ᠰᠦᠮ᠎ᠡ ᠶᠢᠨ ᠰᠤᠪᠤᠷᠭ᠎ᠠ ᠶᠢᠨ ᠴᠢᠯᠠᠭᠤᠨ ᠠᠭᠤᠢ ᠶᠢᠨ ᠰᠦᠮ᠎ᠡ
ᠨᠡᠶᠢᠲᠡᠯᠡᠭᠰᠡᠨ ᠴᠠᠭ᠄
2023/9/21
     ᠵᠡᠭᠦᠨᠭᠠᠷ ᠬᠤᠰᠢᠭᠤᠨ ᠤ ᠰᠦᠮ᠎ᠡ ᠶᠢᠨ ᠰᠤᠪᠤᠷᠭ᠎ᠠ ᠨᠢ ᠴᠢᠩ ᠤᠯᠤᠰ ᠤᠨ ᠦᠶ᠎ᠡ ᠶᠢᠨ ᠴᠢᠯᠠᠭᠤᠨ ᠠᠭᠤᠢ ᠶᠢᠨ ᠰᠦᠮ᠎ᠡ ᠪᠠᠶᠢᠵᠤ᠂ ᠵᠡᠭᠦᠨᠭᠠᠷ ᠬᠤᠰᠢᠭᠤᠨ ᠤ ᠰᠢᠤᠸᠠᠢ ᠵᠢᠶᠠ ᠸᠠᠨ ᠪᠠᠯᠭᠠᠰᠤ ᠶᠢᠨ ᠶᠦᠩ ᠱᠧᠩ ᠬᠤᠤ ᠲᠣᠰᠬᠤᠨ ᠠᠴᠠ ᠬᠤᠶᠢᠰᠢ 3 ᠺᠢᠯᠤᠮᠧᠲᠷ ᠭᠠᠵᠠᠷ ᠲᠤ ᠪᠠᠶᠢᠷᠢᠯᠠᠨ᠂ ᠵᠡᠭᠦᠨ ᠲᠠᠯ᠎ᠠ ᠪᠠᠷ ᠢᠶᠠᠨ ᠬᠠᠳᠤᠨ ᠭᠤᠣᠯ ᠤᠨ ᠪᠠᠷᠠᠭᠤᠨ ᠡᠷᠭᠢ ᠲᠠᠢ ᠬᠠᠪᠢᠳᠠᠵᠤ᠂ ᠪᠠᠷᠠᠭᠤᠨ ᠲᠠᠯ᠎ᠠ ᠪᠠᠷ ᠢᠶᠠᠨ ᠭᠦᠨ ᠭᠤᠤ ᠶᠢ ᠨᠢᠭᠤᠷᠯᠠᠨ᠂ ᠡᠮᠦᠨ᠎ᠡ᠂ ᠬᠤᠶᠢᠲᠤ ᠬᠤᠶᠠᠷ ᠲᠠᠯ᠎ᠠ ᠪᠠᠷ ᠢᠶᠠᠨ ᠪᠠᠶᠢᠭᠠᠯᠢ ᠶᠢᠨ ᠪᠠᠷᠲᠠᠭ᠎ᠠ ᠪᠠᠷ ᠬᠦᠷᠢᠶᠡᠯᠡᠭᠳᠡᠵᠡᠢ᠃ ᠥᠨᠳᠥᠷ ᠲᠠᠪᠴᠠᠩ ᠤᠨ ᠭᠠᠵᠠᠷ ᠳᠡᠭᠡᠷ᠎ᠡ ᠨᠢᠭᠡᠨ ᠴᠢᠯᠠᠭᠤᠨ ᠰᠤᠪᠤᠷᠭ᠎ᠠ ᠪᠠᠶᠢᠳᠠᠭ᠂ ᠪᠤᠷᠬᠠᠨ ᠤ ᠰᠤᠪᠤᠷᠭ᠎ᠠ ᠶᠢᠨ ᠵᠡᠭᠦᠨᠳᠡᠬᠢ ᠨᠠᠯᠠᠤ ᠭᠠᠵᠠᠷ ᠳᠡᠭᠡᠷ᠎ᠡ ᠠᠭᠤᠯᠠ ᠶᠢ ᠲᠦᠰᠢᠵᠦ ᠴᠢᠯᠠᠭᠤ  ᠪᠠᠷ ᠮᠠᠰᠢ ᠣᠯᠠᠨ ᠠᠭᠤᠢ ᠮᠠᠶ᠋ᠢᠭ ᠤᠨ ᠪᠠᠷᠢᠯᠭ᠎ᠠ ᠪᠠᠷᠢᠵᠠᠢ᠂ ᠬᠠᠭᠤᠴᠢᠨ ᠨᠡᠷᠡᠶᠢᠳᠤᠯ ᠪᠤᠯᠤᠨ᠎ᠠ ᠃ ᠴᠢᠯᠠᠭᠤ ᠪᠠᠷ ᠪᠠᠷᠢᠭᠰᠠᠨ ᠪᠤᠷᠬᠠᠨ ᠤ ᠰᠤᠪᠤᠷᠭ᠎ᠠ ᠶᠢᠨ ᠰᠠᠭᠤᠷᠢ ᠨᠢ ᠣᠷᠳᠣ ᠳᠥᠷᠪᠡᠯᠵᠢᠨ ᠬᠡᠯᠪᠡᠷᠢ ᠲᠠᠢ᠂ ᠰᠤᠪᠤᠷᠭ᠎ᠠ ᠶᠢᠨ ᠰᠠᠭᠤᠷᠢ ᠶᠢᠨ ᠣᠷᠳᠣ ᠨᠢ 5.3 ᠮᠧᠲᠷ᠂ ᠥᠷᠭᠡᠨ ᠨᠢ 4.5 ᠮᠧᠲᠷ ᠪᠠᠶᠢᠳᠠᠭ᠃ ᠰᠤᠪᠤᠷᠭ᠎ᠠ ᠶᠢᠨ ᠪᠡᠶ᠎ᠡ ᠶᠢᠨ ᠣᠷᠳᠣ ᠨᠢ 5 ᠮᠧᠲᠷ᠂ ᠥᠨᠳᠥᠷ ᠨᠢ 4.5 ᠮᠧᠲᠷ᠂ ᠥᠷᠭᠡᠨ ᠨᠢ 4.5 ᠮᠧᠲᠷ ᠪᠠᠶᠢᠵᠤ᠂ ᠳᠡᠭᠡᠷ᠎ᠡ ᠳᠣᠣᠷ᠎ᠠ ᠬᠤᠶᠠᠷ ᠭᠦᠩᠭᠠᠷᠠᠪᠠ ᠪᠠᠷ ᠪᠦᠷᠢᠯᠳᠤᠨ᠂ ᠵᠡᠭᠦᠨ ᠬᠤᠶᠢᠰᠢ ᠬᠠᠨᠳᠤᠭᠰᠠᠨ ᠪᠠᠶᠢᠳᠠᠭ᠃ ᠳᠡᠭᠡᠷᠡᠬᠢ ᠭᠦᠩᠭᠠᠷᠠᠪᠠ ᠶᠢᠨ ᠥᠨᠳᠥᠷ ᠨᠢ 1.3 ᠮᠧᠲᠷ᠂ ᠥᠷᠭᠡᠨ ᠨᠢ 1 ᠮᠧᠲᠷ᠂ ᠳᠤᠳᠤᠬᠰᠢ ᠭᠦᠨ ᠨᠢ ᠪᠠᠷᠤᠭ 1.5 ᠮᠧᠲᠷ ᠪᠤᠢ᠃ ᡽ᠳᠣᠣᠷ᠎ᠠ ᠲᠠᠯ᠎ᠠ ᠶᠢᠨ ᠭᠦᠩᠭᠠᠷᠠᠪᠠ ᠶᠢᠨ ᠥᠨᠳᠥᠷ ᠨᠢ 1.8 ᠮᠧᠲᠷ᠂ ᠥᠷᠭᠡᠨ ᠨᠢ 1.05 ᠮᠧᠲᠷ᠂ ᠳᠤᠳᠤᠬᠰᠢ ᠭᠦᠨ ᠨᠢ ᠪᠠᠷᠤᠭ 2.3 ᠮᠧᠲᠷ ᠪᠠᠶᠢᠳᠠᠭ᠃ ᠭᠦᠩᠭᠠᠷᠠᠪᠠ ᠶᠢᠨ ᠣᠷᠣᠢ ᠳᠤ ᠬᠥᠮᠥᠰᠬᠡᠨ ᠤ ᠴᠢᠯᠠᠭᠤ  ᠲᠠᠢ ᠪᠥᠭᠡᠳ ᠳᠡᠭᠡᠷ᠎ᠡ ᠨᠢ ᠨᠤᠮ ᠰᠡᠶᠢᠯᠦᠭᠰᠡᠨ ᠪᠠᠶᠢᠳᠠᠭ᠃ ᠰᠤᠪᠤᠷᠭ᠎ᠠ ᠶᠢᠨ ᠣᠷᠣᠢ ᠶᠢᠨ ᠥᠨᠳᠥᠷ ᠨᠢ 4.5 ᠮᠧᠲᠷ᠃ ᠪᠤᠷᠬᠠᠨ ᠤ ᠰᠤᠪᠤᠷᠭ᠎ᠠ ᠶᠢᠨ ᠵᠡᠭᠦᠨᠳᠡᠬᠢ ᠨᠠᠯᠠᠤ ᠭᠠᠵᠠᠷ ᠳᠡᠭᠡᠷ᠎ᠡ ᠠᠭᠤᠯᠠ ᠲᠦᠰᠢᠵᠦ ᠴᠢᠯᠠᠭᠤ ᠪᠠᠷ ᠮᠠᠰᠢ ᠣᠯᠠᠨ ᠠᠭᠤᠢ ᠮᠠᠶ᠋ᠢᠭ ᠤᠨ ᠪᠠᠷᠢᠯᠭ᠎ᠠ ᠶᠢ ᠬᠠᠶᠢᠰᠤᠷᠯᠠᠨ ᠵᠡᠷᠭᠡᠯᠡᠵᠦ ᠪᠠᠷᠢᠨ᠂ ᠥᠪᠡᠷᠮᠢᠴᠡ ᠣᠨᠴᠠᠯᠢᠭ ᠲᠠᠢ ᠪᠠᠶᠢᠳᠠᠭ ᠂ ᠡᠭᠦᠨ ᠤ ᠳᠣᠲᠣᠷᠠᠬᠢ ᠨᠢᠭᠡ ᠪᠦᠯᠦᠭ ᠠᠭᠤᠢ ᠳᠤᠨᠢ ᠨᠠᠷᠢᠯᠢᠭ ᠰᠠᠶᠢᠬᠠᠨ ᠬᠠᠨ᠎ᠠ ᠶᠢᠨ ᠵᠢᠷᠤᠭ ᠪᠠ ᠪᠤᠳᠤᠭᠲᠤ ᠱᠤᠭᠤᠮᠠᠯ ᠲᠠᠢ᠃ 2014 ᠣᠨ ᠤ 9 ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠠᠴᠠ ᠲᠠᠪᠤᠳᠤᠭᠠᠷ ᠪᠦᠯᠦᠭ  ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠨᠢᠭᠡᠴᠢ ᠪᠠᠷ ᠬᠢᠨᠠᠨ ᠳᠤᠬᠳᠠᠭᠠᠵᠠᠢ᠃ ᠴᠢᠯᠠᠭᠤᠨ ᠠᠭᠤᠢ᠂ ᠬᠠᠨ᠎ᠠ ᠶᠢᠨ ᠵᠢᠷᠤᠭ᠂ ᠪᠤᠷᠬᠠᠨ ᠤ ᠰᠤᠪᠤᠷᠭ᠎ᠠ ᠶᠢᠨ ᠱᠤᠭᠤᠮᠠᠯ ᠢ ᠨᠢᠭᠡᠳᠬᠡᠭᠰᠡᠨ ᠴᠢᠯᠠᠭᠤᠨ ᠠᠭᠤᠢ ᠶᠢᠨ ᠰᠦᠮ᠎ᠡ ᠨᠢ ᠥᠪᠥᠷ ᠮᠣᠩᠭᠤᠯ ᠣᠷᠣᠨ ᠤ ᠯᠠᠮᠠ ᠶᠢᠨ ᠱᠠᠰᠢᠨ ᠤ ᠰᠦᠮ᠎ᠡ ᠬᠡᠶᠢᠳ ᠲᠤ ᠵᠣᠬᠢᠬᠤ ᠬᠡᠮᠵᠢᠶᠡᠨ ᠤ ᠲᠥᠯᠥᠭᠡᠯᠡᠬᠦ ᠴᠢᠨᠠᠷᠲᠠᠢ ᠪᠠᠶᠢᠵᠤ᠂ ᠣᠳᠣᠬᠠᠨ ᠳᠤ ᠪᠦᠬᠦ ᠤᠯᠤᠰ ᠤᠨ ᠪᠤᠰᠤᠳ ᠭᠠᠵᠠᠷ ᠠᠴᠠ ᠬᠠᠷᠠᠬᠠᠨ ᠢᠯᠡᠷᠡᠭᠦᠯᠦᠭᠡᠳᠦᠢ ᠪᠠᠶᠢᠭᠰᠠᠭᠠᠷ᠃
ᠢᠷᠡᠯᠲᠡ᠄ ᠲᠤᠰ ᠰᠦᠯᠵᠢᠶ᠎ᠡ