠎ᠡ ︾ ᠶᠢ ᠠᠯᠳᠠᠷᠠᠭᠠᠵᠤ ᠂ ᠲᠥᠪ ᠤᠨ ᠠᠵᠤ ᠠᠬᠤᠶᠢᠯᠠᠯ | ᠤᠯᠤᠰ ᠤᠨ ᠥᠮᠴᠢᠯᠡᠯᠲᠦ ᠠᠵᠤ ᠠᠬᠤᠶᠢᠯᠠᠯ ᠲᠦᠷᠦᠭᠦᠯᠡᠨ ᠲᠥᠯᠥᠬᠦ ᠬᠡᠷᠡᠭᠲᠡᠢ ᠃ ᠦᠨᠡᠨ ᠪᠣᠳᠠᠲᠠᠢ ᠪᠠᠷ ᠲᠥᠯᠥᠵᠦ ᠳᠠᠭᠤᠰᠬᠠᠬᠤ ᠶᠢ ᠲᠤᠪᠤᠶᠢᠯᠭᠠᠵᠦ ᠂ | ᠲᠦᠷᠦ ᠶᠢᠨ ᠪᠣᠳᠣᠯᠭ᠎ᠠ ᠪᠠᠷ ᠳᠡᠮᠵᠢᠬᠦ ᠂ ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠪᠠ ᠬᠢᠨᠠᠯᠲᠠ ᠲᠠᠯᠪᠢᠵᠤ ᠬᠢᠨᠠᠨ ᠰᠢᠯᠭᠠᠬᠤ ᠶᠢ ᠴᠢᠩᠭᠠᠳᠬᠠᠵᠤ ᠂ ᠲᠥᠯᠥᠬᠦ | ᠶᠣᠰᠣᠲᠠᠢ ᠶᠢ ᠨᠢ ᠪᠦᠬᠦᠨ ᠢ ᠴᠢᠷᠮᠠᠶᠢᠨ ᠲᠥᠯᠥᠵᠦ ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠬᠦᠴᠦᠯᠡᠨ ᠪᠠᠶᠢᠭᠤᠯᠬᠤ ᠬᠡᠷᠡᠭᠲᠡᠢ ᠭᠡᠵᠦ ᠵᠢᠭᠠᠵᠤ | ᠭᠠᠷᠭᠠᠪᠠ ᠃ | ᠬᠤᠷᠠᠯ ᠳᠤ ᠂ ᠠᠵᠤ ᠠᠬᠤᠢ ᠶᠢᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠬᠤ ᠶᠢ ᠰᠢᠮᠳᠠᠭᠤᠯᠤᠨ ᠪᠠᠶᠢᠴᠠᠭᠠᠵᠤ ᠰᠤᠳᠤᠯᠤᠭᠰᠠᠨ ᠪᠠᠶᠢᠳᠠᠯ ᠤᠨ ᠲᠤᠬᠠᠢ ᠬᠠᠷᠢᠭᠤ | ᠮᠡᠳᠡᠭᠦᠯᠦᠯᠲᠡ ᠶᠢ ᠰᠣᠨᠣᠰᠴᠠᠢ ᠃ ᠬᠤᠷᠠᠯ ᠳᠡᠭᠡᠷ᠎ᠡ ᠂ ᠰᠢᠮᠳᠠᠭᠤᠯᠤᠨ ᠪᠠᠶᠢᠴᠠᠭᠠᠨ ᠰᠤᠳᠤᠯᠤᠯᠲᠠ ᠪᠠᠷ ᠢᠯᠡᠷᠡᠭᠦᠯᠦᠭᠰᠡᠨ ᠠᠰᠠᠭᠤᠳᠠᠯ ᠤᠳ ᠢ ᠡᠯ᠎ᠡ ᠭᠠᠵᠠᠷ ᠣᠷᠣᠨ | ᠡᠯ᠎ᠡ ᠰᠠᠯᠠᠭ᠎ᠠ ᠮᠥᠴᠢᠷ ᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠂ ᠢᠮᠠᠭᠲᠠ ᠠᠩᠬᠠᠷᠴᠤ ᠂ ︽ ᠠᠰᠠᠭᠤᠳᠠᠯ ᠤᠨ ᠨᠠᠷᠢᠨ ᠳᠠᠩᠰᠠ ︾ ᠶᠢ ︽ ᠬᠠᠷᠢᠭᠤᠴᠠᠯᠭ᠎ᠠ ᠶᠢᠨ | ᠨᠠᠷᠢᠨ ᠳᠠᠩᠰᠠ ︾ ᠪᠣᠯᠭᠠᠵᠤ ᠂ ᠨᠢᠭᠡᠳ ᠨᠢᠭᠡ ᠪᠠᠷ ᠰᠠᠶᠢᠲᠤᠷ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠨ ᠂ ᠨᠢᠭᠡ ᠠᠴᠠ ᠨᠥᠭᠦᠭᠡ ᠶᠢ ᠮᠡᠳᠡᠵᠦ ᠴᠡᠭᠴᠡᠯᠡᠨ | ᠰᠠᠶᠢᠵᠢᠷᠠᠭᠤᠯᠤᠭᠰᠠᠨ ᠦᠷ᠎ᠡ ᠪᠦᠲᠦᠭᠡᠯ ᠢ ᠥᠷᠭᠡᠳᠬᠡᠨ ᠂ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠴᠠᠭ ᠢ ᠨᠢ ᠲᠠᠭᠠᠷᠠᠭᠤᠯᠤᠨ ︽ ᠳᠠᠬᠢᠨ ᠪᠠᠶᠢᠴᠠᠭᠠᠵᠤ ︾ ᠂ | ᠨᠡᠶᠢᠲᠡᠯᠡᠭᠰᠡᠨ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠬᠦᠴᠦᠯᠡᠨ ᠠᠬᠢᠭᠤᠯᠬᠤ ᠬᠡᠷᠡᠭᠲᠡᠢ ᠃ | ᠰᠢᠮᠳᠠᠭᠤᠯᠤᠨ ᠪᠠᠶᠢᠴᠠᠭᠠᠨ ᠰᠤᠳᠤᠯᠤᠯᠲᠠ ᠪᠠᠷ ᠴᠤᠭᠯᠠᠭᠤᠯᠤᠭᠰᠠᠨ ᠰᠠᠨᠠᠯ ᠰᠠᠨᠠᠭᠤᠯᠭ᠎ᠠ ᠨᠤᠭᠤᠳ ᠶᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠡᠭᠦᠷᠭᠡ | ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠂ ᠢᠷᠡᠬᠦ ᠵᠢᠯ ᠤᠨ ᠠᠵᠤ ᠠᠬᠤᠢ ᠶᠢᠨ ᠠᠵᠢᠯ ᠤᠨ ᠲᠥᠯᠥᠪᠯᠡᠭᠡ ᠲᠠᠢ ᠪᠠᠨ ᠤᠶᠠᠯᠳᠤᠭᠤᠯᠤᠨ ᠨᠢᠭᠡᠳᠦᠯᠲᠡᠢ | ᠲᠥᠯᠥᠪᠯᠡᠨ ᠪᠣᠳᠣᠯᠬᠢᠯᠠᠵᠤ ᠂ ᠭᠦᠨᠵᠡᠭᠡᠢ ᠰᠤᠳᠤᠯᠵᠤ ᠂ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠶᠢ ᠨᠡᠶᠢᠲᠡᠯᠡᠬᠦ ᠪᠠ ᠠᠵᠢᠯ ᠤᠨ ᠨᠠᠶᠢᠳᠠᠪᠤᠷᠢᠵᠢᠭᠤᠯᠤᠯᠲᠠ ᠶᠢ | ᠲᠦᠷᠭᠡᠳᠬᠡᠨ ᠠᠬᠢᠭᠤᠯᠵᠤ ᠂ ᠠᠵᠤ ᠠᠬᠤᠢ ᠶᠢᠨ ᠦᠷᠭᠦᠯᠵᠢᠯᠡᠨ ᠰᠠᠶᠢᠵᠢᠷᠠᠬᠤ ᠬᠠᠨᠳᠤᠰᠢ ᠶᠢ ᠤᠯᠠᠮ ᠪᠠᠬᠢᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ ᠃ | ᠬᠤᠷᠠᠯ ᠳᠤ ᠂ ᠨᠠᠰᠤᠨ ᠳᠤ ᠥᠯᠥ ᠬᠦᠷᠦᠭᠰᠡᠳ ᠪᠣᠯ ᠤᠯᠤᠰ ᠣᠷᠣᠨ ᠤ ᠢᠷᠡᠭᠡᠳᠦᠢ ᠂ ᠦᠨᠳᠦᠰᠦᠲᠡᠨ ᠤ ᠬᠦᠰᠡᠯ ᠮᠥᠨ ᠃ ᠨᠠᠰᠤᠨ ᠳᠤ ᠥᠯᠥ ᠭᠦᠷᠦᠭᠰᠡᠳ ᠤᠨ | ᠰᠦᠯᠵᠢᠶᠡᠨ ᠤ ᠬᠠᠮᠠᠭᠠᠯᠠᠯᠲᠠ ᠶᠢᠨ ᠬᠠᠤᠯᠢᠵᠢᠯ ᠤᠨ ᠲᠤᠰᠠᠯᠠᠯᠲᠠ ᠶᠢ ᠴᠢᠩᠭᠠᠳᠬᠠᠵᠤ ᠂ ᠬᠤᠯᠪᠣᠭᠳᠠᠯ ᠪᠦᠬᠦᠢ ᠡᠯ᠎ᠡ ᠲᠠᠯ᠎ᠠ ᠠᠴᠠ ᠨᠠᠰᠤᠨ ᠳᠤ ᠥᠯᠥ | ᠭᠦᠷᠦᠭᠰᠡᠳ ᠤᠨ ᠰᠦᠯᠵᠢᠶᠡᠨ ᠤ ᠬᠠᠮᠠᠭᠠᠯᠠᠯᠲᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠶᠢ ᠠᠬᠢᠭᠤᠯᠵᠤ ᠂ ᠬᠤᠯᠪᠣᠭᠳᠠᠯ ᠪᠦᠬᠦᠢ ᠠᠵᠤ | ᠠᠬᠤᠶᠢᠯᠠᠯ ᠤᠳ ᠳᠦᠷᠢᠮ ᠢ ᠢᠳᠡᠪᠬᠢᠲᠡᠢ ᠨᠠᠶᠢᠳᠠᠪᠤᠷᠢᠵᠢᠭᠤᠯᠬᠤ ᠂ ᠲᠣᠭᠲᠠᠭᠠᠯ ᠳᠤ ᠨᠡᠶᠢᠴᠡᠭᠦᠯᠦᠨ ᠡᠵᠡᠩᠨᠡᠬᠦ ᠶᠢ ᠵᠢᠯᠣᠭᠤᠳᠤᠨ ᠳᠡᠮᠵᠢᠵᠦ ᠂ ᠨᠠᠰᠤᠨ ᠳᠤ ᠥᠯᠥ | ᠭᠦᠷᠦᠭᠰᠡᠳ ᠤᠨ ᠲᠣᠷᠨᠢᠨ ᠪᠤᠶᠢᠵᠢᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ ᠃ ᠬᠤᠷᠠᠯ ᠳᠡᠭᠡᠷ᠎ᠡ ᠪᠠᠰᠠ ᠪᠤᠰᠤᠳ ᠵᠦᠢᠯ ᠢ ᠰᠤᠳᠤᠯᠵᠠᠢ ᠃ | | | |