| | ᠭᠤᠮ ᠬᠤᠭᠤᠯᠠᠢ ᠶᠢ ᠬᠡᠲᠦᠷᠬᠡᠢ ᠤᠷᠲᠤ ᠬᠤᠭᠤᠴᠠᠭ᠎ᠠ ᠪᠠᠷ ᠬᠡᠷᠡᠭᠯᠡᠵᠦ ᠪᠣᠯᠬᠤ ᠦᠭᠡᠢ | ᠰᠢᠲᠠᠮᠠᠬᠠᠢ ᠬᠡᠢ ᠶᠢ ᠬᠡᠷᠡᠭᠯᠡᠬᠦ ᠦᠶᠡᠰ ᠂ ᠭᠤᠮ ᠬᠤᠭᠤᠯᠠᠢ ᠶᠢ 18 ᠰᠠᠷ᠎ᠠ ᠬᠡᠷᠡᠭᠯᠡᠪᠡᠯ ᠪᠠᠶᠢᠴᠠᠭᠠᠬᠤ ᠬᠡᠷᠡᠭᠲᠡᠢ ᠂ ᠴᠠᠭ ᠲᠤᠬᠠᠢ ᠳᠤᠨᠢ ᠭᠤᠮ ᠬᠤᠭᠤᠯᠠᠢ ᠪᠠ | ᠳᠠᠷᠤᠯᠲᠠ ᠶᠢ ᠪᠠᠭᠤᠷᠠᠭᠤᠯᠬᠤ ᠨᠡᠭᠡᠯᠬᠡᠢ ᠶᠢ ᠰᠣᠯᠢᠵᠤ ᠂ ᠬᠡᠢ ᠯᠡᠪᠡᠷᠡᠬᠦ ᠠᠴᠠ ᠰᠡᠷᠭᠡᠶᠢᠯᠡᠨ᠎ᠡ ᠃ ᠭᠤᠮ ᠬᠤᠭᠤᠯᠠᠢ ᠶᠢᠨ ᠤᠷᠲᠤ ᠶᠢ 2 ᠮᠧᠳ᠋ᠷ ᠠᠴᠠ ᠬᠡᠲᠦᠷᠡᠭᠦᠯᠵᠦ | ᠪᠣᠯᠬᠤ ᠦᠭᠡᠢ ᠃ | ᠵᠣᠬᠢᠰ ᠲᠠᠢ ᠬᠠᠳᠠᠭᠠᠯᠠᠨ᠎ᠠ | ᠰᠢᠲᠠᠮᠠᠬᠠᠢ ᠬᠡᠢ ᠶᠢ ᠡᠷᠬᠡᠪᠰᠢ ᠰᠠᠯᠬᠢ ᠨᠡᠪᠲᠡᠷᠡᠬᠦ ᠲᠣᠭᠤᠭᠠᠨ ᠭᠡᠷ ᠲᠤ ᠬᠡᠷᠡᠭᠯᠡᠨ᠎ᠡ ᠂ ᠬᠡᠢ ᠯᠡᠪᠡᠷᠡᠪᠡᠯ ᠴᠠᠭ ᠲᠤᠬᠠᠢ ᠳᠤᠨᠢ ᠰᠠᠯᠬᠢ ᠨᠡᠪᠲᠡᠷᠡᠭᠦᠯᠵᠦ ᠂ ᠬᠦᠮᠦᠨ | ᠬᠤᠣᠷᠳᠠᠭᠳᠠᠬᠤ ᠪᠠ ᠭᠠᠯ ᠤᠨ ᠠᠶᠤᠯ ᠭᠠᠷᠬᠤ ᠠᠴᠠ ᠵᠠᠶᠢᠯᠠᠰᠬᠢᠬᠤ ᠬᠡᠷᠡᠭᠲᠡᠢ ᠃ ᠡᠭᠦᠨ ᠠᠴᠠ ᠭᠠᠳᠠᠨ᠎ᠠ ᠂ ᠰᠢᠲᠠᠮᠠᠬᠠᠢ ᠬᠡᠢ ᠶᠢ ᠡᠷᠬᠡᠪᠰᠢ ᠤᠨᠲᠠᠬᠤ ᠥᠷᠥᠭᠡ ᠂ | ᠠᠮᠠᠷᠠᠬᠤ ᠦᠷᠦᠭᠡ ᠠᠴᠠ ᠲᠤᠰᠠᠭᠠᠷᠯᠠᠵᠤ ᠂ ᠰᠠᠯᠬᠢ ᠨᠡᠪᠲᠡᠷᠡᠬᠦ ᠨᠦᠬᠦᠴᠡᠯ ᠢ ᠡᠷᠬᠡᠪᠰᠢ ᠪᠦᠷᠢᠯᠳᠦᠭᠦᠯᠬᠦ ᠬᠡᠷᠡᠭᠲᠡᠢ ᠃ | ᠰᠢᠲᠠᠮᠠᠬᠠᠢ ᠬᠡᠢ ᠯᠡᠪᠡᠷᠡᠪᠡᠯ ᠳᠠᠷᠦ᠋ᠢᠬᠠᠨ ᠪᠠᠶᠢᠴᠠᠭᠠᠨ᠎ᠠ | ᠰᠢᠲᠠᠮᠠᠬᠠᠢ ᠬᠡᠢ ᠯᠡᠪᠡᠷᠡᠪᠡᠯ ᠠᠮᠠᠷᠬᠠᠨ ᠦᠨᠦᠷᠲᠦᠭᠳᠡᠨ᠎ᠡ ᠂ ᠦᠮᠡᠬᠡᠢ ᠦᠨᠦᠷ ᠦᠨᠦᠷᠲᠦᠪᠡᠯ ᠂ ᠡᠷᠬᠡᠪᠰᠢ ᠴᠣᠩᠬᠤ ᠪᠠᠨ ᠨᠡᠭᠡᠭᠡᠵᠦ ᠂ ᠰᠢᠲᠠᠮᠠᠬᠠᠢ ᠬᠡᠢ ᠶᠢᠨ ᠵᠤᠤᠬ᠎ᠠ ᠂ | ᠰᠢᠲᠠᠮᠠᠬᠠᠢ ᠬᠡᠢ ᠶᠢᠨ ᠨᠡᠭᠡᠯᠡᠬᠡᠢ ᠪᠠᠨ ᠬᠠᠭᠠᠭᠰᠠᠨ ᠡᠰᠡᠬᠦ ᠶᠢ ᠪᠠᠶᠢᠴᠠᠭᠠᠬᠤ ᠬᠡᠷᠡᠭᠲᠡᠢ ᠃ ᠬᠠᠭᠠᠭᠰᠠᠨ ᠤ ᠳᠠᠷᠠᠭ᠎ᠠ ᠪᠠᠰᠠ ᠦᠮᠡᠬᠡᠢ ᠦᠨᠦᠷ ᠲᠠᠢ ᠪᠣᠯ ᠰᠢᠲᠠᠮᠠᠬᠠᠢ | ᠬᠡᠢ ᠶᠢᠨ ᠺᠤᠮᠫᠠᠨᠢ ᠶᠢᠨ ᠠᠵᠢᠯᠲᠠᠨ ᠲᠠᠢ ᠳᠠᠷᠦ᠋ᠢᠬᠠᠨ ᠬᠠᠷᠢᠯᠴᠠᠵᠤ ᠪᠠᠶᠢᠴᠠᠭᠠᠯᠭᠠᠬᠤ ᠬᠡᠷᠡᠭᠲᠡᠢ ᠃ ᠲᠤᠰᠬᠠᠢ ᠮᠡᠷᠭᠡᠵᠢᠯ ᠤᠨ ᠬᠦᠮᠦᠰ ᠬᠦᠷᠴᠦ ᠢᠷᠡᠬᠦ ᠠᠴᠠ ᠡᠮᠦᠨ᠎ᠡ ᠂ | ᠶᠠᠭᠠᠬᠢᠭᠰᠠᠨ ᠴᠤ ᠦᠷᠦᠭᠡᠨ ᠳᠤ ᠪᠠᠨ ᠰᠠᠭᠤᠵᠤ ᠪᠣᠯᠬᠤ ᠦᠭᠡᠢ ᠂ ᠳ᠋ᠧᠩ ᠠᠰᠠᠭᠠᠵᠤ ᠪᠣᠯᠬᠤ ᠦᠭᠡᠢ ᠂ ᠨᠡᠩ ᠴᠦ ᠢᠯᠡ ᠭᠠᠯ ᠬᠡᠷᠡᠭᠯᠡᠵᠦ ᠪᠣᠯᠬᠤ ᠦᠭᠡᠢ ᠃ | ᠰᠢᠲᠠᠮᠠᠬᠠᠢ ᠪᠣᠳᠠᠰ ᠢ ᠵᠤᠤᠬᠠᠨ ᠠᠴᠠ ᠬᠤᠯᠠ ᠲᠠᠯᠪᠢᠨ᠎ᠠ | ᠰᠢᠲᠠᠮᠠᠬᠠᠢ ᠬᠡᠢ ᠶᠢᠨ ᠵᠤᠤᠬ᠎ᠠ ᠶᠢᠨ ᠡᠷᠭᠢᠨ ᠲᠣᠭᠤᠷᠢᠨ ᠳᠤ ᠲᠤᠰᠣᠨ ᠯᠣᠩᠬᠤ ᠂ ᠠᠷᠢᠬᠢᠨ ᠯᠣᠩᠬᠤ ᠂ ᠪᠠᠭᠰᠤᠷᠭ᠎ᠠ ᠶᠢᠨ ᠯᠣᠩᠬᠤ ᠵᠡᠷᠭᠡ ᠲᠣᠭᠤᠭᠠᠨ ᠭᠡᠷ ᠲᠤ | ᠦᠷᠭᠦᠯᠵᠢ ᠬᠡᠷᠡᠭᠯᠡᠳᠡᠭ ᠡᠯ᠎ᠡ ᠵᠦᠢᠯ ᠤᠨ ᠪᠣᠳᠠᠰ ᠢ ᠲᠠᠯᠪᠢᠵᠤ ᠪᠣᠯᠬᠤ ᠦᠭᠡᠢ ᠃ ᠪᠠᠰᠠ ᠴᠠᠭᠠᠰᠤᠨ ᠬᠠᠶᠢᠷᠴᠠᠭ ᠂ ᠬᠤᠯᠤᠰᠣᠨ ᠰᠠᠭᠰᠤ ᠵᠡᠷᠭᠡ ᠪᠣᠳᠠᠰ ᠢ ᠲᠠᠯᠪᠢᠵᠤ | ᠪᠣᠯᠬᠤ ᠦᠭᠡᠢ ᠂ ᠭᠠᠯ ᠭᠠᠷᠬᠤ ᠠᠴᠠ ᠵᠠᠶᠢᠯᠠᠰᠬᠢᠬᠤ ᠬᠡᠷᠡᠭᠲᠡᠢ ᠃ | | |