| ᠨᠠᠮᠤᠷ ᠤᠨ ᠠᠭᠤᠷ ᠣᠷᠣᠭᠰᠠᠨ ᠤ ᠳᠠᠷᠠᠭ᠎ᠠ ᠂ ᠴᠥᠭᠡᠨ ᠪᠤᠰᠤ ᠬᠥᠮᠥᠰ ᠤᠨ ᠬᠠᠮᠠᠷ ᠪᠥᠭᠯᠡᠷᠡᠬᠦ ᠂ ᠨᠠᠶᠢᠲᠠᠭᠠᠬᠤ ᠵᠡᠷᠭᠡ ᠬᠠᠷᠰᠢᠬᠤ ᠢᠯᠡᠷᠡᠯ ᠭᠠᠷᠳᠠᠭ ᠃ ᠡᠭᠦᠨ ᠤ | ᠲᠤᠬᠠᠢ ᠲᠤᠰᠬᠠᠢ ᠮᠡᠷᠭᠡᠵᠢᠯᠲᠡᠨ ᠤ ᠰᠠᠨᠠᠭᠤᠯᠬᠤ ᠳᠠᠭᠠᠨ ᠂ ᠣᠳᠣ ᠮᠠᠨ ᠤ ᠤᠯᠤᠰ ᠤᠨ ᠣᠯᠠᠨ ᠭᠠᠵᠠᠷ ᠤᠨ ᠬᠢᠨ ᠨᠢᠭᠡᠨᠲᠡ ᠨᠠᠮᠤᠷ ᠤᠨ ᠤᠯᠠᠷᠢᠯ ᠤᠨ ︽ ᠬᠠᠷᠰᠢᠯ | ᠶᠡᠬᠡᠲᠡᠢ ᠬᠤᠭᠤᠴᠠᠭ᠎ᠠ ︾ ᠳᠤ ᠣᠷᠣᠭᠰᠠᠨ ᠶᠤᠮ ᠬᠡᠵᠠᠢ ᠃ | ᠲᠤᠰᠬᠠᠢ ᠰᠠᠯᠠᠭᠠᠨ ᠤ ᠡᠮᠴᠢ ᠸᠠᠩ ᠰᠢᠤᠸᠠᠢ ᠶᠠᠨ ᠬᠡᠯᠡᠬᠦ ᠳᠡᠭᠡᠨ ᠂ ᠡᠩ ᠲᠡᠷᠢᠭᠦᠨ ᠳᠤ ᠪᠡᠶ᠎ᠡ ᠶᠢᠨ ᠬᠠᠮᠠᠭᠠᠯᠠᠯᠲᠠ ᠪᠠᠨ ᠰᠠᠶᠢᠲᠤᠷ ᠬᠢᠬᠦ ᠬᠡᠷᠡᠭᠲᠡᠢ ᠂ ᠠᠮᠠᠪᠴᠢ | ᠵᠡᠭᠦᠬᠦ ᠂ ᠬᠠᠮᠠᠭᠠᠯᠠᠯᠲᠠ ᠶᠢᠨ ᠨᠢᠳᠦᠨ ᠰᠢᠯ ᠵᠡᠭᠦᠬᠦ ᠪᠣᠯ ᠮᠠᠰᠢ ᠴᠢᠬᠤᠯᠠ ᠶᠤᠮ ᠂ ᠢᠯᠠᠩᠭᠤᠶ᠎ᠠ ᠴᠡᠴᠡᠭ ᠤᠨ ᠲᠣᠭᠤᠰᠣᠨ ᠤ ᠣᠷᠭᠢᠯ ᠦᠶ᠎ᠡ ᠳᠤ ᠭᠠᠳᠠᠭᠰᠢ ᠪᠠᠨ | ᠴᠦᠬᠡᠨ ᠭᠠᠷᠴᠦ ᠂ ᠭᠡᠷ ᠲᠡᠭᠡᠨ ᠪᠠᠶᠢᠬᠤ ᠳᠠᠭᠠᠨ ᠵᠠᠪᠠᠯ ᠡᠭᠦᠳᠡ ᠴᠣᠩᠬᠤ ᠪᠠᠨ ᠰᠠᠶᠢᠲᠤᠷ ᠬᠠᠭᠠᠵᠤ ᠂ ᠡᠪᠡᠳᠴᠢᠨ ᠬᠥᠳᠡᠯᠬᠦ ᠦᠶ᠎ᠡ ᠳᠤ ᠵᠠᠪᠠᠯ ᠡᠮᠨᠡᠯᠭᠡ ᠳᠤ ᠣᠴᠢᠵᠤ | ᠡᠮᠨᠡᠭᠦᠯᠬᠦ ᠬᠡᠷᠡᠭᠲᠡᠢ ᠬᠡᠵᠠᠢ ᠃ | ᠨᠠᠮᠤᠷ ᠤᠨ ᠤᠯᠠᠷᠢᠯ ᠨᠢ ᠮᠦᠨ ᠴᠦ ᠬᠡᠦᠬᠡᠳ ᠤᠨ ᠬᠠᠷᠰᠢᠮᠠᠲᠠᠭᠠᠢ ᠴᠢᠨᠠᠷᠲᠠᠢ ᠡᠪᠡᠳᠴᠢᠨ ᠣᠯᠠᠨ ᠡᠭᠦᠰᠳᠡᠭ ᠤᠯᠠᠷᠢᠯ ᠪᠣᠯᠣᠨ᠎ᠠ ᠃ ᠬᠠᠷᠰᠢᠯ ᠤᠨ ᠡᠬᠢ ᠨᠢ | ᠴᠡᠴᠡᠭ ᠤᠨ ᠲᠣᠭᠤᠰᠣ ᠂ ᠳᠡᠵᠢᠬᠡᠪᠦᠷᠢ ᠠᠮᠢᠲᠠᠨ ᠤ ᠠᠷᠠᠰᠤᠨ ᠤ ᠬᠠᠭ ᠂ ᠸᠢᠷᠦ᠋ᠰ ᠂ ᠳᠣᠭᠤᠰᠦ ᠵᠡᠷᠭᠡ ᠪᠠᠶᠢᠵᠤ ᠮᠡᠳᠡᠬᠦ ᠶᠤᠮ ᠃ ᠡᠭᠦᠨ ᠠᠴᠠ ᠭᠠᠳᠠᠨ᠎ᠠ ᠂ ᠬᠠᠷᠰᠢᠳᠠᠭ | ᠤᠳᠣᠮ ᠲᠠᠢ ᠬᠡᠦᠬᠡᠳ ᠴᠦ ᠡᠨᠡ ᠦᠶ᠎ᠡ ᠳᠤ ᠡᠪᠡᠳᠴᠢᠨ ᠨᠢ ᠳᠠᠬᠢᠵᠦ ᠮᠡᠳᠡᠳᠡᠭ ᠶᠤᠮ ᠃ | ᠬᠠᠷᠢᠨ ᠴᠥᠭᠡᠨ ᠪᠤᠰᠤ ᠳᠣᠮᠣᠴᠤᠳ ᠤᠨ ᠦᠵᠡᠬᠦ ᠪᠠᠷ ᠂ ᠤᠯᠠᠷᠢᠯ ᠤᠨ ᠴᠢᠨᠠᠷᠲᠠᠢ ᠬᠠᠷᠰᠢᠮᠠᠲᠠᠭᠠᠢ ᠡᠪᠡᠳᠴᠢᠨ ᠨᠢ ᠬᠡᠰᠡᠭ ᠬᠤᠭᠤᠴᠠᠭ᠎ᠠ ᠬᠥᠳᠡᠯᠦᠭᠡᠳ ᠵᠢᠭᠠᠬᠠᠨ | ᠲᠡᠰᠪᠦᠷᠢᠯᠡᠪᠡᠯ ᠥᠩᠭᠡᠷᠡᠴᠢᠬᠡᠨᠡ ᠬᠡᠴᠡᠬᠡᠵᠦ ᠪᠤᠢ ᠂ ᠦᠨᠡᠨ ᠳᠡᠭᠡᠨ ᠡᠨᠡ ᠨᠢ ᠪᠤᠷᠤᠭᠤ ᠶᠤᠮ ᠃ ᠪᠢᠳᠡᠨ ᠤ ᠦᠷᠭᠦᠯᠵᠢ ᠲᠣᠬᠢᠶᠠᠯᠳᠤᠳᠠᠭ ᠬᠠᠷᠰᠢᠮᠠᠲᠠᠭᠠᠢ ᠴᠢᠨᠠᠷᠲᠠᠢ | ᠬᠠᠮᠠᠷ ᠤᠨ ᠦᠷᠪᠢᠰᠦᠯ ᠢᠶᠠᠷ ᠵᠢᠱᠢᠶᠡᠯᠡᠪᠡᠯ ᠂ ᠰᠠᠮᠠᠯᠳᠠᠭ ᠤᠨ ᠦᠷᠪᠢᠰᠦᠯ ᠂ ᠦᠨᠦᠷ ᠤᠨ ᠰᠡᠷᠡᠯ ᠮᠠᠭᠤᠳᠠᠬᠤ ᠂ ᠳᠤᠮᠳᠠ ᠴᠢᠬᠢᠨ ᠤ ᠦᠷᠪᠢᠰᠦᠯ ᠂ ᠴᠢᠨᠠᠭᠰᠢᠯᠠᠪᠠᠯ | ᠬᠢᠷᠬᠢᠷ᠎ᠡ ᠪᠣᠯᠵᠤ ᠮᠡᠳᠡᠨ᠎ᠡ ᠃ | ᠣᠶᠢᠷ᠎ᠠ ᠳᠤ ᠮᠠᠨ ᠤ ᠤᠯᠤᠰ ᠤᠨ ᠣᠯᠠᠨ ᠭᠠᠵᠠᠷ ᠲᠤ ᠰᠢᠷᠦᠭᠦᠨ ᠪᠣᠷᠣᠭᠠᠨ ᠣᠷᠣᠵᠦ ᠂ ᠴᠢᠬᠢᠭ ᠶᠡᠬᠡᠳᠡᠢ ᠂ ᠠᠭᠠᠬᠢᠮ᠎ᠠ ᠠᠭᠤᠷ ᠠᠮᠢᠰᠬᠤᠯ ᠣᠯᠠᠨ ᠪᠣᠯᠬᠤᠷ | ᠸᠢᠷᠦ᠋ᠰ ᠤᠨ ᠦᠷᠡᠵᠢᠬᠦ ᠳᠤ ᠳᠠᠭᠠᠳᠠᠢ ᠨᠥᠬᠦᠴᠡᠯ ᠣᠯᠭᠤᠭᠰᠠᠨ ᠪᠠᠶᠢᠨ᠎ᠠ ᠃ | ᠲᠤᠰᠬᠠᠢ ᠮᠡᠷᠭᠡᠵᠢᠯᠲᠡᠨ ᠤ ᠲᠠᠨᠢᠯᠴᠠᠭᠤᠯᠤᠭᠰᠠᠨ ᠢᠶᠠᠷ ᠂ ᠸᠢᠷᠦ᠋ᠰ ᠨᠢ ᠰᠡᠷᠢᠭᠦᠨ ᠴᠢᠭᠢᠭᠯᠢᠭ ᠣᠷᠴᠢᠨ ᠳᠤ ᠦᠷᠡᠵᠢᠬᠦ ᠳᠤᠷᠠᠲᠠᠢ ᠪᠠᠶᠢᠵᠦ ᠂ ᠣᠨᠴᠠᠭᠠᠶᠢᠯᠠᠨ | ᠤᠬᠢᠶᠠᠯᠭ᠎ᠠ ᠶᠢᠨ ᠭᠡᠷ ᠂ ᠭᠠᠵᠠᠷ ᠳᠣᠣᠷᠠᠬᠢ ᠭᠡᠷ ᠂ ᠬᠥᠮᠥᠷᠭᠡ ᠵᠡᠷᠭᠡ ᠰᠠᠯᠬᠢ ᠵᠢᠪᠡᠷ ᠮᠠᠭᠤ ᠨᠡᠪᠲᠡᠷᠡᠬᠦ ᠣᠷᠴᠢᠨ ᠲᠣᠭᠤᠷᠢᠨ ᠳᠤ ᠦᠷᠡᠵᠢᠳᠡᠭ ᠶᠤᠮ ᠪᠠᠶᠢᠨ᠎ᠠ ᠃ ᠵᠣᠨ | ᠨᠠᠮᠤᠷ ᠤᠨ ᠤᠯᠠᠷᠢᠯ ᠪᠣᠯ ᠸᠢᠷᠦ᠋ᠰ ᠤᠨ ᠬᠠᠷᠰᠢᠯ ᠣᠯᠠᠨ ᠡᠭᠦᠰᠬᠦ ᠬᠤᠭᠤᠴᠠᠭ᠎ᠠ ᠶᠤᠮ ᠂ ᠢᠯᠠᠩᠭᠤᠶ᠎ᠠ ᠪᠦᠷᠬᠦᠭ ᠪᠣᠷᠣᠭᠠᠨ ᠲᠠᠢ ᠡᠳᠦᠷ ᠤᠨ ᠳᠠᠷᠠᠭ᠎ᠠ ᠂ ᠠᠭᠠᠷ ᠤᠨ | ᠴᠢᠬᠢᠭ ᠶᠡᠭᠡ ᠪᠣᠯᠵᠤ ᠂ ᠸᠢᠷᠦ᠋ᠰ ᠶᠡᠭᠡ ᠬᠡᠮᠵᠢᠶ᠎ᠡ ᠪᠠᠷ ᠦᠷᠡᠵᠢᠳᠡᠭ ᠂ ᠡᠶᠢᠮᠦ ᠠᠴᠠ ᠡᠨᠡ ᠦᠶ᠎ᠡ ᠳᠤ ᠬᠠᠷᠰᠢᠮᠠᠲᠠᠭᠠᠢ ᠴᠢᠨᠠᠷᠲᠠᠢ ᠡᠪᠡᠳᠴᠢᠨ ᠢ ᠡᠭᠦᠰᠬᠡᠵᠦ ᠮᠡᠳᠡᠨ᠎ᠡ | ᠭᠡᠵᠡᠢ ᠃ | | |