| ︽ ᠰᠢ ᠶᠢᠨ ᠫᠢᠩ ᠤᠨ ᠬᠥᠮᠥᠨ ᠤ ᠡᠷᠬᠡ ᠶᠢ ᠬᠦᠨᠳᠦᠳᠬᠡᠨ ᠪᠠᠲᠤᠯᠠᠬᠤ ᠲᠤᠬᠠᠢ ᠥᠭᠦᠯᠡᠯᠲᠡ ᠶᠢᠨ ᠲᠡᠭᠦᠪᠦᠷᠢ ︾ ᠶᠢᠨ ᠠᠷᠠᠪ ᠬᠡᠯᠡ ᠂ ᠫᠣᠷᠲ᠋ᠦ᠋ᠭᠠᠯ ᠬᠡᠯᠡ ᠂ | ᠭᠧᠷᠮᠠᠨ ᠬᠡᠯᠡ ᠂ ᠰᠸᠠᠾᠢᠯᠢ ᠬᠡᠯᠡ ᠂ ᠦᠷᠳᠦ᠋ ᠬᠡᠯᠡ ᠵᠢᠴᠢ ᠸᠢᠶᠧᠳ᠋ᠨᠠᠮ ᠬᠡᠯᠡᠨ ᠤ ᠬᠡᠪᠯᠡᠯ ᠢ ᠣᠶᠢᠷ᠎ᠠ ᠳᠤ ᠭᠠᠳᠠᠭᠠᠳᠤ ᠬᠡᠯᠡᠨ ᠤ ᠬᠡᠪᠯᠡᠯ ᠤᠨ ᠬᠤᠷᠢᠶ᠎ᠠ ᠠᠴᠠ | ᠬᠡᠪᠯᠡᠭᠦᠯᠦᠨ ᠲᠠᠷᠬᠠᠭᠠᠪᠠ ᠃ | ︽ ᠰᠢ ᠶᠢᠨ ᠫᠢᠩ ᠤᠨ ᠬᠥᠮᠥᠨ ᠤ ᠡᠷᠬᠡ ᠶᠢ ᠬᠦᠨᠳᠦᠳᠬᠡᠨ ᠪᠠᠲᠤᠯᠠᠬᠤ ᠲᠤᠬᠠᠢ ᠥᠭᠦᠯᠡᠯᠲᠡ ᠶᠢᠨ ᠲᠡᠭᠦᠪᠦᠷᠢ ︾ ᠶᠢ ᠨᠠᠮ ᠤᠨ ᠲᠥᠪ ᠬᠤᠷᠢᠶ᠎ᠠ ᠶᠢᠨ ᠨᠠᠮ ᠤᠨ | ᠲᠡᠦᠬᠡ ᠪᠠ ᠲᠤᠯᠭᠤᠷ ᠪᠢᠴᠢᠭ ᠤᠨ ᠰᠤᠳᠤᠯᠭᠠᠨ ᠤ ᠬᠦᠷᠢᠶᠡᠯᠡᠩ ᠠᠴᠠ ᠨᠠᠶᠢᠷᠠᠭᠤᠯᠵᠤ ᠂ 9 ᠲᠤᠰᠬᠠᠢ ᠰᠡᠳᠦᠪ ᠬᠤᠪᠢᠶᠠᠨ ᠂ ᠰᠢ ᠶᠢᠨ ᠫᠢᠩ ᠨᠥᠬᠦᠷ ᠤᠨ ᠬᠥᠮᠥᠨ ᠤ | ᠡᠷᠬᠡ ᠶᠢ ᠬᠦᠨᠳᠦᠳᠬᠡᠨ ᠪᠠᠲᠤᠯᠠᠬᠤ ᠲᠣᠭᠤᠷᠢᠨ ᠳᠤ ᠨᠡᠶᠢᠲᠡᠯᠡᠭᠰᠡᠨ ᠠᠯᠢ ᠣᠯᠠᠨ ᠴᠢᠬᠤᠯᠠ ᠥᠭᠦᠯᠡᠯᠲᠡ ᠶᠢ ᠰᠢᠰᠲ᠋ᠧᠮ ᠲᠠᠢ ᠬᠤᠷᠢᠶᠠᠨ ᠣᠷᠣᠭᠤᠯᠪᠠ ᠃ ᠲᠤᠰ | ᠤᠳᠠᠭ᠎ᠠ ᠶᠢᠨ ᠠᠷᠠᠪ ᠬᠡᠯᠡ ᠵᠡᠷᠭᠡ 6 ᠬᠡᠯᠡᠨ ᠤ ᠬᠡᠪᠯᠡᠯ ᠢ ᠬᠡᠪᠯᠡᠨ ᠲᠠᠷᠬᠠᠭᠠᠭᠰᠠᠨ ᠨᠢ ᠤᠯᠤᠰ ᠤᠨ ᠭᠠᠳᠠᠭᠠᠳᠤ ᠶᠢᠨ ᠤᠩᠰᠢᠭᠴᠢᠳ ᠤᠨ ᠰᠢ ᠶᠢᠨ ᠫᠢᠩ ᠤᠨ | ᠬᠤᠯᠪᠣᠭᠳᠠᠯ ᠪᠦᠬᠦᠢ ᠴᠢᠬᠤᠯᠠ ᠥᠭᠦᠯᠡᠯᠲᠡ ᠶᠢᠨ ᠪᠠᠶᠠᠯᠢᠭ ᠠᠭᠤᠯᠤᠭᠳᠠᠬᠤᠨ ᠢ ᠭᠦᠨᠵᠡᠭᠡᠢ ᠣᠶᠢᠯᠠᠭᠠᠵᠤ ᠂ ᠳᠤᠮᠳᠠᠳᠤ ᠤᠯᠤᠰ ᠤᠨ ᠬᠥᠮᠥᠨ ᠤ ᠡᠷᠬᠡ ᠶᠢ | ᠬᠦᠨᠳᠦᠳᠬᠡᠨ ᠪᠠᠲᠤᠯᠠᠭᠰᠠᠨ ᠠᠭᠤᠤ ᠶᠡᠭᠡ ᠦᠢᠯᠡᠳᠦᠯᠭᠡ ᠵᠢᠴᠢ ᠪᠦᠭᠦ ᠪᠥᠮᠪᠥᠷᠴᠡᠭ ᠤᠨ ᠬᠥᠮᠥᠨ ᠤ ᠡᠷᠬᠡ ᠶᠢᠨ ᠵᠠᠰᠠᠯᠲᠠ ᠳᠤ ᠬᠤᠪᠢ ᠨᠡᠮᠡᠷᠢ ᠦᠵᠡᠭᠦᠯᠦᠭᠰᠡᠨ | ᠳᠤᠮᠳᠠᠳᠤ ᠤᠯᠤᠰ ᠤᠨ ᠲᠥᠰᠥᠯ ᠢ ᠭᠦᠨᠵᠡᠭᠡᠢ ᠣᠶᠢᠯᠠᠭᠠᠵᠤ ᠂ ᠤᠳᠤ ᠦᠶ᠎ᠡ ᠶᠢᠨ ᠳᠤᠮᠳᠠᠳᠤ ᠤᠯᠤᠰ ᠤᠨ ᠬᠥᠮᠥᠨ ᠤ ᠡᠷᠬᠡ ᠶᠢᠨ ᠦᠵᠡᠯᠲᠡ ᠶᠢᠨ ᠲᠠᠲᠠᠬᠤ | ᠬᠦᠴᠦᠨ ᠂ ᠨᠥᠯᠥᠭᠡᠯᠡᠬᠦ ᠬᠦᠴᠦᠨ ᠢ ᠴᠢᠩᠭᠠᠳᠬᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ ᠃ | ᠲᠤᠰ ᠨᠣᠮ ᠤᠨ ᠠᠩᠭ᠍ᠯᠢ ᠬᠢᠲᠠᠳ ᠂ ᠹᠷᠠᠨᠼᠢ ᠬᠢᠲᠠᠳ ᠂ ᠤᠷᠤᠰ ᠬᠢᠲᠠᠳ ᠂ ᠢᠰᠫᠠᠨᠢ ᠬᠢᠲᠠᠳ ᠂ ᠶᠠᠫᠤᠨ ᠬᠢᠲᠠᠳ ᠬᠠᠷᠢᠴᠠᠭᠤᠯᠤᠭᠰᠠᠨ ᠬᠡᠪᠯᠡᠯ ᠢ 2022 | ᠣᠨ ᠳᠤ ᠲᠥᠪ ᠤᠨ ᠨᠠᠶᠢᠷᠠᠭᠤᠯᠤᠨ ᠣᠷᠴᠢᠭᠤᠯᠬᠤ ᠬᠡᠪᠯᠡᠯ ᠤᠨ ᠬᠤᠷᠢᠶ᠎ᠠ ᠠᠴᠠ ᠲᠠᠷᠬᠠᠭᠠᠪᠠ ᠃ | ︵ ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 19 ᠤ ᠴᠠᠭᠢᠯᠭᠠᠨ ᠮᠡᠳᠡᠭᠡ ︶ | | | |