6 ᠨᠠᠰᠤᠨ ᠠᠴᠠ ᠡᠮᠦᠨ᠎ᠡ ᠳᠡᠯᠭᠡᠴᠡ ᠶᠢᠨ ᠲᠥᠷᠥᠯ ᠤᠨ ᠡᠯᠸᠺᠲᠷᠣᠨ ᠦᠢᠯᠡᠳᠬᠦᠨ ᠢ ᠪᠢᠲᠡᠭᠡᠢ ᠬᠡᠷᠡᠭᠯᠡᠭᠡᠷᠡᠢ
ᠨᠡᠶᠢᠲᠡᠯᠡᠭᠰᠡᠨ ᠴᠠᠭ᠄
2023/9/25
       ᠬᠡᠦᠬᠡᠳ ᠪᠠ ᠵᠠᠯᠠᠭᠤᠴᠤᠳ ᠪᠠᠭᠠᠴᠤᠳ ᠤᠨ ᠣᠶᠢᠷ᠎ᠠ ᠬᠠᠷᠠᠭ᠎ᠠ ᠶᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠶᠢᠨ ᠲᠥᠯᠥᠭᠡ ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ︽ ᠬᠡᠦᠬᠡᠳ ᠵᠠᠯᠠᠭᠤᠴᠤᠳ ᠪᠠᠭᠠᠴᠤᠳ ᠤᠨ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠭᠤᠣᠯ ᠮᠡᠳᠡᠯᠭᠡ ᠶᠢᠨ ᠠᠷᠪᠠᠨ ᠵᠤᠷᠪᠤᠰ ︾ ᠢ ᠳᠠᠷᠤᠮᠠᠯᠯᠠᠨ ᠲᠠᠷᠬᠠᠭᠠᠪᠠ ᠃ ᠡᠭᠦᠨ ᠳᠤ ᠬᠡᠦᠬᠡᠳ ᠤᠨ ᠡᠯᠸᠺᠲᠷᠣᠨ ᠳᠡᠯᠭᠡᠴᠡ ᠬᠡᠷᠡᠭᠯᠡᠬᠦ ᠴᠠᠭ ᠤᠨ ᠲᠤᠬᠠᠢ ᠨᠠᠷᠢᠨ ᠲᠣᠭᠲᠠᠭᠠᠯ ᠭᠠᠷᠭᠠᠵᠠᠢ ᠃     ᠲᠤᠰ ᠪᠢᠴᠢᠭ ᠮᠠᠲ᠋ᠧᠷᠢᠶᠠᠯ ᠳᠤ ᠡᠯᠸᠺᠲᠷᠣᠨ ᠳᠡᠯᠭᠡᠴᠡ ᠶᠢᠨ ᠲᠥᠷᠥᠯ ᠤᠨ ᠦᠢᠯᠡᠳᠬᠦᠨ ᠢ ᠣᠷᠳᠣ ᠬᠤᠭᠤᠴᠠᠭ᠎ᠠ ᠪᠠᠷ ᠣᠶᠢᠷ᠎ᠠ ᠵᠠᠢ ᠠᠴᠠ ᠬᠡᠷᠡᠭᠯᠡᠬᠦ ᠨᠢ ᠬᠡᠦᠬᠡᠳ ᠤᠨ ᠬᠤᠯᠠ ᠬᠠᠷᠠᠭᠠᠨ ᠤ ᠨᠥᠭᠡᠴᠡ ᠶᠢ ᠠᠮᠠᠷᠬᠠᠨ ᠬᠤᠷᠣᠭᠳᠠᠭᠤᠯᠵᠤ ᠂ ᠬᠡᠦᠬᠡᠳ ᠵᠠᠯᠠᠭᠤᠴᠤᠳ ᠪᠠᠭᠠᠴᠤᠳ ᠤᠨ ᠣᠶᠢᠷ᠎ᠠ ᠬᠠᠷᠠᠭ᠎ᠠ ᠡᠷᠲᠡ ᠡᠭᠦᠰᠬᠦ ᠂ ᠣᠯᠠᠨ ᠡᠭᠦᠰᠬᠦ ᠶᠢᠨ ᠴᠢᠬᠤᠯᠠ ᠰᠢᠯᠲᠠᠭᠠᠨ ᠪᠣᠯᠣᠨ᠎ᠠ ᠭᠡᠵᠦ ᠵᠢᠭᠠᠵᠤ ᠭᠠᠷᠭᠠᠭᠰᠠᠨ ᠤ ᠬᠠᠮᠲᠤ ᠂ ᠡᠯ᠎ᠡ ᠨᠠᠰᠤᠨ ᠤ ᠬᠡᠦᠬᠡᠳ ᠤᠨ ᠳᠡᠯᠭᠡᠴᠡ ᠶᠢᠨ ᠲᠥᠷᠥᠯ ᠤᠨ ᠡᠯᠸᠺᠲᠷᠣᠨ ᠦᠢᠯᠡᠳᠬᠦᠨ ᠢ ᠬᠡᠷᠡᠭᠯᠡᠬᠦ ᠲᠤᠬᠠᠢ ᠬᠠᠮᠢᠶᠠᠷᠤᠨ ᠡᠵᠡᠮᠳᠡᠬᠦ ᠪᠣᠳᠠᠲᠠᠢ ᠴᠠᠭ ᠢ ᠨᠡᠶᠢᠲᠡᠯᠡᠪᠡ ᠃    0 - 3 ᠨᠠᠰᠤᠨ ᠤ ᠨᠢᠯᠬ᠎ᠠ ᠬᠡᠦᠬᠡᠳ ᠄ ᠭᠠᠷ ᠤᠲᠠᠰᠤ ᠂ ᠺᠣᠮᠫᠢᠦ᠋ᠲ᠋ᠧᠷ ᠵᠡᠷᠭᠡ ᠳᠡᠯᠭᠡᠴᠡ ᠶᠢᠨ ᠲᠥᠷᠥᠯ ᠤᠨ ᠡᠯᠧᠺᠳ᠋ᠷᠣᠨ ᠦᠢᠯᠡᠳᠬᠦᠨ ᠢ ᠬᠡᠷᠡᠭᠯᠡᠬᠦ ᠦᠭᠡᠢ ᠃    3 - 6 ᠨᠠᠰᠤᠨ ᠤ ᠬᠡᠦᠬᠡᠳ ᠄ ᠭᠠᠷ ᠤᠲᠠᠰᠤ ᠂ ᠺᠣᠮᠫᠢᠦ᠋ᠲ᠋ᠧᠷ ᠵᠡᠷᠭᠡ ᠳᠡᠯᠭᠡᠴᠡ ᠶᠢᠨ ᠲᠥᠷᠥᠯ ᠤᠨᠡᠯᠸᠺᠲᠷᠣᠨ ᠦᠢᠯᠡᠳᠬᠦᠨ ᠲᠠᠢ ᠣᠶᠢᠷᠠᠳᠬᠤ ᠪᠠ ᠬᠡᠷᠡᠭᠯᠡᠬᠦ ᠠᠴᠠ ᠠᠯᠢ ᠴᠢᠳᠠᠬᠤ ᠪᠠᠷ ᠵᠠᠶᠢᠯᠠᠰᠬᠢᠬᠦ ᠬᠡᠷᠡᠭᠲᠡᠢ ᠃    ᠳᠤᠮᠳᠠᠳᠤ ᠪᠠᠭ᠎ᠠ ᠰᠤᠷᠭᠠᠭᠤᠯᠢ ᠶᠢᠨ ᠰᠣᠷᠣᠭᠴᠢ ᠄ ᠰᠤᠷᠤᠯᠴᠠᠬᠤ ᠪᠤᠰᠤ ᠵᠣᠷᠢᠯᠭ᠎ᠠ ᠪᠠᠷ ᠡᠯᠸᠺᠲᠷᠣᠨᠳᠡᠯᠭᠡᠴᠡ ᠶᠢ ᠬᠡᠷᠡᠭᠯᠡᠬᠦ ᠴᠠᠭ ᠢ ᠨᠢᠭᠡ ᠤᠳᠠᠭ᠎ᠠ 15 ᠮᠢᠨᠦ᠋ᠲ ᠠᠴᠠ ᠬᠡᠲᠦᠷᠡᠭᠦᠯᠵᠦ ᠪᠣᠯᠬᠤ ᠦᠭᠡᠢ ᠂ ᠡᠳᠦᠷ ᠪᠦᠷᠢ ᠨᠡᠶᠢᠲᠡ ᠴᠠᠭ ᠢ 1 ᠴᠠᠭ ᠠᠴᠠ ᠬᠡᠲᠦᠷᠡᠭᠦᠯᠵᠦ ᠪᠣᠯᠬᠤ ᠦᠭᠡᠢ ᠃ ᠡᠯᠸᠺᠲᠷᠣᠨᠳᠡᠯᠭᠡᠴᠡ ᠪᠠᠷ ᠰᠤᠷᠤᠯᠴᠠᠬᠤ ᠳᠤ ᠂ ᠳᠡᠯᠭᠡᠴᠡ ᠶᠢᠨ ᠭᠤᠣᠯ ᠪᠠᠶᠢᠷᠢ ᠨᠢ ᠨᠢᠳᠦᠨ ᠤ ᠬᠠᠷᠠᠭᠠᠨ ᠱᠤᠭᠤᠮ ᠠᠴᠠ ᠳᠣᠣᠷ᠎ᠠ 10 ᠰᠠᠨᠲ᠋ᠢᠮᠧᠳ᠋ᠷ ᠤᠨ ᠣᠷᠴᠢᠮ ᠪᠠᠶᠢᠵᠤ ᠂ 30 - 40 ᠮᠢᠨᠦ᠋ᠲ ᠦᠵᠡᠭᠰᠡᠨ ᠤ ᠳᠠᠷᠠᠭ᠎ᠠ ᠂ ᠬᠤᠯᠠ ᠶᠢ ᠬᠠᠷᠠᠵᠤ 10 ᠮᠢᠨᠦ᠋ᠲ ᠨᠢᠳᠦ ᠪᠠᠨ ᠠᠮᠠᠷᠠᠭᠤᠯᠪᠠᠯ ᠵᠣᠬᠢᠨ᠎ᠠ ᠃      
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠣᠷᠳᠤᠨ