| ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠪᠠ ᠵᠠᠰᠠᠯᠲᠠ ᠶᠢᠨ ᠬᠢᠷᠢ ᠲᠦᠪᠰᠢᠨ ᠢ ᠤᠯᠠᠮ ᠴᠢᠨᠠᠬᠰᠢᠳᠠ ᠳᠡᠭᠡᠭᠰᠢᠯᠡᠭᠦᠯᠵᠤ ᠂ ︽ ᠵᠠᠭᠠᠯᠳᠤᠯᠭ᠎ᠠ ᠶᠢ | ᠬᠦᠯᠢᠶᠡᠨ ᠠᠪᠤᠮᠠᠬᠴᠠ ᠳᠠᠷᠤᠶᠢᠬᠠᠨ ᠬᠦᠢᠴᠡᠳᠭᠡᠬᠦ ︾ ᠰᠠᠨᠠᠭᠠᠴᠢᠯᠠᠭᠠᠳᠤ ᠪᠤᠰᠤ ᠪᠠᠷ ᠠᠵᠢᠯᠯᠠᠵᠤ ᠪᠠᠶᠢᠭᠰᠠᠨ ᠠᠴᠠ ᠪᠠᠨ ︽ ᠬᠡᠷᠡᠭᠴᠡᠭᠡ ᠶᠢ ᠠᠰᠠᠭᠤᠵᠤ ᠳᠠᠷᠤᠶᠢᠬᠠᠨ | ᠬᠦᠢᠴᠡᠳᠭᠡᠬᠦ ᠂ ᠵᠠᠭᠠᠯᠳᠤᠭᠰᠠᠨ ᠦᠭᠡᠢ ᠪᠠᠷ ᠤᠷᠢᠳ ᠢᠶᠠᠷ ᠰᠢᠢᠳᠪᠦᠷᠢᠯᠡᠬᠦ ︾ ᠰᠠᠨᠠᠭᠠᠴᠢᠯᠠᠭ᠎ᠠ ᠠᠴᠠ ᠪᠠᠨ ᠵᠠᠰᠠᠬᠤ ᠵᠠᠭᠪᠤᠷ ᠵᠦᠭ ᠬᠤᠪᠢᠷᠠᠭᠤᠯᠬᠤ ᠶᠢ ᠪᠦᠲᠦᠮᠵᠢᠲᠡᠶ | ᠠᠬᠢᠭᠤᠯᠬᠤ ᠶᠢᠨ ᠲᠥᠯᠥᠭᠡ ᠂ ᠰᠢᠩ ᠯᠦᠩ ᠵᠡᠭᠡᠯᠢ ᠭᠤᠳᠤᠮᠵᠢ ᠶᠢᠨ ᠰᠢᠨ ᠺᠠᠢ ᠨᠡᠶᠢᠭᠡᠮ ᠲᠣᠭᠤᠷᠢᠭ ᠤᠨ ᠠᠵᠢᠯᠲᠠᠳ ᠬᠠᠷᠢᠶ᠎ᠠ ᠲᠣᠭᠤᠷᠢᠭ ᠲᠤ | ᠭᠦᠨᠵᠡᠭᠡᠶᠢᠷᠡᠵᠦ︽ᠶᠠᠪᠤᠬᠤ ᠂ ᠰᠣᠨᠣᠰᠬᠤ ᠂ ᠦᠵᠡᠬᠦ ᠂ ᠰᠤᠷᠪᠤᠯᠵᠢᠯᠠᠬᠤ︾ ᠪᠠᠷ ᠳᠠᠮᠵᠢᠨ᠂ ᠰᠠᠭᠤᠭᠠᠯᠢ ᠠᠷᠠᠳ ᠤᠨ ᠬᠡᠷᠡᠭᠴᠡᠭᠡ ᠱᠠᠭᠠᠷᠳᠠᠯᠭ᠎ᠠ ᠶᠢᠨ ᠲᠤᠬᠠᠢ ᠰᠠᠨᠠᠯ ᠢ | ᠥᠷᠭᠡᠨ ᠢᠶᠠᠷ ᠬᠤᠷᠢᠶᠠᠵᠤ ᠂ ᠰᠠᠭᠤᠭᠠᠯᠢ ᠠᠷᠠᠳ ᠤᠨ ᠲᠤᠰᠬᠠᠭᠰᠠᠨ︽ ᠪᠠᠴᠢᠮᠳᠠᠵᠤ ᠬᠦᠴᠢᠷᠳᠡᠵᠤ ᠰᠠᠨᠠᠭᠠᠰᠢᠷᠠᠵᠤ ᠵᠤᠪᠠᠨᠢᠵᠤ︾ ᠪᠠᠶᠢᠭ᠎ᠠ286 ᠠᠰᠠᠭᠤᠳᠠᠯ ᠢ | ᠬᠤᠷᠢᠶᠠᠩᠭᠤᠶᠢᠯᠠᠵᠤ ︽ᠡᠬᠡ ᠳᠠᠩᠰᠠ︾ ᠪᠣᠯᠭᠠᠵᠤ ᠂ ᠠᠯᠬᠤᠮ ᠠᠯᠬᠤᠮ ᠢᠶᠠᠷ︽ᠳᠠᠩᠰᠠ ᠠᠴᠠ ᠬᠠᠰᠤᠬᠤ︾ ᠠᠵᠢᠯ ᠢ ᠶᠠᠪᠤᠭᠳᠠᠭᠤᠯᠵᠤ ᠂ ︽ᠤᠯᠠᠨ ᠲᠦᠮᠡᠨ | ᠡᠷᠬᠢᠯᠡᠬᠦᠯᠬᠦ ︾ ᠪᠠᠷ ᠰᠠᠨᠠᠭᠠᠴᠢᠯᠠᠵᠤ ᠪᠠᠶᠢᠬᠰᠠᠨ ᠠᠴᠠ ᠪᠠᠨ ᠦᠨᠡᠨᠬᠦ ︽ᠤᠯᠠᠨ ᠲᠦᠮᠡᠨ ᠤ ᠲᠥᠯᠥᠭᠡ ᠡᠷᠬᠢᠯᠡᠬᠦ ︾ ᠪᠣᠯᠭᠠᠨ ᠬᠤᠪᠢᠷᠠᠭᠤᠯᠵᠤ ᠂ ᠳᠣᠲᠣᠨᠣ | ᠦᠢᠯᠡᠴᠢᠯᠡᠭᠡ ᠶᠢ ᠰᠠᠭᠤᠭᠠᠯᠢ ᠠᠷᠠᠳ ᠤᠨ ᠰᠡᠳᠬᠢᠯ ᠳᠤ ᠬᠦᠷᠭᠡᠵᠡᠢ ᠃ ᠰᠢᠨ ᠺᠠᠢ ᠨᠡᠶᠢᠭᠡᠮ ᠲᠣᠭᠤᠷᠢᠭ ᠤᠨ ᠬᠢᠨ ︽ᠬᠡᠷᠡᠭᠴᠡᠭᠡ ᠶᠢ ᠠᠰᠠᠭᠤᠵᠤ ᠳᠠᠷᠤᠶᠢᠬᠠᠨ | ᠬᠦᠢᠴᠡᠳᠭᠡᠬᠦ︾ ᠡᠨᠡᠬᠦ ︽ᠬᠠᠳᠬᠤᠮᠠᠯ ᠤᠨ ᠵᠡᠭᠦᠦ︾ ᠪᠠᠷ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠬᠦ ︽ᠰᠢᠨ᠎ᠡ ᠵᠢᠷᠤᠬᠯᠠᠯ︾ ᠢ | ᠪᠦᠲᠦᠭᠡᠵᠡᠢ᠃ | ᠳᠡᠭᠡᠳᠦ ᠳᠣᠣᠷᠠᠳᠤ ᠱᠠᠲᠤ ᠪᠠᠷ ᠢᠶᠠᠨ ᠬᠤᠯᠪᠤᠭᠠᠯᠠᠨ ᠬᠥᠳᠡᠯᠦᠯᠴᠡᠵᠦ ᠂ ᠰᠠᠭᠤᠭᠠᠯᠢ ᠠᠷᠠᠳ | ᠤᠨ ︽ ᠬᠦᠴᠢᠷ ᠲᠦᠪᠡᠭᠲᠡᠢ ᠶᠠᠪᠤᠳᠠᠯ ︾ ᠢ ᠢᠳᠡᠪᠬᠢᠲᠡᠢ ᠪᠠᠷ ᠰᠢᠢᠳᠪᠦᠷᠢᠯᠡᠪᠠ | ᠰᠠᠭᠤᠭᠠᠯᠢ ᠠᠷᠠᠳ ᠤᠨ ᠪᠠᠭ᠎ᠠ ᠶᠠᠪᠤᠳᠠᠯ ᠢ ᠶᠡᠭᠡ ᠶᠠᠪᠤᠳᠠᠯ ᠪᠣᠯᠭᠠᠵᠤ ᠂ ᠰᠠᠭᠤᠭᠠᠯᠢ ᠠᠷᠠᠳ ᠤᠨ ᠬᠦᠰᠡᠯ ᠱᠠᠭᠠᠷᠳᠠᠯᠭ᠎ᠠ ᠶᠢ ᠭᠤᠣᠯᠳᠠᠯᠭ᠎ᠠ ᠪᠣᠯᠭᠠᠨ ᠂ ︽ | ᠬᠡᠷᠡᠭᠴᠡᠭᠡ ᠶᠢ ᠠᠰᠠᠭᠤᠵᠤ ᠳᠠᠷᠤᠶᠢᠬᠠᠨ ᠬᠦᠢᠴᠡᠳᠭᠡᠬᠦ ︾ ᠠᠵᠢᠯ ᠢ ᠥᠷᠨᠢᠭᠦᠯᠬᠦ ᠳᠤᠮᠳᠠ ᠂ ᠰᠢᠩ ᠾᠧ ᠵᠢᠶᠠ ᠶᠤᠸᠠᠨ ᠰᠠᠭᠤᠭᠠᠯᠢ ᠲᠣᠭᠤᠷᠢᠭ ᠲᠤ ᠳᠡᠷᠭᠡᠨ | ᠵᠤᠬᠰᠤᠭᠠᠯ ᠢ ᠳᠦᠯᠦᠪᠵᠢᠬᠦᠯᠵᠤ ᠪᠠᠶᠢᠷᠢᠯᠠᠭᠤᠯᠤᠬᠰᠠᠨ ᠦᠭᠡᠢ ᠠᠴᠠ ᠪᠤᠯᠵᠤ ᠂ ᠲᠡᠷᠭᠡᠮᠠᠰᠢᠨ ᠲᠦᠭᠵᠢᠷᠡᠵᠦ ᠭᠠᠯ ᠤᠨᠲᠠᠷᠠᠭᠠᠬᠤ ᠵᠠᠮ ᠢ ᠡᠵᠡᠯᠡᠨ ᠬᠡᠷᠡᠭᠯᠡᠬᠦ | ᠦᠵᠡᠭᠳᠡᠯ ᠦᠷᠭᠦᠯᠵᠢ ᠭᠠᠷᠳᠠᠭ ᠪᠥᠭᠡᠳ ᠰᠠᠭᠤᠭᠠᠯᠢ ᠲᠣᠭᠤᠷᠢᠭ ᠲᠤ ᠬᠢᠨᠠᠨ ᠡᠵᠡᠮᠳᠡᠬᠦ ᠂ ᠬᠤᠯᠠᠭᠠᠢ ᠶᠢ ᠰᠡᠷᠭᠡᠶᠢᠯᠡᠬᠦ ᠡᠭᠦᠳᠡ ᠂ ᠡᠭᠦᠳᠡᠨ ᠬᠤᠷᠢᠭ᠎ᠠ ᠵᠡᠷᠭᠡ | ᠲᠥᠬᠦᠭᠡᠷᠦᠮᠵᠢ ᠨᠢ ᠡᠪᠳᠡᠷᠡᠵᠦ ᠰᠦᠢᠳᠦᠭᠰᠡᠨ ᠪᠠᠶᠢᠳᠠᠯ ᠭᠠᠷᠴᠠᠢ ᠭᠡᠵᠤ ᠰᠠᠭᠤᠭᠠᠯᠢ ᠠᠷᠠᠳ ᠳᠤᠰᠬᠠᠬᠰᠠᠨ ᠪᠠᠶᠢᠨ᠎ᠠ ᠃ ᠰᠠᠭᠤᠭᠠᠯᠢ ᠲᠣᠭᠤᠷᠢᠭ ᠤᠨ | ᠠᠷᠠᠳ ᠤᠯᠠᠨ ᠤ ᠬᠡᠷᠡᠭᠴᠡᠭᠡ ᠶᠢ ᠬᠠᠩᠭᠠᠵᠤ ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠲᠡᠷᠭᠡ ᠵᠤᠬᠰᠤᠭᠠᠬᠤ ᠳᠤ ᠬᠦᠴᠢᠷ ᠪᠠᠶᠢᠭ᠎ᠠ | ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ ᠂ ᠰᠢᠨ ᠺᠠᠢ ᠨᠡᠶᠢᠭᠡᠮ ᠲᠣᠭᠤᠷᠢᠭ ᠤᠨ ᠬᠢᠨ ᠲᠣᠰ ᠬᠡᠷᠡᠭ ᠢ ᠰᠢᠩ ᠯᠦᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ ᠲᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ ᠂ ᠰᠢᠩ ᠾᠧ ᠵᠢᠶᠠ ᠶᠤᠸᠠᠨ ᠰᠠᠭᠤᠭᠠᠯᠢ ᠲᠣᠭᠤᠷᠢᠭ ᠲᠤ ᠪᠦᠬᠦᠯᠢ ᠴᠣᠭᠴᠠ ᠪᠠᠷ ᠨᠢ ᠳᠡᠭᠡᠭᠰᠢᠯᠡᠭᠦᠯᠦᠨ | ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠪᠡ ᠃ ᠥᠭᠡᠷᠡᠴᠢᠯᠡᠨ ᠵᠠᠰᠠᠬᠤ ᠶᠠᠪᠤᠴᠠ ᠳᠤ ᠳᠡᠷᠭᠡᠨ ᠵᠤᠬᠰᠤᠭᠠᠯ ᠢ 260 ᠨᠡᠮᠡᠭᠳᠡᠭᠦᠯᠵᠦ ᠂ ᠬᠡᠦᠬᠡᠳ ᠨᠠᠭᠠᠳᠤᠳᠠᠭ | ᠡᠯᠡᠰᠦᠨ ᠲᠠᠲᠠᠭᠠᠯ ᠢ 1 ᠨᠡᠮᠡᠭᠳᠡᠭᠦᠯᠵᠦ ᠂ ᠬᠤᠯᠠᠭᠠᠢ ᠶᠢ ᠰᠡᠷᠭᠡᠶᠢᠯᠡᠬᠦ ᠡᠭᠦᠳᠡ ᠶᠢ 20 ᠂ ᠰᠡᠭᠦᠳᠡᠷᠯᠡᠬᠦ ᠮᠠᠰᠢᠨ ᠢ 72 ᠰᠣᠯᠢᠵᠤ ᠂ ᠴᠠᠬᠢᠯᠭᠠᠨ ᠬᠥᠳᠡᠯᠭᠡᠭᠦᠷᠲᠦ | ᠲᠡᠷᠭᠡᠨ ᠤ ᠲᠥᠪᠯᠡᠷᠡᠭᠦᠯᠦᠨ ᠴᠡᠨᠡᠭᠯᠡᠬᠦ ᠱᠤᠩ ᠢ 13 ᠤᠭᠰᠠᠷᠠᠭᠤᠯᠵᠤ ᠂ ᠬᠤᠭ ᠤᠨ ᠰᠠᠪᠠ ᠶᠢ 12 ᠨᠡᠮᠡᠭᠰᠡᠨ ᠪᠥᠭᠡᠳ ᠣᠲᠣ ᠪᠠᠶᠢᠭ᠎ᠠ ᠠᠮᠤᠷ ᠢ ᠬᠠᠮᠠᠭᠠᠯᠠᠬᠤ | ᠲᠠᠰᠤᠭ ᠂ ᠡᠭᠦᠳᠡᠨ ᠬᠤᠷᠢᠭ᠎ᠠ ᠶᠢᠨ ᠰᠢᠰᠲ᠋ᠧᠮ ᠤᠨ ᠲᠥᠬᠦᠭᠡᠷᠦᠮᠵᠢ ᠶᠢ ᠰᠣᠯᠢᠵᠤ ᠂ ᠥᠭᠡᠷᠡᠴᠢᠯᠡᠭᠰᠡᠨ ᠤ ᠳᠠᠷᠠᠭᠠᠬᠢ ᠰᠠᠭᠤᠭᠠᠯᠢ ᠠᠷᠠᠳ ᠤᠨ ᠵᠣᠯ ᠵᠢᠷᠭᠠᠯ ᠤᠨ | ᠵᠢᠭᠠᠯᠲᠠ ᠲᠤᠭ᠎ᠠ ᠶᠢ ᠶᠡᠭᠡ ᠪᠠᠷ ᠳᠡᠭᠡᠭᠰᠢᠯᠡᠭᠦᠯᠦᠭᠰᠡᠨ ᠪᠠᠶᠢᠨ᠎ᠠ ᠃ | | | ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠂ ᠰᠠᠭᠤᠭᠠᠯᠢ ᠠᠷᠠᠳ ᠤᠨ | ︽ ᠰᠡᠳᠬᠢᠯ ᠢ ᠳᠤᠯᠠᠭᠠᠴᠠᠭᠤᠯᠬᠤ ᠶᠠᠪᠤᠳᠠᠯ ︾ ᠢ ᠦᠨᠡᠨᠰᠡᠳᠬᠢᠯᠭᠡ ᠠᠴᠠ ᠪᠠᠨ ᠰᠠᠶᠢᠲᠤᠷ ᠬᠢᠪᠡ | ︽ ᠨᠠᠰᠤᠳᠠᠶᠢᠴᠤᠳ ᠪᠤᠯᠤᠨ ᠬᠡᠤᠬᠡᠳ︾ ᠨᠢ ᠴᠥᠮ ᠲᠦᠭ ᠲᠦᠮᠡᠨ ᠠᠶᠢᠯ ᠡᠷᠤᠭᠡ ᠶᠢᠨ ᠠᠷᠠᠳ ᠤᠨ ᠠᠮᠢᠳᠤᠷᠠᠯ ᠳᠤ ᠬᠤᠯᠪᠣᠭᠳᠠᠬᠤ ᠶᠡᠭᠡ ᠶᠠᠪᠤᠳᠠᠯ ᠪᠣᠯᠳᠠᠭ | ᠶᠤᠮ᠃ ᠠᠯᠢ ᠡᠷᠳᠡ ᠠᠴᠠ ᠠᠪᠤᠭᠠᠳ ︽ᠶᠡᠭᠡ ᠨᠢᠭᠡᠳᠦᠯ︾ ᠤᠨ ᠨᠡᠶᠢᠭᠡᠮ ᠤᠨ ᠰᠠᠶᠢᠬᠠᠨ ᠦᠵᠡᠮᠵᠢ ᠪᠣᠯ ᠳᠠᠷᠤᠢ ︽ᠨᠠᠰᠤᠲᠠᠨ ᠢᠶᠠᠨ ᠬᠦᠨᠳᠦᠯᠡᠵᠦ ᠂ ᠨᠢᠯᠬᠠᠰ ᠢᠶᠠᠨ | ᠬᠠᠶᠢᠷᠠᠯᠠᠬᠤ︾ ᠶᠠᠪᠤᠳᠠᠯ ᠪᠣᠯᠣᠨ᠎ᠠ᠃ ᠬᠠᠷᠢᠶ᠎ᠠ ᠣᠷᠣᠨ ᠤ ᠨᠠᠰᠤᠲᠠᠶᠢᠴᠤᠳ ᠪᠠᠨᠠᠰᠤᠨ ᠳᠤ ᠥᠯᠥ ᠭᠦᠷᠦᠭᠰᠡᠳ ᠢ ᠬᠠᠯᠠᠮᠵᠢᠯᠠᠨ ᠬᠠᠶᠢᠷᠠᠯᠠᠵᠤ ᠬᠠᠮᠠᠭᠠᠯᠠᠬᠤ ᠠᠵᠢᠯ ᠢ | ᠤᠯᠠᠮ ᠨᠢᠭᠡ ᠠᠯᠬᠤᠮ ᠰᠠᠶᠢᠲᠤᠷ ᠬᠢᠬᠦ ᠶᠢᠨ ᠲᠥᠯᠥᠭᠡ ᠂ ᠰᠢᠩ ᠯᠦᠩ ᠵᠡᠭᠡᠯᠢ ᠭᠤᠳᠤᠮᠵᠢ ᠶᠢᠨ ᠰᠢᠨ ᠺᠠᠢ ᠨᠡᠶᠢᠭᠡᠮ ᠲᠣᠭᠤᠷᠢᠭ ᠤᠨ ᠬᠢᠨ ︽ ᠨᠠᠰᠤᠳᠠᠶᠢᠴᠤᠳ | ᠪᠤᠯᠤᠨ ᠬᠡᠤᠬᠡᠳ ︾ ᠪᠤᠯᠬᠤ ᠡᠨᠡᠬᠦ ᠣᠨᠴᠠᠭᠠᠶ ᠬᠦᠮᠤᠰ ᠤᠨ ᠲᠣᠭᠤᠷᠢᠨ ᠳᠤ ᠣᠯᠠᠨ ᠬᠡᠯᠪᠡᠷᠢ ᠶᠠᠩᠵᠤ ᠲᠠᠢ ᠂ ᠠᠭᠤᠯᠭ᠎ᠠ ᠪᠠᠷ ᠪᠠᠶᠠᠯᠢᠭ ᠭᠤᠣᠯ ᠰᠡᠳᠦᠪᠲᠦ | ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ ᠂ ᠰᠡᠳᠬᠢᠯ ᠢ ᠳᠤᠯᠠᠭᠠᠴᠠᠭᠤᠯᠬᠤ ᠠᠵᠢᠯᠯᠠᠭ᠎ᠠ ᠨᠤᠭᠤᠳ ᠢᠶᠠᠷ ᠳᠠᠮᠵᠢᠭᠤᠯᠤᠨ ᠂ ᠨᠠᠰᠤᠲᠠᠶᠢᠴᠤᠳ ᠵᠣᠯ ᠵᠢᠷᠭᠠᠯ ᠲᠠᠢ | ᠥᠲᠡᠯᠦᠭᠡ ᠨᠠᠰᠤ ᠂ ᠬᠡᠦᠬᠡᠳ ᠤᠳ ᠡᠷᠡᠭᠦᠯ ᠴᠢᠭᠢᠷᠠᠭ ᠪᠠᠶᠠᠷ ᠬᠥᠷ ᠲᠠᠢ ᠪᠠᠭ᠎ᠠ ᠨᠠᠰᠤ ᠶᠢ ᠦᠩᠭᠡᠷᠡᠬᠦᠯᠵᠤ ᠪᠤᠢ ᠃ 2022 ᠣᠨ ᠠᠴᠠ ᠨᠠᠭᠠᠰᠢ ᠂ ᠰᠢᠨ ᠺᠠᠢ | ᠨᠡᠶᠢᠭᠡᠮ ᠲᠣᠭᠤᠷᠢᠭ ᠤᠨ ᠬᠢᠨ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠂ ᠤᠯᠠᠨ ᠡᠰᠢᠲᠦ ᠡᠬᠢ ᠪᠠᠶᠠᠯᠢᠭ ᠢ ᠢᠳᠡᠪᠬᠢᠲᠡᠢ ᠨᠡᠶᠢᠳᠬᠡᠨ ᠬᠤᠯᠪᠣᠵᠤ ᠂ | ︽ᠨᠠᠰᠤᠲᠠᠨ ᠢ ᠠᠰᠠᠷᠠᠬᠤ ᠲᠣᠪᠶᠤᠭ ᠤᠨ ᠬᠡᠯᠪᠡᠷᠢ ᠶᠢᠨ ᠦᠢᠯᠡᠴᠢᠯᠡᠭᠡᠨ ᠤ ᠲᠦᠷᠦᠯ ᠵᠦᠢᠯ︾ ᠂ ︽ᠨᠠᠰᠤᠲᠠᠨ ᠢᠶᠠᠨ ᠬᠠᠶᠢᠷᠠᠯᠠᠨ ᠬᠠᠯᠠᠮᠵᠢᠯᠠᠵᠤ ᠂ ᠨᠠᠰᠤᠨ ᠬᠤᠳᠤᠬᠳᠤ | ᠪᠠᠨ ᠪᠠᠶᠠᠷᠯᠠᠭᠤᠯᠬᠤ︾ᠦᠢᠯᠡᠴᠢᠯᠡᠭᠡᠨ ᠤ ᠲᠦᠷᠦᠯ ᠵᠦᠢᠯ ᠂ ︽ᠨᠡᠶᠢᠲᠡ ᠶᠢᠨ ᠠᠰᠠᠷᠠᠮᠵᠢ ᠶᠢᠨ ᠳᠦᠷᠦᠭᠰᠡᠨ ᠬᠡᠤᠬᠡᠳ ᠤᠨ ᠡᠷᠲᠡ ᠶᠢᠨ ᠰᠤᠷᠭᠠᠨ ᠬᠥᠮᠦᠵᠢᠯ ᠤᠨ | ᠬᠢᠴᠢᠶᠡᠯ ᠤᠨ ᠲᠠᠩᠬᠢᠮ︾ ᠤᠨ ᠦᠢᠯᠡᠴᠢᠯᠡᠭᠡᠨ ᠤ ᠲᠦᠷᠦᠯ ᠵᠦᠢᠯ ᠂ ︽ᠨᠡᠶᠢᠲᠡ ᠶᠢᠨ ᠠᠰᠠᠷᠠᠮᠵᠢ ᠶᠢᠨ ᠤᠷᠠᠨ ᠪᠢᠴᠢᠯᠭᠡ ᠶᠢᠨ ᠬᠢᠴᠢᠶᠡᠯ ᠤᠨ ᠲᠠᠩᠬᠢᠮ︾ ᠤᠨ | ᠦᠢᠯᠡᠴᠢᠯᠡᠭᠡᠨ ᠤ ᠲᠦᠷᠦᠯ ᠵᠦᠢᠯ ᠵᠡᠷᠭᠡ 120 ᠭᠠᠷᠤᠢ ᠲᠦᠷᠦᠯ ᠵᠦᠢᠯ ᠢ ᠥᠷᠨᠢᠭᠦᠯᠵᠦ ᠂ ᠰᠠᠭᠤᠭᠠᠯᠢ ᠠᠷᠠᠳ ᠲᠤ ᠨᠡᠶᠢᠳᠡ 2 ᠲᠦᠮᠡ ᠭᠠᠷᠤᠢ ᠬᠥᠮᠥᠨ ᠤᠳᠠᠭ᠎ᠠ | ᠦᠢᠯᠡᠴᠢᠯᠡᠪᠡ᠃ ᠰᠢᠨ ᠺᠠᠢ ᠨᠡᠶᠢᠭᠡᠮ ᠲᠣᠭᠤᠷᠢᠭ ᠤᠨ ᠬᠢᠨ ᠦᠨᠡᠨᠬᠦ ᠰᠡᠳᠬᠢᠯ ᠳᠤᠯᠠᠭᠠᠬᠠᠨ ᠦᠢᠯᠡᠴᠢᠯᠡᠭᠡ ᠪᠠᠷ ᠰᠠᠭᠤᠭᠠᠯᠢ ᠠᠷᠠᠳ ᠤᠨ ᠰᠠᠶᠢᠨ ᠰᠠᠶᠢᠬᠠᠨ | ᠠᠮᠢᠳᠤᠷᠠᠯ ᠢ ᠭᠡᠷᠡᠯᠳᠦᠬᠦᠯᠵᠦ ᠂ ︽ ᠦᠳᠡᠯᠦᠭᠡ ᠨᠠᠰᠤᠨ ᠤ ᠵᠢᠷᠭᠠᠯ︾ ᠂ ︽ᠦᠰᠦᠨ ᠪᠤᠶᠢᠵᠢᠯᠳᠠ︾ ᠶᠢ ᠬᠠᠮᠠᠭᠠᠯᠠᠬᠤ ᠵᠣᠯ ᠵᠢᠷᠭᠠᠯᠲᠤ ᠵᠢᠷᠤᠬᠯᠠᠯ ᠢ ᠵᠢᠷᠤᠭᠯᠠᠵᠤ | ᠪᠠᠶᠢᠨ᠎ᠠ ᠃ | | | ᠠᠷᠠᠳᠴᠢᠯᠠᠯ ᠢᠶᠠᠷ ᠬᠡᠷᠡᠭ ᠵᠥᠪᠯᠡᠵᠦ ᠂ ᠰᠠᠭᠤᠭᠠᠯᠢ ᠠᠷᠠᠳ ᠤᠨ ᠲᠣᠭᠤᠷᠢᠭ ᠤᠨ | ︽ ᠵᠠᠩᠭᠢᠯᠠᠭ᠎ᠠ ᠶᠢᠨ ᠶᠠᠪᠤᠳᠠᠯ ︾ ᠢ ᠵᠥᠪᠳᠡᠯᠴᠡᠨ ᠰᠢᠢᠳᠪᠦᠷᠢᠯᠡᠪᠠ | ᠰᠢᠨ ᠺᠠᠢ ᠨᠡᠶᠢᠭᠡᠮ ᠲᠣᠭᠤᠷᠢᠭ ᠤᠨ ᠵᠦᠪᠯᠡᠯᠭᠡ ᠬᠢᠵᠤ ᠤᠴᠢᠷ ᠶᠠᠪᠤᠳᠠᠯ ᠵᠦᠪᠳᠡᠯᠴᠡᠬᠦ ᠠᠵᠢᠯ ᠨᠢ ᠡᠭᠦᠷᠭᠡ ᠪᠠᠷ ᠤᠳᠤᠷᠢᠳᠤᠮᠵᠢ ᠪᠣᠯᠭᠠᠬᠤ ᠂ ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ ᠂ ᠦᠷ᠎ᠡ ᠪᠦᠲᠦᠮᠵᠢ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠤ ᠦᠷᠤᠭᠡ ᠪᠠᠷ | ᠳᠠᠮᠵᠢᠭᠤᠯᠤᠨ᠂ ᠰᠠᠭᠤᠭᠠᠯᠢ ᠠᠷᠠᠳ ᠤᠨ ᠤᠴᠢᠷ ᠶᠠᠪᠤᠳᠠᠯ ᠶᠠᠷᠢᠯᠴᠠᠬᠤ ᠲᠠᠰᠤᠭ ᠂ ᠠᠷᠠᠳ ᠤᠨ ᠪᠠᠶᠢᠳᠠᠯ ᠢ ᠬᠠᠷᠢᠯᠴᠠᠬᠤ ᠲᠠᠰᠤᠭ ᠢᠶᠠᠷ ᠳᠠᠮᠵᠢᠭᠤᠯᠤᠨ ᠰᠠᠭᠤᠭᠠᠯᠢ | ᠠᠷᠠᠳ ᠤᠨ ᠳᠤᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠭᠰᠠᠨ᠂ ᠰᠠᠭᠤᠭᠠᠯᠢ ᠠᠷᠠᠳ ᠲᠠᠢ ᠨᠢᠭᠲᠠ ᠬᠠᠷᠢᠴᠠᠭ᠎ᠠ ᠲᠠᠢ ᠠᠷᠠᠳ ᠤᠨ ᠠᠮᠢᠳᠤᠷᠠᠯ ᠤᠨ ᠪᠣᠳᠠᠲᠤ | ᠶᠠᠪᠤᠳᠠᠯ ᠢ ᠵᠥᠪᠳᠡᠯᠴᠡᠨ ᠵᠥᠪᠯᠡᠬᠦ ᠬᠡᠪᠴᠢᠶᠡᠨ ᠳᠤ ᠣᠷᠣᠭᠤᠯᠵᠤ ᠂ ᠤᠴᠢᠷ ᠶᠠᠪᠤᠳᠠᠯ ᠲᠣᠬᠢᠶᠠᠯᠳᠤᠪᠠᠯ ᠢᠯᠡᠭᠦᠬᠡᠨ ᠵᠥᠪᠳᠡᠯᠴᠡᠬᠦ ᠪᠠᠷ ᠳᠠᠮᠵᠢᠭᠤᠯᠤᠨ᠂ ᠠᠷᠠᠳ ᠤᠨ | ᠰᠠᠨᠠᠭ᠎ᠠ ᠶᠢ ᠪᠦᠬᠦ ᠬᠦᠴᠦᠨ ᠢᠶᠠᠷ ᠢᠶᠠᠨ ᠰᠣᠨᠣᠰᠴᠤ ᠠᠷᠠᠳ ᠤᠨ ᠤᠶᠤᠨ ᠤᠬᠠᠭᠠᠨ ᠢ ᠲᠥᠪᠯᠡᠷᠡᠭᠦᠯᠦᠨ ᠠᠷᠠᠳ ᠤᠨ ᠵᠣᠪᠠᠨᠢᠯ ᠢ ᠰᠢᠢᠳᠪᠦᠷᠢᠯᠡᠵᠦ ᠂ ᠵᠥᠷᠢᠴᠡᠯ ᠢ | ᠬᠦᠴᠦᠯᠡᠨ ᠠᠷᠢᠯᠭᠠᠵᠤ ᠂ ᠠᠷᠠᠳ ᠤᠨ ᠠᠮᠢᠳᠤᠷᠠᠯ ᠢ ᠰᠠᠶᠢᠵᠢᠷᠠᠭᠤᠯᠤᠨ᠂ ᠬᠥᠭᠵᠢᠯᠲᠡ ᠶᠢ ᠠᠬᠢᠭᠤᠯᠵᠤ ᠪᠠᠶᠢᠨ᠎ᠠ᠃ ᠰᠢᠨ ᠺᠠᠢ ᠱᠧᠩ ᠰᠠᠭᠤᠭᠠᠯᠢ ᠲᠣᠭᠤᠷᠢᠭ ᠤᠨ ᠵᠠᠮ | ᠡᠪᠳᠡᠷᠡᠭᠡᠳ ᠰᠠᠭᠤᠭᠠᠯᠢ ᠠᠷᠠᠳ ᠤᠨ ᠶᠠᠪᠤᠵᠤ ᠰᠠᠭᠤᠬᠤ ᠶᠢ ᠬᠦᠨᠳᠦ ᠨᠣᠴᠢᠲᠠᠢ ᠨᠥᠯᠥᠭᠡᠯᠡᠭᠰᠡᠨ ᠠᠰᠠᠭᠤᠳᠠᠯ ᠳᠤ ᠴᠢᠭᠯᠡᠭᠦᠯᠦᠨ ᠂ ᠰᠢᠨ ᠺᠠᠢ ᠨᠡᠶᠢᠭᠡᠮ | ᠲᠣᠭᠤᠷᠢᠭ ᠤᠨ ᠬᠢᠨ ᠡᠨᠡ ᠵᠢᠯ ᠤᠷᠢᠳ ᠬᠤᠵᠢᠳ ᠨᠡᠶᠢᠭᠡᠮ ᠲᠣᠭᠤᠷᠢᠭ ᠤᠨ ︽ ᠬᠤᠶᠠᠷ ᠵᠥᠪᠯᠡᠯ ︾ ᠤᠨ ᠪᠦᠷᠢᠯᠳᠦᠭᠦᠨ ᠂ ᠦᠮᠴᠢᠳᠡᠨ ᠤ ᠵᠥᠪᠯᠡᠯ ᠤᠨ | ᠪᠦᠷᠢᠯᠳᠦᠭᠦᠨ ᠂ ᠠᠳᠠᠯ ᠠᠬᠤᠢ ᠶᠢᠨ ᠺᠣᠮᠫᠠᠨᠢ ᠶᠢᠨ ᠬᠠᠷᠢᠭᠤᠴᠠᠯᠭᠠᠲᠠᠨ ᠂ ᠰᠠᠭᠤᠭᠠᠯᠢ ᠠᠷᠠᠳ ᠤᠨ ᠲᠥᠯᠥᠭᠡᠯᠡᠭᠴᠢᠳ ᠢ ᠵᠣᠬᠢᠶᠠᠨ ᠪᠠᠶᠢᠭᠤᠯᠤᠨ ᠵᠥᠪᠳᠡᠯᠴᠡᠬᠦ ᠬᠤᠷᠠᠯ | ᠬᠤᠷᠠᠯᠳᠤᠭᠤᠯᠵᠤ ᠂ ᠡᠨᠡᠬᠦ ᠠᠰᠠᠭᠤᠳᠠᠯ ᠢ ᠰᠢᠢᠳᠪᠦᠷᠢᠯᠡᠬᠦ ᠲᠥᠰᠥᠯ ᠢ ᠰᠤᠳᠤᠯᠤᠨ ᠳᠤᠷᠠᠳᠴᠤ ᠂ ᠰᠢᠩ ᠯᠦᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ | ᠮᠡᠳᠡᠬᠦᠯᠦᠭᠡᠳ ᠵᠥᠪᠰᠢᠶᠡᠷᠡᠭᠳᠡᠭᠰᠡᠨ ᠤ ᠳᠠᠷᠠᠭ᠎ᠠ ᠂ ᠰᠢᠨ ᠺᠠᠢ ᠱᠧᠩ ᠰᠠᠭᠤᠭᠠᠯᠢ ᠲᠣᠭᠤᠷᠢᠭ ᠤᠨ ᠵᠠᠮ ᠤᠨ ᠭᠠᠳᠠᠷᠭᠤ ᠶᠢ ᠪᠦᠬᠦ ᠲᠠᠯ᠎ᠠ ᠪᠠᠷ ᠰᠡᠯᠪᠢᠨ ᠵᠠᠰᠠᠬᠤ ᠪᠠᠷ | ᠲᠣᠭᠲᠠᠵᠤ ᠂ ᠰᠠᠭᠤᠭᠠᠯᠢ ᠠᠷᠠᠳ ᠤᠨ ᠬᠦᠰᠡᠭᠡᠳ ᠤᠳᠠᠭᠰᠠᠨ ᠨᠢᠭᠡᠨ ᠰᠡᠳᠬᠢᠯ ᠤᠨ ᠶᠠᠪᠤᠳᠠᠯ ᠢ ᠲᠤᠶᠢᠯᠪᠤᠷᠢᠲᠠᠢ ᠰᠢᠢᠳᠪᠦᠷᠢᠯᠡᠬᠦ ᠪᠤᠯᠤᠬᠰᠠᠨ ᠪᠠᠶᠢᠨ᠎ᠠ ᠃ | | | ᠠᠷᠠᠳ ᠤᠨ ᠠᠮᠢᠳᠤᠷᠠᠯ ᠳᠤ ᠠᠩᠬᠠᠷᠤᠯ ᠢᠶᠠᠨ ᠲᠥᠪᠯᠡᠷᠡᠭᠦᠯᠵᠦ ᠂ ᠰᠠᠭᠤᠭᠠᠯᠢ ᠠᠷᠠᠳ | ᠤᠨ ︽ ᠳᠡᠷᠭᠡᠳᠡᠬᠢ ᠶᠠᠪᠤᠳᠠᠯ ︾ ᠢ ᠰᠡᠳᠬᠢᠯ ᠲᠠᠯᠪᠢᠨ ᠰᠢᠢᠳᠪᠦᠷᠢᠯᠡᠪᠠ | ᠰᠠᠭᠤᠭᠠᠯᠢ ᠠᠷᠠᠳ ᠤᠨ ᠲᠣᠭᠤᠷᠢᠭ ᠪᠣᠯ ᠬᠤᠲᠠ ᠶᠢᠨ ᠬᠥᠭᠵᠢᠯᠲᠡ ᠶᠢᠨ ︽ ᠬᠠᠮᠤᠭ ᠤᠨ ᠪᠠᠭ᠎ᠠ ᠨᠢᠭᠡᠴᠢ ︾ ᠪᠣᠯᠣᠨ᠎ᠠ ᠂ ᠰᠢᠨ ᠺᠠᠢ ᠨᠡᠶᠢᠭᠡᠮ ᠲᠣᠭᠤᠷᠢᠭ ᠤᠨ | ᠬᠢᠨ ᠠᠷᠠᠳ ᠣᠯᠠᠨ ᠤ ︽ ᠵᠣᠯ ᠵᠢᠷᠭᠠᠯ ᠤᠨ ᠨᠠᠷᠢᠨ ᠳᠠᠩᠰᠠ ︾ ᠶᠢ ᠡᠯ᠎ᠡ ᠵᠦᠢᠯ ᠤᠨ ᠠᠵᠢᠯ ᠢ ᠥᠷᠨᠢᠭᠦᠯᠬᠦ ᠶᠢᠨ ︽ ᠬᠠᠷᠢᠭᠤᠴᠠᠯᠭ᠎ᠠ ᠶᠢᠨ ᠨᠠᠷᠢᠨ ᠳᠠᠩᠰᠠ ︾ | ᠪᠣᠯᠭᠠᠬᠤ ᠶᠢ ᠪᠠᠷᠢᠮᠲᠠᠯᠠᠵᠤ ᠂ ᠣᠯᠠᠨ ᠲᠦᠮᠡᠨ ᠤ ᠲᠤᠰᠬᠠᠯ ᠶᠡᠬᠡᠲᠡᠢ ᠬᠤᠳᠠᠯᠳᠤᠭᠠᠨ ᠤ ᠳᠡᠯᠭᠡᠭᠦᠷ ᠤᠨ ᠡᠭᠦᠳᠡᠨ ᠡᠮᠦᠨ᠎ᠡ ᠳᠤᠷ᠎ᠠ ᠪᠠᠷ ᠢᠶᠠᠨ ᠦᠷᠦᠵᠦ ᠲᠠᠯᠪᠢᠬᠤ ᠂ | ᠴᠠᠬᠢᠯᠭᠠᠨ ᠬᠥᠳᠡᠯᠭᠡᠭᠦᠷᠲᠦ ᠲᠡᠷᠭᠡᠨ ᠤ ᠨᠢᠰᠭᠡ ᠴᠠᠬᠢᠯᠭᠠᠨ ᠤᠳᠠᠰᠤ ᠪᠠᠷ ᠴᠡᠨᠡᠭᠯᠡᠬᠦ ᠂ ᠤᠷᠤᠴᠠ ᠶᠢᠨ ᠡᠭᠦᠳᠡ ᠡᠪᠳᠡᠷᠡᠭᠰᠡᠨ ᠂ ᠠᠰᠠᠷ ᠤᠨ ᠵᠠᠮ ᠤᠨ ᠭᠡᠷᠡᠮ ᠤᠨ | ᠨᠢᠭᠤᠷ ᠲᠡᠭᠰᠢ ᠪᠤᠰᠤ ᠪᠠᠶᠢᠬᠤ ᠵᠡᠷᠭᠡ ᠠᠰᠠᠭᠤᠳᠠᠯ ᠳᠤ ᠴᠢᠭᠯᠡᠭᠦᠯᠦᠨ ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠭᠤᠶᠤᠴᠢᠯᠠᠬᠤ ᠵᠡᠷᠭᠡ | ᠠᠷᠭ᠎ᠠ ᠬᠡᠯᠪᠡᠷᠢ ᠪᠠᠷ ᠳᠠᠮᠵᠢᠭᠤᠯᠤᠨ ᠂ ᠰᠢᠨ ᠺᠠᠢ ᠱᠧᠩ ᠰᠠᠭᠤᠭᠠᠯᠢ ᠲᠣᠭᠤᠷᠢᠭ ᠤᠨ ᠬᠤᠳᠠᠯᠳᠤᠭᠠᠨ ᠤ ᠳᠡᠯᠭᠡᠭᠦᠷ ᠤᠨ ᠡᠭᠦᠳᠡᠨ ᠡᠮᠦᠨ᠎ᠡ 165 ᠬᠠᠳᠠᠭᠠᠯᠠᠮᠵᠢ ᠶᠢᠨ | ᠠᠪᠳᠠᠷ᠎ᠠ ᠲᠣᠬᠢᠷᠠᠭᠤᠯᠵᠤ ᠂ ᠬᠠᠷᠢᠶ᠎ᠠ ᠣᠷᠣᠨ ᠳᠤ 33 ᠴᠠᠬᠢᠯᠭᠠᠨ ᠬᠥᠳᠡᠯᠭᠡᠭᠦᠷᠲᠦ ᠲᠡᠷᠭᠡᠨ ᠤ ᠲᠥᠪᠯᠡᠷᠡᠭᠦᠯᠦᠨ ᠴᠡᠨᠡᠭᠯᠡᠬᠦ ᠱᠤᠩ ᠢ ᠰᠢᠨ᠎ᠡ ᠪᠠᠷ ᠤᠭᠰᠠᠷᠠᠵᠤ ᠂ 30 | ᠰᠠᠭᠤᠭᠠᠯᠢ ᠲᠣᠭᠤᠷᠢᠭ ᠤᠨ ᠵᠠᠮ ᠤᠨ ᠳ᠋ᠧᠩ ᠂ ᠬᠢᠨᠠᠨ ᠡᠵᠡᠮᠳᠡᠬᠦ ᠲᠥᠬᠦᠭᠡᠷᠦᠮᠵᠢ ᠲᠠᠭᠠᠷᠠᠭᠤᠯᠵᠤ ᠂ 262 ᠤᠷᠤᠴᠠ ᠶᠢᠨ ᠠᠰᠠᠷ ᠤᠨ ᠬᠡᠷᠡᠮ ᠢ ᠴᠣᠬᠤᠶᠢᠳᠠᠵᠤ ᠂ | ᠡᠪᠳᠡᠷᠡᠵᠦ ᠰᠦᠢᠳᠦᠭᠰᠡᠨ 182 ᠤᠷᠤᠴᠠ ᠶᠢᠨ ᠡᠭᠦᠳᠡ ᠶᠢ ᠰᠣᠯᠢᠵᠤ ᠂ ᠬᠠᠷᠢᠶ᠎ᠠ ᠣᠷᠣᠨ ᠤ 30 ᠰᠠᠭᠤᠭᠠᠯᠢ ᠲᠣᠭᠤᠷᠢᠭ ᠤᠨ ᠪᠠᠭᠤᠷᠠᠢ ᠴᠠᠬᠢᠯᠭᠠᠨ ᠬᠤᠭᠤᠯᠠᠢ | ᠲᠣᠣᠷ ᠤᠨ ᠥᠭᠡᠷᠡᠴᠢᠯᠡᠯᠲᠡ ᠬᠢᠵᠦ ᠂ ᠰᠤᠯᠠ ᠪᠠᠶᠢᠭ᠎ᠠ ᠪᠥᠭᠡᠮ ᠬᠦᠴᠢᠯ ᠤᠨ ᠪᠠᠶᠢᠴᠠᠭᠠᠨ ᠬᠡᠮᠵᠢᠬᠦ ᠵᠢᠵᠢᠭ ᠭᠡᠷ ᠢ ᠭᠦᠢᠴᠡᠳ ᠠᠰᠢᠭᠯᠠᠨ ᠂ ᠳᠤᠯᠠᠭᠠᠨ ᠥᠷᠲᠡᠭᠡ ᠂ | ᠪᠣᠯᠪᠠᠰᠤᠨ ᠬᠤᠷᠠᠮᠳᠤᠯ ᠬᠤᠪᠢ ᠪᠠᠷ ᠰᠣᠯᠢᠬᠤ ᠬᠡᠲᠦ ᠳᠡᠯᠭᠡᠭᠦᠷ ᠂ ᠨᠣᠮ ᠤᠨ ᠥᠷᠥᠭᠡ ᠶᠢ ᠪᠠᠶᠢᠭᠤᠯᠪᠠ᠃ ᠣᠳᠣᠬᠠᠨ ᠪᠣᠯᠲᠠᠯ᠎ᠠ᠂ ᠠᠷᠠᠳ ᠤᠨ ᠠᠮᠢᠳᠤᠷᠠᠯ ᠤᠨ ᠡᠯ᠎ᠡ | ᠲᠦᠷᠦᠯ ᠤᠨ ᠪᠣᠳᠠᠲᠤ ᠶᠠᠪᠤᠳᠠᠯ ᠢᠶᠠᠷ ᠠᠷᠠᠳ ᠲᠤ ᠠᠰᠢᠭ ᠬᠦᠷᠲᠡᠭᠡᠬᠦ ᠲᠦᠷᠦᠯ ᠵᠦᠢᠯ ᠢ 86 ᠪᠡᠶᠡᠯᠡᠭᠦᠯᠵᠦ ᠂ ᠰᠠᠭᠤᠭᠠᠯᠢ ᠠᠷᠠᠳ ᠲᠤ ᠲᠦᠮᠡ ᠭᠠᠷᠤᠢ ᠬᠥᠮᠥᠨ | ᠤᠳᠠᠭ᠎ᠠ ᠠᠰᠢᠭ ᠬᠦᠷᠲᠡᠭᠡᠵᠡᠢ ᠃ ᠠᠷᠠᠳ ᠲᠤ ᠠᠰᠢᠭ ᠬᠦᠷᠲᠡᠭᠡᠬᠦ ᠠᠯᠢ ᠤᠯᠠᠨ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠰᠠᠭᠤᠭᠠᠯᠢ ᠠᠷᠠᠳ ᠤᠨ ᠪᠤᠳᠠᠳᠤ | ᠬᠦᠴᠢᠷᠳᠡᠯ ᠢ ᠯᠠᠪᠳᠠᠭᠤᠨ ᠪᠠᠲᠤᠲᠠᠢ ᠰᠢᠢᠳᠪᠦᠷᠢᠯᠡᠵᠦ ᠂ ᠰᠠᠭᠤᠭᠠᠯᠢ ᠠᠷᠠᠳ ᠤᠨ ᠬᠦᠷᠲᠡᠮᠵᠢ ᠶᠢᠨ ᠲᠥᠷᠥᠭᠳᠡᠯ ᠂ ᠵᠣᠯ ᠵᠢᠷᠭᠠᠯᠲᠤ ᠲᠥᠷᠥᠭᠳᠡᠯ ᠂ ᠠᠮᠤᠷ ᠲᠦᠪᠰᠢᠨ ᠤ | ᠲᠥᠷᠥᠭᠳᠡᠯ ᠢ ᠶᠡᠭᠡ ᠪᠠᠷ ᠳᠡᠭᠡᠭᠰᠢᠯᠡᠭᠦᠯᠪᠡ᠃ | ︵ᠸᠠᠩ ᠳ᠋ᠠᠨ︶ | | | | |