| ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 26 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ | ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠣᠶᠢᠷ᠎ᠠ ᠶᠢᠨ ᠡᠳᠦᠷ ᠴᠢᠯᠦᠭᠡᠲᠦ ᠠᠷᠠᠯᠵᠢᠶᠠᠨ ᠤ | ᠲᠤᠷᠰᠢᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠬᠤ ᠲᠤᠬᠠᠢ ᠴᠢᠬᠤᠯᠠ ᠵᠢᠭᠠᠪᠤᠷᠢ ᠥᠭᠴᠦ ᠂ ᠴᠢᠯᠦᠭᠡᠲᠦ ᠠᠷᠠᠯᠵᠢᠶᠠᠨ ᠤ | ᠲᠤᠷᠰᠢᠯᠲᠠ ᠶᠢᠨ ᠣᠷᠣᠨ ᠢ ᠪᠦᠲᠦᠭᠡᠨ ᠪᠠᠶᠢᠭᠤᠯᠬᠤ ᠪᠣᠯ ᠨᠠᠮ ᠤᠨ ᠲᠥᠪ ᠬᠤᠷᠢᠶ᠎ᠠ ᠶᠢᠨ ᠰᠢᠨ᠎ᠡ ᠴᠠᠭ ᠦᠶ᠎ᠡ ᠳᠤ ᠥᠭᠡᠷᠡᠴᠢᠯᠡᠯᠲᠡ ᠨᠡᠭᠡᠭᠡᠯᠲᠡ ᠶᠢ ᠠᠬᠢᠭᠤᠯᠬᠤ | ᠴᠢᠬᠤᠯᠠ ᠪᠠᠶᠢᠯᠳᠤᠬᠤ ᠪᠣᠳᠣᠯᠭ᠎ᠠ ᠶᠢᠨ ᠠᠷᠭ᠎ᠠ ᠬᠡᠮᠵᠢᠶ᠎ᠡ ᠮᠥᠨ ᠃ ᠠᠷᠪᠠᠨ ᠵᠢᠯ ᠤᠨ ᠲᠤᠷᠰᠢ ᠂ ᠡᠯ᠎ᠡ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠨᠠᠮ ᠤᠨ | ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠦᠵᠡᠯ ᠰᠠᠨᠠᠭ᠎ᠠ ᠪᠠᠨ ᠴᠢᠯᠦᠭᠡᠯᠡᠵᠦ ᠂ ᠲᠥᠪ | ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ ᠂ ᠨᠢᠭᠡ ᠪᠦᠯᠦᠭ ᠰᠠᠭᠤᠷᠢ ᠴᠢᠨᠠᠷᠲᠠᠢ ᠂ ᠡᠭᠦᠳᠦᠯᠲᠡ ᠶᠢᠨ ᠴᠢᠨᠠᠷᠲᠠᠢ ᠥᠭᠡᠷᠡᠴᠢᠯᠡᠯᠲᠡ ᠨᠡᠭᠡᠭᠡᠯᠲᠡ ᠶᠢᠨ ᠠᠷᠭ᠎ᠠ | ᠬᠡᠮᠵᠢᠶ᠎ᠡ ᠶᠢ ᠲᠣᠭᠲᠠᠭᠠᠵᠤ ᠂ ᠮᠠᠰᠢ ᠤᠯᠠᠨ ᠪᠡᠯᠭᠡ ᠲᠡᠮᠳᠡᠭ ᠤᠨ ᠴᠢᠨᠠᠷᠲᠠᠢ ᠂ ᠬᠥᠲᠥᠯᠥᠨ ᠳᠠᠭᠠᠭᠤᠯᠬᠤ ᠴᠢᠨᠠᠷᠲᠠᠢ ᠳᠦᠷᠢᠮ ᠤᠨ ᠰᠢᠨ᠎ᠡ ᠡᠭᠦᠳᠦᠯᠲᠡ ᠶᠢᠨ ᠦᠷ᠎ᠡ | ᠪᠦᠲᠦᠭᠡᠯ ᠢ ᠪᠦᠷᠢᠯᠳᠦᠭᠦᠯᠵᠦ ᠂ ᠥᠭᠡᠷᠡᠴᠢᠯᠡᠯᠲᠡ ᠨᠡᠭᠡᠭᠡᠯᠲᠡ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠲᠠᠪᠴᠠᠩ ᠤᠨ ᠦᠢᠯᠡᠳᠦᠯ ᠢ ᠪᠦᠲᠦᠮᠵᠢᠲᠡᠢ | ᠪᠠᠳᠠᠷᠠᠭᠤᠯᠤᠭᠰᠠᠨ ᠪᠠᠶᠢᠨ᠎ᠠ ᠭᠡᠵᠦ ᠵᠢᠭᠠᠵᠤ ᠭᠠᠷᠭᠠᠪᠠ ᠃ | ᠰᠢ ᠶᠢᠨ ᠫᠢᠩ ᠂ ᠰᠢᠨ᠎ᠡ ᠠᠶᠠᠨ ᠳᠤ ᠂ ᠠᠷᠪᠠᠨ ᠵᠢᠯ ᠤᠨ ᠪᠦᠲᠦᠭᠡᠨ ᠪᠠᠶᠢᠭᠤᠯᠤᠯᠲᠠ ᠶᠢᠨ ᠲᠤᠷᠰᠢᠯᠭ᠎ᠠ ᠪᠠᠨ ᠪᠦᠭᠦ ᠲᠠᠯ᠎ᠠ ᠪᠠᠷ ᠳ᠋ᠦᠩᠨᠡᠭᠰᠡᠨ ᠰᠠᠭᠤᠷᠢᠨ ᠳᠡᠭᠡᠷ᠎ᠡ ᠂ | ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ ᠳᠡᠭᠡᠭᠰᠢᠯᠡᠭᠦᠯᠭᠦ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ ᠂ ᠵᠣᠷᠢᠭᠲᠠᠢ ᠪᠠᠷ ᠵᠠᠮ ᠨᠡᠭᠡᠭᠡᠨ | ᠤᠷᠤᠭᠰᠢᠯᠠᠬᠤ ᠂ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠬᠤᠰᠢᠭᠤᠴᠢ ᠪᠣᠯᠵᠤ ᠂ ᠨᠡᠩ ᠥᠷᠭᠡᠨ ᠬᠦᠷᠢᠶ᠎ᠡ ᠂ ᠨᠡᠩ ᠭᠦᠨ ᠳᠠᠪᠬᠤᠷᠭ᠎ᠠ ᠳᠤ ᠰᠦᠪᠡᠭᠴᠢᠯᠡᠯᠲᠡ | ᠬᠢᠵᠦ ᠂ ᠨᠡᠩ ᠥᠨᠳᠥᠷ ᠲᠦᠪᠰᠢᠨ ᠪᠦᠬᠦᠢ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ ᠴᠢᠷᠮᠠᠶᠢᠨ ᠪᠦᠲᠦᠭᠡᠨ ᠪᠠᠶᠢᠭᠤᠯᠬᠤ ᠬᠡᠷᠡᠭᠲᠡᠢ ᠃ ᠨᠠᠮ ᠤᠨ ᠪᠦᠭᠦ | ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ ᠂ ᠥᠨᠳᠥᠷ ᠲᠦᠪᠰᠢᠨ ᠪᠦᠬᠦᠢ ᠨᠡᠭᠡᠭᠡᠯᠲᠡ ᠪᠠᠷ ᠤᠳᠤᠷᠢᠳᠤᠮᠵᠢ ᠪᠤᠯᠭᠠᠬᠤ ᠂ ᠳᠦᠷᠢᠮ ᠤᠨ ᠰᠢᠨ᠎ᠡ ᠶᠢ ᠡᠭᠦᠳᠬᠦ ᠪᠠᠷ | ᠭᠤᠣᠯ ᠪᠤᠯᠭᠠᠬᠤ ᠶᠢ ᠪᠠᠷᠢᠮᠲᠠᠯᠠᠵᠤ ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ ᠂ ᠥᠨᠳᠥᠷ ᠪᠠᠷᠢᠮᠵᠢᠶ᠎ᠠ ᠪᠠᠷ ᠣᠯᠠᠨ ᠤᠯᠤᠰ ᠤᠨ ᠠᠵᠤ | ᠠᠬᠤᠢ ᠠᠷᠠᠯᠵᠢᠶᠠᠨ ᠤ ᠳᠦᠷᠢᠮ ᠲᠠᠢ ᠵᠣᠯᠭᠠᠯᠴᠠᠭᠤᠯᠵᠤ ᠂ ᠳᠦᠷᠢᠮ ᠤᠨ ᠭᠡᠯᠪᠡᠷᠢ ᠶᠢᠨ ᠨᠡᠭᠡᠭᠡᠯᠲᠡ ᠶᠢ ᠭᠦᠨᠵᠡᠭᠡᠢ ᠠᠬᠢᠭᠤᠯᠵᠤ ᠂ ᠥᠭᠡᠷᠡᠴᠢᠯᠡᠯᠲᠡ ᠶᠢᠨ ᠪᠦᠬᠦᠯᠢ | ᠴᠣᠭᠴᠠ ᠶᠢᠨ ᠲᠥᠯᠦᠪᠵᠢᠭᠦᠯᠭᠡ ᠪᠠ ᠰᠢᠰᠲ᠋ᠧᠮ ᠤᠨ ᠬᠤᠷᠠᠮᠠᠯ ᠢ ᠴᠢᠩᠭᠠᠳᠬᠠᠵᠤ ᠂ ᠪᠦᠭᠦ ᠠᠵᠤ ᠦᠢᠯᠡᠰ ᠤᠨ ᠬᠡᠯᠬᠢᠶ᠎ᠡ ᠶᠢᠨ ᠰᠢᠨ᠎ᠡ ᠶᠢ ᠡᠭᠦᠳᠬᠦ ᠬᠥᠭᠵᠢᠯᠲᠡ ᠶᠢ | ᠠᠬᠢᠭᠤᠯᠵᠤ ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠵᠢᠱᠢᠶ᠎ᠡ ᠦᠵᠡᠭᠦᠯᠭᠦ ᠦᠢᠯᠡᠳᠦᠯ ᠢ ᠨᠠᠩ ᠰᠠᠶᠢᠲᠤᠷ ᠪᠠᠳᠠᠷᠠᠭᠤᠯᠬᠤ ᠬᠡᠷᠡᠭᠲᠡᠢ ᠭᠡᠵᠦ | ᠴᠢᠬᠤᠯᠠᠴᠢᠯᠠᠪᠠ ᠃ | ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ ᠪᠦᠲᠦᠭᠡᠨ ᠪᠠᠶᠢᠭᠤᠯᠤᠭᠰᠠᠨ ᠠᠷᠪᠠᠨ ᠵᠢᠯ ᠤᠨ ᠤᠢ ᠶᠢᠨ ᠶᠠᠷᠢᠯᠴᠠᠬᠤ ᠬᠤᠷᠠᠯ 9 ᠰᠠᠷ᠎ᠠ ᠶᠢᠨ 26 ᠤ | ᠡᠳᠦᠷ ᠪᠡᠭᠡᠵᠢᠩ ᠳᠤ ᠬᠤᠷᠠᠯᠳᠤᠪᠠ ᠃ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ ᠭᠡᠰᠢᠭᠦᠨ ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ | ᠳᠡᠳ᠋ ᠶᠡᠷᠦᠩᠬᠡᠢ ᠰᠠᠶᠢᠳ ᠾᠧ ᠯᠢ ᠹᠧᠩ ᠬᠤᠷᠠᠯ ᠳᠡᠭᠡᠷ᠎ᠡ ᠰᠢ ᠶᠢᠨ ᠫᠢᠩ ᠤᠨ ᠴᠢᠬᠤᠯᠠ ᠵᠢᠭᠠᠪᠤᠷᠢ ᠶᠢ ᠤᠯᠠᠮᠵᠢᠯᠠᠭᠰᠠᠨ ᠪᠥᠭᠡᠳ ᠶᠠᠷᠢᠶ᠎ᠠ ᠲᠠᠯᠪᠢᠵᠤ ᠂ ᠶᠡᠷᠦᠩᠬᠡᠢ | ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠭᠦᠨᠵᠡᠭᠡᠢ ᠣᠶᠢᠯᠠᠭᠠᠵᠤ ᠂ ᠴᠢᠯᠦᠭᠡᠲᠦ ᠠᠷᠠᠯᠵᠢᠶᠠᠨ ᠤ | ᠲᠤᠷᠰᠢᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢᠨ ᠲᠤᠷᠰᠢᠯᠭ᠎ᠠ ᠶᠢ ᠪᠦᠭᠦ ᠲᠠᠯ᠎ᠠ ᠪᠠᠷ ᠳ᠋ᠦᠩᠨᠡᠵᠦ ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ | ᠳᠡᠭᠡᠭᠰᠢᠯᠡᠭᠦᠯᠭᠦ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ ᠂ ᠦᠵᠡᠯᠲᠡ ᠪᠠᠨ ᠦᠷᠭᠦᠯᠵᠢᠯᠡᠨ ᠬᠤᠪᠢᠷᠠᠭᠤᠯᠵᠤ ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠪᠠᠨ | ᠴᠢᠩᠭᠠᠳᠬᠠᠵᠤ ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ ᠂ ᠳᠦᠷᠢᠮ ᠤᠨ ᠰᠢᠨ᠎ᠡ ᠶᠢ ᠡᠭᠦᠳᠬᠦ ᠲᠠᠯ᠎ᠠ ᠪᠠᠷ ᠰᠢᠨ᠎ᠡ ᠰᠢᠪᠲᠤᠯᠤᠯᠲᠠ | ᠭᠠᠷᠭᠠᠬᠤ ᠪᠠᠷ ᠴᠢᠷᠮᠠᠶᠢᠵᠤ ᠂ ᠨᠡᠭᠡᠭᠡᠯᠲᠡ ᠶᠢ ᠠᠬᠢᠭᠤᠯᠬᠤ ᠲᠠᠯ᠎ᠠ ᠪᠠᠷ ᠰᠢᠨ᠎ᠡ ᠥᠷᠭᠡᠵᠢᠯ ᠲᠠᠢ ᠪᠤᠯᠭᠠᠵᠤ ᠂ ᠬᠥᠭᠵᠢᠯᠲᠡ ᠶᠢ ᠲᠥᠯᠥᠪᠵᠢᠭᠦᠯᠬᠦ ᠲᠠᠯ᠎ᠠ ᠪᠠᠷ ᠰᠢᠨ᠎ᠡ | ᠳᠡᠭᠡᠭᠰᠢᠯᠡᠯᠲᠡ ᠲᠠᠢ ᠪᠤᠯᠭᠠᠵᠤ ᠂ ᠨᠠᠩ ᠥᠨᠳᠥᠷ ᠲᠦᠪᠰᠢᠨ ᠪᠦᠬᠦᠢ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ ᠴᠢᠷᠮᠠᠶᠢᠨ ᠪᠦᠲᠦᠭᠡᠨ ᠪᠠᠶᠢᠭᠤᠯᠬᠤ | ᠬᠡᠷᠡᠭᠲᠡᠢ ᠭᠡᠵᠦ ᠢᠯᠡᠳᠬᠡᠪᠡ ᠃ | ᠶᠠᠷᠢᠯᠴᠠᠬᠤ ᠬᠤᠷᠠᠯ ᠳᠡᠭᠡᠷ᠎ᠡ ᠂ ᠬᠤᠳᠠᠯᠳᠤᠭᠠᠨ ᠤ ᠶᠠᠪᠤᠳᠠᠯ ᠤᠨ ᠶᠠᠮᠤᠨ ᠤ ᠬᠠᠷᠢᠭᠤᠴᠠᠯᠭᠠᠲᠠᠨ ᠨᠥᠬᠦᠳ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ | ᠠᠷᠪᠠᠨ ᠵᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠬᠠᠷᠢᠭᠤ ᠮᠡᠳᠡᠭᠦᠯᠵᠦ ᠂ ᠡᠳ᠋ ᠤᠨ ᠵᠠᠰᠠᠭ ᠤᠨ ᠶᠠᠮᠤᠨ ᠂ ᠳᠤᠮᠳᠠᠳᠤ ᠤᠯᠤᠰ ᠤᠨ ᠠᠷᠠᠳ ᠤᠨ ᠪᠠᠩᠬᠢ ᠂ | ᠪᠣᠭᠤᠮᠲᠠ ᠶᠢᠨ ᠶᠡᠷᠦᠩᠬᠡᠢ ᠵᠠᠬᠢᠷᠭ᠎ᠠ ᠪᠣᠯᠣᠨ ᠱᠠᠩᠬᠠᠢ ᠂ ᠲᠢᠶᠠᠨᠵᠢᠨ ᠂ ᠹᠦᠵᠢᠶᠠᠨ ᠂ ᠯᠢᠶᠣᠤᠨᠢᠩ ᠂ ᠰᠧᠴᠤᠸᠠᠨ ᠂ ᠭᠤᠸᠠᠩᠰᠢ ᠶᠢᠨ ᠬᠠᠷᠢᠭᠤᠴᠠᠯᠭᠠᠲᠠᠨ ᠨᠥᠬᠦᠳ | ᠦᠭᠡ ᠬᠡᠯᠡᠪᠡ ᠃ | ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠂ 21 ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠪᠠᠶᠢᠭ᠎ᠠ | ᠮᠤᠵᠢ ᠣᠷᠣᠨ ᠬᠤᠳᠠ ᠶᠢᠨ ᠬᠠᠷᠢᠭᠤᠴᠠᠯᠭᠠᠲᠠᠨ ᠨᠥᠬᠦᠳ ᠶᠠᠷᠢᠯᠴᠠᠬᠤ ᠬᠤᠷᠠᠯ ᠳᠤ ᠣᠷᠣᠯᠴᠠᠪᠠ ᠃ | | | |