ᠮᠠᠨ ᠤ ᠤᠯᠤᠰ ᠤᠨ ᠬᠠᠤᠯᠢ ᠴᠠᠭᠠᠵᠠ ᠳᠤ ᠦᠨᠳᠦᠷ ᠬᠦᠦ ᠲᠠᠢ ᠵᠢᠬᠡᠯᠡᠯᠬᠡ ᠶᠢ ᠬᠡᠷᠬᠢᠨ ᠰᠢᠢᠳᠪᠦᠷᠢᠯᠡᠳᠡᠭ ᠪᠤᠢ︖
ᠨᠡᠶᠢᠲᠡᠯᠡᠭᠰᠡᠨ ᠴᠠᠭ᠄
2023/9/25
     ᠮᠠᠨ ᠤ ᠤᠯᠤᠰ ᠤᠨ ᠤᠳᠤᠬᠠᠨ ᠤ ᠬᠠᠤᠯᠢ ᠴᠠᠭᠠᠵᠠ ᠶᠢᠨ ᠲᠤᠬᠳᠠᠭᠠᠯ ᠢ ᠦᠨᠳᠦᠰᠦᠯᠡᠪᠡᠯ ᠂ ᠶᠠᠮᠠᠷ ᠵᠢᠬᠡᠯᠡᠯᠬᠡ ᠶᠢᠨ ᠠᠷᠭ᠎ᠠ ᠮᠠᠶ᠋ᠢᠭ ᠢ ᠬᠡᠷᠡᠭᠯᠡᠭᠰᠡᠨ ᠴᠤ ᠂ ᠲᠠᠪᠬᠤᠷ ᠬᠦᠦ ᠮᠦᠩᠬᠦ ᠪᠤᠳᠤᠬᠰᠠᠨ ᠡᠰᠡᠬᠦᠯ᠎ᠡ ᠵᠢᠬᠡᠯᠡᠬᠦᠯᠬᠦ ᠳᠡᠭᠡᠨ ᠤᠷᠢᠳ ᠢᠶᠠᠷ ᠬᠦᠦ ᠮᠦᠩᠬᠦ ᠶᠢ ᠰᠠᠭᠤᠯᠭᠠᠨ ᠠᠪᠤᠬᠰᠠᠨ ᠪᠠᠶᠢᠪᠠᠯ ᠂ ᠴᠦᠮ ᠪᠤᠳᠠᠳᠤ ᠵᠢᠬᠡᠯᠡᠬᠦᠯᠦᠭᠰᠡᠨ ᠵᠤᠭᠤᠰᠤᠨ ᠤ ᠲᠤᠭ᠎ᠠ ᠪᠠᠷ ᠬᠦᠦ ᠮᠦᠩᠬᠦ ᠪᠤᠳᠤᠬᠤ ᠪᠦᠬᠡᠳ ᠪᠠᠩᠬᠢ ᠶᠢᠨ ᠠᠳᠠᠯᠢ ᠲᠦᠷᠦᠯ ᠤᠨ ᠵᠢᠬᠡᠯᠡᠯᠬᠡ ᠶᠢᠨ ᠬᠦᠦ ᠮᠦᠩᠬᠦ ᠶᠢᠨ ᠨᠤᠷᠮ᠎ᠠ ᠶᠢᠨ 4 ᠲᠠᠬᠢᠨ ᠠᠴᠠ ᠬᠡᠳᠦᠷᠡᠭᠰᠡᠨ ᠦᠶ᠎ᠡ ᠳᠤ ᠂ ᠬᠡᠳᠦᠷᠡᠭᠰᠡᠨ ᠬᠡᠰᠡᠭ ᠢ ᠨᠢ ᠬᠠᠤᠯᠢ ᠶᠣᠰᠤᠨ ᠤ ᠬᠠᠮᠠᠭᠠᠯᠠᠯᠳᠠ ᠲᠤ ᠤᠷᠤᠭᠤᠯᠬᠤ ᠦᠬᠡᠢ ᠃     ᠡᠬᠦᠨ ᠤ ᠬᠠᠮᠳᠤ ᠂ ᠵᠢᠬᠡᠯᠡᠬᠦᠯᠦᠭᠴᠢ ᠶᠢᠨ ᠨᠢᠬᠡᠨᠳᠡ ᠬᠤᠷᠢᠶᠠᠨ ᠠᠪᠤᠬᠰᠠᠨ ᠦᠨᠳᠦᠷ ᠬᠦᠦ ᠲᠠᠢ ᠵᠢᠬᠡᠯᠡᠯᠬᠡ ᠶᠢᠨ ᠬᠡᠰᠡᠭ ᠤᠨ ᠬᠦᠦ ᠮᠦᠩᠬᠦ ᠪᠠᠷ ᠲᠦᠯᠦᠬᠡᠳᠦᠢ ᠡᠬᠡ ᠮᠦᠩᠬᠦ ᠶᠢ ᠲᠤᠯᠭᠠᠨ ᠲᠦᠯᠦᠵᠦ ᠪᠤᠯᠤᠨ᠎ᠠ ᠂ ᠬᠡᠷᠪᠡ ᠬᠠᠤᠯᠢ ᠶᠤᠰᠤᠨ ᠤ ᠡᠬᠡ ᠬᠦᠦ ᠮᠦᠩᠬᠦ ᠶᠢ ᠨᠢᠬᠡᠨᠳᠡ ᠲᠦᠯᠦᠵᠦ ᠪᠠᠷᠠᠬᠰᠠᠨ ᠪᠠᠶᠢᠪᠠᠯ ᠂ ᠵᠤᠭᠤᠰ ᠵᠢᠬᠡᠯᠡᠭᠴᠢ ᠳᠤ ᠪᠤᠴᠠᠭᠠᠵᠤ ᠦᠭᠬᠦ ᠬᠡᠷᠡᠭᠳᠡᠢ ᠃      
ᠢᠷᠡᠯᠲᠡ᠄ ᠬᠠᠤᠯᠢ ᠴᠠᠭᠠᠵᠠ ᠶᠢᠨ ᠲᠢᠩᠬᠢᠮ ᠤᠨ ᠮᠣᠩᠭᠤᠯ ᠰᠦᠯᠵᠢᠶ᠎ᠡ