| 1 ᠬᠠᠷᠠᠭ᠎ᠠ ᠪᠠᠨ ᠲᠡᠯᠡᠬᠦ ᠲᠤᠬᠠᠢ | ᠰᠦᠯᠵᠢᠶᠡᠨ ᠳᠡᠭᠡᠷ᠎ᠡ ᠵᠠᠷᠢᠮ ᠬᠥᠮᠥᠨ ︽ ᠶᠠᠭᠠᠬᠢᠪᠠᠯ ᠰᠠᠶ᠋ᠢ ᠬᠠᠮᠤᠭ ᠤᠨ ᠠᠮᠠᠷᠬᠠᠨ ᠢᠶᠠᠷ ᠶᠢᠷᠲᠢᠨᠴᠦ ᠲᠠᠢ ᠲᠠᠨᠢᠯᠴᠠᠵᠤ ᠴᠢᠳᠠᠬᠤ ᠪᠤᠢ ︖ ︾ ᠭᠡᠵᠦ | ᠠᠰᠠᠭᠤᠬᠤ ᠳᠤ ᠂ ︽ ᠶᠢᠷᠲᠢᠨᠴᠦ ᠲᠠᠢ ᠲᠠᠨᠢᠯᠴᠠᠬᠤ ᠭᠡᠳᠡᠭ ᠨᠢ ᠳᠡᠯᠡᠬᠡᠶ ᠶᠢᠷᠲᠢᠨᠴᠦ ᠳᠤ ᠨᠢᠭᠡ ᠯᠡ ᠲᠠᠯ᠎ᠠ ᠪᠠᠶᠢᠬᠤ ᠪᠢᠰᠢ ᠂ ᠬᠠᠷᠢᠨ ᠨᠣᠮ ᠪᠢᠴᠢᠭ ᠤᠩᠰᠢᠬᠤ ᠪᠠᠷ | ᠳᠠᠮᠵᠢᠨ ᠳᠡᠯᠡᠬᠡᠶ ᠶᠢᠷᠲᠢᠨᠴᠦ ᠶᠢᠨ ᠠᠳᠠᠯᠢ ᠪᠤᠰᠤ ᠲᠠᠯ᠎ᠠ ᠶᠢ ᠬᠠᠮᠤᠭ ᠠᠴᠠ ᠠᠮᠠᠷᠬᠠᠨ ᠣᠯᠵᠤ ᠬᠠᠷᠠᠳᠠᠭ ᠭᠡᠰᠡᠨ ᠢ ᠬᠡᠯᠡᠵᠦ ᠪᠠᠶᠢᠨ᠎ᠠ ︾ ᠭᠡᠰᠡᠨ ᠬᠠᠷᠢᠭᠤᠯᠲᠠ ᠨᠢ | ᠬᠦᠮᠦᠰ ᠤᠨ ᠰᠠᠶᠢᠰᠢᠶᠠᠯ ᠢ ᠣᠯᠣᠭᠰᠠᠨ ᠪᠠᠶᠢᠨ᠎ᠠ ᠃ | ᠨᠢᠭᠡᠨ ᠰᠠᠶᠢᠨ ᠨᠣᠮ ᠪᠢᠳᠡᠨ ᠢ ᠳᠠᠭᠠᠭᠤᠯᠤᠨ ᠦᠯᠦ ᠮᠡᠳᠡᠬᠦ ᠶᠢᠷᠲᠢᠨᠴᠦ ᠶᠢ ᠴᠢᠭᠯᠡᠨ᠎ᠡ ᠃ ᠣᠯᠠᠨ ᠨᠣᠮ ᠤᠩᠰᠢᠪᠠᠯ ᠂ ᠡᠨᠡ ᠶᠢᠷᠲᠢᠨᠴᠦ ᠳᠤ ᠵᠥᠪᠬᠡᠨ ᠨᠢᠭᠡ ᠯᠡ | ᠵᠦᠢᠯ ᠤᠨ ᠰᠣᠶᠣᠯ ᠪᠠᠶᠢᠬᠤ ᠪᠢᠰᠢ ᠭᠡᠳᠡᠭ ᠢ ᠮᠡᠳᠡᠵᠤ ᠂ ᠠᠳᠠᠯᠢ ᠪᠤᠰᠤ ᠦᠵᠡᠯᠲᠡ ᠶᠢ ᠪᠠᠭᠲᠠᠭᠠᠵᠤ ᠳᠡᠶᠢᠯᠬᠦ ᠪᠣᠯᠣᠨ᠎ᠠ ᠂ ᠬᠥᠮᠦᠨ ᠤ ᠠᠮᠢᠳᠤᠷᠠᠯ ᠳᠤ ᠵᠥᠪᠬᠡᠨ ᠨᠢᠭᠡ | ᠯᠡ ᠵᠦᠢᠯ ᠤᠨ ᠠᠮᠢᠳᠤᠷᠠᠬᠤ ᠠᠷᠭ᠎ᠠ ᠪᠠᠶᠢᠬᠤ ᠪᠢᠰᠢ ᠭᠡᠳᠡᠭ ᠢ ᠮᠡᠳᠡᠵᠤ ᠂ ᠪᠤᠰᠤᠳ ᠤᠨ ᠠᠮᠢᠳᠤᠷᠠᠯ ᠳᠤ ᠢᠯᠡᠭᠦᠦ ᠨᠢᠭᠡ ᠬᠤᠪᠢ ᠣᠶᠢᠯᠠᠭᠠᠯᠲᠠ ᠲᠠᠢ ᠪᠣᠯᠳᠠᠭ ᠃ | 2 ᠲᠥᠭᠡᠷᠢᠭᠳᠡᠯ ᠢ ᠲᠠᠶᠢᠯᠬᠤ ᠲᠤᠬᠠᠶ | ᠪᠢᠳᠡᠨ ᠤ ᠤᠩᠰᠢᠵᠤ ᠥᠩᠭᠡᠷᠡᠭᠰᠡᠨ ᠨᠣᠮ ᠪᠢᠴᠢᠭ ᠨᠢᠭᠡᠪᠦᠷᠢ ᠴᠥᠮ ᠪᠢᠳᠡᠨ ᠤ ᠦᠵᠡᠯ ᠰᠠᠨᠠᠭᠠᠨ ᠳᠤ ᠬᠦᠴᠦᠨ ᠬᠤᠷᠠᠮᠳᠤᠭᠤᠯᠵᠤ ᠪᠠᠶᠢᠨ᠎ᠠ ᠃ ᠨᠣᠮ | ᠤᠩᠰᠢᠬᠤ ᠪᠠᠷ ᠳᠠᠮᠵᠢᠨ ᠪᠢᠳᠡ ᠬᠥᠮᠦᠨ ᠲᠠᠢ ᠶᠠᠪᠤᠯᠴᠠᠬᠤ ᠤᠶᠤᠨ ᠤᠬᠠᠭᠠᠨ ᠢ ᠣᠯᠵᠤ ᠂ ᠠᠮᠢᠳᠤᠷᠠᠯ ᠵᠶᠠᠨ ᠤᠯᠠᠮ ᠰᠠᠶᠢᠨ ᠪᠣᠯᠭᠠᠵᠤ ᠴᠢᠳᠠᠨ᠎ᠠ ᠃ ᠠᠮᠢᠳᠤᠷᠠᠯ ᠤᠨ | ᠣᠶᠢᠯᠠᠭᠠᠭᠳᠠᠰᠢ ᠦᠭᠡᠢ ᠵᠦᠢᠯ ᠪᠠ ᠰᠡᠵᠢᠭ ᠡᠷᠡᠭᠡᠯᠵᠡᠯ ᠢ ᠪᠦᠷ ᠨᠣᠮ ᠳᠣᠲᠣᠷ᠎ᠠ ᠠᠴᠠ ᠬᠠᠷᠢᠭᠤᠯᠲᠠ ᠣᠯᠳᠠᠭ ᠃ | 3 ᠥᠪᠡᠷ ᠢ ᠪᠠᠨ ᠢᠯᠡᠳᠬᠡᠬᠦ ᠲᠤᠬᠠᠶ | ᠨᠣᠮ ᠪᠢᠴᠢᠭ ᠤᠩᠰᠢᠬᠤ ᠪᠠ ᠨᠣᠮ ᠪᠢᠴᠢᠭ ᠤᠩᠰᠢᠬᠤ ᠦᠭᠡᠢ ᠬᠥᠮᠦᠰ ᠤᠨ ᠶᠢᠷᠲᠢᠨᠴᠦ ᠶᠢᠨ ᠲᠤᠬᠠᠶ ᠲᠦᠷᠦᠭᠳᠡᠯ ᠨᠢ ᠠᠳᠠᠯᠢ ᠦᠭᠡᠢ ᠪᠠᠶᠢᠳᠠᠭ ᠃ ᠬᠡᠳᠦᠶ ᠣᠯᠠᠨ | ᠨᠣᠮ ᠤᠩᠰᠢᠪᠠᠯ ᠂ ᠥᠪᠡᠷ ᠤᠨ ᠰᠡᠷᠡᠵᠦ ᠮᠡᠳᠡᠬᠦ ᠪᠠ ᠢᠯᠡᠳᠬᠡᠬᠦ ᠴᠢᠳᠠᠪᠤᠷᠢ ᠪᠠᠨ ᠲᠡᠳᠦᠶ ᠳᠡᠭᠡᠭᠰᠢᠯᠡᠭᠦᠯᠵᠦ ᠲᠠᠶᠢᠯᠤᠨ᠎ᠠ ᠃ | 4 ᠬᠥᠮᠦᠨ ᠤ ᠠᠮᠢᠳᠤᠷᠠᠯ ᠤᠨ ᠲᠤᠬᠠᠶ | ᠶᠡᠷᠦ ᠶᠢᠨ ᠦᠭᠡᠨ ᠳᠤ ᠲᠡᠦᠬᠡ ᠤᠩᠰᠢᠬᠤ ᠨᠢ ᠬᠥᠮᠦᠨ ᠢ ᠮᠡᠷᠭᠡᠨ ᠪᠣᠯᠭᠠᠵᠤ ᠂ ᠰᠢᠯᠦᠭ ᠤᠩᠰᠢᠬᠤ ᠨᠢ ᠬᠥᠮᠦᠨ ᠢ ᠤᠷᠠᠨ ᠭᠤᠶᠣᠮᠰᠤᠭ ᠪᠣᠯᠭᠠᠳᠠᠭ ᠭᠡᠳᠡᠭ ᠃ | ᠨᠣᠮ ᠤᠩᠰᠢᠬᠤ ᠶᠢᠨ ᠰᠠᠶᠢᠨ ᠲᠠᠢ ᠲᠠᠯ᠎ᠠ ᠭᠡᠪᠡᠯ ᠂ ᠥᠪᠡᠷ ᠤᠨ ᠪᠡᠶ᠎ᠡ ᠪᠠ ᠶᠢᠷᠲᠢᠨᠴᠦ ᠶᠢᠨ ᠴᠣᠩᠬᠤ ᠶᠢ ᠨᠡᠭᠡᠭᠡᠵᠦ ᠴᠢᠳᠠᠬᠤ ᠳᠤ ᠣᠷᠣᠰᠢᠨ᠎ᠠ ᠃ ᠨᠣᠮ ᠤᠩᠰᠢᠵᠤ | ᠭᠦᠨᠵᠡᠭᠡᠶᠢᠷᠡᠬᠦ ᠶᠢ ᠳᠠᠭᠠᠯᠳᠤᠨ ᠂ ᠨᠡᠶᠢᠭᠡᠮ ᠪᠠ ᠬᠥᠮᠦᠨ ᠤ ᠠᠮᠢᠳᠤᠷᠠᠯ ᠤᠨ ᠲᠤᠬᠠᠶ ᠲᠠᠨᠢᠯᠲᠠ ᠤᠯᠠᠮ ᠭᠦᠨᠵᠡᠭᠡᠶ ᠪᠣᠯᠵᠤ ᠂ ᠳᠣᠲᠣᠭᠠᠳᠤ ᠰᠡᠳᠬᠢᠯ ᠴᠦ ᠤᠯᠠᠮ ᠪᠠᠲᠤ | ᠢᠲᠡᠭᠡᠯ ᠲᠠᠢ ᠪᠣᠯᠬᠤ ᠶᠤᠮ ᠃ | ᠣᠯᠠᠨ ᠨᠣᠮ ᠤᠩᠰᠢᠭᠠᠷᠠᠢ ︕ ᠭᠦᠢᠴᠡᠳ ᠠᠷᠪᠢᠨ ᠨᠣᠮ ᠤᠩᠰᠢᠭᠰᠠᠨ ᠦᠶ᠎ᠡ ᠳᠤ ᠂ ᠠᠮᠢ ᠨᠠᠰᠤᠨ ᠤ ᠬᠢᠵᠠᠭᠠᠷ ᠦᠭᠡᠢ ᠥᠷᠭᠡᠨ ᠠᠭᠤᠳᠠᠮ ᠢ ᠮᠡᠳᠡᠷᠡᠵᠦ ᠂ | ᠬᠥᠮᠦᠨ ᠤ ᠠᠮᠢᠳᠤᠷᠠᠯ ᠤᠨ ᠬᠢᠵᠠᠭᠠᠷ ᠦᠭᠡᠢ ᠪᠣᠯᠤᠯᠴᠠᠭ᠎ᠠ ᠶᠢ ᠣᠯᠵᠤ ᠮᠡᠳᠡᠨ᠎ᠡ ᠃ ᠢᠷᠡᠭᠡᠳᠦᠢ ᠶᠢᠨ ᠵᠠᠮ ᠦᠯᠦ ᠮᠡᠳᠡᠭᠳᠡᠭᠰᠡᠨ ᠴᠤ ᠴᠢ ᠶᠠᠭᠤᠨ ᠠᠴᠠ ᠴᠤ ᠠᠶᠤᠬᠤ | ᠦᠭᠡᠢ ᠪᠠᠷ ᠲᠠᠷᠠᠭᠠᠴᠢ ᠶᠢᠨ ᠨᠢᠭᠡᠨ ᠦᠯᠦ ᠮᠡᠳᠡᠬᠦ ᠥᠨᠳᠥᠷ ᠤᠷᠬᠢᠯ ᠳᠤ ᠮᠠᠴᠤᠵᠤ ᠴᠢᠳᠠᠬᠤ ᠶᠤᠮ ᠃ | | |